9 ᠰᠠᠷ᠎ᠠ ᠶᠢᠨ 2 ᠤᠨ ᠡᠳᠦᠷ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠣᠷᠣᠯᠠᠭᠴᠢ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ | ᠦᠦᠰᠢᠨ ᠬᠤᠰᠢᠭᠤᠨ ᠳᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠰᠤᠪᠤᠷᠭ᠎ᠠ ᠠᠵᠤ | ᠠᠬᠤᠢ ᠶᠢᠨ ᠨᠡᠭᠡᠭᠡᠯᠳᠡ ᠶᠢᠨ ᠲᠣᠭᠤᠷᠢᠭ ᠤᠨ ᠫᠧᠩ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠷᠳᠤᠰ ᠤᠨ ᠵᠢᠶᠧ ᠯᠢᠨ ᠰᠦᠯᠢᠶᠣᠣ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠳ᠋ᠦ᠋ ᠬᠤᠢ ᠯᠢᠶᠠᠩ ᠲᠦᠷᠦᠯ ᠵᠦᠢᠯ ᠤᠨ ᠪᠦᠳᠦᠬᠡᠨ | ᠪᠠᠶᠢᠭᠤᠯᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ | ᠬᠠᠮᠲᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠲᠥᠯᠥᠪᠵᠢᠭᠦᠯᠭᠡ ᠪᠦᠳᠦᠬᠡᠨ ᠪᠠᠶᠢᠭᠤᠯᠤᠯᠲᠠ ᠶᠢᠨ | ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ | ᠬᠢᠵᠠᠭᠠᠷᠯᠠᠯ ᠢ ᠴᠢᠩᠭᠠᠳᠬᠠᠨ ᠠᠵᠤ ᠦᠢᠯᠡᠰ ᠤᠨ ᠨᠠᠵᠠᠭᠠᠢ ᠲᠠᠯ᠎ᠠ ᠶᠢᠨ ᠣᠷᠣᠭᠤᠯᠤᠯᠲᠠ ᠶᠢᠨ ᠬᠤᠷᠢᠭ᠎ᠠ ᠶᠢᠨ ᠨᠠᠷᠢᠨ | ᠲᠠᠩᠰᠠ ᠶᠢ ᠴᠢᠩᠭ᠎ᠠ ᠨᠠᠶᠢᠳᠠᠪᠤᠷᠢᠵᠢᠭᠤᠯᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠣᠨ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠢ | ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ ᠠᠬᠢᠭᠤᠯᠵᠤ | ᠠᠵᠤ ᠦᠢᠯᠡᠰ ᠤᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠷᠭᠦᠯᠵᠢᠯᠡᠬᠦᠶᠢᠴᠡ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ | ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ ᠬᠡᠯᠬᠢᠶᠡᠵᠢᠯ ᠢ | ᠤᠷᠲᠤᠳᠬᠠᠨ ᠰᠦᠷᠦᠭᠵᠢᠯ ᠢ ᠪᠠᠶᠢᠭᠤᠯᠬᠤ ᠶᠢ ᠴᠢᠩᠭᠠᠳᠬᠠᠵᠦ ᠠᠵᠤ ᠦᠢᠯᠡᠰ ᠤᠨ ᠬᠦᠭᠵᠢᠯᠳᠡ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠳᠠᠶᠢᠴᠢᠯᠠᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠡᠯᠭᠦᠬᠦ ᠬᠦᠴᠦᠨ ᠢ | ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ | ᠳ᠋ᠦ᠋ ᠬᠤᠶ ᠯᠢᠶᠠᠩ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠵᠤ | ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠵᠡᠷᠭᠡ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠰᠣᠨᠣᠷ | ᠰᠡᠷᠡᠮᠵᠢ ᠦᠬᠡᠢ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ ᠬᠠᠷᠢᠭᠤᠴᠠᠯᠭ᠎ᠠ ᠡᠭᠦᠷᠭᠡᠯᠡᠯ ᠢ | ᠴᠢᠩᠭᠠᠳᠬᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠬᠤᠯᠤᠭᠠᠨ᠎ᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ | ᠭᠡᠵᠡᠶ᠃ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ | ᠲᠣᠣᠷ ᠢ ᠨᠢᠭᠲᠠ ᠪᠥᠭᠡᠳ ᠪᠠᠲᠤ ᠰᠦᠯᠵᠢᠵᠦ ︽ᠲᠠᠪᠤᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠤᠷᠢᠵᠢᠭᠤᠯᠤᠨ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠵᠤ | ᠬᠤᠯᠤᠭᠠᠨ᠎ᠠ ᠤᠰᠠᠳᠬᠠᠬᠤ ᠪᠥᠭᠡᠰᠦ ᠤᠰᠠᠳᠬᠠᠬᠤ ᠠᠵᠢᠯ ᠢ ᠰᠠᠶᠢᠲᠤᠷ ᠥᠷᠨᠢᠭᠦᠯᠤᠨ ᠬᠢᠵᠢᠭ ᠤᠨ ᠪᠠᠶᠢᠳᠠᠯ ᠤᠨ | ᠬᠠᠯᠳᠠᠪᠤᠷᠢᠯᠠᠬᠤ ᠭᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠰᠢᠢᠳᠪᠤᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠲᠦᠷᠢᠮ ᠢ ᠴᠢᠩᠭ᠎ᠠ ᠬᠡᠷᠡᠭᠵᠢᠭᠦᠯᠦᠨ ᠬᠢᠨᠠᠯᠲᠠ ᠲᠠᠯᠪᠢᠵᠦ | ᠰᠢᠯᠭᠠᠨ ᠪᠠᠶᠢᠴᠠᠭᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠣᠷᠣᠨ ᠪᠦᠰᠡ ᠶᠢᠨ ᠬᠠᠮᠵᠢᠯᠴᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ ᠡᠳ᠋ ᠪᠣᠳᠠᠰ ᠨᠥᠭᠡᠴᠡᠯᠡᠬᠦ ᠪᠠ ᠡᠷᠡᠭᠦᠯ ᠬᠠᠮᠠᠭᠠᠯᠠᠯ ᠤᠨ ᠡᠩᠨᠡᠭᠡ ᠶᠢᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ ᠬᠢᠵᠢᠭ ᠤᠨ ᠪᠠᠶᠢᠳᠠᠯ ᠡᠭᠦᠰᠪᠡᠯ ᠳᠠᠷᠤᠶ ᠲᠦᠷᠭᠡᠨ ᠬᠥᠳᠡᠯᠦᠯᠴᠡᠵᠦ | ᠪᠦᠲᠦᠮᠵᠢᠲᠡᠶ ᠰᠢᠢᠳᠪᠤᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠮᠡᠳᠡᠯᠭᠡ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ ᠤᠯᠠᠨ ᠲᠦᠮᠡᠨ ᠤ ᠰᠡᠷᠭᠡᠶᠢᠯᠡᠨ ᠡᠵᠡᠮᠳᠡᠬᠦ | ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳ᠋ᠦ᠋ ᠬᠤᠢ ᠯᠢᠶᠠᠩ | ᠰᠦᠯᠳᠡ ᠰᠣᠮᠤᠨ ᠤ ᠲᠠᠯ᠎ᠠ ᠨᠤᠲᠤᠭ ᠤᠨ ᠾᠧ ᠨᠢᠤ ᠦᠬᠡᠷ ᠲᠡᠵᠢᠭᠡᠨ ᠮᠠᠯᠵᠢᠬᠤ ᠰᠠᠭᠤᠷᠢᠨ ᠭᠠᠵᠠᠷ ᠲᠤ ᠳᠠᠷᠢᠵᠤ | ᠲᠡᠵᠢᠭᠡᠨ ᠮᠠᠯᠵᠢᠬᠤ ᠦᠢᠯᠡᠰ ᠤᠨ ᠬᠥᠭᠵᠢᠯᠲᠡ ᠪᠣᠯᠤᠨ ᠠᠰᠢᠭ ᠲᠤᠰᠠ ᠶᠢᠨ ᠬᠤᠯᠪᠣᠭᠠᠲᠤ ᠲᠣᠭᠲᠠᠴᠠ ᠵᠡᠷᠭᠡ | ᠪᠠᠶᠢᠳᠠᠯ ᠢ ᠨᠠᠷᠢᠨ ᠣᠶᠢᠯᠠᠭᠠᠵᠠᠶ᠃ ᠲᠡᠷᠡ ᠴᠢᠬᠤᠯᠠᠴᠢᠯᠠᠭᠰᠠᠨ ᠨᠢ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ | ᠨᠠᠷᠠᠲᠤ ᠲᠡᠮᠳᠡᠭᠵᠢᠭᠦᠯᠬᠦ ᠶᠢ ᠳᠣᠪᠤᠶᠢᠯᠭᠠᠵᠤ ᠳᠠᠷᠢᠬᠤ ᠲᠡᠵᠢᠭᠡᠬᠦ ᠡᠳ᠋ᠰᠢᠭᠦᠯᠬᠦ ᠶᠢ ᠤᠶᠠᠯᠳᠤᠭᠤᠯᠬᠤ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶ ᠳᠥᠯᠭᠢᠨ | ᠠᠬᠢᠭᠤᠯᠵᠤ ᠮᠥᠩᠭᠦᠨ ᠬᠦᠢᠯᠭᠡᠭᠡᠨ ᠤ ᠮᠡᠳᠡᠯᠭᠡ ᠪᠠᠨ ᠴᠢᠩᠭᠠᠳᠬᠠᠨ ᠮᠠᠯ ᠲᠠᠷᠢᠶᠠᠯᠠᠩ ᠠᠵᠤ ᠠᠬᠤᠶ ᠶᠢᠨ ᠴᠢᠨᠠᠷ | ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃ ᠲᠤᠯᠤᠭᠠᠶᠢᠯᠠᠭᠴᠢ ᠠᠵᠤ | ᠠᠬᠤᠶᠢᠯᠠᠯ ᠤᠨ ᠬᠥᠲᠥᠯᠦᠨ ᠳᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠵᠤ ᠨᠠᠩ ᠲᠣᠭᠲᠠᠪᠤᠷᠢᠲᠠᠶ ᠲᠠᠷᠢᠶᠠᠯᠠᠩ | ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠲᠤ ᠲᠣᠭᠲᠠᠴᠠ ᠶᠢ ᠪᠠᠶᠢᠭᠤᠯᠤᠨ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠶ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠪᠠᠨ | ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠬᠡᠵᠡᠢ᠃ | | 9 ᠰᠠᠷ᠎ᠠ ᠶᠢᠨ 3 ᠤ ᠡᠳᠦᠷ | ᠪᠥᠬᠦ ᠬᠤᠰᠢᠭᠤᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠤᠷᠢᠯᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ | ᠣᠷᠣᠯᠠᠭᠴᠢ ᠬᠤᠰᠢᠭᠤ ᠳᠠᠷᠤᠭ᠎ᠠ ᠰᠢᠨ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠬᠤᠰᠢᠭᠤ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠸᠠᠩ ᠵᠧᠨ᠂ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ︽ | ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠤᠷᠢᠯᠡᠬᠦ ᠲᠦᠷᠢᠮ︾ ᠢ ᠤᠯᠠᠮᠵᠢᠯᠠᠨ | ᠰᠤᠷᠤᠯᠴᠠᠵᠤ ᠪᠥᠬᠦ ᠬᠤᠰᠢᠭᠤᠨ ᠤ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠤᠭᠰᠠᠨ ᠬᠡᠷᠡᠭ ᠢ | ᠰᠢᠢᠳᠪᠤᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ | ᠲᠤᠬᠠᠶ ᠪᠠᠶᠢᠷᠢᠯᠠᠭᠤᠯᠤᠯᠲᠠ ᠬᠢᠪᠡ᠃ | ᠪᠥᠬᠦ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠰᠢᠨ᠎ᠡ᠂ | ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠤᠸᠠᠢ ᠵᠧᠨ ᠷᠦᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠂ ᠵᠠᠰᠠᠭ ᠤᠨ ᠣᠷᠳᠣᠨ ᠤ ᠠᠯᠪᠠᠨ ᠬᠡᠷ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠪᠥᠬᠦ ᠬᠤᠰᠢᠭᠤᠨ ᠤ ᠬᠡᠷ ᠪᠠᠶᠢᠰᠢᠩ ᠭᠠᠵᠠᠷ | ᠬᠥᠷᠥᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾ ᠦᠯᠡᠳᠡᠭᠳᠡᠯ ᠠᠰᠠᠭᠤᠳᠠᠯ ᠤᠨ ᠶᠡᠷᠦᠩᠬᠡᠶ ᠠᠬᠢᠴᠠ ᠶᠢᠨ | ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠴᠤ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠶᠢᠨ | ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢ | ᠪᠠᠶᠢᠷᠢᠯᠠᠭᠤᠯᠪᠠ᠃ | | 9 ᠰᠠᠷ᠎ᠠ ᠶᠢᠨ 8 ᠤ ᠡᠳᠦᠷ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ | ᠰᠢᠨ᠎ᠡ ᠰᠢᠯᠢᠳᠡᠭ ᠪᠠᠭᠰᠢ ᠶᠢᠨ ᠲᠥᠯᠥᠭᠡᠯᠡᠭᠴᠢ ᠬᠠᠰᠴᠣᠭᠲᠤ ᠶᠢ ᠪᠣᠯᠭᠤᠭᠠᠨ ᠲᠣᠬᠤᠨᠢᠭᠤᠯᠵᠤ ᠥᠷᠭᠡᠨ ᠣᠯᠠᠨ | ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠬᠤᠰᠢᠭᠤ ᠰᠤᠷᠭᠠᠨ | ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠲᠣᠬᠤᠨᠢᠭᠤᠯᠭ᠎ᠠ ᠳᠤ ᠣᠷᠣᠯᠴᠠᠪᠠ᠃ ᠬᠠᠰᠴᠣᠭᠲᠤ ᠶᠢᠨ ᠭᠡᠷ ᠲᠤ᠂ ᠰᠢᠨ᠎ᠡ ᠲᠡᠭᠦᠨ ᠲᠠᠢ ᠳᠣᠲᠣᠨᠣᠰᠤᠭ ᠢᠶᠠᠷ | ᠶᠠᠷᠢᠯᠴᠠᠵᠤ ᠲᠡᠭᠦᠨ ᠤ ᠠᠮᠢᠳᠤᠷᠠᠯ᠂ ᠠᠵᠢᠯ ᠤᠨ ᠪᠠᠶᠢᠳᠠᠯ ᠵᠢᠴᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠵᠡᠷᠭᠡ ᠰᠤᠷᠭᠠᠭᠤᠯᠢ ᠡᠷᠬᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠰᠢᠨ᠎ᠡ᠂ ᠡᠯ᠎ᠡ ᠭᠠᠵᠠᠷ ᠤᠷᠤᠨ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠤᠨ ᠠᠵᠢᠯ ᠢ ᠢᠮᠠᠭᠲᠠ ᠡᠩ | ᠲᠡᠷᠢᠭᠦᠨ ᠳᠤ ᠬᠥᠭᠵᠢᠭᠦᠯᠬᠦ ᠴᠢᠬᠤᠯᠠ ᠪᠠᠶᠢᠷᠢᠨ ᠳᠤ ᠲᠠᠯᠪᠢᠵᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠰᠤᠷᠭᠠᠨ ᠬᠥᠮᠦᠵᠢᠯ ᠤᠨ ᠴᠠᠷᠠᠭᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠢᠨ᠎ᠡ ᠶᠢ ᠡᠭᠦᠳᠬᠦ | ᠬᠡᠯᠪᠡᠷᠢ ᠶᠢᠨ ᠪᠠᠭᠰᠢ ᠶᠢᠨ ᠡᠩᠨᠡᠭᠡ ᠶᠢ ᠬᠦᠴᠦᠯᠡᠨ ᠬᠥᠮᠦᠵᠢᠭᠦᠯᠬᠦ ᠬᠡᠷᠡᠭᠲᠡᠢ᠃ ᠥᠷᠭᠡᠨ ᠤᠯᠠᠨ ᠪᠠᠭᠰᠢ ᠨᠠᠷ ᠪᠠ | ᠰᠤᠷᠭᠠᠨ ᠬᠥᠮᠦᠵᠢᠯ ᠤᠨ ᠠᠵᠢᠯᠲᠠᠳ ᠤᠬᠠᠮᠰᠠᠷ ᠠᠴᠠ ᠪᠠᠨ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ᠂ ᠪᠢᠴᠢᠭ | ᠵᠢᠭᠠᠵᠤ ᠬᠥᠮᠦᠨ ᠢ ᠬᠥᠮᠦᠵᠢᠭᠦᠯᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ | ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢᠨ ᠵᠢᠯᠤᠭᠤᠳᠤᠭᠴᠢ ᠪᠠ ᠵᠠᠮᠴᠢᠯᠠᠭᠴᠢ ᠪᠣᠯᠬᠤ ᠪᠠᠷ ᠴᠢᠷᠮᠠᠶᠢᠨ | ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠶ᠃ | ᠨᠡᠶᠢᠭᠡᠮ ᠤᠨ ᠡᠯ᠎ᠡ ᠡᠲᠡᠭᠡᠳ ᠤᠨ ᠬᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠶᠡᠬᠡᠪᠡᠷ ᠳᠡᠮᠵᠢᠵᠦ | ᠪᠠᠭᠰᠢ ᠨᠠᠷ ᠢ ᠬᠠᠯᠠᠮᠵᠢᠯᠠᠨ ᠬᠠᠶᠢᠷᠠᠯᠠᠵᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠬᠤ ᠬᠡᠷᠡᠭᠲᠡᠢ᠃ ᠰᠢᠨ᠎ᠡ ᠵᠢᠭᠠᠵᠤ ᠭᠠᠷᠭᠠᠬᠤ ᠳᠠᠭᠠᠨ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠦᠨᠳᠦᠰᠦᠲᠡᠨ ᠨᠦᠭᠦᠳ ᠤᠨ ᠬᠠᠮᠲᠤ ᠶᠢᠨ | ᠦᠭᠡ ᠬᠡᠯᠡ ᠦᠰᠦᠭ ᠪᠢᠴᠢᠭ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠰᠤᠷᠭᠠᠨ ᠬᠥᠮᠦᠵᠢᠯ ᠢ ᠬᠡᠷᠡᠭᠵᠢᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠠᠰᠢᠭᠲᠠᠢ᠂ ᠰᠤᠷᠤᠭᠴᠢᠳ ᠤᠨ | ᠨᠠᠩ ᠰᠠᠶᠢᠨ ᠬᠥᠭᠵᠢᠬᠦ ᠶᠢ ᠠᠬᠢᠭᠤᠯᠬᠤ ᠳᠤ ᠠᠰᠢᠭᠲᠠᠢ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ | ᠪᠤᠶᠠᠨ ᠵᠢᠷᠭᠠᠯ ᠢ ᠨᠡᠮᠡᠭᠳᠡᠭᠦᠯᠬᠦ ᠳᠤ ᠠᠰᠢᠭᠲᠠᠶ ᠶᠤᠮ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠥᠷᠭᠡᠨ | ᠣᠯᠠᠨ ᠰᠤᠷᠭᠠᠨ ᠬᠥᠮᠦᠵᠢᠯ ᠤᠨ ᠠᠵᠢᠯᠲᠠᠳ ᠡᠭᠦᠨ ᠤ ᠲᠤᠬᠠᠶ ᠥᠪᠡᠷ ᠤᠨ ᠣᠶᠢᠯᠠᠭᠠᠯᠲᠠ ᠪᠠ ᠭᠦᠨᠵᠡᠭᠡᠶ | ᠲᠠᠨᠢᠯᠲᠠ ᠲᠠᠢ ᠪᠠᠶᠢᠵᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠢᠯᠡᠳᠦᠯᠬᠡ ᠶᠢᠨ ᠳᠤᠮᠳᠠ ᠡᠯ᠎ᠡ ᠵᠦᠢᠯ ᠤᠨ | ᠠᠵᠢᠯ ᠢᠶᠠᠨ ᠭᠤᠶᠢᠪᠢᠰᠢ ᠥᠬᠡᠶ ᠰᠠᠶᠢᠲᠤᠷ ᠬᠢᠵᠦ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠬᠡᠷᠡᠭᠲᠡᠶ ᠬᠡᠵᠡᠢ᠃ | | 9 ᠰᠠᠷ᠎ᠠ ᠶᠢᠨ 9 ᠤ ᠡᠳᠦᠷ | ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠣᠷᠣᠯᠠᠭᠴᠢ ᠬᠤᠰᠢᠭᠤ | ᠳᠠᠷᠤᠭ᠎ᠠ ᠰᠢᠨ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ ᠯᠢ ᠵᠥᠩ ᠯᠢᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠴᠢᠶᠣᠤ ᠵᠢᠶᠠᠨ ᠵᠢᠶᠠᠩ᠂ | ᠶᠤᠸᠠᠢ ᠵᠧᠨ ᠷᠦᠩ᠂ ᠠᠯᠳᠠᠨᠴᠢᠯᠠᠭᠤ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ | ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ | ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ | ᠠᠵᠢᠯ ᠤᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠬᠤᠷᠠᠯ ᠠᠴᠠ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ ᠲᠤᠭ ᠲᠡᠮᠳᠡᠭ ᠲᠣᠳᠣᠷᠬᠠᠢ ᠪᠠᠷ | ᠤᠯᠤᠰ ᠲᠦᠷᠦ ᠶᠢ ᠡᠷᠬᠢᠮᠯᠡᠵᠦ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠦᠨᠡᠨ ᠠᠴᠠ ᠵᠥᠪ ᠢ ᠡᠷᠢᠬᠦ ᠰᠢᠯᠢᠳᠡᠭ ᠰᠤᠷᠲᠠᠯ ᠢ ᠪᠠᠳᠠᠷᠠᠭᠤᠯᠤᠨ ᠦᠨᠳᠦᠰᠦᠨ ᠱᠠᠲᠤᠨ ᠳᠤ | ᠭᠦᠨᠵᠡᠭᠡᠶᠢᠷᠡᠵᠦ ᠤᠯᠠᠨ ᠲᠦᠮᠡᠨ ᠤ ᠳᠤᠮᠳᠠ ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ | ᠰᠠᠨᠠᠭ᠎ᠠ ᠶᠢ ᠰᠣᠨᠣᠰᠴᠤ᠂ ᠠᠷᠠᠳ ᠤᠯᠠᠨ ᠤ ᠪᠠᠴᠢᠮ ᠬᠦᠴᠢᠷ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠦᠢᠯᠡᠰ ᠪᠦᠲᠦᠭᠡᠵᠦ᠂ | ᠵᠠᠷᠴᠢᠮ ᠢ ᠪᠠᠷᠢᠮᠲᠠᠯᠠᠨ᠂ ᠵᠣᠷᠢᠭᠲᠠᠢ ᠪᠠᠷ ᠲᠡᠮᠡᠴᠡᠵᠦ᠂ ᠠᠷᠠᠳ ᠲᠦᠮᠡᠨ ᠤ ᠠᠯᠪᠠᠨ ᠵᠠᠷᠤᠴᠠ ᠶᠢᠨ ᠤᠤᠷ ᠴᠢᠨᠠᠷ ᠢ | ᠴᠠᠭ ᠢᠮᠠᠭᠲᠠ ᠪᠠᠲᠤᠯᠠᠬᠤ ᠬᠡᠷᠡᠭᠲᠡᠢ᠃ ᠬᠤᠷᠠᠯ ᠠᠴᠠ᠂ ᠴᠢᠬᠤᠯᠠᠴᠢᠯᠠᠭᠰᠠᠨ ᠨᠢ ᠶᠡᠷᠦᠩᠬᠡᠢ ᠱᠦᠵᠢ ᠰᠢ ᠶᠢᠨ ᠫᠢᠩ | ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠰᠢᠭᠤ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ | ᠪᠠᠬᠢᠵᠢᠭᠦᠯᠵᠦ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠲᠤᠬᠠᠶ ᠥᠯᠢᠭᠡᠷ ᠢ ᠰᠠᠶᠢᠲᠤᠷ ᠶᠠᠷᠢᠵᠤ | ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠵᠠᠢ᠃ | ᠦᠦᠰᠢᠨ ᠬᠤᠰᠢᠭᠤᠨ ᠤ ᠭᠤᠴᠢᠨ ᠲᠤᠯᠤᠳᠠᠬᠢ ᠪᠠᠭᠰᠢ ᠶᠢᠨ ᠪᠠᠶᠠᠷ ᠢ ᠪᠡᠯᠬᠡᠯᠡᠬᠦ ᠬᠥᠬᠢᠭᠦᠯᠦᠨ ᠰᠠᠶᠢᠰᠢᠶᠠᠬᠤ | ᠶᠡᠭᠡ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠢᠴᠢ ᠰᠢᠶᠠᠨ ᠤ ᠲᠠᠰ ᠤᠨ ᠪᠦᠬᠦ ᠤᠳᠤᠷᠢᠳᠤᠯᠭ᠎ᠠ | ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ ᠬᠤᠷᠠᠯ ᠡᠷᠬᠢᠯᠡᠪᠡ᠃ ᠬᠤᠷᠠᠯ ᠠᠴᠠ ᠬᠥᠬᠢᠭᠦᠯᠦᠭᠳᠡᠨ | ᠰᠠᠶᠢᠰᠢᠶᠠᠭᠳᠠᠭᠰᠠᠨ ᠲᠡᠷᠢᠭᠦᠨ ᠤ ᠬᠠᠮᠲᠤ ᠨᠢᠭᠡᠴᠢ ᠪᠣᠯᠤᠨ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠳᠤ | ᠱᠠᠩᠨᠠᠯ ᠭᠠᠷᠳᠠᠭᠤᠯᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ ᠮᠠᠨ ᠤ | ᠬᠤᠰᠢᠭᠤ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ ᠰᠤᠷᠭᠠᠨ ᠬᠥᠮᠦᠵᠢᠯ ᠤᠨ ᠠᠵᠢᠯ ᠳᠠᠬᠢ ᠪᠡᠯᠡ ᠣᠷᠣᠭᠤᠯᠤᠯᠲᠠ ᠪᠠᠨ ᠲᠠᠰᠤᠷᠠᠯᠲᠠ ᠦᠭᠡᠶ | ᠨᠡᠮᠡᠭᠳᠡᠭᠦᠯᠤᠭ᠍ᠰᠡᠨ ᠢᠶᠠᠷ ᠰᠤᠷᠭᠠᠨ ᠬᠥᠮᠦᠵᠢᠯ ᠤᠨ ᠣᠷᠴᠢᠨ ᠲᠣᠭᠤᠷᠢᠨ ᠪᠠ ᠰᠤᠷᠭᠠᠭᠤᠯᠢ ᠡᠷᠭᠢᠯᠡᠬᠦ ᠨᠥᠬᠦᠴᠡᠯ | ᠢᠯᠡᠳᠲᠡ ᠰᠠᠶᠢᠵᠢᠷᠠᠵᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠨ | ᠢᠯᠠᠩᠭᠤᠶ᠎ᠠ ᠡᠨᠡ ᠵᠢᠯ ᠠᠴᠠ ᠨᠠᠰᠢ᠂ ᠪᠠᠭᠰᠢ ᠶᠢᠨ ᠣᠷᠣᠨ ᠲᠤᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠪᠠᠭᠰᠢ ᠶᠢ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ᠂ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ | ᠥᠭᠡᠷᠡᠴᠢᠯᠡᠯᠲᠡ ᠪᠠ ᠰᠤᠷᠭᠠᠭᠤᠯᠢ ᠬᠡᠤᠭᠡᠳ ᠤᠨ ᠴᠡᠴᠡᠷᠯᠢᠭ ᠤᠨ ᠵᠠᠬᠢᠷᠤᠯ ᠤᠨ ᠲᠤᠰᠢᠶᠠᠯ ᠤᠨ ᠲᠠᠰ ᠤᠨ | ᠲᠦᠷᠢᠮ ᠤᠨ ᠥᠭᠡᠷᠡᠴᠢᠯᠡᠯᠲᠡ ᠶᠢ ᠰᠦᠪᠡᠭᠴᠢᠯᠡᠨ ᠥᠷᠨᠢᠭᠦᠯᠵᠦ ᠵᠢᠭᠠᠨ ᠰᠤᠳᠤᠯᠤᠭᠴᠢ ᠶᠢᠨ ᠣᠯᠭᠤᠮᠵᠢ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠷᠢᠳᠠᠪᠠᠷ ᠨᠠᠶᠢᠳᠠᠪᠤᠷᠢᠵᠢᠭᠤᠯᠤᠨ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠪᠠ ︽ᠬᠤᠶᠠᠷ ᠢ ᠬᠦᠩᠭᠡᠷᠡᠬᠦᠯᠬᠦ︾ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ ᠪᠥᠬᠦ ᠬᠤᠰᠢᠭᠤᠨ ᠤ ᠪᠠᠭᠰᠢ ᠶᠢᠨ | ᠡᠩᠨᠡᠭᠡ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠨ ᠰᠤᠷᠭᠠᠨ ᠬᠥᠮᠦᠵᠢᠯ ᠤᠨ ᠠᠵᠢᠯ ᠳᠤ ᠰᠢᠨ᠎ᠡ ᠪᠠᠶᠢᠳᠠᠯ | ᠭᠠᠷᠤᠭᠰᠠᠨ ᠪᠠᠶᠢᠨ᠎ᠠ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠥᠷᠭᠡᠨ ᠣᠯᠠᠨ | ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠪᠠᠭᠰᠢ ᠶᠢᠨ | ᠶᠣᠰᠣ ᠰᠣᠷᠳᠠᠬᠤᠨ ᠢ ᠪᠠᠲᠤ ᠰᠠᠬᠢᠨ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠳᠠᠭᠤᠷᠢᠶᠠᠯ ᠪᠣᠯᠬᠤ ᠣᠶᠤᠨ | ᠰᠠᠨᠠᠭᠠᠨ ᠤ ᠢᠨᠵᠧᠨᠧᠷ᠂ ᠰᠠᠶᠢᠲᠤᠷ ᠰᠤᠷᠤᠯᠴᠠᠬᠤ ᠵᠢᠱᠢᠶᠡᠴᠢ ᠬᠤᠰᠢᠭᠤᠴᠢ᠂ ᠨᠡᠷ᠎ᠡ ᠠᠰᠢᠭ ᠢ ᠥᠯᠥ | ᠬᠥᠭᠡᠭᠡᠴᠡᠯᠳᠦᠬᠦ ᠣᠷᠭᠢᠯᠤᠮ᠎ᠠ ᠰᠡᠳᠬᠢᠯᠭᠡ ᠪᠠᠷ ᠬᠤᠪᠢ ᠨᠡᠮᠡᠷᠢ ᠦᠵᠡᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ | ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠪᠦᠬᠦ ᠬᠦᠴᠦᠨ ᠢᠶᠠᠷ ᠢᠶᠠᠨ ᠪᠠᠲᠤᠯᠠᠵᠤ ᠬᠤᠰᠢᠭᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠴᠢᠬᠤᠯᠠ | ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠤᠷᠢᠯᠡᠵᠦ ᠪᠠᠭᠰᠢ ᠶᠢ ᠦᠨᠡᠨ ᠬᠦ ᠬᠠᠯᠠᠮᠵᠢᠯᠠᠨ | ᠬᠠᠷᠠᠭᠠᠯᠵᠠᠬᠤ ᠶᠢ ᠨᠠᠶᠢᠳᠠᠪᠤᠷᠢᠵᠢᠭᠤᠯᠵᠦ ᠪᠠᠭᠰᠢ ᠶᠢᠨ ᠡᠷᠡᠭᠦᠯ ᠮᠡᠨᠳᠦ ᠶᠢ ᠬᠠᠯᠠᠮᠵᠢᠯᠠᠨ ᠪᠠᠭᠰᠢ ᠶᠢᠨ ᠡᠷᠬᠡ ᠠᠰᠢᠭ ᠢ | ᠬᠠᠮᠠᠭᠠᠯᠠᠵᠤ ᠨᠢᠭᠡᠳᠦᠭᠡᠷ ᠹᠷᠣᠨᠲ ᠤᠨ ᠪᠠᠭᠰᠢ ᠪᠠ ᠰᠢᠯᠢᠳᠡᠭ ᠭᠤᠤᠯᠯᠠᠭᠴᠢ ᠪᠠᠭᠰᠢ ᠶᠢ ᠨᠠᠩ ᠣᠯᠠᠨ ᠣᠶᠤᠨ | ᠰᠠᠨᠠᠭᠠᠨ ᠤ ᠬᠦᠷᠲᠡᠮᠵᠢ ᠶᠢᠨ ᠲᠥᠷᠥᠭᠳᠡᠯ᠂ ᠠᠵᠢᠯ ᠮᠡᠷᠭᠡᠵᠢᠯ ᠤᠨ ᠵᠣᠯ ᠵᠢᠷᠭᠠᠯ ᠤᠨ ᠲᠥᠷᠥᠭᠳᠡᠯ ᠲᠠᠢ ᠪᠣᠯᠭᠠᠬᠤ | ᠭᠡᠷᠡᠭᠲᠡᠢ᠃ ᠪᠦᠬᠦ ᠨᠡᠶᠢᠭᠡᠮ ᠳᠤ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠠᠨ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠵᠤ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠳᠠᠨ ᠤ ᠲᠡᠷᠢᠭᠦᠨ ᠤ ᠦᠢᠯᠡ | ᠠᠵᠢᠯᠯᠠᠭ᠎ᠠ ᠶᠢ ᠤᠯᠠᠨ ᠠᠷᠭ᠎ᠠ ᠵᠠᠮ ᠢᠶᠠᠷ ᠤᠬᠠᠭᠤᠯᠵᠤ ᠪᠦᠬᠦ ᠨᠡᠶᠢᠭᠡᠮ ᠢ ᠲᠠᠶᠢᠴᠢᠯᠠᠨ ᠰᠤᠷᠭᠠᠨ ᠬᠥᠮᠦᠵᠢᠯ ᠢ | ᠬᠠᠯᠠᠭᠤᠨ ᠢᠶᠠᠷ ᠳᠡᠮᠵᠢᠵᠦ ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠳᠤ ᠣᠷᠣᠯᠴᠠᠵᠤ ᠦᠦᠰᠢᠨ ᠤ ᠰᠤᠷᠭᠠᠨ | ᠬᠥᠮᠦᠵᠢᠯ ᠤᠨ ᠬᠥᠭᠵᠢᠯᠲᠡ ᠶᠢᠨ ᠲᠦᠯᠦᠬᠡ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠬᠠᠮᠳᠤᠳᠬᠠᠬᠤ | ᠬᠡᠷᠡᠭᠲᠡᠢ᠃ | | 9 ᠰᠠᠷ᠎ᠠ ᠶᠢᠨ 15 ᠤ ᠡᠳᠦᠷ | ᠪᠥᠬᠦ ᠬᠤᠰᠢᠭᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ ᠴᠢᠶᠣᠤ ᠵᠢᠶᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠰᠢᠭᠤᠳ ᠬᠠᠷᠢᠶ᠎ᠠ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠠᠴᠠ ᠪᠥᠬᠦ | ᠬᠤᠰᠢᠭᠤᠨ ᠤ ᠲᠦᠷᠦᠭᠦᠤ ᠭᠤᠷᠪᠠᠨ ᠤᠯᠠᠷᠢᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ︽ | ᠨᠢᠬᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠬᠦᠢᠴᠡᠳᠬᠡᠬᠦ᠂ ᠨᠢᠬᠡ ᠯᠡ ᠰᠦᠯᠵᠢᠶ᠎ᠡ ᠪᠠᠷ ᠬᠦᠢᠴᠡᠳᠬᠡᠬᠦ | ᠂ ᠠᠯᠠᠭᠠᠨ ᠳᠡᠭᠡᠷ᠎ᠡ ᠭᠦᠢᠴᠡᠳᠬᠡᠬᠦ︾ ᠠᠵᠢᠯ ᠤᠨ ᠪᠠᠶᠢᠳᠠᠯ ᠢ ᠰᠣᠨᠣᠰᠴᠤ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ | | 9 ᠰᠠᠷ᠎ᠠ ᠶᠢᠨ 16 ᠤ ᠡᠳᠦᠷ | ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ | ᠸᠠᠩ ᠵᠢᠶᠠᠨ᠂ ᠰᠢᠶᠠᠨ ᠤ ᠳᠡᠰ ᠤᠨ ᠪᠦᠬᠦ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ ᠬᠤᠷᠠᠯ ᠢ ᠡᠷᠭᠢᠯᠡᠪᠡ᠃ ᠬᠤᠷᠠᠯ ᠢ ᠸᠢᠳᠢᠣ᠋ ᠬᠡᠯᠪᠡᠷᠢ ᠪᠠᠷ | ᠬᠤᠷᠠᠯᠳᠤᠭᠤᠯᠵᠦ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠬᠤᠪᠢᠶᠠᠷᠢ ᠬᠤᠷᠠᠯ ᠤᠨ ᠲᠠᠯᠠᠪᠠᠢ | ᠲᠤᠬᠢᠷᠠᠭᠤᠯᠪᠠ᠃ ᠬᠤᠷᠠᠯ ᠠᠴᠠ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | 9 ᠰᠠᠷ᠎ᠠ ᠶᠢᠨ 24 ᠤ ᠡᠳᠤᠷ ᠠᠴᠠ 26 ᠤ ᠡᠳᠦᠷ ᠪᠣᠯᠲᠠᠯ᠎ᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠲᠠᠪᠤᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠬᠢᠶ᠎ᠠ ᠪᠠᠭᠰᠢ ᠲᠣᠭᠤᠷᠢᠭ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠲᠤ ᠬᠤᠷᠠᠯᠳᠤᠵᠤ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠶᠢ ᠲᠥᠯᠥᠪᠵᠢᠭᠦᠯᠪᠡ᠃ | ᠦᠦᠰᠢᠨ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠸᠠᠩ ᠵᠢᠶᠠᠨ᠂ ᠰᠢᠨ᠎ᠡ ᠵᠡᠷᠭᠡ 23 ᠲᠥᠯᠥᠭᠡᠯᠡᠭᠴᠢ | ᠪᠥᠬᠦ ᠬᠤᠰᠢᠭᠤᠨ ᠤ ᠨᠠᠮ ᠤᠨ ᠭᠡᠰᠢᠭᠦᠨ ᠤ ᠬᠦᠨᠳᠦ ᠨᠠᠶᠢᠳᠠᠯᠭ᠎ᠠ ᠪᠠ ᠠᠷᠠᠳ ᠲᠦᠮᠡᠨ ᠤ ᠬᠦᠰᠡᠯ ᠡᠷᠡᠮᠡᠯᠵᠡᠯ ᠢ | ᠡᠭᠦᠷᠭᠡᠯᠡᠨ ᠬᠤᠷᠠᠯ ᠳᠤ ᠣᠷᠣᠯᠴᠠᠵᠤ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠢᠯᠡᠳᠭᠡᠯ ᠪᠠ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠢ ᠬᠠᠯᠠᠭᠤᠨ ᠢᠶᠠᠷ ᠶᠠᠷᠢᠯᠴᠠᠭᠰᠠᠨ ᠪᠥᠭᠡᠳ ᠪᠥᠬᠦ | ᠬᠤᠲᠠ ᠶᠢᠨ ᠨᠠᠮ ᠤᠨ ᠰᠦᠢᠳᠬᠡᠯ ᠢ ᠬᠤᠷᠢᠶᠠᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠤᠨ ᠲᠤᠬᠠᠶ | ᠮᠡᠳᠡᠭᠦᠯᠦᠯᠲᠡ ᠶᠢ ᠬᠢᠨᠠᠨ ᠵᠥᠪᠯᠡᠪᠡ᠃ ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠠᠴᠠ ᠰᠢᠨ᠎ᠡ ᠨᠢᠭᠡ | ᠬᠤᠭᠤᠴᠠᠭᠠᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠢ | ᠰᠣᠩᠭᠤᠨ ᠭᠠᠷᠭᠠᠪᠠ᠃ | 9 ᠰᠠᠷ᠎ᠠ ᠶᠢᠨ 25 ᠤ ᠡᠳᠦᠷ᠂ ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ | ᠲᠡᠤᠬᠡ ᠤᠯᠤᠰ ᠤᠨ ᠲᠡᠤᠬᠡ ᠶᠢᠨ ᠬᠥᠮᠦᠵᠢᠯ ᠤᠨ ᠰᠠᠭᠤᠷᠢᠨ ᠭᠠᠵᠠᠷ ᠤᠨ ︽ᠮᠠᠯᠵᠢᠬᠤ ᠳ᠋ᠠᠵᠠᠶ ᠶᠢᠨ ᠠᠮᠢ ᠠᠬᠤᠶ ᠶᠢᠨ | ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠰᠡᠬᠦᠬᠦ ᠶᠣᠰᠣᠯᠠᠯ ᠦᠦᠰᠢᠨᠵᠤᠤ ᠪᠠᠯᠭᠠᠰᠤᠨ ᠤ ᠮᠠᠯᠵᠢᠬᠤ | ᠳ᠋ᠠᠵᠠᠶ ᠶᠢᠨ ᠮᠦᠽᠧᠶ ᠶᠢᠨ ᠡᠮᠦᠨ᠎ᠡ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ᠂ | ᠦᠦᠰᠢᠨᠵᠤᠤ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠦᠦᠰᠢᠨᠵᠤᠤ ᠪᠠᠭ᠎ᠠ ᠰᠤᠷᠭᠠᠭᠤᠯᠢ᠂ | ᠴᠠᠭᠠᠨᠨᠠᠭᠤᠷ ᠰᠤᠷᠭᠠᠭᠤᠯᠢ ᠶᠢᠨ ᠬᠡᠰᠡᠭ ᠪᠠᠭᠰᠢ ᠰᠣᠷᠣᠭᠴᠢ᠂ ᠦᠦᠰᠢᠨᠵᠤᠤ ᠪᠠᠯᠭᠠᠰᠣᠨ ᠤ ᠺᠠᠳ᠋ᠷ ᠠᠵᠢᠯᠲᠠᠨ ᠪᠣᠯᠤᠨ | ᠦᠦᠰᠢᠨᠵᠤᠤ ᠭᠠᠴᠠᠭᠠᠨ ᠤ ᠮᠠᠯᠴᠢᠨ ᠲᠠᠷᠢᠶᠠᠴᠢᠨ ᠣᠯᠠᠨ ᠲᠦᠮᠡᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠡ᠃ | ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠸᠠᠩ ᠰᠢ ᠼᠠᠢ ᠳᠤᠮᠳᠠᠳᠤ ᠤᠯᠤᠰ ᠤᠨ ᠬᠤᠶᠢᠴᠢ ᠦᠶ᠎ᠡ | ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠠᠷ ᠤᠨ ᠴᠠᠬᠢᠯᠭᠠᠨ ᠮᠡᠳᠡᠭᠡ ᠶᠢ ᠤᠩᠰᠢᠨ ᠨᠡᠶᠢᠲᠡᠯᠡᠵᠦ᠂ | ᠦᠦᠰᠢᠨ ᠬᠤᠰᠢᠭᠤᠨ ᠤ ︽ᠮᠠᠯᠵᠢᠬᠤ ᠳ᠋ᠠᠵᠠᠶ ᠶᠢᠨ ᠠᠮᠢ ᠠᠬᠤᠶ ᠶᠢᠨ ᠬᠥᠮᠦᠵᠢᠯ ᠤᠨ ᠰᠠᠭᠤᠷᠢᠨ ᠭᠠᠵᠠᠷ︾ ᠨᠢ ︽ | ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ ᠲᠡᠤᠬᠡ ᠤᠯᠤᠰ ᠤᠨ ᠲᠡᠤᠬᠡ ᠶᠢᠨ | ᠬᠥᠮᠦᠵᠢᠯ ᠤᠨ ᠰᠠᠭᠤᠷᠢᠨ ᠭᠠᠵᠠᠷ︾ ᠬᠡᠮᠡᠨ ᠨᠡᠷᠡᠶᠢᠳᠦᠭᠳᠡᠭᠰᠡᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ | ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ | ᠡᠷᠬᠢᠯᠡᠭᠴᠢ ᠯᠢᠦ ᠷᠦᠢ ᠵᠢᠶᠧ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠯᠢ | ᠵᠥᠩ ᠯᠢᠨ ᠫᠠᠶᠢᠰᠠ ᠰᠡᠬᠦᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠡᠶ᠃ ᠥᠪᠡᠷᠲᠡᠭᠡᠨ ᠵᠠᠰᠠᠬᠤ ᠣᠷᠣᠨ ᠤ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠸᠠᠩ ᠸᠧᠶ | ᠱᠠᠨ᠂ ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ | ᠡᠷᠬᠢᠯᠡᠭᠴᠢ ᠯᠢᠦ ᠷᠦᠢ ᠵᠢᠶᠧ ᠬᠠᠮᠲᠤ ᠪᠠᠷ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠶᠢ ᠰᠡᠬᠦᠵᠦ᠂ ᠦᠦᠰᠢᠨ | ᠬᠤᠰᠢᠭᠤᠨ ᠤ ︽ᠮᠠᠯᠵᠢᠬᠤ ᠳ᠋ᠠᠵᠠᠶ ᠶᠢᠨ ᠠᠮᠢ ᠠᠬᠤᠶ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ︾ | ᠵᠢᠩᠬᠢᠨᠢ ᠪᠠᠷ ᠳᠥᠷᠪᠡᠳᠦᠭᠡᠷ ᠪᠦᠯᠦᠭ ᠤᠨ ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠠᠮ ᠤᠨ | ᠲᠡᠤᠬᠡ ᠤᠯᠤᠰ ᠤᠨ ᠲᠡᠤᠬᠡ ᠶᠢᠨ ᠬᠥᠮᠦᠵᠢᠯ ᠤᠨ ᠰᠠᠭᠤᠷᠢᠨ ᠭᠠᠵᠠᠷ ᠪᠣᠯᠪᠠ᠃ | | 9 ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ | ᠨᠠᠮ ᠵᠠᠰᠠᠭ ᠤᠨ ᠭᠤᠣᠯ ᠤᠳᠤᠷᠢᠳᠤᠯᠭ᠎ᠠ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯᠯᠠᠭ᠎ᠠ ᠶᠢ ᠥᠷᠨᠢᠭᠦᠯᠪᠡ᠃ ᠪᠦᠬᠦ ᠬᠤᠲᠠ ᠶᠢᠨ ︽ᠳᠥᠷᠪᠡᠨ ᠵᠦᠢᠯ ᠤᠨ ᠮᠢᠩᠭᠠᠨ ᠳ᠋ᠦᠩᠰᠢᠭᠤᠷ︾ | ᠤᠨ ᠬᠥᠭᠵᠢᠯᠲᠡ ᠶᠢᠨ ᠬᠠᠷᠠᠯᠲᠠ ᠪᠠ ᠪᠦᠲᠦᠭᠡᠨ ᠪᠠᠶᠢᠭᠤᠯᠤᠯᠲᠠ ᠶᠢᠨ ᠪᠣᠳᠠᠲᠤ ᠬᠦᠴᠦᠨ᠂ ᠠᠮᠢᠵᠢᠷᠠᠯ ᠤᠨ ᠬᠦᠴᠦᠨ | ᠂ ᠪᠣᠬᠢᠷᠲᠤᠯ ᠦᠭᠡᠶ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠵᠣᠯ ᠵᠢᠷᠭᠠᠯᠲᠤ ᠣᠷᠳᠣᠰ ᠤᠨ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠤᠷᠤᠯᠠᠭᠴᠢ ᠬᠤᠰᠢᠭᠤ ᠳᠠᠷᠤᠭ᠎ᠠ ᠰᠢᠨ᠎ᠡ | ᠲᠤᠭᠤᠶᠢᠯᠠᠩ ᠳᠠᠭᠠᠭᠤᠯᠤᠨ ᠪᠡᠭᠡᠵᠢᠩ ᠳᠤ ᠬᠦᠷᠴᠤ ᠵᠦᠩ ᠮᠧᠢ ᠪᠦᠯᠦᠭᠯᠡᠯ᠂ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠢᠮᠢ ᠶᠢᠨ ᠪᠦᠯᠦᠭᠯᠡᠯ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠪᠦᠯᠦᠭᠯᠡᠯ ᠤᠨ ᠰᠢᠨ | ᠰᠢᠩ ᠴᠢᠯᠠᠭᠤᠨ ᠲᠤᠰᠤᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠳᠤᠮᠳᠠᠳᠤ ᠤᠯᠤᠰ ᠤᠨ ᠡᠨᠧᠷᠭᠢ ᠠᠷᠪᠢᠯᠠᠬᠤ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠦᠯᠦᠭᠯᠡᠯ᠂ ᠳᠤᠮᠳᠠᠳᠤ ᠤᠯᠤᠰ ᠤᠨ ᠬᠠᠩᠭᠠᠨ ᠪᠣᠷᠣᠯᠠᠭᠤᠯᠬᠤ | ᠬᠠᠮᠲᠤᠷᠠᠯᠴᠠᠭᠠᠨ ᠤ ᠭᠠᠳᠠᠭᠠᠳᠤ ᠠᠷᠠᠯᠵᠢᠶ᠎ᠠ ᠶᠢᠨ ᠬᠢᠵᠠᠭᠠᠷᠲᠤ ᠺᠤᠮᠫᠠᠨᠢ᠂ ᠳ᠋ᠦᠩ ᠰᠢᠦᠢ ᠪᠦᠯᠦᠭᠯᠡᠯ᠂ ᠪᠡᠬᠡᠵᠢᠩ | ᠡᠨᠧᠷᠬᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠵᠦᠩ ᡁᠢ ᠠᠵᠦ ᠠᠬᠤᠶᠢᠯᠠᠯ ᠤᠨ | ᠪᠦᠯᠦᠭᠯᠡᠯ ᠤᠨ ᠬᠢᠵᠠᠭᠠᠷᠲᠤ ᠺᠤᠮᠫᠠᠨᠢ ᠵᠡᠷᠭᠡ ᠠᠵᠤ ᠠᠬᠤᠶᠢᠯᠠᠯ ᠲᠠᠢ ᠳᠦᠷᠣᠯ ᠵᠦᠢᠯ ᠤᠨ ᠵᠤᠯᠭᠠᠯᠴᠠᠭ᠎ᠠ ᠬᠢᠵᠦ | ᠰᠢᠨᠵᠢᠯᠡᠨ ᠪᠠᠶᠢᠴᠠᠭᠠᠵᠤ ᠰᠤᠷᠤᠯᠴᠠᠪᠠ᠃ ᠰᠢᠨᠵᠢᠯᠡᠨ ᠪᠠᠶᠢᠴᠠᠭᠠᠬᠤ ᠶᠠᠪᠤᠴᠠ ᠳᠤ᠂ ᠰᠢᠨᠵᠢᠯᠡᠨ ᠪᠠᠶᠢᠴᠠᠭᠠᠬᠤ | ᠳᠤᠭᠤᠶᠢᠯᠠᠩ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠦᠢᠯᠡᠰ ᠤᠨ ᠬᠦᠭᠵᠢᠯᠳᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ ᠪᠣᠬᠢᠷᠲᠤᠯ ᠦᠭᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠥᠭᠵᠢᠯᠲᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ᠂ ᠰᠢᠭᠠᠷᠤ ᠶᠢ ᠠᠭᠤᠷᠰᠢᠭᠤᠯᠤᠨ ᠶᠡᠷᠦᠩᠬᠡᠶᠢᠯᠡᠨ | ᠠᠰᠢᠭᠯᠠᠬᠤ ᠵᠡᠷᠭᠡ ᠲᠠᠯ᠎ᠠ ᠶᠢᠨ ᠲᠣᠭᠤᠷᠢᠨ ᠳᠤ ᠭᠦᠨᠵᠡᠭᠡᠶ ᠬᠠᠷᠢᠯᠴᠠᠵᠦ ᠬᠤᠯᠪᠣᠭᠳᠠᠯ ᠪᠦᠬᠦᠢ ᠠᠵᠤ | ᠠᠬᠤᠶᠢᠯᠠᠯ ᠯᠤᠭ᠎ᠠ ᠨᠡᠭᠦᠷᠡᠰᠦᠨ ᠠᠭᠤᠷᠬᠠᠢ ᠶᠢᠨ ᠤᠶᠤᠨᠴᠢᠯᠠᠬᠰᠠᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠨᠡᠶᠢᠯᠡᠯᠭᠡ ᠮᠧᠲ᠋ᠢᠯ ᠠᠯᠺᠣᠣᠯ ᠢ ᠠᠰᠢᠭᠯᠠᠨ | ᠨᠡᠭᠦᠷᠡᠰᠦᠲᠥ᠋ᠷᠥᠭᠴᠢ ᠶᠢᠨ ᠠᠵᠤ ᠠᠬᠤᠢ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ | ᠬᠥᠭᠵᠢᠯᠲᠡ ᠶᠢ ᠬᠥᠭᠵᠢᠭᠦᠯᠬᠦ ᠵᠡᠷᠭᠡ ᠲᠠᠯ᠎ᠠ ᠪᠠᠷ ᠰᠠᠨᠠᠯ ᠨᠢᠭᠡᠳᠴᠦ ᠳᠠᠷᠠᠭᠠᠴᠢ ᠶᠢᠨ ᠠᠯᠬᠤᠮ ᠳᠤ ᠣᠷᠣᠨ ᠨᠤᠲᠤᠭ | ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ ︽ᠬᠤᠶᠠᠷ | ᠲᠠᠯ᠎ᠠ ᠪᠠᠷ ᠢᠶᠠᠨ ᠠᠰᠢᠭ ᠬᠦᠷᠳᠡᠬᠦ︾ ᠶᠢ ᠪᠡᠶᠡᠯᠡᠭᠦᠯᠬᠦ ᠪᠠᠷ ᠴᠢᠷᠮᠠᠶᠢᠵᠦ ᠪᠠᠶᠢᠨ᠎ᠠ᠃ | ᠦᠦᠰᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠲᠠᠮᠢᠷ ᠤᠨ | ᠴᠤᠭᠯᠠᠭᠠᠨ ᠤᠷᠤᠭᠰᠢᠲᠠᠶ ᠶᠠᠪᠤᠭᠳᠠᠪᠠ᠃ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠡᠶ᠎ᠡ ᠲᠠᠮᠢᠷ ᠤᠨ | ᠴᠤᠭᠯᠠᠭᠠᠨ ᠳᠤ ᠰᠠᠭᠰᠤᠨ ᠪᠥᠮᠪᠦᠭᠡ᠂ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ᠂ ᠰᠢᠷᠡᠮᠦᠨ ᠪᠥᠮᠪᠦᠭᠡ᠂ | ᠥᠲᠥᠨ ᠪᠥᠮᠪᠦᠭᠡ᠂ 4 × 100 ᠮᠧᠲᠷ ᠵᠡᠷᠭᠡ 13 ᠤᠷᠤᠯᠳᠤᠭᠠᠨ ᠤ ᠵᠦᠢᠯ ᠢ ᠲᠣᠬᠢᠷᠠᠭᠤᠯᠵᠤ ᠪᠥᠬᠦ | ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠢ᠂ ᠰᠤᠮᠤ ᠪᠠᠯᠭᠠᠰᠤ᠂ ᠠᠵᠤ ᠠᠬᠤᠶᠢᠯᠠᠯ ᠤᠨ 25 ᠲᠠᠮᠢᠷᠴᠢᠨ ᠤ | ᠲᠥᠯᠥᠭᠡᠯᠡᠭᠴᠢᠳ ᠤᠨ ᠠᠩᠭᠢ ᠶᠢᠨ 700 ᠲᠠᠮᠢᠷᠴᠢᠨ ᠤᠷᠤᠯᠳᠤᠭᠠᠨ ᠳᠤ ᠤᠷᠤᠯᠴᠠᠵᠦ ᠦᠦᠰᠢᠨ ᠬᠤᠰᠢᠭᠤᠨ ᠤ | ᠺᠠᠳ᠋ᠷ ᠠᠵᠢᠯᠲᠠᠨ ᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ ᠤ ᠲᠦᠷᠢ ᠪᠠᠶᠢᠳᠠᠯ ᠢ | ᠢᠯᠡᠷᠡᠭᠦᠯᠪᠡ᠃ | | 9 ᠰᠠᠷ᠎ᠠ ᠶᠢᠨ 30 ᠤ ᠡᠳᠦᠷ | ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠠᠵᠢᠯ ᠤᠨ ᠬᠤᠷᠠᠯ ᠬᠤᠷᠠᠯᠳᠤᠪᠠ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠬᠤᠷᠠᠯ | ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠶᠣᠤ ᠵᠢᠶᠠᠨ ᠵᠢᠶᠠᠩ᠂ ᠵᠣᠣ | ᠬᠤᠶ᠂ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ ᠳ᠋ᠧᠦ ᡁᠢ ᠴᠢᠶᠠᠩ᠂ ᠨᠠᠷᠢᠠᠭᠤᠤᠯ ᠠᠵᠤ ᠦᠢᠯᠡᠳᠪᠤᠷᠢ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠩ ᠵᠥᠩ ᠬᠤᠩ᠂ ᠬᠤᠰᠢᠭᠤ ᠠᠶᠤᠯᠭᠦᠶ | ᠦᠢᠯᠡᠳᠪᠤᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠵᠢᠴᠢ ᠪᠥᠬᠦ | ᠬᠤᠰᠢᠭᠤᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠬᠤᠪᠢᠶᠠᠷᠢᠯᠠᠨ ᠬᠠᠮᠢᠶᠠᠷᠴᠤ | ᠪᠥᠬᠦᠶ ᠠᠶᠤᠯᠭᠦᠶ ᠦᠢᠯᠡᠳᠪᠤᠷᠢᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠡᠨᠡ | ᠵᠢᠯ ᠠᠴᠠ ᠨᠠᠰᠢᠬᠢ ᠪᠥᠬᠦ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ | ᠲᠠᠷᠠᠭᠠᠴᠢ ᠶᠢᠨ ᠬᠤᠭᠤᠴᠠᠭᠠᠨ ᠤ ᠠᠶᠤᠯᠭᠦᠶ ᠦᠢᠯᠡᠳᠪᠤᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | |