ᠦᠤᠰᠢᠨ ᠵᠠᠰᠠᠭ ᠠᠯᠪᠠᠨ ᠲᠠᠷᠬᠠᠭᠠᠬᠤ ﹇2021﹈ 51 ᠳ᠋ᠤᠭᠡᠷ ᠲᠤᠭᠠᠲᠤ | | | ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠤᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠰᠢᠯᠭᠠᠨ ᠬᠢᠨᠠᠬᠤ ᠠᠷᠭ᠎ᠠ︾ ᠶᠢ ᠬᠤᠰᠢᠭᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠤᠬᠡᠷᠡᠢ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠣᠨ ᠤ 8 ᠰᠠᠷ᠎ᠠ ᠶᠢᠨ 12 ᠤᠨ ᠡᠳᠤᠷ | | | | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠰᠢᠯᠭᠠᠨ ᠬᠢᠨᠠᠬᠤ ᠠᠷᠭ᠎ᠠ | | ᠨᠢᠭᠡᠳᠦᠭᠡᠷ ᠵᠤᠷᠪᠤᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠠᠮᠢᠶᠠᠷᠤᠯᠲᠠ ᠶᠢ ᠲᠦᠷᠢᠮᠵᠢᠬᠦᠯᠵᠦ ᠵᠠᠰᠠᠭ ᠤᠨ ᠣᠷᠳᠣᠨ ᠤ | ᠬᠠᠤᠯᠢ ᠶᠢᠨ ᠵᠥᠪᠯᠡᠭᠴᠢ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤᠮᠳᠠᠬᠢ | ᠢᠳᠡᠪᠬᠢᠲᠡᠶ ᠦᠢᠯᠡᠳᠦᠯ ᠢ ᠪᠠᠳᠠᠷᠠᠭᠤᠯᠬᠤ ᠶᠢᠨ ᠲᠤᠰᠠᠳᠠ ︽ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ | ᠠᠵᠢᠯ ᠤᠨ ᠲᠦᠷᠢᠮ︾ ᠢ ᠦᠨᠳᠦᠰᠦᠯᠡᠨ ᠲᠤᠰ ᠠᠷᠭ᠎ᠠ ᠶᠢ ᠲᠤᠭᠲᠠᠭᠠᠪᠠ᠃ | ᠬᠤᠶᠠᠳᠤᠭᠠᠷ ᠵᠤᠷᠪᠤᠰ ᠲᠣᠰ ᠠᠷᠭ᠎ᠠ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠳᠠᠬᠢ ᠵᠠᠰᠠᠭ ᠤᠨ | ᠣᠷᠳᠣᠨ ᠤ ᠭᠠᠳᠠᠨ᠎ᠠ ᠠᠴᠠ ᠤᠷᠢᠭᠰᠠᠨ ᠬᠠᠤᠯᠢ ᠶᠢᠨ ᠵᠥᠪᠯᠡᠭᠴᠢ ᠶᠢ ᠰᠢᠯᠭᠠᠨ ᠬᠢᠨᠠᠬᠤ ᠠᠵᠢᠯ ᠳᠤ ᠭᠡᠷᠡᠭᠯᠡᠨ᠎ᠡ᠃ | ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠭᠠᠳᠠᠨ᠎ᠠ ᠠᠴᠠ ᠤᠷᠢᠭᠰᠠᠨ ᠬᠠᠤᠯᠢ ᠶᠢᠨ ᠵᠥᠪᠯᠡᠭᠴᠢ ︵ᠳᠣᠷᠣᠭᠰᠢ | ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠭᠡᠵᠦ ᠨᠡᠷᠡᠶᠢᠳᠦᠨ᠎ᠡ︶ ᠶᠢᠨ ᠰᠢᠯᠭᠠᠨ ᠬᠢᠨᠠᠯᠳᠠ ᠳᠤ ᠣᠨ ᠤ ᠡᠳᠦᠷ ᠲᠤᠲᠤᠮ ᠤᠨ ᠠᠵᠢᠯ ᠤᠨ ᠰᠢᠯᠭᠠᠨ | ᠬᠢᠨᠠᠯᠳᠠ ᠪᠠ ᠲᠤᠰᠢᠶᠠᠯ ᠤᠨ ᠬᠤᠭᠤᠴᠠᠭᠠᠨ ᠳᠠᠬᠢ ᠠᠵᠢᠯ ᠤᠨ ᠰᠢᠯᠭᠠᠨ ᠬᠢᠨᠠᠯᠳᠠ ᠪᠠᠭᠳᠠᠨ᠎ᠠ᠃ | ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠰᠢᠯᠭᠠᠨ ᠬᠢᠨᠠᠯᠳᠠ ᠶᠢᠨ ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠠᠴᠠ ᠪᠤᠳᠠᠳᠠᠢ ᠬᠠᠷᠢᠭᠤᠴᠠᠵᠦ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃ | ᠳᠥᠷᠪᠡᠳᠦᠭᠡᠷ ᠵᠤᠷᠪᠤᠰ ᠣᠨ ᠤ ᠡᠳᠦᠷ ᠲᠤᠲᠤᠮ ᠤᠨ ᠰᠢᠯᠭᠠᠨ ᠬᠢᠨᠠᠯᠳᠠ ᠳᠤ ᠬᠤᠪᠢ ᠲᠣᠭᠲᠠᠭᠠᠬᠤ ᠲᠦᠷᠢᠮ ᠢ ᠬᠡᠷᠡᠭᠵᠢᠭᠦᠯᠵᠦ᠂ ᠶᠡᠷᠦᠩᠬᠡᠶ | ᠬᠤᠪᠢ ᠨᠢ 100 ᠬᠤᠪᠢ ᠪᠠᠶᠢᠵᠤ᠂ ᠰᠢᠯᠭᠠᠨ ᠬᠢᠨᠠᠬᠤ ᠠᠭᠤᠯᠭ᠎ᠠ ᠨᠢᠭᠡᠪᠦᠷᠢ ᠶᠢᠨ ᠬᠠᠰᠤᠭᠰᠠᠨ ᠬᠤᠪᠢ ᠶᠢᠨ ᠨᠡᠶᠢᠯᠡᠪᠦᠷᠢ ᠨᠢ ᠴᠥᠮ ᠲᠣᠰ ᠵᠦᠢᠯ ᠤᠨ | ᠶᠡᠷᠦᠩᠬᠡᠶ ᠬᠤᠪᠢ ᠠᠴᠠ ᠬᠡᠲᠦᠷᠡᠵᠦ ᠪᠣᠯᠬᠤ ᠥᠬᠡᠶ︔ ᠠᠰ ᠲᠤᠨᠢ ᠬᠤᠪᠢ ᠨᠡᠮᠡᠬᠦ ᠲᠥᠷᠥᠯ ᠵᠦᠢᠯ ᠨᠢ ᠨᠡᠶᠢᠯᠡᠭᠡᠳ 20 ᠬᠤᠪᠢ ᠠᠴᠠ ᠬᠡᠲᠦᠷᠡᠵᠦ ᠪᠣᠯᠬᠤ | ᠥᠬᠡᠶ᠃ ᠪᠣᠳᠠᠲᠠᠶ ᠬᠤᠪᠢ ᠣᠯᠭᠤᠬᠤ ᠪᠠᠷᠢᠮᠵᠢᠶ᠎ᠠ ᠨᠢ ᠳᠣᠤᠷᠠᠬᠢ ᠮᠡᠲᠦ᠄ | ︵ᠨᠢᠭᠡ︶ ᠠᠵᠢᠯ ᠢᠶᠠᠨ ᠭᠦᠢᠴᠡᠳᠭᠡᠭᠰᠡᠨ ᠪᠠᠶᠢᠳᠠᠯ ︵40 ᠬᠤᠪᠢ︶ | ⒈ᠱᠠᠭᠠᠷᠳᠠᠯᠭ᠎ᠠ ᠶᠣᠰᠣᠭᠠᠷ ᠬᠠᠤᠯᠢ ᠴᠠᠭᠠᠵᠠ ᠶᠢᠨ ᠰᠠᠨᠠᠯ ᠤᠨ ᠪᠢᠴᠢᠭ ᠪᠠ ᠪᠤᠰᠤᠳ ᠬᠠᠤᠯᠢ ᠴᠠᠭᠠᠵᠠ ᠶᠢᠨ ᠪᠢᠴᠢᠭ ᠢ ᠭᠠᠷᠭᠠᠵᠤ ᠥᠭᠭᠦᠭᠰᠡᠨ ᠦᠭᠡᠢ | ᠪᠠᠶᠢᠪᠠᠯ᠂ ᠨᠢᠭᠡ ᠤᠳᠠᠭ᠎ᠠ ᠳᠤ 15 ᠬᠤᠪᠢ ᠬᠠᠰᠤᠨ᠎ᠠ᠃ | ⒉ ᠬᠤᠪᠢ ᠶᠢᠨ ᠠᠯᠳᠠᠭ᠎ᠠ ᠪᠤᠷᠤᠭᠤ ᠠᠴᠠ ᠪᠤᠯᠵᠤ ᠵᠠᠷᠭᠤ ᠶᠢᠨ ᠬᠡᠷᠡᠭ ᠤᠨ ᠦᠷ᠎ᠡ ᠳ᠋ᠦᠩ ᠳᠤ ᠵᠠᠷᠭᠤ ᠢᠯᠠᠭᠳᠠᠵᠤ᠂ ᠵᠠᠰᠠᠭ ᠤᠨ ᠣᠷᠳᠣᠨ ᠳᠤ ᠠᠵᠤ | ᠠᠬᠤᠶ ᠶᠢᠨ ᠬᠤᠬᠢᠷᠠᠯ ᠪᠤᠶᠤ ᠮᠠᠭᠤ ᠨᠥᠯᠥᠭᠡ ᠤᠴᠠᠷᠠᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 15 ᠬᠤᠪᠢ ᠬᠠᠰᠤᠨ᠎ᠠ᠃ | ⒊ᠰᠠᠨᠠᠯ ᠬᠤᠷᠢᠶᠠᠬᠤ ᠪᠠᠷ ᠳᠡᠮᠵᠢᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠠᠵᠢᠯ ᠬᠦᠢᠴᠡᠳᠬᠡᠭᠰᠡᠨ ᠪᠠᠶᠢᠳᠠᠯ ᠳᠤ ᠬᠠᠨᠤᠮᠵᠢ ᠥᠬᠡᠶ | ᠪᠠᠶᠢᠪᠠᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃ | ⒋ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠥᠬᠡᠶ | ᠪᠤᠰᠤᠳ ᠪᠠᠶᠢᠳᠠᠯ ᠳᠤ᠂ ᠨᠢᠭᠡ ᠤᠳᠠᠭ᠎ᠠ ᠳᠤ 10 ᠬᠤᠪᠢ ᠬᠠᠰᠤᠨ᠎ᠠ᠃ | ︵ᠬᠤᠶᠠᠷ︶ ᠰᠠᠬᠢᠯᠭ᠎ᠠ ᠪᠠᠲᠤ ᠶᠢ ᠰᠠᠬᠢᠭᠰᠠᠨ ᠪᠠᠶᠢᠳᠠᠯ ︵30 ᠬᠤᠪᠢ︶ | ᠳᠣᠣᠷ᠎ᠠ ᠵᠢᠭᠰᠠᠭᠠᠭᠰᠠᠨ ᠪᠠᠶᠢᠳᠠᠯ ᠲᠠᠢ ᠪᠠᠶᠢᠪᠠᠯ᠂ ᠤᠳᠠᠭ᠎ᠠ ᠪᠦᠷᠢ 5 ᠬᠤᠪᠢ ᠬᠠᠰᠤᠨ᠎ᠠ᠄ | ⒈ᠵᠦᠢ ᠶᠣᠰᠣᠨ ᠤ ᠤᠴᠢᠷ ᠰᠢᠯᠲᠠᠭᠠᠨ ᠤᠢᠭᠡᠢ ᠪᠠᠷ ᠲᠣᠮᠢᠯᠠᠯᠲᠠ ᠶᠢ ᠤᠢᠯᠦ ᠲᠡᠭᠠᠬᠰᠡᠠ︔ | ⒉ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠤᠷᠠᠯ ᠪᠤᠶᠤ ᠠᠵᠢᠯᠯᠠᠭ᠎ᠠ ᠳᠤ ᠤᠴᠢᠷ ᠰᠢᠯᠲᠠᠭᠠᠨ ᠥᠬᠡᠶ ᠪᠠᠷ ᠥᠯᠥ ᠣᠷᠣᠯᠴᠠᠭᠰᠠᠨ︔ | ⒊ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠦᠢᠯᠡᠴᠢᠯᠡᠭᠡᠨ ᠤ ᠠᠭᠤᠯᠭ᠎ᠠ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠷᠢᠴᠠᠩᠭᠤᠶ | ᠬᠥᠮᠦᠨ ᠤ ᠨᠠᠶᠢᠳᠠᠯᠭ᠎ᠠ ᠶᠢ ᠬᠠᠮᠲᠤ ᠳᠤᠨᠢ ᠭᠥᠯᠢᠶᠡᠨ ᠠᠪᠴᠤ᠂ ᠲᠡᠭᠦᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠭᠰᠠᠨ︔ | ⒋ᠠᠵᠢᠯ ᠤᠨ ᠳᠤᠮᠳᠠ ᠲᠣᠬᠢᠶᠠᠯᠳᠤᠭᠰᠠᠨ ᠵᠠᠰᠠᠭ ᠤᠨ ᠣᠷᠳᠣᠨ ᠤ ᠠᠵᠢᠯ ᠤᠨ ᠬᠤᠯᠪᠣᠭᠳᠠᠯ ᠪᠦᠬᠦᠢ ᠨᠢᠭᠤᠴᠠ ᠪᠠ ᠢᠯᠡ ᠪᠣᠯᠭᠠᠬᠤ ᠳᠤ ᠲᠣᠬᠢᠷᠠᠮᠵᠢ | ᠦᠭᠡᠢ ᠪᠤᠰᠤᠳ ᠪᠠᠶᠢᠳᠠᠯ ᠢ ᠳᠤᠷ᠎ᠠ ᠪᠠᠷ ᠢᠶᠠᠨ ᠵᠠᠳᠠᠷᠠᠭᠤᠯᠤᠭᠰᠠᠨ︔ | ⒌ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠠᠴᠠ ᠪᠤᠰᠤᠳ ᠲᠤᠬᠠᠶᠢᠯᠠᠭᠰᠠᠨ ᠠᠵᠢᠯ ᠢ ᠬᠦᠢᠴᠡᠳᠭᠡᠭᠦ ᠦᠶ᠎ᠡ ᠳᠤ᠂ ᠵᠠᠰᠠᠭ ᠤᠨ ᠣᠷᠳᠣᠨ ᠤ | ᠬᠠᠤᠯᠢ ᠶᠢᠨ ᠵᠥᠪᠯᠡᠭᠴᠢ ᠶᠢᠨ ᠬᠤᠪᠢ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠲᠤᠬᠠᠶ ᠶᠢᠨ ᠬᠥᠮᠦᠨ ᠳᠤ ᠨᠥᠯᠥᠭᠡ ᠦᠵᠡᠭᠦᠯᠦᠭᠰᠡᠨ︔ | ⒍ᠪᠤᠰᠤᠳ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠰᠠᠬᠢᠯᠭ᠎ᠠ ᠪᠠᠲᠤ ᠵᠢᠴᠢ ︽ᠬᠠᠤᠯᠢ ᠶᠢᠨ ᠵᠥᠪᠯᠡᠭᠴᠢ ᠶᠢᠨ ᠲᠦᠷᠢᠮ ᠪᠠ ᠠᠯᠪᠠᠨ | ᠲᠤᠰᠢᠶᠠᠯᠲᠤ ᠬᠠᠤᠯᠢᠴᠢ ᠺᠣᠮᠫᠠᠨᠢ ᠶᠢᠨ ᠬᠠᠤᠯᠢᠴᠢ ᠶᠢᠨ ᠲᠦᠷᠢᠮ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠰᠠᠨᠠᠯ︾ ᠳᠤ ᠲᠣᠭᠲᠠᠭᠠᠭᠰᠠᠨ ᠠᠵᠢᠯ ᠡᠷᠭᠢᠯᠡᠬᠦ ᠶᠢ ᠴᠠᠭᠠᠵᠠᠯᠠᠬᠤ ᠡᠭᠦᠷᠭᠡ ᠠᠴᠠ ᠵᠥᠷᠢᠴᠡᠭᠰᠡᠨ᠃ | ︵ᠭᠤᠷᠪᠠ︶ ᠠᠵᠢᠯ ᠡᠷᠭᠢᠯᠡᠬᠦ ᠶᠢ ᠲᠦᠷᠢᠮᠵᠢᠬᠦᠯᠦᠭᠰᠡᠨ ᠪᠠᠶᠢᠳᠠᠯ ︵30 ᠬᠤᠪᠢ︶ | ⒈ᠪᠦᠷᠢᠨ ᠪᠦᠲᠦᠨ ᠠᠵᠢᠯ ᠤᠨ ᠲᠠᠩᠰᠠ ᠡᠪᠬᠡᠮᠡᠯ ᠢ ᠬᠠᠳᠠᠭᠠᠯᠠᠭᠰᠠᠨ ᠲᠡᠮᠳᠡᠭᠯᠡᠯ ᠢ ᠪᠠᠶᠢᠭᠤᠯᠤᠭᠰᠠᠨ ᠥᠬᠡᠶ ᠪᠠᠶᠢᠪᠠᠯ᠂ ᠨᠢᠭᠡ ᠤᠳᠠᠭ᠎ᠠ ᠳᠤ 10 | ᠬᠤᠪᠢ ᠬᠠᠰᠤᠨ᠎ᠠ᠃ | ⒉ᠲᠤᠰᠢᠶᠠᠯ ᠤᠨ ᠬᠤᠭᠤᠴᠠᠭᠠᠨ ᠳᠤ ᠵᠠᠭᠠᠯᠳᠤᠭᠤᠯᠤᠭᠠᠳ ᠪᠠᠶᠢᠴᠠᠭᠠᠨ ᠳᠣᠲᠣᠯᠠᠭᠳᠠᠭᠰᠠᠨ ᠪᠠᠶᠢᠪᠠᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃ | ⒊ᠲᠤᠰᠢᠶᠠᠯ ᠤᠨ ᠬᠤᠭᠤᠴᠠᠭᠠᠨ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠳᠬᠡᠯ᠂ | ᠬᠠᠤᠯᠢᠴᠢ ᠶᠢᠨ ᠨᠡᠶᠢᠭᠡᠮᠯᠢᠭ ᠤᠨ ᠠᠵᠢᠯ ᠲᠦᠷᠦᠯ ᠤᠨ ᠰᠢᠳᠬᠡᠯ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠳᠬᠡᠯ ᠢ ᠣᠯᠤᠭᠰᠠᠨ ᠪᠠᠶᠢᠪᠠᠯ᠂ ᠨᠢᠭᠡ | ᠤᠳᠠᠭ᠎ᠠ ᠳᠤ 15 ᠬᠤᠪᠢ ᠬᠠᠰᠤᠨ᠎ᠠ᠃ | ︵ᠳᠥᠷᠪᠡ︶ ᠬᠤᠪᠢ ᠨᠡᠮᠡᠬᠦ ᠲᠥᠷᠥᠯ ᠵᠦᠢᠯ ︵20 ᠬᠤᠪᠢ︶ | ⒈ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠠᠴᠠ ᠴᠤᠬᠤᠯᠠᠪᠤᠷᠢᠯᠠᠨ ᠨᠤᠲᠠᠯᠠᠭᠰᠠᠨ | ᠪᠠᠶᠢᠪᠠᠯ᠂ ᠨᠢᠭᠡ ᠤᠳᠠᠭ᠎ᠠ ᠳᠤ 5 ᠬᠤᠪᠢ ᠨᠡᠮᠡᠨ᠎ᠡ᠃ | ⒉ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠪᠠᠯ᠂ ᠨᠢᠭᠡ ᠤᠳᠠᠭ᠎ᠠ ᠳᠤ 2 ᠬᠤᠪᠢ ᠨᠡᠮᠡᠨ᠎ᠡ᠃ | ⒊ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠠᠵᠢᠯ ᠤᠨ ᠰᠢᠨ᠎ᠡ ᠶᠢ ᠡᠭᠦᠳᠦᠭᠰᠡᠨ ᠲᠤᠷᠰᠢᠯᠭ᠎ᠠ ᠪᠠ ᠠᠷᠭ᠎ᠠ ᠪᠠᠷᠢᠯ ᠨᠢ ᠬᠤᠲᠠ ᠶᠢᠨ | ᠱᠠᠲᠤᠨ ᠠᠴᠠ ᠳᠡᠭᠡᠭᠰᠢᠬᠢ ᠵᠠᠭᠤᠴᠢᠯᠠᠭᠤᠷ ᠲᠤ ᠤᠬᠠᠭᠤᠯᠤᠨ ᠮᠡᠳᠡᠭᠡᠯᠡᠭᠳᠡᠭᠰᠡᠨ ᠪᠤᠶᠤ ᠬᠤᠲᠠ ᠶᠢᠨ ᠱᠠᠲᠤᠨ ᠠᠴᠠ ᠳᠡᠭᠡᠭᠰᠢᠬᠢ ᠬᠤᠷᠠᠯ ᠳᠤ ᠰᠠᠨᠠᠯ ᠰᠣᠯᠢᠯᠴᠠᠨ | ᠶᠠᠷᠢᠶ᠎ᠠ ᠲᠠᠯᠪᠢᠭᠰᠠᠨ ᠪᠠᠶᠢᠪᠠᠯ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤ ᠶᠤᠰᠤᠭᠠᠷ ᠨᠢᠭᠡ ᠤᠳᠠᠭ᠎ᠠ ᠳᠤ ᠲᠣᠰ ᠲᠣᠰ 10 ᠬᠤᠪᠢ᠂ | 5 ᠬᠤᠪᠢ᠂ 3 ᠬᠤᠪᠢ ᠨᠡᠮᠡᠨ᠎ᠡ᠃ | ᠲᠠᠪᠤᠳᠤᠭᠠᠷ ᠵᠤᠷᠪᠤᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠨᠢ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠳᠤ | ᠣᠷᠣᠯᠴᠠᠪᠠᠯ᠂ ᠵᠢᠯ ᠪᠦᠷᠢ ᠶᠢᠨ 10 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠵᠠᠰᠠᠭ ᠤᠨ | ᠣᠷᠳᠣᠨ ᠤ ᠬᠠᠤᠯᠢ ᠶᠢᠨ ᠵᠥᠪᠯᠡᠭᠴᠢ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠭᠰᠠᠨ ᠪᠢᠴᠢᠭ ᠤᠨ ᠬᠡᠯᠪᠡᠷᠢ ᠶᠢᠨ ᠠᠵᠢᠯ ᠤᠨ | ᠮᠡᠳᠡᠭᠦᠯᠦᠯᠲᠡ ᠪᠤᠶᠤ ᠬᠠᠤᠯᠢ ᠶᠢᠨ ᠵᠦᠪᠯᠡᠭᠴᠢ ᠲᠤᠰ ᠪᠡᠶ᠎ᠡ ᠪᠠᠷ ᠢᠶᠠᠨ ᠭᠠᠷ ᠤᠨ ᠦᠰᠦᠭ ᠵᠢᠷᠤᠵᠦ ᠪᠠᠲᠤᠯᠠᠭᠰᠠᠨ ᠠᠵᠢᠯ ᠤᠨ ᠮᠡᠳᠡᠭᠦᠯᠦᠯᠲᠡ ᠪᠠᠨ ᠲᠤᠰᠢᠶᠠᠨ᠎ᠠ | ︔ ᠬᠡᠷᠪᠡ ᠬᠤᠪᠢ ᠨᠡᠮᠡᠬᠦ ᠵᠦᠢᠯ ᠪᠠᠶᠢᠪᠠᠯ᠂ ᠠᠵᠢᠯ ᠤᠨ ᠮᠡᠳᠡᠭᠦᠯᠦᠯᠲᠡ ᠳᠡᠭᠡᠨ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ | ᠳᠠᠭᠠᠯᠳᠤᠭᠤᠯᠤᠨ᠎ᠠ᠃ | ᠵᠢᠷᠭᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠲᠠᠰᠤᠭ ᠨᠢ ᠵᠢᠯ ᠪᠦᠷᠢ ᠨᠢᠭᠡ ᠤᠳᠠᠭ᠎ᠠ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠲᠣᠰ ᠲᠣᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠣᠨ ᠤ ᠡᠳᠦᠷ | ᠲᠤᠲᠤᠮ ᠤᠨ ᠠᠵᠢᠯ ᠤᠨ ᠰᠢᠯᠭᠠᠨ ᠬᠢᠨᠠᠯᠳᠠ ᠦᠨᠡᠯᠡᠯᠲᠡ ᠶᠢ ᠥᠷᠨᠢᠭᠦᠯᠦᠨ᠂ ᠰᠢᠯᠭᠠᠨ ᠬᠢᠨᠠᠬᠤ ᠰᠠᠨᠠᠯ ᠢᠶᠠᠨ ᠳᠤᠷᠠᠳᠤᠨ᠎ᠠ᠃ | ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠦᠨᠡᠯᠡᠯᠲᠡ ᠶᠢ ᠥᠷᠨᠢᠭᠦᠯᠬᠦ ᠳᠤ ᠭᠤᠤᠯᠳᠠᠭᠤ ︽ᠦᠤᠰᠢᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠬᠠᠤᠯᠢ ᠶᠢᠨ ᠵᠥᠪᠯᠡᠭᠴᠢ ᠶᠢᠨ ᠠᠵᠢᠯ ᠤᠨ ᠮᠡᠳᠡᠭᠳᠡᠯ ᠤᠨ ᠬᠠᠭᠤᠳᠠᠰᠤ︾ ᠶᠢ ᠦᠨᠳᠦᠰᠦᠯᠡᠬᠦ ᠶᠢᠨ ᠬᠠᠮᠲᠤ ᠵᠠᠰᠠᠭ ᠤᠨ | ᠣᠷᠳᠣᠨ ᠤ ᠬᠠᠤᠯᠢ ᠶᠢᠨ ᠵᠥᠪᠯᠡᠭᠴᠢ ᠶᠢᠨ ᠬᠤᠷᠠᠯ ᠳᠡᠭᠡᠷᠡᠬᠢ ᠲᠤᠰᠢᠶᠠᠯ ᠤᠨ ᠮᠡᠳᠡᠭᠦᠯᠦᠯᠲᠡ ᠬᠢᠭᠡᠳ ᠲᠤᠰᠢᠶᠠᠭᠰᠠᠨ ᠪᠢᠴᠢᠭ ᠤᠨ ᠬᠡᠯᠪᠡᠷᠢ ᠶᠢᠨ ᠣᠨ ᠤ | ᠠᠵᠢᠯ ᠤᠨ ᠮᠡᠳᠡᠭᠦᠯᠦᠯᠲᠡ ᠲᠠᠢ ᠤᠶᠠᠯᠳᠤᠭᠤᠯᠤᠨ ᠰᠢᠯᠭᠠᠨ ᠬᠢᠨᠠᠵᠦ ᠦᠨᠡᠯᠡᠨ᠎ᠡ᠃ | ᠳᠣᠯᠣᠳᠤᠭᠠᠷ ᠵᠤᠷᠪᠤᠰ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠢ ᠰᠢᠯᠢᠳᠡᠭ ︵90 ᠬᠤᠪᠢ ᠠᠴᠠ | ᠳᠡᠭᠡᠭᠰᠢ︶᠂ ᠬᠢᠷᠢ ᠲᠡᠩᠴᠡᠭᠰᠡᠨ ︵80 ᠬᠤᠪᠢ ᠠᠴᠠ 90 ᠬᠤᠪᠢ︶᠂ ᠦᠨᠳᠦᠰᠦᠨ ᠳᠡᠭᠡᠨ ᠬᠢᠷᠢ ᠲᠡᠩᠴᠡᠭᠰᠡᠨ ︵70 ᠬᠤᠪᠢ ᠠᠴᠠ 80 ᠬᠤᠪᠢ︶ ᠪᠠ | ᠬᠢᠷᠢ ᠲᠡᠩᠴᠡᠭᠰᠡᠨ ᠥᠬᠡᠶ ︵70 ᠬᠤᠪᠢ ᠠᠴᠠ ᠳᠣᠷᠣᠭᠰᠢ︶ ᠳᠥᠷᠪᠡᠨ ᠳᠡᠰ ᠬᠤᠪᠢᠶᠠᠨ᠎ᠠ᠃ | ᠨᠠᠢᠮᠠᠳᠤᠭᠠᠷ ᠵᠤᠷᠪᠤᠰ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠨ ᠤ ᠡᠳᠦᠷ ᠲᠤᠳᠤᠮ ᠤᠨ ᠠᠵᠢᠯ ᠤᠨ ᠰᠢᠯᠭᠠᠨ ᠬᠢᠨᠠᠯᠳᠠ ᠶᠢᠨ | ᠦᠷ᠎ᠡ ᠳ᠋ᠦᠩ ᠢ ᠰᠢᠭᠤᠳ ᠬᠢᠷᠢ ᠲᠡᠩᠴᠡᠬᠦ ᠦᠭᠡᠢ ᠪᠠᠷ ᠲᠣᠭᠲᠠᠭᠠᠨ᠎ᠠ᠄ | ︵ᠨᠢᠭᠡ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠤᠨ ᠬᠤᠷᠠᠯᠳᠤᠭᠠᠨ ᠳᠤ ᠭᠤᠷᠪᠠᠨ ᠤᠳᠠᠭ᠎ᠠ ᠠᠴᠠ ᠳᠡᠭᠡᠭᠰᠢ ᠦᠯᠦ ᠣᠷᠣᠯᠴᠠᠭᠰᠠᠨ | ︔ | ︵ᠬᠤᠶᠠᠷ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠤᠨ ᠡᠭᠦᠷᠭᠡ ᠪᠠᠨ ᠬᠤᠶᠠᠷ ᠤᠳᠠᠭ᠎ᠠ ᠠᠴᠠ ᠳᠡᠭᠡᠭᠰᠢ ᠴᠠᠭ ᠲᠠᠭᠠᠨ ᠦᠯᠦ | ᠪᠡᠶᠡᠯᠡᠭᠦᠯᠦᠭᠰᠡᠨ︔ | ︵ᠭᠤᠷᠪᠠ︶ ᠬᠤᠪᠢ ᠶᠢᠨ ᠬᠦᠨᠳᠦ ᠶᠡᠭᠡ ᠠᠯᠳᠠᠰᠢ ᠠᠴᠠ ᠪᠤᠯᠵᠤ ᠲᠠᠬᠢᠨ ᠵᠥᠪᠯᠡᠬᠦ᠂ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠳᠤ ᠠᠯᠳᠠᠭ᠎ᠠ ᠪᠠᠨ | ᠳᠤᠷᠠᠳᠤᠭᠤᠯᠬᠤ ᠪᠤᠶᠤ ᠵᠠᠷᠭᠤ ᠢᠯᠠᠭᠳᠠᠭᠰᠠᠨ︔ | ︵ᠲᠦᠷᠪᠡ︶ ᠬᠦᠨᠳᠦ ᠶᠡᠭᠡ ᠠᠯᠳᠠᠰᠢ ᠠᠴᠠ ᠪᠤᠯᠵᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ ᠴᠢᠳᠠᠭᠰᠠᠨ ᠦᠭᠡᠢ | ᠪᠥᠭᠡᠳ ᠬᠦᠨᠳᠦ ᠨᠣᠴᠢᠲᠠᠢ ᠦᠷ᠎ᠡ ᠳ᠋ᠦᠩ ᠢ ᠪᠤᠢ ᠪᠤᠯᠭᠠᠭᠰᠠᠨ︔ | ︵ᠲᠠᠪᠤ︶ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠭᠡᠷ᠎ᠡ ᠳᠤ ᠪᠣᠯᠵᠣᠨ ᠲᠣᠭᠲᠠᠭᠰᠠᠨ ᠪᠤᠰᠤᠳ ᠪᠠᠶᠢᠳᠠᠯ᠃ | ᠶᠢᠰᠦᠳᠦᠭᠡᠷ ᠵᠤᠷᠪᠤᠰ ᠣᠨ ᠤ ᠡᠳᠦᠷ ᠲᠤᠳᠤᠮ ᠤᠨ ᠠᠵᠢᠯ ᠤᠨ ᠰᠢᠯᠭᠠᠨ ᠬᠢᠨᠠᠯᠳᠠ ᠶᠢ ᠵᠢᠯ ᠪᠦᠷᠢ ᠶᠢᠨ 11 ᠰᠠᠷ᠎ᠠ ᠶᠢᠨ ᠰᠡᠭᠦᠯᠴᠢ ᠠᠴᠠ ᠡᠮᠦᠨ᠎ᠡ | ᠳᠠᠭᠤᠰᠬᠠᠨ᠎ᠠ᠃ ᠰᠢᠯᠭᠠᠨ ᠬᠢᠨᠠᠯᠳᠠ ᠶᠢᠨ ᠳᠡᠰ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠲᠠᠰᠤᠭ ᠠᠴᠠ ᠡᠳᠦᠷ ᠲᠤᠲᠤᠮ ᠤᠨ ᠠᠵᠢᠯ ᠤᠨ ᠪᠠᠶᠢᠳᠠᠯ ᠢ ᠬᠤᠷᠢᠶᠠᠩᠭᠤᠶᠢᠯᠠᠵᠤ ᠬᠠᠮᠢᠶ᠎ᠠ ᠪᠥᠬᠦᠶ ᠤᠳᠤᠷᠢᠳᠤᠯᠭ᠎ᠠ ᠶᠢᠨ ᠦᠨᠡᠯᠡᠯᠲᠡ ᠲᠠᠢ | ᠤᠶᠠᠯᠳᠤᠭᠤᠯᠤᠨ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠢ ᠲᠤᠰᠢᠶᠠᠯ ᠤᠨ | ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢᠨ ᠴᠢᠬᠤᠯᠠ ᠦᠨᠳᠦᠰᠦᠯᠡᠯ ᠪᠠ ᠬᠥᠯᠥᠰᠥ ᠣᠯᠭᠤᠮᠵᠢ ᠥᠭᠬᠦ ᠶᠢᠨ ᠯᠠᠪᠯᠠᠯᠲᠠ ᠦᠨᠳᠦᠰᠦᠯᠡᠯ ᠪᠣᠯᠭᠠᠨ᠎ᠠ᠃ | ᠠᠷᠪᠠᠳᠤᠭᠠᠷ ᠵᠤᠷᠪᠤᠰ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ | ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠤᠨ᠎ᠡ ᠭᠤᠷᠪᠠᠨ ᠰᠠᠷ᠎ᠠ ᠶᠢᠨ ᠲᠤᠲᠤᠷ᠎ᠠ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠲᠤᠰᠢᠶᠠᠯ ᠤᠨ | ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢ ᠭᠤᠷᠪᠠ ᠤᠳᠠᠭᠠᠨ ᠤ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠢ | ᠦᠨᠳᠦᠰᠦᠯᠡᠨ ᠶᠡᠷᠦᠩᠬᠡᠶᠢᠯᠡᠨ ᠦᠨᠡᠯᠡᠨ ᠲᠣᠭᠲᠠᠭᠠᠵᠤ᠂ ᠰᠢᠯᠭᠠᠨ ᠬᠢᠨᠠᠯᠳᠠ ᠶᠢᠨ ᠦᠷ᠎ᠡ ᠳ᠋ᠦᠩ ᠢ ᠰᠢᠯᠢᠳᠡᠭ ︵85 ᠬᠤᠪᠢ ᠠᠴᠠ ᠳᠡᠭᠡᠭᠰᠢ︶᠂ ᠬᠢᠷᠢ | ᠲᠡᠩᠴᠡᠭᠰᠡᠨ ︵70 ᠬᠤᠪᠢ ᠠᠴᠠ 85 ᠬᠤᠪᠢ︶ ᠪᠠ ᠬᠢᠷᠢ ᠲᠡᠩᠴᠡᠭᠰᠡᠨ ᠥᠬᠡᠶ ︵70 ᠬᠤᠪᠢ ᠠᠴᠠ ᠳᠣᠷᠣᠭᠰᠢ︶ ᠭᠡᠵᠦ ᠭᠤᠷᠪᠠᠨ ᠳᠡᠰ ᠬᠤᠪᠢᠶᠠᠨ᠎ᠠ᠃ | ᠰᠢᠯᠭᠠᠨ ᠬᠢᠨᠠᠯᠳᠠ ᠶᠢᠨ ᠦᠷ᠎ᠡ ᠳ᠋ᠦᠩ ᠢᠶᠠᠷ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠦᠷᠭᠦᠯᠵᠢᠯᠡᠨ ᠤᠷᠢᠬᠤ᠂ ᠤᠷᠢᠬᠤ ᠪᠠᠨ ᠪᠤᠯᠢᠬᠤ | ᠦᠨᠳᠦᠰᠦᠯᠡᠯ ᠪᠣᠯᠭᠠᠨ᠎ᠠ᠃ | ᠠᠷᠪᠠᠨ ᠨᠢᠭᠡᠳᠦᠭᠡᠷ ᠵᠤᠷᠪᠤᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠤᠶᠠᠷ ᠤᠳᠠᠭᠠᠨ ᠤ ᠣᠨ ᠤ ᠡᠳᠦᠷ ᠲᠤᠲᠤᠮ ᠤᠨ ᠠᠵᠢᠯ ᠤᠨ | ᠰᠢᠯᠭᠠᠨ ᠬᠢᠨᠠᠯᠳᠠ ᠶᠢᠨ ᠦᠷ᠎ᠡ ᠳ᠋ᠦᠩ ᠨᠢ ᠴᠥᠮ ᠰᠢᠯᠢᠳᠡᠭ ᠪᠠᠶᠢᠪᠠᠯ᠂ ᠲᠡᠭᠦᠨ ᠤ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢᠨ | ᠦᠷ᠎ᠡ ᠳ᠋ᠦᠩ ᠨᠢ ᠰᠢᠯᠢᠳᠡᠭ ᠪᠤᠯᠤᠨ᠎ᠠ᠃ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ | ᠶᠢᠨ ᠦᠷ᠎ᠡ ᠳ᠋ᠦᠩ ᠨᠢ ᠨᠢᠭᠡ ᠤᠳᠠᠭ᠎ᠠ ︵ᠪᠠᠭᠲᠠᠨ᠎ᠠ︶ ᠠᠴᠠ ᠳᠡᠭᠡᠭᠰᠢ ᠬᠢᠷᠢ ᠲᠡᠩᠴᠡᠭᠰᠡᠨ ᠥᠬᠡᠶ ᠪᠠᠶᠢᠪᠠᠯ᠂ ᠲᠡᠭᠦᠨ ᠤ ᠲᠤᠰᠢᠶᠠᠯ ᠤᠨ ᠬᠤᠭᠤᠴᠠᠭᠠᠨ ᠤ | ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠨᠢ ᠬᠢᠷᠢ ᠲᠡᠩᠴᠡᠭᠰᠡᠨ ᠥᠬᠡᠶ ᠪᠤᠯᠤᠨ᠎ᠠ᠃ | ᠠᠷᠪᠠᠨ ᠬᠤᠶᠠᠳᠤᠭᠠᠷ ᠵᠤᠷᠪᠤᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ | ᠬᠢᠨᠠᠯᠳᠠ ᠶᠢᠨ ᠦᠷ᠎ᠡ ᠳ᠋ᠦᠩ ᠨᠢ ᠬᠢᠷᠢ ᠲᠡᠩᠴᠡᠭᠦ ᠥᠬᠡᠶ ᠪᠤᠶᠤ ᠠᠵᠢᠯ ᠡᠷᠭᠢᠯᠡᠬᠦ ᠬᠢᠷᠢ ᠬᠡᠮ ᠢ ᠵᠣᠭᠰᠣᠭᠠᠭᠰᠠᠨ ᠪᠠᠶᠢᠪᠠᠯ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠠᠴᠠ ᠰᠠᠨᠠᠯ ᠳᠤᠷᠠᠳᠴᠤ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠡᠮᠵᠢᠨ ᠰᠤᠳᠤᠯᠵᠤ ᠬᠤᠰᠢᠭᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠦᠷᠭᠦᠯᠵᠢᠯᠠᠨ ᠤᠷᠢᠬᠤ ᠪᠠᠨ ᠪᠤᠯᠢᠨ᠎ᠠ᠃ | ᠠᠷᠪᠠᠨ ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠲᠠᠰᠤᠭ ᠨᠢ ᠲᠤᠰᠢᠶᠠᠯ ᠤᠨ ᠬᠤᠭᠤᠴᠠᠭᠠᠨ ᠳᠠᠬᠢ ᠰᠢᠯᠭᠠᠨ ᠬᠢᠨᠠᠯᠳᠠ ᠶᠢᠨ ᠦᠷ᠎ᠡ ᠳ᠋ᠦᠩ ᠢ ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠡᠮᠵᠢᠨ ᠰᠤᠳᠤᠯᠵᠤ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ︽ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠠᠵᠢᠯ ᠤᠨ ᠲᠦᠷᠢᠮ︾ | ᠤᠨ ᠲᠣᠭᠲᠠᠭᠠᠯ ᠶᠣᠰᠣᠭᠠᠷ᠂ ᠲᠤᠰᠢᠶᠠᠯ ᠤᠨ ᠬᠤᠭᠤᠴᠠᠭ᠎ᠠ ᠳᠠᠭᠤᠰᠬᠤ ᠦᠶ᠎ᠡ ᠳᠤ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠲᠤᠬᠢᠷᠠᠭᠤᠯᠵᠦ | ᠪᠤᠯᠤᠨ᠎ᠠ᠃ | ᠠᠷᠪᠠᠨ ᠳᠥᠷᠪᠡᠳᠦᠭᠡᠷ ᠵᠤᠷᠪᠤᠰ ᠲᠣᠰ ᠠᠷᠭ᠎ᠠ ᠶᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠠᠷᠪᠠᠨ ᠲᠠᠪᠤᠳᠤᠭᠠᠷ ᠵᠤᠷᠪᠤᠰ ᠲᠤᠰ ᠠᠷᠭ᠎ᠠ ᠶᠢᠨ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ᠂ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | | |