ᠣᠷᠴᠢᠮ ᠤᠨ ᠵᠢᠯ ᠠᠴᠠ ᠮᠠᠨ ᠤ ᠬᠤᠰᠢᠭᠤ ᠨᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠶᠤᠯᠭᠦᠢ ᠪᠠᠶᠢᠬᠤ ᠶᠢ ᠪᠠᠳᠣᠯᠠᠬᠤ ᠬᠠᠷᠠᠯᠲᠠ | ᠶᠢᠨ ᠲᠤᠭᠤᠷᠢᠨ ᠳᠤ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ ᠬᠢᠨᠠᠨ ᠬᠠᠮᠢᠶᠠᠷᠬᠤ ᠴᠢᠳᠠᠪᠤᠷᠢ ᠪᠠᠨ ᠲᠡᠭᠡᠭᠰᠢᠯᠡᠭᠦᠯᠦᠨ ᠲᠦᠷᠦ ᠶᠢᠨ ᠪᠤᠳᠤᠯᠭ᠎ᠠ ᠶᠢᠨ | ᠵᠢᠯᠤᠭᠤᠳᠤᠯᠭ᠎ᠠ ᠶᠢ ᠴᠢᠩᠭᠠᠷᠠᠭᠤᠯᠵᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠶᠤᠯᠭᠦᠢ ᠶᠢᠨ ᠠᠵᠢᠯ ᠤᠨ ᠡᠷᠡᠭᠦᠯ ᠲᠤᠭᠲᠠᠭᠤᠨ ᠪᠠᠶᠢᠳᠠᠯ ᠢ | ᠪᠠᠳᠣᠯᠠᠭᠰᠠᠭᠠᠷ ᠢᠷᠡᠪᠡ᠃ ᠨᠢᠭᠡᠨᠲᠡ ᠪᠠᠶᠢᠭ᠎ᠠ ᠮᠠᠯ ᠲᠠᠷᠢᠶᠠᠯᠠᠩ ᠤᠨ ᠮᠠᠷᠭᠡᠵᠢᠯ ᠢ ᠲᠡᠯᠭᠡᠷᠡᠭᠦᠯᠬᠦ ᠪᠠ ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠠᠨ ᠡᠵᠡᠮᠳᠡᠬᠦ | ᠪᠠᠶᠢᠭᠤᠯᠤᠮᠵᠢ ᠳᠤ ᠲᠦᠰᠢᠭᠯᠡᠨ ᠮᠠᠯ ᠲᠠᠷᠢᠶᠠᠯᠠᠩ ᠤᠨ ᠶᠡᠷᠦᠩᠬᠡᠶᠢᠯᠡᠭᠰᠡᠨ ᠦᠷᠳᠡᠭᠡᠨ ᠤ ᠠᠵᠢᠯ ᠲᠠᠢ ᠣᠶᠠᠯᠳᠣᠭᠤᠯᠵᠣ ᠬᠤᠰᠢᠭᠤ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠴᠢᠨᠠᠷ ᠤᠨ ᠠᠶᠤᠯᠭᠦᠢ ᠶᠢ ᠬᠢᠨᠠᠨ ᠬᠠᠮᠢᠶᠠᠷᠬᠤ ᠦᠷᠳᠡᠭᠡ ᠪᠠ ᠮᠠᠯ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠶᠤᠯᠭᠦᠢ ᠶᠢ ᠰᠢᠯᠭᠠᠨ | ᠪᠠᠶᠢᠴᠠᠭᠠᠬᠤ ᠲᠦᠪ ᠢ ᠪᠠᠶᠢᠭᠤᠯᠵᠣ᠂ 6 ᠰᠣᠮᠣ ᠪᠠᠯᠭᠠᠰᠣᠨ ᠳᠤ ᠬᠠᠷᠠᠭᠠᠯᠵᠠᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠶᠤᠯᠭᠦᠢ ᠶᠢ ᠬᠢᠨᠠᠨ | ᠬᠠᠮᠢᠶᠠᠷᠬᠤ ᠦᠷᠳᠡᠭᠡ ᠶᠢ ᠪᠠᠶᠢᠭᠤᠯᠤᠨ ᠬᠦᠮᠦᠨ ᠪᠠ ᠲᠦᠬᠦᠭᠡᠷᠦᠮᠵᠢ ᠲᠤᠬᠢᠷᠠᠭᠤᠯᠵᠤ᠂ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠭᠠᠷᠤᠯᠲᠠ ᠶᠢᠨ ᠣᠷᠴᠢᠨ᠂ ᠣᠷᠣᠭᠤᠯᠣᠭᠰᠠᠨ ᠪᠣᠳᠠᠰ ᠤᠨ ᠬᠢᠨᠠᠯᠲᠠ ᠬᠠᠮᠢᠶᠠᠷᠣᠯᠲᠠ᠂ ᠮᠠᠯ ᠲᠠᠷᠢᠶᠠᠯᠠᠩ ᠤᠨ ᠪᠠᠷᠢᠮᠵᠢᠶᠠᠲᠤ ᠦᠢᠯᠠᠳᠪᠣᠷᠢᠯᠡᠯ᠂ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠴᠢᠨᠠᠷ ᠤᠨ ᠠᠶᠤᠯᠭᠦᠢ ᠶᠢᠨ ᠬᠢᠨᠠᠯᠲᠠ ᠪᠠᠶᠢᠴᠠᠭᠠᠯᠲᠠ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠦᠬᠡᠮᠯᠡᠨ ᠬᠤᠳᠠᠯᠳᠣᠬᠤ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠣᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠭᠰᠡᠨ ᠪᠠᠶᠢᠨ᠎ᠠ᠃ 2013 ᠣᠨ ᠳᠤ ᠮᠠᠨ ᠤ ᠬᠤᠰᠢᠭᠤ | ᠨᠢ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠣᠯᠲᠠ ᠶᠢᠨ ᠲᠠᠭᠤᠷᠢᠶᠠᠯ | ᠬᠤᠰᠢᠭᠤ ᠪᠠᠷ ᠳᠣᠳᠣᠷᠠᠵᠣ᠂ 2017 ᠣᠨ ᠳᠤ ᠲᠤᠮᠳᠠᠳᠣ ᠣᠯᠣᠰ ᠤᠨ ᠲᠠᠷᠢᠶᠠᠯᠠᠩ ᠤᠨ ᠶᠠᠮᠤᠨ ᠠᠴᠠ ᠣᠯᠣᠰ ᠤᠨ ᠲᠡᠰ ᠤᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠣᠯᠲᠠ ᠶᠢᠨ ᠲᠠᠭᠤᠷᠢᠶᠠᠯ ᠬᠤᠰᠢᠭᠤ ᠪᠠᠷ ᠥᠨᠡᠯᠡᠭᠳᠠᠨ᠂ 2018 ᠤᠨ ᠳᠤ ᠤᠯᠤᠰ ᠤᠨ | ᠬᠢᠨᠠᠨ ᠰᠢᠯᠭᠠᠷᠠᠭᠤᠯᠤᠯᠲᠠ ᠶᠢ ᠠᠮᠵᠢᠯᠲᠠ ᠲᠠᠢ ᠪᠠᠷ ᠳᠠᠪᠠᠭᠰᠠᠨ ᠪᠠᠶᠢᠨ᠎ᠠ᠃ |