ᠵᠠᠩ ᠵᠢᠶᠦ᠋ᠨ ᠵᠡᠷᠭᠡ ᠨᠥᠬᠦᠷ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠤᠬᠠᠶ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/11/25
                               ᠦᠤᠰᠢᠨ ᠵᠠᠰᠠᠭ ᠲᠠᠷᠬᠠᠭᠠᠬᠤ ﹇2021﹈ 16 ᠳ᠋ᠣᠭᠠᠷ ᠲᠤᠭᠠᠲᠤ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠠᠵᠢᠯ ᠤᠨ ᠬᠡᠷᠡᠭᠴᠡᠭᠡ ᠶᠢ ᠦᠨᠳᠦᠰᠦᠯᠡᠨ ᠰᠤᠳᠤᠯᠬᠤ ᠪᠠᠷ ᠳᠠᠮᠵᠢᠭᠠᠳ ᠲᠤᠭᠲᠠᠭᠰᠠᠨ ᠨᠢ᠄      ᠵᠠᠩ ᠵᠢᠶᠦ᠋ᠨ ᠢ ᠬᠤᠰᠢᠭᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠳᠤ ᠲᠤᠮᠢᠯᠠᠨ᠎ᠠ︔      ᠵᠠᠩ ᠬᠠᠶ ᠹᠧᠩ ᠢ ᠬᠤᠰᠢᠭᠤ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠳᠤ ᠲᠤᠮᠢᠯᠠᠨ᠎ᠠ︔      ᠸᠠᠩ ᠵᠥᠩ ᠢ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶ ᠶᠢᠨ ᠲᠤᠰᠢᠶᠠᠯ ᠳᠤ ᠲᠤᠮᠢᠯᠠᠵᠦ᠂ ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠨ᠎ᠠ︔      ᠬᠠᠨ ᠵᠢᠶᠠᠨ ᠴᠧᠩ ᠢ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠠᠴᠠ ᠨᠢ ᠪᠠᠭᠤᠯᠭᠠᠨ᠎ᠠ︔      ᠬᠠᠰᠪᠢᠯᠢᠭ᠌ ᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠨ᠎ᠠ︔      ᠰᠤᠶᠤᠯᠳᠤᠭᠳᠠᠬᠤ ᠶᠢ ᠬᠤᠰᠢᠭᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠨ᠎ᠠ︔      ᠡᠦ ᠵᠢᠶᠠᠨ ᠭᠥᠸᠧ ᠶᠢ ᠬᠤᠰᠢᠭᠤ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠨ᠎ᠠ︔      ᠳ᠋ᠠᠶ ᠰᠢᠶᠤᠤ ᠳ᠋ᠦᠩ ᠢ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ︵ᠳᠡᠳ᠋ ᠰᠠᠯᠠᠭᠠᠨ ᠤ ᠲᠠᠰ︶ ᠶᠢᠨ ᠲᠤᠰᠢᠶᠠᠯ ᠠᠴᠠ ᠨᠢ ᠪᠠᠭᠤᠯᠭᠠᠨ᠎ᠠ︔      ᠪᠠᠲᠤᠪᠠᠶᠠᠷ ᠢ ᠬᠤᠰᠢᠭᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠪᠠᠲᠤᠯᠠᠭ᠎ᠠ ᠶᠢᠨ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠠᠴᠠ ᠨᠢ ᠪᠠᠭᠤᠯᠭᠠᠨ᠎ᠠ᠃                                                                                                   ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2021 ᠣᠨ ᠤ 9 ᠰᠠᠷ᠎ᠠ ᠶᠢᠨ 9 ᠤ ᠡᠳᠤᠷ      
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ