ᠲᠤᠭ ᠠᠵᠦ ᠦᠢᠯᠡᠳᠪᠤᠷᠢ ᠶᠢᠨ ᠲᠦᠷᠦᠯ ᠵᠦᠢᠯ ᠤᠨ ᠲᠤᠭᠤᠷᠢᠭ ᠤᠨ ᠠᠵᠦ ᠠᠬᠤᠶᠢᠯᠠᠯ᠄ ᠤᠷᠳᠤᠰ ᠬᠤᠳᠠ ᠶᠢᠨ ᠢ ᠬᠤᠸᠠ ᠠᠭᠤᠷᠬᠠᠶ ᠶᠢᠨ ᠡᠬᠢ ᠪᠠᠶᠠᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ
ᠨᠡᠶᠢᠲᠡᠯᠡᠭᠰᠡᠨ ᠴᠠᠭ᠄
2021/10/20
      ᠤᠷᠳᠤᠰ ᠬᠤᠳᠠ ᠶᠢᠨ ᠢ ᠬᠤᠸᠠ ᠠᠭᠤᠷᠬᠠᠶ ᠶᠢᠨ ᠡᠬᠢ ᠪᠠᠶᠠᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠷᠢᠶᠠᠯᠠᠭᠳᠠᠨ᠎ᠠ᠂ ᠺᠣᠮᠫᠠᠨᠢ ᠨᠢ 2007 ᠣᠨ ᠤ 1 ᠰᠠᠷ᠎ᠠ ᠶᠢᠨ 26  ᠤ ᠡᠳᠦᠷ ᠪᠠᠶᠢᠭᠤᠯᠤᠭᠳᠠᠪᠠ᠃ ᠮᠠᠨ ᠤ ᠬᠤᠰᠢᠭᠤᠨ ᠳᠤ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠮᠤᠳᠤᠨᠴᠠᠶᠢᠳᠠᠮ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠬᠤᠳᠳᠤᠭ ᠤᠨ ᠲᠠᠯᠠᠪᠠᠶ ᠨᠢ ᠪᠠᠷᠤᠭ 59.59 ᠲᠡᠭᠰᠢ ᠳᠥᠷᠪᠡᠯᠵᠢᠨ ᠺᠢᠯᠣᠮᠧᠲᠷ᠂ ᠡᠬᠢ ᠪᠠᠶᠠᠯᠢᠭ ᠤᠨ ᠬᠡᠮᠵᠢᠶ᠎ᠡ ᠨᠢ 11.16 ᠳ᠋ᠦᠩᠰᠢᠭᠤᠷ ᠲᠣᠨ᠂ ᠮᠠᠯᠲᠠᠵᠤ ᠪᠣᠯᠬᠤ ᠬᠠᠳᠠᠭᠠᠯᠠᠭᠳᠠᠴᠠ ᠶᠢᠨ ᠬᠡᠮᠵᠢᠶ᠎ᠡ ᠨᠢ 7.04 ᠳ᠋ᠦᠩᠰᠢᠭᠤᠷ ᠲᠣᠨ᠂ ᠵᠢᠷᠤᠵᠤ ᠲᠥᠯᠥᠪᠯᠡᠭᠰᠡᠨ ᠦᠢᠯᠡᠳᠪᠤᠷᠢᠯᠡᠯ ᠤᠨ ᠴᠢᠳᠠᠪᠤᠷᠢ ᠨᠢ ᠵᠢᠯ ᠤᠨ 600 ᠲᠦᠮᠡᠨ ᠲᠣᠨ᠂ ᠵᠢᠷᠤᠵᠤ ᠲᠥᠯᠥᠪᠯᠡᠭᠰᠡᠨ ᠦᠢᠯᠡᠴᠢᠯᠡᠬᠡᠨ ᠤ ᠬᠤᠭᠤᠴᠠᠭ᠎ᠠ ᠨᠢ 78 ᠵᠢᠯ ᠪᠣᠯᠤᠨ᠎ᠠ᠃ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 55.53 ᠳ᠋ᠦᠩᠰᠢᠭᠤᠷ ᠲᠥᠭᠦᠷᠢᠭ ᠲᠤ ᠬᠦᠷᠴᠦ᠂ 2017 ᠣᠨ ᠤ 10 ᠰᠠᠷ᠎ᠠ ᠳᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠵᠥᠪᠰᠢᠶᠡᠷᠡᠯ ᠢ ᠤᠯᠪᠠ᠃ 2019 ᠣᠨ ᠳᠤ 725.15 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ 2020 ᠣᠨ ᠳᠤ 600 ᠲᠦᠮᠡᠨ ᠲᠣᠨ ᠨᠡᠭᠦᠷᠡᠰᠦ ᠦᠢᠯᠡᠳᠪᠦᠷᠢᠯᠡᠪᠡ᠃
图片1.png
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ