ᠥᠥᠰᠢᠨ ᠵᠠᠰᠠᠭ ᠠᠯᠪᠠᠨ ᠲᠠᠷᠬᠠᠭᠠᠬᠤ ﹇2021﹈ 54 ᠳ᠋ᠦ᠋ᠭᠡᠷ ᠲᠣᠭᠠᠲᠤ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠬᠤᠷᠠᠯ ᠢ ᠲᠦᠷᠢᠮᠵᠢᠬᠦᠯᠬᠦ ᠶᠢᠨ | ᠲᠤᠰᠠᠳᠠ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ︽ᠦᠦᠰᠢᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠷᠠᠯ ᠤᠨ ᠲᠦᠷᠢᠮ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ | ᠂ ᠬᠢᠨᠠᠮᠠᠭᠠᠶ ᠵᠢᠷᠤᠮᠯᠠᠨ ᠬᠡᠷᠡᠭᠵᠢᠭᠦᠯᠤᠭᠡᠷᠠᠢ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 9 ᠰᠠᠷ᠎ᠠ ᠶᠢᠨ 16 ᠤ ᠡᠳᠦᠷ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠪᠦᠬᠦᠳᠡ ᠬᠤᠷᠠᠯ ᠤᠨ ᠲᠦᠷᠢᠮ | ᠨᠢᠭᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠢ ᠬᠤᠰᠢᠭᠤ | ᠳᠠᠷᠤᠭ᠎ᠠ ᠪᠤᠶᠤ ᠬᠤᠰᠢᠭᠤ ᠳᠠᠷᠤᠭ᠎ᠠ ᠠᠴᠠ ᠬᠤᠰᠢᠭᠤ ᠪᠠᠶᠢᠩᠭᠤ ᠶᠢᠨ ᠳᠡᠳ᠋ ᠳᠠᠷᠤᠭ᠎ᠠ ᠳᠤ ᠨᠠᠶᠢᠳᠠᠵᠤ | ᠬᠤᠷᠠᠯᠳᠤᠭᠤᠯᠬᠤ ᠶᠢᠨ ᠬᠠᠮᠲᠤ ᠡᠷᠭᠢᠯᠡᠵᠦ᠂ ᠡᠩ ᠤᠨ ᠪᠠᠶᠢᠳᠠᠯ ᠳᠤ ᠬᠠᠭᠠᠰ ᠵᠢᠯ ᠳᠤ ᠨᠢᠭᠡ ᠤᠳᠠᠭ᠎ᠠ | ᠬᠤᠷᠠᠯᠳᠤᠭᠤᠯᠤᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠭᠡᠰᠢᠬᠦᠨ ︵ᠬᠤᠰᠢᠭᠤ | ᠳᠠᠷᠤᠭ᠎ᠠ᠂ ᠬᠤᠰᠢᠭᠤ ᠳᠡᠳ᠋ ᠳᠠᠷᠤᠭ᠎ᠠ᠂ ᠬᠤᠰᠢᠭᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠢ ᠪᠠᠭᠲᠠᠭᠠᠨ᠎ᠠ︶ ᠤ ᠭᠤᠷᠪᠠᠨ ᠤ ᠬᠤᠶᠠᠷ ᠠᠴᠠ ᠳᠡᠭᠡᠭᠰᠢᠬᠢ ᠨᠢ ᠬᠤᠷᠠᠯ ᠳᠤ ᠣᠷᠣᠯᠴᠠᠪᠠᠯ | ᠰᠠᠶ᠋ᠢ ᠬᠤᠷᠠᠯᠳᠤᠵᠤ ᠪᠣᠯᠤᠨ᠎ᠠ᠃ | ᠬᠤᠶᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠭᠡᠰᠢᠬᠦᠨ ᠪᠥᠬᠦᠳᠡ | ᠬᠤᠷᠠᠯ ᠳᠤ ᠣᠷᠣᠯᠴᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠬᠤᠷᠠᠯ ᠳᠤ ᠰᠤᠯᠠ ᠣᠷᠣᠯᠴᠠᠨ᠎ᠠ᠃ ᠬᠡᠷᠡᠭᠴᠡᠭᠡ ᠪᠠᠨ ᠦᠨᠳᠦᠰᠦᠯᠡᠨ ᠬᠤᠰᠢᠭᠤ ᠨᠠᠮ ᠤᠨ ᠬᠤᠷᠢᠶ᠎ᠠ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠤᠯᠤᠰ ᠲᠥᠷᠥ ᠶᠢᠨ | ᠵᠥᠪᠯᠡᠯᠭᠡᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠰᠬᠠᠶ ᠮᠡᠷᠭᠡᠵᠢᠯᠲᠡᠨ ᠵᠥᠪᠯᠡᠭᠴᠢ᠂ | ᠬᠠᠤᠯᠢ ᠶᠢᠨ ᠵᠥᠪᠯᠡᠭᠴᠢ ᠵᠢᠴᠢ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾᠂ ᠣᠯᠠᠨ ᠲᠦᠮᠡᠨ ᠤ ᠲᠥᠯᠥᠭᠡᠯᠡᠭᠴᠢ᠂ ᠰᠣᠨᠢᠨ ᠮᠡᠳᠡᠭᠡᠨ ᠤ ᠪᠠᠶᠢᠭᠤᠯᠭ᠎ᠠ | ᠨᠢᠭᠡᠴᠢ ᠪᠠ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠵᠡᠷᠭᠡ ᠬᠠᠮᠢᠶ᠎ᠠ ᠪᠥᠬᠦᠶ ᠬᠥᠮᠦᠰ ᠢ | ᠤᠷᠢᠵᠤ ᠬᠤᠷᠠᠯ ᠳᠤ ᠰᠤᠯᠠ ᠣᠷᠣᠯᠴᠠᠭᠤᠯᠵᠤ ᠪᠤᠯᠤᠨ᠎ᠠ᠃ | ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠤᠨ ᠭᠤᠤᠯ | ᠡᠭᠦᠷᠭᠡ ᠪᠣᠯ᠄ | ︵ᠨᠢᠭᠡ︶ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠤᠰᠢᠭᠤ ᠨᠠᠮ ᠤᠨ | ᠬᠤᠷᠢᠶ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠢᠬᠤᠯᠠ | ᠬᠤᠷᠠᠯ ᠤᠨ ᠵᠣᠷᠢᠭ ᠰᠠᠨᠠᠭ᠎ᠠ᠂ ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢᠨ ᠲᠣᠬᠢᠷᠠᠭᠤᠯᠤᠯᠲᠠ ᠪᠠ ᠴᠢᠬᠤᠯᠠ | ᠲᠣᠭᠲᠠᠭᠠᠯ ᠤᠨ ᠵᠦᠢᠯᠡᠰ ᠢ ᠤᠯᠠᠮᠵᠢᠯᠠᠨ ᠲᠤᠭᠤᠰᠢᠯᠠᠭᠤᠯᠤᠨ᠎ᠠ︔ | ︵ᠬᠤᠶᠠᠷ︶ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠡᠶᠢᠲᠡᠯᠡᠨ᠎ᠡ︔ | ︵ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠱᠠᠲᠤ ᠦᠶ᠎ᠡ ᠶᠢᠨ ᠴᠢᠨᠠᠷᠲᠠᠶ ᠴᠢᠬᠤᠯᠠ | ᠠᠵᠢᠯ ᠢ ᠳᠣᠭᠢᠷᠠᠭᠤᠯᠤᠨ ᠪᠠᠶᠢᠷᠢᠯᠠᠭᠤᠯᠤᠨ᠎ᠠ︔ | ︵ᠳᠥᠷᠪᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠴᠢᠬᠤᠯᠠ ᠤᠴᠢᠷ | ᠶᠠᠪᠤᠳᠠᠯ ᠢ ᠶᠠᠷᠢᠯᠴᠠᠨ ᠲᠣᠭᠲᠠᠭᠠᠨ᠎ᠠ︔ | ︵ᠲᠠᠪᠤ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠢᠶᠠᠷ ᠲᠣᠭᠲᠠᠭᠠᠬᠤ ᠴᠢᠬᠤᠯᠠᠲᠠᠶ | ᠪᠤᠰᠤᠳ ᠴᠢᠬᠤᠯᠠ ᠤᠴᠢᠷ ᠶᠠᠪᠤᠳᠠᠯ ᠢ ᠶᠠᠷᠢᠯᠴᠠᠨ ᠲᠣᠭᠲᠠᠭᠠᠨ᠎ᠠ᠃ | ᠳᠥᠷᠪᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠳᠤ | ᠳᠡᠪᠰᠢᠭᠦᠯᠦᠨ ᠶᠠᠷᠢᠯᠴᠠᠭᠤᠯᠬᠤ ᠵᠥᠪᠯᠡᠬᠦ ᠰᠡᠳᠦᠪ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠪᠤᠶᠤ ᠬᠤᠰᠢᠭᠤ ᠳᠠᠷᠤᠭ᠎ᠠ ᠠᠴᠠ ᠲᠣᠭᠲᠠᠭᠠᠨ᠎ᠠ᠃ | ᠲᠠᠪᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠤᠨ ᠬᠤᠷᠠᠯ ᠤᠨ | ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠷᠢᠭᠤᠴᠠᠨ᠎ᠠ᠃ | ︵ᠨᠢᠭᠡ︶ ᠬᠤᠷᠠᠯ ᠤᠨ ᠮᠡᠳᠡᠭᠳᠡᠯ᠃ ᠠᠯᠪᠠᠨ ᠪᠢᠴᠢᠭ ᠴᠠᠬᠢᠯᠭᠠᠨ ᠮᠡᠳᠡᠭᠡ ᠬᠤᠷᠠᠯ ᠤᠨ ᠳᠠᠰᠤᠭ ᠨᠢ | ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠢᠨ ᠪᠠᠶᠢᠷᠢᠯᠠᠭᠤᠯᠤᠯᠲᠠ ᠶᠢ | ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠤᠷᠳᠤᠨ ᠤ ᠪᠦᠬᠦᠳᠡ ᠬᠤᠷᠠᠯ ᠤᠨ ᠮᠡᠳᠡᠭᠳᠡᠯ ᠢ ᠲᠤᠭᠤᠷᠪᠢᠨ | ᠪᠢᠴᠢᠨ᠎ᠡ᠃ ᠬᠤᠷᠠᠯ ᠡᠬᠢᠯᠡᠬᠦ ᠠᠴᠠ ᠨᠠᠭᠠᠳᠤ ᠵᠠᠬ᠎ᠠ ᠳᠠᠭᠠᠨ 1 ᠡᠳᠦᠷ ᠤᠨ ᠡᠮᠦᠨ᠎ᠡ ᠵᠢᠩᠬᠢᠨᠢ ᠬᠤᠷᠠᠯ ᠤᠨ | ᠮᠡᠳᠡᠭᠳᠡᠯ ᠤᠨ ᠬᠡᠯᠪᠡᠷᠢ ᠪᠠᠷ ᠬᠤᠷᠠᠯ ᠳᠤ ᠣᠷᠣᠯᠴᠠᠭᠰᠠᠳ ᠲᠤ ᠮᠡᠳᠡᠭᠳᠡᠨ᠎ᠡ᠃ ᠬᠤᠷᠠᠯ ᠮᠡᠳᠡᠭᠳᠡᠬᠦ ᠦᠶ᠎ᠡ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠤᠷᠠᠯ ᠳᠤ ᠣᠷᠣᠯᠴᠠᠭᠰᠠᠳ ᠤᠨ ᠨᠡᠷᠡᠰ ︵ᠤᠪᠤᠭ ᠨᠡᠷ᠎ᠡ᠂ ᠪᠠᠶᠢᠭᠤᠯᠭ᠎ᠠ | ᠨᠢᠭᠡᠴᠢ᠂ ᠲᠤᠰᠢᠶᠠᠯ ᠵᠡᠷᠭᠡ ᠶᠢ ᠪᠠᠭᠲᠠᠭᠠᠨ᠎ᠠ︶ ᠢ ᠬᠠᠷᠢᠭᠤ ᠲᠤᠰᠬᠠᠬᠤ ᠶᠢ ᠱᠠᠭᠠᠷᠳᠠᠨ᠎ᠠ᠃ | ︵ᠬᠤᠶᠠᠷ︶ ᠬᠤᠷᠠᠯ ᠤᠨ ᠰᠠᠬᠢᠯᠭ᠎ᠠ ᠪᠠᠲᠤ᠃ ᠬᠤᠷᠠᠯ ᠳᠤ ᠣᠷᠣᠯᠴᠠᠭᠰᠠᠳ ᠡᠷᠬᠡᠪᠰᠢ ᠬᠤᠷᠠᠯ ᠤᠨ | ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠬᠤᠷᠠᠯ ᠳᠤ ᠣᠷᠣᠯᠴᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠣᠷᠣᠯᠴᠠᠵᠤ ᠳᠡᠶᠢᠯᠬᠦ ᠥᠬᠡᠶ ᠪᠣᠯ ᠬᠤᠰᠢᠭᠤ ᠳᠠᠷᠤᠭ᠎ᠠ ᠪᠤᠶᠤ ᠬᠤᠷᠠᠯ ᠡᠷᠭᠢᠯᠡᠭᠰᠡᠨ ᠬᠤᠰᠢᠭᠤ | ᠪᠠᠶᠢᠩᠭᠤ ᠶᠢᠨ ᠳᠡᠳ᠋ ᠳᠠᠷᠤᠭ᠎ᠠ ᠠᠴᠠ ᠴᠢᠯᠥᠭᠡ ᠭᠤᠶᠤᠨ᠎ᠠ︔ ᠬᠤᠷᠠᠯ ᠳᠤ ᠣᠷᠣᠯᠴᠠᠬᠤ ᠪᠤᠰᠤᠳ ᠬᠥᠮᠦᠰ | ᠣᠷᠣᠯᠴᠠᠵᠤ ᠳᠡᠶᠢᠯᠬᠦ ᠥᠬᠡᠶ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠡᠷᠬᠢᠯᠡᠭᠴᠢ ᠠᠴᠠ ᠪᠢᠴᠢᠭ ᠤᠨ ᠬᠡᠯᠪᠡᠷᠢ ᠪᠠᠷ ᠴᠢᠯᠥᠭᠡ ᠭᠤᠶᠤᠵᠤ ᠵᠥᠪᠰᠢᠶᠡᠷᠡᠯ ᠣᠯᠤᠭᠰᠠᠨ ᠤ ᠳᠠᠷᠠᠭ᠎ᠠ ᠪᠤᠰᠤᠳ | ᠬᠠᠷᠢᠭᠤᠴᠠᠯᠭᠠᠲᠠᠨ ᠢ ᠤᠷᠤᠯᠠᠭᠤᠯᠤᠨ ᠬᠤᠷᠠᠯ ᠳᠤ ᠣᠷᠣᠯᠴᠠᠭᠤᠯᠬᠤ ᠪᠠᠷ ᠳᠣᠭᠢᠷᠠᠭᠤᠯᠤᠨ᠎ᠠ᠃ ᠴᠢᠯᠥᠭᠡ ᠭᠤᠶᠤᠬᠤ | ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠢᠶᠠᠨ ᠠᠯᠪᠠᠨ ᠪᠢᠴᠢᠭ ᠴᠠᠬᠢᠯᠭᠠᠨ ᠮᠡᠳᠡᠭᠡ ᠬᠤᠷᠠᠯ ᠤᠨ ᠳᠠᠰᠤᠭ ᠲᠤ | ᠮᠡᠳᠡᠭᠦᠯᠵᠦ ᠳᠠᠩᠰᠠᠯᠠᠭᠤᠯᠤᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ | ᠲᠠᠰᠤᠭ ᠨᠢ ᠬᠤᠷᠠᠯ ᠤᠨ ᠬᠤᠭᠤᠴᠠᠭᠠᠨ ᠳᠠᠬᠢ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠱᠠᠭᠠᠷᠳᠠᠨ | ᠪᠠᠶᠢᠴᠠᠭᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ᠬᠤᠷᠠᠯ ᠳᠤ ᠣᠷᠣᠯᠴᠠᠭᠰᠠᠳ ᠱᠠᠭᠠᠷᠳᠠᠯᠭ᠎ᠠ ᠶᠣᠰᠣᠭᠠᠷ ᠬᠤᠪᠴᠠᠰᠤᠯᠠᠨ 15 ᠮᠢᠨᠦ᠋ᠲ ᠤᠨ ᠡᠮᠦᠨ᠎ᠡ ᠭᠠᠷ ᠤᠨ | ᠥᠰᠥᠭ ᠵᠢᠷᠤᠨ ᠬᠤᠷᠠᠯ ᠤᠨ ᠲᠠᠯᠠᠪᠠᠶ ᠳᠤ ᠣᠷᠣᠵᠤ ᠲᠣᠭᠲᠠᠭᠰᠠᠨ ᠤᠷᠤᠨ ᠳᠤ ᠰᠠᠭᠤᠨ ᠭᠠᠷ ᠤᠲᠠᠰᠤ ᠪᠠᠨ | ᠬᠠᠭᠠᠬᠤ ᠪᠤᠶᠤ ᠲᠠᠭᠤ ᠥᠬᠡᠶ ᠪᠤᠯᠭᠠᠨ ᠳᠤᠬᠢᠷᠠᠭᠤᠯᠤᠨ᠎ᠠ᠂ ᠬᠤᠷᠠᠯ ᠤᠨ ᠲᠠᠯᠠᠪᠠᠶ ᠳᠤ ᠳᠤᠷ᠎ᠠ ᠪᠠᠷ ᠢᠶᠠᠨ ᠣᠷᠣᠵᠤ | ᠭᠠᠷᠬᠤ᠂ ᠬᠤᠷᠠᠯ ᠤᠨ ᠲᠠᠯᠠᠪᠠᠶ ᠳᠤ ᠲᠠᠮᠠᠬᠢ ᠲᠠᠲᠠᠬᠤ ᠶᠢ ᠴᠢᠩᠭ᠎ᠠ ᠬᠤᠷᠢᠭᠯᠠᠵᠤ ᠬᠤᠷᠠᠯ ᠤᠨ ᠲᠥᠪ ᠴᠢᠩᠭ᠎ᠠ | ᠴᠢᠨᠠᠷ ᠢ ᠪᠠᠲᠤᠯᠠᠨ᠎ᠠ᠃ | ᠬᠤᠷᠠᠯ ᠨᠢ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠭᠦᠢᠴᠡᠳ ᠪᠠᠳᠠᠷᠠᠭᠤᠯᠵᠤ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ︽ᠬᠠᠮᠤᠭ ᠰᠡᠬᠦᠯ ᠳᠤ ᠣᠪᠣᠷ ᠢᠶᠠᠨ ᠢᠯᠡᠳᠬᠡᠬᠦ ᠲᠦᠷᠢᠮ︾ ᠢ ᠴᠢᠩᠭ᠎ᠠ | ᠬᠡᠷᠡᠭᠵᠢᠭᠦᠯᠵᠦ᠂ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠤᠨ᠎ᠠ᠃ | ︵ᠭᠤᠷᠪᠠ︶ ᠬᠤᠷᠠᠯ ᠤᠨ ᠦᠢᠯᠡᠴᠢᠯᠡᠭᠡ᠃ ᠬᠤᠷᠠᠯ ᠤᠨ ᠲᠠᠯᠠᠪᠠᠶ ᠶᠢᠨ ᠦᠢᠯᠡᠴᠢᠯᠡᠭᠡ ᠶᠢ ᠠᠯᠪᠠᠨ | ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠬᠠᠷᠢᠭᠤᠴᠠᠵᠤ ᠬᠤᠷᠠᠯ ᠤᠨ ᠶᠠᠪᠤᠳᠠᠯ ᠤᠨ ᠠᠵᠢᠯᠲᠠᠨ | ᠬᠤᠷᠠᠯ ᠠᠴᠠ 30 ᠮᠢᠨᠦ᠋ᠲ ᠤᠨ ᠡᠮᠦᠨ᠎ᠡ ᠬᠤᠷᠠᠯ ᠤᠨ ᠲᠠᠯᠠᠪᠠᠶ ᠳᠤ ᠬᠦᠷᠴᠦ ᠭᠠᠷ ᠤᠨ ᠥᠰᠥᠭ ᠵᠢᠷᠤᠬᠤ᠂ | ᠰᠠᠭᠤᠳᠠᠯ ᠳᠤ ᠰᠠᠭᠤᠬᠤ ᠶᠢ ᠬᠥᠲᠥᠯᠦᠨ ᠵᠢᠯᠣᠭᠤᠳᠬᠤ ᠵᠡᠷᠭᠡ ᠶᠢ ᠬᠠᠷᠢᠭᠤᠴᠠᠬᠤ ᠶᠢᠨ ᠬᠠᠮᠲᠤ ᠰᠠᠭᠤᠳᠠᠯ ᠤᠨ | ᠳᠠᠷᠠᠭᠠᠯᠠᠯ ᠤᠨ ᠲᠣᠬᠢᠷᠠᠭᠤᠯᠤᠯᠲᠠ᠂ ᠰᠠᠭᠤᠳᠠᠯ ᠤᠨ ᠱᠣᠰᠢᠭ᠎ᠠ ᠶᠢᠨ ᠳᠠᠯᠪᠢᠯᠲᠠ᠂ ᠲᠠᠭᠤ ᠴᠢᠮᠡᠭᠡᠨ ᠤ ᠲᠥᠬᠦᠭᠡᠷᠦᠮᠵᠢ | ᠵᠡᠷᠭᠡ ᠶᠢ ᠪᠠᠶᠢᠴᠠᠭᠠᠨ᠎ᠠ᠃ ᠬᠤᠷᠠᠯ ᠤᠨ ᠲᠠᠯᠠᠪᠠᠢ ᠶᠢᠨ ᠦᠢᠯᠡᠴᠢᠯᠡᠭᠡ ᠶᠢ ᠨᠠᠷᠢᠨ ᠬᠢᠨᠠᠮᠠᠭᠠᠢ᠂ ᠴᠢᠩᠭ᠎ᠠ ᠨᠢᠮᠪᠠᠶ ᠬᠢᠵᠦ | ᠬᠤᠷᠠᠯ ᠤᠨ ᠬᠡᠪ ᠢᠶᠠᠷ ᠶᠠᠪᠤᠭᠳᠠᠬᠤ ᠶᠢ ᠪᠠᠲᠤᠯᠠᠨ᠎ᠠ᠃ ᠵᠠᠬᠢᠳᠠᠯ ᠰᠤᠷᠪᠤᠯᠵᠢᠯᠠᠯ ᠬᠢᠭᠰᠡᠳ ᠢ ᠢᠳᠬᠠᠨ ᠰᠤᠷᠭᠠᠬᠤ ᠪᠠ | ᠰᠢᠯᠵᠢᠭᠦᠯᠦᠨ ᠰᠢᠢᠳᠪᠦᠷᠢᠯᠡᠬᠦ ᠠᠵᠢᠯ ᠢ ᠬᠠᠪᠰᠤᠷᠤᠨ ᠰᠠᠶᠢᠲᠤᠷ ᠬᠢᠵᠦ ᠬᠤᠷᠠᠯ ᠤᠨ ᠰᠠᠶᠢᠨ ᠰᠠᠶᠢᠬᠠᠨ ᠡᠮᠬᠢ | ᠵᠢᠷᠤᠮ ᠢ ᠦᠨᠡᠨ ᠬᠦ ᠬᠠᠮᠠᠭᠠᠯᠠᠨ᠎ᠠ᠃ | ︵ᠲᠦᠷᠪᠡ︶ ᠬᠤᠷᠠᠯ ᠤᠨ ᠮᠠᠲ᠋ᠧᠷᠢᠶᠠᠯ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠶᠡᠷᠦᠩᠬᠡᠶᠢᠯᠡᠭᠰᠡᠨ ᠲᠠᠰᠤᠭ ᠠᠴᠠ ᠤᠳᠤᠷᠢᠳᠤᠯᠭ᠎ᠠ ᠶᠢᠨ ᠲᠣᠭᠲᠠᠭᠠᠭᠰᠠᠨ ᠵᠥᠪᠯᠡᠬᠦ ᠰᠡᠳᠦᠪ ᠢ ᠲᠤᠭᠤᠷᠪᠢᠬᠤ᠂ | ᠳᠠᠷᠤᠮᠠᠯᠯᠠᠬᠤ ᠪᠠ ᠬᠤᠷᠠᠯ ᠤᠨ ᠬᠤᠯᠪᠤᠭᠳᠠᠯ ᠪᠥᠬᠦᠶ ᠮᠠᠲ᠋ᠧᠷᠢᠶᠠᠯ ᠢ ᠲᠠᠷᠬᠠᠭᠠᠬᠤ ᠶᠢ ᠬᠠᠷᠢᠭᠤᠴᠠᠨ᠎ᠠ᠃ | ︵ᠲᠠᠪᠤ︶ ᠬᠤᠷᠠᠯ ᠤᠨ ᠲᠡᠮᠳᠡᠭᠯᠡᠯ᠃ ᠪᠥᠬᠦᠳᠡ ᠬᠤᠷᠠᠯ ᠤᠨ ᠬᠤᠷᠠᠯ ᠤᠨ ᠲᠡᠮᠳᠡᠭᠯᠡᠯ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠬᠠᠷᠢᠭᠤᠴᠠᠨ᠎ᠠ᠃ | ᠬᠤᠷᠠᠯ ᠤᠨ ᠲᠡᠮᠳᠡᠭᠯᠡᠯ ᠨᠢ ᠨᠠᠷᠢᠨ ᠪᠣᠳᠠᠲᠠᠶ ᠪᠥᠭᠡᠳ ᠪᠦᠷᠢᠨ ᠪᠦᠲᠦᠨ ᠪᠠᠶᠢᠵᠤ ᠪᠠᠶᠢᠴᠠᠭᠠᠨ ᠯᠠᠪᠯᠠᠬᠤ ᠳᠤ | ᠪᠡᠯᠡᠳᠬᠡᠬᠦ ᠶᠢᠨ ᠬᠠᠮᠲᠤ ᠬᠤᠷᠠᠯ ᠤᠨ ᠳᠠᠷᠠᠭ᠎ᠠ ᠭᠠᠷ ᠤᠨ ᠥᠰᠥᠭ ᠵᠢᠷᠤᠬᠤ ᠭᠠᠷᠳᠠᠮ ᠢ ᠬᠦᠢᠴᠡᠳᠭᠡᠭᠰᠡᠨ ᠤ ᠳᠠᠷᠠᠭ᠎ᠠ | ᠠᠯᠪᠠᠨ ᠪᠢᠴᠢᠭ ᠴᠠᠬᠢᠯᠭᠠᠨ ᠮᠡᠳᠡᠭᠡ ᠬᠤᠷᠠᠯ ᠤᠨ ᠳᠠᠰᠤᠭ ᠲᠤ ᠲᠤᠰᠢᠶᠠᠵᠤ ᠲᠠᠩᠰᠠ ᠡᠪᠬᠡᠮᠡᠯ ᠳᠤ ᠣᠷᠣᠭᠤᠯᠤᠨ᠎ᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ | ᠬᠠᠳᠠᠭᠠᠯᠠᠬᠤ ᠠᠵᠢᠯ ᠢ ᠬᠠᠷᠢᠭᠤᠴᠠᠵᠤ᠂ ᠬᠤᠷᠠᠯ ᠤᠨ ᠳᠠᠷᠠᠭ᠎ᠠ ᠬᠤᠷᠠᠯ ᠤᠨ ᠮᠡᠳᠡᠭᠳᠡᠯ᠂ ᠭᠠᠷ ᠤᠨ ᠥᠰᠥᠭ | ᠵᠢᠷᠤᠭᠰᠠᠨ ᠬᠠᠭᠤᠳᠠᠰᠤ᠂ ᠶᠠᠷᠢᠶᠠᠨ ᠤ ᠮᠠᠲ᠋ᠧᠷᠢᠶᠠᠯ᠂ ᠬᠡᠷᠡᠯ ᠵᠢᠷᠤᠭ ᠤᠨ ᠮᠠᠲ᠋ᠧᠷᠢᠶᠠᠯ ᠵᠡᠷᠭᠡ ᠶᠢ ᠠᠯᠪᠠᠨ ᠪᠢᠴᠢᠭ | ᠴᠠᠬᠢᠯᠭᠠᠨ ᠮᠡᠳᠡᠭᠡ ᠬᠤᠷᠠᠯ ᠤᠨ ᠳᠠᠰᠤᠭ ᠲᠤ ᠬᠦᠷᠭᠡᠵᠦ ᠲᠠᠩᠰᠠ ᠡᠪᠬᠡᠮᠡᠯ ᠳᠤ ᠣᠷᠣᠭᠤᠯᠤᠨ᠎ᠠ᠃ | ᠵᠢᠷᠭᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠢ ᠵᠠᠷᠴᠢᠮ | ᠳᠡᠭᠡᠷ᠎ᠡ ᠪᠠᠨ ᠰᠣᠨᠢᠨ ᠮᠡᠳᠡᠭᠡᠨ ᠤ ᠵᠠᠭᠤᠴᠢᠯᠠᠭᠤᠷ ᠲᠤ ᠴᠢᠯᠥᠭᠡᠲᠡᠶ ᠨᠡᠭᠡᠭᠡᠵᠦ ᠪᠣᠯᠤᠨ᠎ᠠ᠂ ᠬᠤᠰᠢᠭᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠠᠴᠠ ᠬᠤᠰᠢᠭᠤ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ | ᠳᠣᠭᠢᠷᠠᠭᠤᠯᠤᠨ᠎ᠠ᠃ ᠰᠣᠨᠢᠨ ᠮᠡᠳᠡᠭᠡᠨ ᠤ ᠡᠬᠡ ᠪᠢᠴᠢᠭ ᠢ ᠡᠷᠭᠡᠪᠰᠢ ᠬᠤᠰᠢᠭᠤ ᠵᠠᠰᠠᠭ ᠤᠨ ᠣᠷᠳᠣᠨ ᠤ ᠠᠯᠪᠠᠨ | ᠬᠡᠷ ᠤᠨ ᠡᠷᠬᠢᠯᠡᠭᠴᠢ ᠪᠠᠷ ᠬᠢᠨᠠᠨ ᠲᠣᠭᠲᠠᠭᠠᠯᠭᠠᠵᠤ ᠴᠢᠬᠤᠯᠠᠲᠠᠢ ᠦᠶ᠎ᠡ ᠳᠤ ᠬᠤᠰᠢᠭᠤ ᠳᠠᠷᠤᠭ᠎ᠠ ᠳᠤ ᠮᠡᠳᠡᠭᠦᠯᠵᠦ | ᠬᠢᠨᠠᠨ ᠲᠣᠭᠲᠠᠭᠠᠯᠭᠠᠨ᠎ᠠ᠃ | ᠳᠣᠯᠣᠳᠤᠭᠠᠷ ᠵᠤᠷᠪᠤᠰ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠲᠣᠭᠲᠠᠭᠠᠯ ᠶᠣᠰᠣᠭᠠᠷ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠪᠥᠬᠦᠳᠡ ᠬᠤᠷᠠᠯ ᠤᠨ ᠠᠭᠤᠯᠭ᠎ᠠ ᠶᠢ ᠢᠯᠡ ᠪᠣᠯᠭᠠᠬᠤ ᠳᠤ ᠳᠣᠭᠢᠷᠬᠠᠰᠠᠨ ᠢ ᠨᠢ ᠲᠣᠭᠲᠠᠭᠠᠯ ᠶᠠᠪᠤᠴᠠ | ᠶᠣᠰᠣᠭᠠᠷ ᠴᠠᠭ ᠲᠤᠬᠠᠶ ᠳᠤᠨᠢ ᠢᠯᠡ ᠪᠣᠯᠭᠠᠨ᠎ᠠ᠃ | ᠨᠠᠢᠮᠠᠳᠤᠭᠠᠷ ᠵᠤᠷᠪᠤᠰ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠤᠨ᠎ᠡ᠃ ᠪᠥᠬᠦᠳᠡ | ᠬᠤᠷᠠᠯ ᠳᠤ ᠣᠷᠣᠯᠴᠠᠬᠤ ᠪᠤᠶᠤ ᠰᠤᠯᠠ ᠣᠷᠣᠯᠴᠠᠬᠤ ᠬᠥᠮᠦᠰ ᠵᠥᠪᠰᠢᠶᠡᠷᠡᠯ ᠤᠢᠭᠡᠢ ᠪᠠᠷ ᠳᠤᠷ᠎ᠠ ᠪᠠᠷ ᠢᠶᠠᠨ ᠲᠡᠭᠤ | ᠰᠢᠩᠭᠡᠭᠡᠬᠦ᠂ ᠳᠦᠷᠰᠦ ᠰᠢᠩᠭᠡᠭᠡᠬᠦ᠂ ᠭᠡᠷᠡᠯ ᠵᠢᠷᠤᠭ ᠲᠠᠲᠠᠬᠤ ᠪᠠ ᠬᠤᠷᠠᠯ ᠤᠨ ᠲᠡᠮᠳᠡᠭᠯᠡᠯ ᠢ ᠨᠠᠶᠢᠷᠠᠭᠤᠯᠤᠨ | ᠳᠠᠷᠤᠮᠠᠯᠯᠠᠵᠤ ᠪᠣᠯᠬᠤ ᠤᠢᠭᠡᠢ᠃ ᠬᠤᠷᠠᠯ ᠢᠶᠠᠷ ᠶᠠᠷᠢᠯᠴᠠᠭᠰᠠᠨ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ | ᠬᠤᠷᠠᠯ ᠤᠨ ᠳᠠᠷᠠᠭ᠎ᠠ ᠡᠷᠬᠡᠪᠰᠢ ᠪᠤᠴᠠᠭᠠᠨ᠎ᠠ᠃ ᠬᠡᠷᠪᠡ ᠠᠵᠢᠯ ᠤᠨ ᠬᠡᠷᠡᠭᠴᠡᠭᠡ ᠠᠴᠠ ᠪᠤᠯᠵᠤ ᠠᠪᠴᠤ ᠶᠠᠪᠤᠬᠤ | ᠴᠢᠬᠤᠯᠠᠲᠠᠢ ᠪᠣᠯ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠᠯᠠᠨ ᠲᠡᠮᠳᠡᠭᠯᠡᠵᠦ | ᠵᠣᠬᠢᠰᠲᠠᠶ ᠬᠠᠳᠠᠭᠠᠯᠠᠨ ᠬᠠᠮᠢᠶᠠᠷᠤᠨ᠎ᠠ᠃ ᠬᠤᠷᠠᠯ ᠤᠨ ᠶᠠᠷᠢᠯᠴᠠᠭᠰᠠᠨ ᠶᠠᠪᠤᠴᠠ ᠪᠠ ᠲᠣᠭᠲᠠᠭᠠᠭᠰᠠᠨ ᠴᠢᠬᠤᠯᠠ | ᠵᠦᠢᠯᠡᠰ ᠢ ᠳᠤᠷ᠎ᠠ ᠪᠠᠷ ᠢᠶᠠᠨ ᠭᠠᠳᠠᠭᠰᠢ ᠵᠠᠳᠠᠷᠠᠭᠤᠯᠵᠤ ᠪᠣᠯᠬᠤ ᠦᠭᠡᠢ᠃ | ᠶᠢᠰᠦᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠠᠴᠠ ᠬᠢᠨᠠᠨ | ᠵᠥᠪᠯᠡᠵᠦ ᠪᠠᠲᠤᠯᠠᠭᠰᠠᠨ ᠪᠢᠴᠢᠭ ᠮᠠᠲ᠋ᠧᠷᠢᠶᠠᠯ ᠢ ᠬᠤᠰᠢᠭᠤ ᠳᠠᠷᠤᠭ᠎ᠠ ᠪᠤᠶᠤ ᠬᠤᠰᠢᠭᠤ ᠳᠠᠷᠤᠭ᠎ᠠ ᠠᠴᠠ ᠬᠤᠰᠢᠭᠤ | ᠪᠠᠶᠢᠩᠭᠤ ᠶᠢᠨ ᠳᠡᠳ᠋ ᠳᠠᠷᠤᠭ᠎ᠠ ᠳᠤ ᠨᠠᠶᠢᠳᠠᠵᠤ ᠭᠠᠷ ᠤᠨ ᠥᠰᠥᠭ ᠵᠢᠷᠤᠵᠤ ᠳᠠᠷᠬᠠᠭᠠᠨ᠎ᠠ᠃ | ᠠᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠠᠴᠠ | ᠲᠣᠭᠲᠠᠭᠠᠭᠰᠠᠨ ᠴᠢᠬᠤᠯᠠ ᠤᠴᠢᠷ ᠶᠠᠪᠤᠳᠠᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ ᠰᠢᠮᠳᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠰᠠᠯᠠᠭ᠎ᠠ | ᠮᠥᠴᠢᠷ ᠤᠨ ᠡᠭᠦᠷᠭᠡ ᠴᠢᠳᠠᠪᠤᠷᠢ ᠶᠢ ᠦᠨᠳᠦᠰᠦᠯᠡᠨ ᠭᠤᠤᠯᠯᠠᠨ ᠡᠷᠭᠢᠯᠡᠬᠦ ᠪᠠᠶᠢᠭᠤᠯᠭ᠎ᠠ ᠨᠢᠭᠡᠴᠢ ᠪᠣᠯᠤᠨ | ᠬᠠᠷᠢᠭᠤᠴᠠᠯᠭᠠᠲᠠᠨ ᠢ ᠲᠣᠭᠲᠠᠭᠠᠵᠤ ᠬᠤᠭᠤᠴᠠᠭ᠎ᠠ ᠬᠢᠵᠠᠭᠠᠷᠯᠠᠨ ᠬᠦᠢᠴᠡᠳᠭᠡᠨ᠎ᠡ᠃ | ᠠᠷᠪᠠᠨ ᠨᠢᠭᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ | ᠲᠠᠰᠤᠭ ᠨᠢ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ ᠲᠣᠭᠲᠠᠮᠠᠯ ᠬᠤᠭᠤᠴᠠᠭ᠎ᠠ ᠲᠠᠢ ᠪᠠᠷ ᠬᠦᠢᠴᠡᠳᠭᠡᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠮᠡᠳᠡᠭᠦᠯᠤᠨ᠎ᠠ᠃ | ᠠᠷᠪᠠᠨ ᠬᠤᠶᠠᠳᠤᠭᠠᠷ ᠵᠤᠷᠪᠤᠰ ᠲᠣᠰ ᠲᠦᠷᠢᠮ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠠᠴᠠ ᠲᠠᠶᠢᠯᠪᠤᠷᠢᠯᠠᠵᠤ᠂ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠤᠨ ᠲᠦᠷᠢᠮ | ᠨᠢᠭᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ︵ᠲᠤᠤᠷ᠎ᠠ | ᠪᠠᠶᠢᠩᠭᠤ ᠶᠢᠨ ᠬᠤᠷᠠᠯ ᠭᠡᠵᠦ ᠨᠡᠷᠡᠶᠢᠳᠦᠨ᠎ᠡ︶ ᠤᠨ ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠦᠷᠢᠮᠵᠢᠬᠦᠯᠵᠤ | ᠵᠠᠰᠠᠭ ᠤᠨ ᠣᠷᠳᠣᠨ ᠤ ᠬᠠᠤᠯᠢ ᠶᠣᠰᠣᠭᠠᠷ ᠰᠢᠢᠳᠪᠦᠷᠢᠲᠤ ᠪᠣᠳᠣᠯᠭ᠎ᠠ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠤ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠤ ᠪᠣᠳᠣᠯᠭ᠎ᠠ ᠲᠣᠭᠲᠠᠭᠠᠬᠤ ᠶᠢ | ᠠᠬᠢᠭᠤᠯᠤᠨ ᠬᠡᠷᠡᠭ ᠵᠥᠪᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠬᠤᠷᠠᠯ ᠤᠨ ᠶᠠᠰᠤ ᠴᠢᠨᠠᠷ ᠢ ᠪᠠᠲᠤᠯᠠᠬᠤ ᠶᠢᠨ | ᠲᠤᠰᠠᠳᠠ᠂ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ︽ᠦᠤᠰᠢᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠦᠨᠳᠦᠰᠦᠯᠡᠨ᠂ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠪᠠᠶᠢᠩᠭᠤ ᠶᠢᠨ ᠬᠤᠷᠠᠯ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠳᠤᠮᠳᠠᠬᠢ ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠰᠢᠢᠳᠪᠦᠷᠢᠲᠤ ᠪᠣᠳᠣᠯᠭ᠎ᠠ ᠶᠢᠨ | ᠴᠢᠨᠠᠷᠲᠠᠶ ᠬᠤᠷᠠᠯ ᠪᠣᠯᠤᠨ᠎ᠠ᠃ ᠪᠠᠶᠢᠩᠭᠤ ᠶᠢᠨ ᠬᠤᠷᠠᠯ ᠳᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ | ᠲᠦᠷᠢᠮ ᠢ ᠬᠡᠷᠡᠭᠵᠢᠭᠦᠯᠦᠨ᠎ᠡ᠃ | ᠭᠤᠷᠪᠠᠳᠤᠭᠠᠷ ᠵᠤᠷᠪᠤᠰ ᠪᠠᠶᠢᠩᠭᠤ ᠶᠢᠨ ᠬᠤᠷᠠᠯ ᠨᠢ ᠬᠤᠰᠢᠭᠤ ᠳᠠᠷᠤᠭ᠎ᠠ᠂ ᠬᠤᠰᠢᠭᠤ ᠳᠡᠳ᠋ ᠳᠠᠷᠤᠭ᠎ᠠ ᠪᠠᠷ | ᠪᠦᠷᠢᠯᠳᠦᠵᠦ ᠬᠤᠰᠢᠭᠤ ᠳᠠᠷᠤᠭ᠎ᠠ ᠠᠴᠠ ᠬᠤᠷᠠᠯᠳᠤᠭᠤᠯᠬᠤ ᠪᠠ ᠡᠷᠭᠢᠯᠡᠨ᠎ᠡ᠂ ᠬᠤᠰᠢᠭᠤ ᠪᠠᠶᠢᠩᠭᠤ ᠶᠢᠨ ᠳᠡᠳ᠋ | ᠳᠠᠷᠤᠭ᠎ᠠ ᠳᠤ ᠨᠠᠶᠢᠳᠠᠵᠤ ᠬᠤᠷᠠᠯᠳᠤᠭᠤᠯᠬᠤ ᠪᠠ ᠡᠷᠭᠢᠯᠡᠬᠦᠯᠵᠤ ᠪᠠᠰᠠ ᠪᠤᠯᠤᠨ᠎ᠠ᠃ ᠵᠠᠷᠴᠢᠮ ᠳᠡᠭᠡᠷ᠎ᠡ ᠪᠠᠨ | ᠶᠡᠷᠦ ᠳᠡᠭᠡᠨ ᠰᠠᠷ᠎ᠠ ᠪᠦᠷᠢ ᠨᠢᠭᠡ ᠠᠴᠠ ᠬᠤᠶᠠᠷ ᠤᠳᠠᠭ᠎ᠠ ᠬᠤᠷᠠᠯᠳᠤᠭᠤᠯᠤᠨ᠎ᠠ᠂ ᠴᠢᠬᠤᠯᠠᠲᠠᠢ ᠪᠣᠯ ᠬᠡᠵᠢᠶ᠎ᠡ ᠴᠦ | ᠬᠤᠷᠠᠯᠳᠤᠭᠤᠯᠵᠤ ᠪᠤᠯᠤᠨ᠎ᠠ᠃ ᠪᠠᠶᠢᠩᠭᠤ ᠶᠢᠨ ᠬᠤᠷᠠᠯ ᠢ ᠡᠷᠬᠡᠪᠰᠢ ᠬᠠᠭᠠᠰ ᠠᠴᠠ ᠳᠡᠭᠡᠭᠰᠢᠬᠢ ᠲᠣᠭᠠᠨ ᠤ ᠬᠤᠷᠠᠯ | ᠤᠨ ᠪᠦᠷᠢᠯᠳᠦᠬᠦᠨ ᠭᠡᠰᠢᠬᠦᠨ ᠣᠷᠣᠯᠴᠠᠭᠰᠠᠨ ᠪᠠᠶᠢᠪᠠᠯ ᠰᠠᠶ᠋ᠢ ᠬᠤᠷᠠᠯᠳᠤᠭᠤᠯᠵᠤ ᠪᠣᠯᠤᠨ᠎ᠠ᠃ ᠪᠠᠶᠢᠩᠭᠤ ᠶᠢᠨ | ᠬᠤᠷᠠᠯ ᠢ ᠪᠦᠷᠢᠨ ᠭᠦᠢᠴᠡᠳ ᠪᠡᠯᠡᠳᠬᠡᠵᠤ᠂ ᠡᠩ ᠤᠨ ᠪᠠᠶᠢᠳᠠᠯ ᠳᠤ ᠲᠦᠷ ᠴᠠᠭ ᠤᠨ ᠪᠠ ᠭᠡᠨᠡᠳᠲᠡ ᠪᠠᠷ | ᠬᠤᠷᠠᠯᠳᠤᠭᠤᠯᠵᠤ ᠪᠣᠯᠬᠤ ᠦᠭᠡᠢ᠃ | ᠳᠥᠷᠪᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ | ᠳᠡᠳ᠋ ᠡᠷᠬᠢᠯᠡᠭᠴᠢ᠂ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠢᠨᠠᠨ ᠪᠤᠳᠤᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠤᠨ ᠬᠠᠷᠢᠭᠤᠴᠠᠯᠭᠠᠲᠠᠨ ᠬᠤᠷᠠᠯ ᠤᠨ | ᠪᠥᠬᠦ ᠶᠠᠪᠤᠴᠠ ᠳᠤ ᠲᠣᠭᠲᠠᠮᠠᠯ ᠰᠤᠯᠠ ᠣᠷᠣᠯᠴᠠᠨ᠎ᠠ᠃ ᠵᠥᠪᠯᠡᠬᠦ ᠰᠡᠳᠦᠪ ᠤᠨ ᠠᠭᠤᠯᠭ᠎ᠠ ᠳᠤ ᠬᠤᠯᠪᠣᠭᠳᠠᠬᠤ ᠰᠤᠮᠤ | ᠪᠠᠯᠭᠠᠰᠤ ᠪᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠨ᠎ᠠ᠃ | ᠲᠠᠪᠤᠳᠤᠭᠠᠷ ᠵᠤᠷᠪᠤᠰ ᠬᠡᠷᠡᠭᠴᠡᠭᠡ ᠪᠠᠨ ᠦᠨᠳᠦᠰᠦᠯᠡᠨ ᠪᠠᠶᠢᠩᠭᠤ ᠶᠢᠨ ᠬᠤᠷᠠᠯ ᠳᠤ ᠬᠤᠰᠢᠭᠤ ᠨᠠᠮ ᠤᠨ | ᠬᠤᠷᠢᠶ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ | ᠤᠯᠤᠰ ᠲᠥᠷᠥ ᠶᠢᠨ ᠵᠥᠪᠯᠡᠯᠭᠡᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤ ᠬᠢᠨᠠᠨ | ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠤᠰᠢᠭᠤ ᠠᠷᠠᠳ ᠤᠨ ᠵᠠᠰᠠᠭ ᠤᠨ | ᠣᠷᠳᠣᠨ ᠤ ᠬᠠᠤᠯᠢ ᠶᠢᠨ ᠵᠥᠪᠯᠡᠭᠴᠢ ᠶᠢ ᠤᠷᠢᠵᠤ ᠰᠤᠯᠠ ᠣᠷᠣᠯᠴᠠᠭᠤᠯᠵᠤ ᠪᠣᠯᠤᠨ᠎ᠠ᠃ | ᠵᠢᠷᠭᠤᠳᠤᠭᠠᠷ ᠵᠤᠷᠪᠤᠰ ᠨᠢᠭᠤᠴᠠ ᠳᠤ ᠬᠤᠯᠪᠣᠭᠳᠠᠬᠤ ᠵᠦᠪᠯᠡᠬᠦ ᠰᠡᠲᠦᠪ ᠠᠴᠠ ᠭᠠᠳᠠᠨ᠎ᠠ᠂ ᠪᠠᠶᠢᠩᠭᠤ ᠶᠢᠨ | ᠬᠤᠷᠠᠯ ᠢ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠵᠤ ᠮᠡᠳᠡᠭᠡᠯᠡᠵᠦ ᠪᠣᠯᠤᠨ᠎ᠠ᠃ | ᠳᠣᠯᠣᠳᠤᠭᠠᠷ ᠵᠤᠷᠪᠤᠰ ᠵᠦᠪᠯᠡᠬᠦ ᠰᠡᠲᠦᠪ ᠤᠨ ᠬᠦᠷᠢᠶ᠎ᠡ ᠬᠡᠪᠴᠢᠶ᠎ᠡ᠃ ᠪᠠᠶᠢᠩᠭᠤ ᠶᠢᠨ ᠬᠤᠷᠠᠯ ᠳᠤ | ᠳᠡᠪᠰᠢᠭᠦᠯᠵᠦ ᠰᠤᠳᠤᠯᠤᠨ ᠶᠠᠷᠢᠯᠴᠠᠭᠤᠯᠬᠤ ᠵᠦᠪᠯᠡᠬᠦ ᠰᠡᠲᠦᠪ ᠨᠢ ᠪᠦᠭᠦ ᠬᠤᠰᠢᠭᠤᠨ ᠤ ᠥᠭᠡᠷᠡᠴᠢᠯᠡᠯᠲᠡ ᠨᠡᠬᠡᠬᠡᠯᠳᠡ᠂ | ᠠᠵᠤ ᠠᠬᠤᠶ ᠶᠢᠨ ᠪᠦᠳᠤᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠪᠠᠲᠤᠯᠠᠭ᠎ᠠ ᠵᠡᠷᠭᠡ ᠪᠦᠭᠦ ᠲᠠᠯ᠎ᠠ ᠶᠢᠨ ᠴᠢᠨᠠᠷᠲᠠᠶ ᠠᠰᠠᠭᠤᠳᠠᠯ ᠳᠤ ᠬᠤᠯᠪᠣᠭᠳᠠᠭᠰᠠᠨ᠂ ᠡᠰᠡᠬᠦᠯ᠎ᠡ ᠵᠠᠷᠢᠮ ᠨᠢᠭᠡ | ᠲᠠᠯ᠎ᠠ ᠶᠢᠨ ᠴᠢᠬᠤᠯᠠ ᠰᠢᠢᠳᠪᠦᠷᠢᠲᠤ ᠪᠤᠲᠤᠯᠭ᠎ᠠ ᠵᠢᠴᠢ ᠴᠢᠬᠤᠯᠠ ᠶᠡᠭᠡ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ | ᠵᠡᠷᠭᠡ ᠳᠤ ᠬᠤᠯᠪᠣᠭᠳᠠᠨ᠎ᠠ᠂ ᠡᠭᠦᠨ ᠳᠤ ᠭᠤᠤᠯᠳᠠᠭᠤ ᠪᠠᠭᠲᠠᠬᠤ ᠨᠢ᠄ | ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠵᠢᠴᠢ ᠬᠤᠰᠢᠭᠤ ᠨᠠᠮ ᠤᠨ ᠬᠤᠷᠢᠶᠠᠨ ᠤ ᠲᠣᠭᠲᠠᠭᠠᠯ᠂ ᠵᠢᠭᠠᠪᠤᠷᠢ᠂ ᠰᠢᠢᠳᠪᠦᠷᠢ ᠪᠠ ᠴᠢᠬᠤᠯᠠ ᠬᠤᠷᠠᠯ ᠤᠨ | ᠵᠣᠷᠢᠭ ᠰᠠᠨᠠᠭ᠎ᠠ ᠵᠡᠷᠭᠡ ᠶᠢ ᠰᠤᠳᠤᠯᠤᠨ ᠲᠤᠭᠤᠰᠢᠯᠠᠭᠤᠯᠤᠨ᠎ᠠ︔ | ︵ᠬᠤᠶᠠᠷ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠠᠯᠤᠰ ᠬᠡᠲᠦ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ | ᠬᠦᠢᠴᠡᠳᠭᠡᠯ ᠤᠨ ᠲᠥᠰᠦᠯ ᠵᠢᠴᠢ ᠲᠣᠬᠢᠷᠠᠭᠤᠯᠤᠯᠲᠠ ᠶᠢᠨ ᠰᠠᠨᠠᠯ ᠵᠡᠷᠭᠡ ᠶᠢ ᠬᠢᠨᠠᠨ ᠵᠥᠪᠯᠡᠵᠦ᠂ ᠬᠤᠰᠢᠭᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠤᠨ ᠲᠣᠭᠲᠠᠭᠠᠭᠰᠠᠨ ᠪᠥᠬᠦ ᠬᠤᠰᠢᠭᠤᠨ ᠳᠤ ᠬᠤᠯᠪᠣᠭᠳᠠᠬᠤ ᠡᠯ᠎ᠡ ᠵᠦᠢᠯ ᠤᠨ | ᠲᠤᠰᠬᠠᠶ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ ᠵᠡᠷᠭᠡ ᠶᠢ ᠬᠢᠨᠠᠨ ᠵᠥᠪᠯᠡᠨ᠎ᠡ︔ | | ︵ᠭᠤᠷᠪᠠ︶ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ | ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠬᠦ ᠵᠥᠪᠯᠡᠯᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ | ᠪᠤᠰᠤᠳ ᠤᠴᠢᠷ ᠶᠠᠪᠤᠳᠠᠯ ᠢ ᠶᠠᠷᠢᠯᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠭᠤᠤᠯ | ᠬᠠᠷᠢᠭᠤᠴᠠᠯᠭᠠᠲᠠᠨ ᠤ ᠴᠢᠬᠤᠯᠠ ᠶᠠᠷᠢᠶ᠎ᠠ᠂ ᠢᠯᠡᠳᠬᠡᠯ ᠵᠡᠷᠭᠡ ᠶᠡᠷᠦᠩᠬᠡᠶᠢᠯᠡᠭᠰᠡᠨ ᠴᠢᠨᠠᠷᠲᠠᠶ ᠮᠠᠲ᠋ᠧᠷᠢᠶᠠᠯ ᠢ ᠶᠠᠷᠢᠯᠴᠠᠨ᠎ᠠ | ︔ | ︵ᠳᠥᠷᠪᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠠ ᠨᠡᠶᠢᠲᠡᠯᠡᠭᠰᠡᠨ ᠡᠯ᠎ᠡ | ᠲᠥᠷᠥᠯ ᠤᠨ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠲᠥᠷᠥ ᠶᠢᠨ ᠪᠣᠳᠣᠯᠭ᠎ᠠ ᠶᠢᠨ ᠲᠣᠭᠲᠠᠭᠠᠯ | ᠵᠡᠷᠭᠡ ᠶᠢ ᠰᠤᠳᠤᠯᠤᠨ᠎ᠠ︔ | ︵ᠲᠠᠪᠤ︶ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠰᠤᠳᠤᠯᠤᠨ | ᠵᠠᠳᠠᠯᠵᠤ᠂ ᠱᠠᠲᠤ ᠦᠶ᠎ᠡ ᠶᠢᠨ ᠴᠢᠨᠠᠷᠲᠠᠶ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠪᠠ ᠴᠢᠬᠤᠯᠠ | ᠠᠵᠢᠯ ᠢ ᠳᠣᠭᠢᠷᠠᠭᠤᠯᠤᠨ ᠪᠠᠶᠢᠷᠢᠯᠠᠭᠤᠯᠤᠨ᠎ᠠ︔ | ︵ᠵᠢᠷᠭᠤᠭ᠎ᠠ︶ ᠪᠥᠬᠦ ᠬᠤᠰᠢᠭᠤᠨ ᠤ ᠴᠢᠬᠤᠯᠠ ᠶᠡᠭᠡ ᠠᠵᠤ ᠠᠬᠤᠶ ᠶᠢᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠲᠣᠬᠢᠷᠠᠭᠤᠯᠤᠯᠲᠠ᠂ | ᠴᠢᠬᠤᠯᠠ ᠶᠡᠭᠡ ᠪᠠᠯᠠ ᠮᠥᠩᠭᠦ ᠶᠢᠨ ᠬᠡᠷᠡᠭᠯᠡᠯᠲᠡ᠂ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ᠬᠥᠮᠦᠨ᠂ ᠵᠤᠭᠤᠰ | ᠮᠦᠩᠭᠦ᠂ ᠡᠳ᠋ ᠪᠣᠳᠠᠰ ᠵᠡᠷᠭᠡ ᠶᠢᠨ ᠲᠣᠬᠢᠷᠠᠭᠤᠯᠤᠯᠲᠠ ᠳᠤ ᠬᠤᠯᠪᠣᠭᠳᠠᠬᠤ ᠴᠢᠬᠤᠯᠠ ᠶᠡᠭᠡ ᠪᠤᠰᠤᠳ ᠵᠦᠢᠯᠡᠰ ᠢ | ᠰᠤᠳᠤᠯᠤᠨ ᠶᠠᠷᠢᠯᠴᠠᠨ᠎ᠠ︔ | ︵ᠳᠣᠯᠤᠭ᠎ᠠ︶ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠤᠰᠢᠭᠤ ᠠᠷᠠᠳ ᠤᠨ ᠵᠠᠰᠠᠭ ᠤᠨ | ᠣᠷᠳᠣᠨ ᠢᠶᠠᠷ ᠬᠢᠨᠠᠨ ᠲᠣᠭᠲᠠᠭᠠᠯᠭᠠᠬᠤ ᠴᠢᠬᠤᠯᠠᠲᠠᠶ ᠴᠢᠬᠤᠯᠠ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠶᠢᠨ ᠬᠠᠮᠲᠤ ᠬᠤᠯᠪᠣᠭᠳᠠᠯ ᠪᠥᠬᠦᠶ ᠴᠢᠬᠤᠯᠠ ᠶᠡᠭᠡ ᠠᠰᠠᠭᠤᠳᠠᠯ ᠢ ᠰᠤᠳᠤᠯᠤᠨ ᠲᠣᠭᠲᠠᠭᠠᠨ᠎ᠠ︔ | ︵ᠨᠠᠢᠮᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠤᠳᠤᠯᠤᠨ ᠲᠣᠭᠲᠠᠭᠠᠬᠤ ᠴᠢᠬᠤᠯᠠᠲᠠᠶ ᠪᠤᠰᠤᠳ | ᠴᠢᠬᠤᠯᠠ ᠶᠡᠭᠡ ᠠᠰᠠᠭᠤᠳᠠᠯ᠃ | ᠨᠠᠢᠮᠠᠳᠤᠭᠠᠷ ᠵᠤᠷᠪᠤᠰ ᠵᠦᠪᠯᠡᠬᠦ ᠰᠡᠲᠦᠪ ᠤᠨ ᠠᠩᠬᠠᠨ ᠤ ᠬᠢᠨᠠᠯᠲᠠ᠃ ᠬᠤᠰᠢᠭᠤ ᠠᠷᠠᠳ ᠤᠨ ᠵᠠᠰᠠᠭ ᠤᠨ | ᠣᠷᠳᠣᠨ ᠤ ᠡᠯ᠎ᠡ ᠬᠤᠰᠢᠭᠤ ᠳᠡᠳ᠋ ᠳᠠᠷᠤᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠲᠤᠬᠢᠷᠠᠭᠰᠠᠨ ᠠᠵᠢᠯ ᠤᠨ ᠳᠡᠳ᠋ ᠡᠷᠬᠢᠯᠡᠭᠴᠢ ᠪᠣᠯᠤᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠡᠯ᠎ᠡ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠤᠨ ᠬᠢᠨ ᠪᠠᠶᠢᠩᠭᠤ ᠶᠢᠨ ᠬᠤᠷᠠᠯ ᠳᠤ ᠳᠡᠪᠰᠢᠭᠦᠯᠦᠨ | ᠰᠤᠳᠤᠯᠬᠤ ᠴᠢᠬᠤᠯᠠᠲᠠᠶ ᠵᠦᠪᠯᠡᠬᠦ ᠰᠡᠲᠦᠪ ᠢ ᠴᠢᠩᠭ᠎ᠠ ᠰᠢᠯᠢᠨ ᠰᠣᠩᠭᠤᠬᠤ᠂ ᠬᠢᠨᠠᠨ ᠬᠠᠷᠭᠤᠭᠤᠯᠬᠤ ᠶᠢ | ᠬᠠᠷᠢᠭᠤᠴᠠᠨ᠎ᠠ᠃ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠤᠭᠤᠯᠬᠤ ᠪᠠᠷ ᠪᠠᠶᠢᠭ᠎ᠠ ᠵᠦᠪᠯᠡᠬᠦ ᠰᠡᠲᠦᠪ ᠢ | ᠡᠷᠬᠡᠪᠰᠢ ᠬᠤᠰᠢᠭᠤ ᠳᠡᠳ᠋ ᠳᠠᠷᠤᠭ᠎ᠠ ᠠᠴᠠ ᠬᠤᠰᠢᠭᠤ ᠳᠠᠷᠤᠭ᠎ᠠ ᠳᠤ ᠤᠷᠢᠳᠴᠢᠯᠠᠨ ᠬᠠᠷᠢᠭᠤ ᠮᠡᠳᠡᠭᠦᠯᠵᠦ ᠬᠤᠰᠢᠭᠤ | ᠳᠠᠷᠤᠭ᠎ᠠ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠰᠠᠶ᠋ᠢ ᠬᠤᠷᠠᠯ ᠳᠤ ᠣᠷᠣᠭᠤᠯᠵᠤ ᠪᠣᠯᠤᠨ᠎ᠠ᠃ ᠳᠣᠣᠷ᠎ᠠ | ᠵᠢᠭᠰᠠᠭᠠᠭᠰᠠᠨ ᠵᠦᠪᠯᠡᠬᠦ ᠰᠡᠲᠦᠪ ᠤᠳ ᠢ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠤᠭᠤᠯᠬᠤ ᠦᠭᠡᠢ᠄ | ︵ᠨᠢᠭᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠬᠤᠰᠢᠭᠤ ᠳᠡᠳ᠋ ᠳᠠᠷᠤᠭ᠎ᠠ ᠶᠢᠨ ᠡᠷᠬᠡ | ᠲᠤᠰᠢᠶᠠᠯ ᠤᠨ ᠬᠡᠪᠴᠢᠶᠡᠨ ᠳᠤ ᠰᠢᠢᠳᠪᠦᠷᠢᠯᠡᠵᠤ ᠳᠡᠶᠢᠯᠬᠦ︔ | ︵ᠬᠤᠶᠠᠷ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠪᠬᠢᠲᠤ ᠰᠠᠯᠠᠭ᠎ᠠ | ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠰᠢᠢᠳᠪᠦᠷᠢᠯᠡᠵᠤ ᠳᠡᠶᠢᠯᠬᠦ︔ | ︵ᠭᠤᠷᠪᠠ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠲᠤᠰᠢᠶᠠᠯ ᠤᠨ | ᠬᠡᠪᠴᠢᠶᠡᠨ ᠳᠤ ᠰᠢᠢᠳᠪᠦᠷᠢᠯᠡᠵᠤ ᠳᠡᠶᠢᠯᠬᠦ︔ | ︵ᠳᠥᠷᠪᠡ︶ ᠬᠤᠯᠪᠤᠭᠳᠠᠯ ᠪᠥᠬᠦᠶ ᠵᠦᠢᠯᠡᠰ ᠤᠨ ᠬᠠᠮᠢᠶᠠᠷᠤᠯᠲᠠ ᠶᠢᠨ ᠡᠷᠬᠡ ᠮᠡᠳᠡᠯ ᠢ ᠨᠢᠭᠡᠨᠲᠡ ᠰᠤᠮᠤ | ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠲᠤ ᠪᠠᠭᠤᠯᠭᠠᠭᠰᠠᠨ︔ | ︵ᠲᠠᠪᠤ︶ ᠬᠤᠰᠢᠭᠤ ᠳᠡᠳ᠋ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠪᠠᠷ ᠳᠠᠮᠵᠢᠨ ᠬᠦᠢᠴᠡᠳ | ᠶᠠᠷᠢᠯᠴᠠᠭᠤᠯᠵᠤ ᠰᠠᠨᠠᠯ ᠬᠤᠷᠢᠶᠠᠭᠰᠠᠨ ᠥᠬᠡᠶ᠂ ᠴᠢᠬᠤᠯᠠ ᠶᠡᠭᠡ ᠰᠠᠨᠠᠯ ᠤᠨ ᠵᠥᠷᠢᠯᠳᠦᠭᠡᠨ ᠲᠠᠢ ᠮᠥᠷᠲᠡᠭᠡᠨ | ᠵᠥᠪᠳᠡᠯᠴᠡᠭᠡᠳ ᠰᠠᠨᠠᠯ ᠨᠢᠭᠡᠳᠦᠭᠰᠡᠨ ᠥᠬᠡᠶ︔ | ︵ᠵᠢᠷᠭᠤᠭ᠎ᠠ︶ ᠰᠠᠨᠠᠯ ᠬᠤᠷᠢᠶᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠤᠯᠢ ᠶᠣᠰᠣᠴᠢ | ᠴᠢᠨᠠᠷ ᠢ ᠦᠨᠡᠯᠡᠨ ᠵᠢᠱᠢᠬᠦ᠂ ᠨᠡᠶᠢᠭᠡᠮ ᠤᠨ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠴᠢᠬᠤᠯᠠ ᠪᠥᠬᠦᠶ ᠶᠠᠪᠤᠴᠠ ᠶᠢ | ᠥᠯᠥ ᠳᠠᠮᠵᠢᠭᠰᠠᠨ ᠴᠢᠬᠤᠯᠠ ᠶᠡᠭᠡ ᠰᠢᠢᠳᠪᠦᠷᠢᠲᠤ ᠪᠣᠳᠣᠯᠭ᠎ᠠ ᠶᠢᠨ ᠵᠦᠢᠯᠡᠰ︔ | ︵ᠳᠣᠯᠤᠭ᠎ᠠ︶ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠢᠶᠠᠷ ᠳᠠᠮᠵᠢᠨ ᠬᠢᠨᠠᠨ | ᠬᠠᠷᠭᠤᠭᠤᠯᠤᠭᠰᠠᠨ ᠦᠬᠡᠢ︔ | ︵ᠨᠠᠢᠮᠠ︶ ᠵᠦᠢᠯᠡᠰ ᠲᠤ ᠬᠤᠯᠪᠣᠭᠳᠠᠬᠤ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠤᠰᠢᠭᠤ ᠳᠡᠳ᠋ ᠳᠠᠷᠤᠭ᠎ᠠ | ᠪᠠ ᠲᠦᠷᠦᠭᠦᠯᠡᠨ ᠬᠦᠢᠴᠡᠳᠭᠡᠬᠦ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ | ᠳᠡᠶᠢᠯᠬᠦ ᠥᠬᠡᠶ︔ | ︵ᠶᠢᠰᠦ︶ ᠬᠤᠷᠠᠯ ᠤᠨ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠲᠤᠰᠢᠶᠠᠭᠰᠠᠨ ᠦᠭᠡᠢ︔ | | ︵ᠠᠷᠪᠠ︶ ᠪᠠᠶᠢᠩᠭᠤ ᠶᠢᠨ ᠬᠤᠷᠠᠯ ᠤᠨ ᠡᠷᠬᠢᠯᠡᠭᠴᠢ ᠶᠢᠨ ᠵᠥᠪᠰᠢᠶᠡᠷᠡᠯ ᠦᠭᠡᠢ ᠪᠠᠷ ᠲᠦᠷ ᠲᠤᠷᠠᠳᠤᠭᠰᠠᠨ | ᠰᠠᠨᠠᠭᠤᠯᠭ᠎ᠠ᠃ | ᠶᠢᠰᠦᠳᠦᠭᠡᠷ ᠵᠤᠷᠪᠤᠰ ᠵᠦᠪᠯᠡᠬᠦ ᠰᠡᠳᠦᠪ ᠤᠨ ᠮᠡᠳᠡᠭᠦᠯᠤᠯᠲᠡ᠃ ᠪᠠᠶᠢᠩᠭᠤ ᠶᠢᠨ ᠬᠤᠷᠠᠯ ᠤᠨ ᠵᠥᠪᠯᠡᠬᠦ | ᠰᠡᠳᠦᠪ ᠲᠤ ᠡᠳᠦᠷ ᠲᠤᠲᠤᠮ ᠤᠨ ᠮᠡᠳᠡᠭᠦᠯᠬᠦ ᠲᠦᠷᠢᠮ ᠢ ᠬᠡᠷᠡᠭᠵᠢᠭᠦᠯᠦᠨ᠎ᠡ᠃ ᠬᠤᠷᠠᠯ ᠳᠤ ᠣᠷᠣᠯᠴᠠᠬᠤ ᠨᠥᠬᠦᠴᠡᠯ ᠢ | ᠪᠦᠷᠢᠯᠳᠦᠭᠦᠯᠦᠭᠰᠡᠨ ᠵᠥᠪᠯᠡᠬᠦ ᠰᠡᠳᠦᠪ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ | ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠠᠴᠠ ᠱᠠᠭᠠᠷᠳᠠᠯᠭ᠎ᠠ ᠶᠣᠰᠣᠭᠠᠷ ᠵᠥᠪᠯᠡᠬᠦ ᠰᠡᠳᠦᠪ ᠮᠡᠳᠡᠭᠦᠯᠬᠦ | ᠬᠠᠭᠤᠳᠠᠰᠤ ᠶᠢ ᠲᠠᠭᠯᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ | ᠲᠠᠰᠤᠭ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ ᠬᠤᠷᠠᠯ ᠤᠨ ᠮᠠᠲ᠋ᠧᠷᠢᠶᠠᠯ ᠢ ᠮᠡᠳᠡᠭᠦᠯᠦᠨ | ᠬᠦᠷᠭᠡᠨ᠎ᠡ᠃ ᠵᠥᠪᠯᠡᠬᠦ ᠰᠡᠳᠦᠪ ᠤᠨ ᠮᠡᠳᠡᠭᠦᠯᠤᠯᠲᠡ ᠶᠢᠨ ᠬᠠᠭᠤᠳᠠᠰᠤ ᠳᠤ ᠬᠠᠷᠢᠭᠤ ᠮᠡᠳᠡᠭᠦᠯᠬᠦ ᠰᠠᠯᠠᠭ᠎ᠠ ᠮᠥᠴᠢᠷ᠂ | ᠰᠤᠯᠠ ᠣᠷᠣᠯᠴᠠᠬᠤ ᠰᠠᠯᠠᠭ᠎ᠠ ᠮᠥᠴᠢᠷ᠂ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠤᠰᠢᠭᠤ ᠳᠡᠳ᠋ ᠳᠠᠷᠤᠭ᠎ᠠ ᠠᠴᠠ | ᠲᠣᠰ ᠵᠥᠪᠯᠡᠬᠦ ᠰᠡᠳᠦᠪ ᠢ ᠵᠣᠬᠢᠶᠠᠨ ᠪᠠᠶᠢᠭᠤᠯᠵᠤ ᠰᠤᠳᠤᠯᠤᠭᠰᠠᠨ ᠪᠠᠶᠢᠳᠠᠯ ᠵᠢᠴᠢ ᠬᠤᠰᠢᠭᠤ ᠳᠡᠳ᠋ ᠳᠠᠷᠤᠭ᠎ᠠ ᠠᠴᠠ | ᠭᠤᠤᠯ ᠤᠳᠤᠷᠢᠳᠤᠯᠭ᠎ᠠ ᠳᠤ ᠬᠠᠷᠢᠭᠤ ᠮᠡᠳᠡᠬᠦᠯᠦᠭᠰᠡᠨ ᠪᠠᠶᠢᠳᠠᠯ ᠢᠶᠠᠨ ᠲᠤᠲᠤᠷᠬᠠᠶᠢᠯᠠᠨ ᠪᠢᠴᠢᠨ᠎ᠡ᠃ ᠮᠡᠳᠡᠭᠦᠯᠬᠦ | ᠵᠦᠪᠯᠡᠬᠦ ᠰᠡᠳᠦᠪ ᠢ ᠡᠷᠬᠡᠪᠰᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠢᠶᠠᠷ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠯᠭᠡᠬᠦ ᠶᠢᠨ ᠬᠠᠮᠲᠤ | ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠮᠡᠳᠡᠭᠦᠯᠤᠯᠲᠡ ᠶᠢᠨ ᠬᠠᠭᠤᠳᠠᠰᠤ ᠶᠢ ᠬᠤᠪᠢᠶᠠᠷᠢᠯᠠᠨ ᠬᠠᠮᠢᠶᠠᠷᠴᠤ ᠪᠠᠶᠢᠭ᠎ᠠ | ᠬᠤᠰᠢᠭᠤ ᠳᠡᠳ᠋ ᠳᠠᠷᠤᠭ᠎ᠠ ᠠᠴᠠ ᠬᠢᠨᠠᠨ ᠬᠠᠷᠭᠤᠭᠤᠯᠬᠤ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠨ | ᠲᠣᠭᠲᠠᠭᠠᠵᠤ᠂ ᠵᠥᠪᠯᠡᠬᠦ ᠰᠡᠳᠦᠪ ᠤᠨ ᠮᠠᠲ᠋ᠧᠷᠢᠶᠠᠯ ᠢ ᠲᠤᠰᠢᠶᠠᠬᠤ ᠪᠠᠶᠢᠭᠤᠯᠭ᠎ᠠ ᠨᠢᠭᠡᠴᠢ ᠶᠢᠨ ᠭᠤᠤᠯ | ᠤᠳᠤᠷᠢᠳᠤᠯᠭ᠎ᠠ ᠠᠴᠠ ᠭᠠᠷ ᠤᠨ ᠥᠰᠥᠭ ᠵᠢᠷᠤᠵᠤ ᠨᠤᠲᠠᠯᠠᠨ ᠲᠣᠭᠲᠠᠭᠠᠨ᠎ᠠ᠃ | ᠠᠷᠪᠠᠳᠤᠭᠠᠷ ᠵᠤᠷᠪᠤᠰ ᠵᠦᠪᠯᠡᠬᠦ ᠰᠡᠳᠦᠪ ᠤᠨ ᠲᠣᠭᠲᠠᠭᠠᠯᠲᠠ᠃ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠨᠢ ᠡᠯ᠎ᠡ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠤᠨ | ᠲᠤᠰᠢᠶᠠᠭᠰᠠᠨ ᠵᠥᠪᠯᠡᠬᠦ ᠰᠡᠳᠦᠪ ᠢ ᠡᠮᠬᠢᠯᠡᠨ ᠬᠤᠷᠢᠶᠠᠩᠭᠤᠶᠢᠯᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠡᠷᠬᠢᠯᠡᠭᠴᠢ᠂ ᠬᠤᠰᠢᠭᠤ ᠪᠠᠶᠢᠩᠭᠤ ᠶᠢᠨ ᠳᠡᠳ᠋ ᠳᠠᠷᠤᠭ᠎ᠠ ᠳᠤ ᠮᠡᠳᠡᠭᠦᠯᠵᠦ ᠬᠢᠨᠠᠨ | ᠬᠠᠷᠭᠤᠭᠤᠯᠤᠭᠰᠠᠨ ᠤ ᠳᠠᠷᠠᠭ᠎ᠠ ᠬᠤᠰᠢᠭᠤ ᠳᠠᠷᠤᠭ᠎ᠠ ᠠᠴᠠ ᠰᠤᠳᠤᠯᠤᠨ ᠵᠦᠪᠯᠡᠬᠦ ᠰᠡᠳᠦᠪ ᠢ ᠲᠣᠭᠲᠠᠭᠠᠨ᠎ᠠ᠃ | ᠠᠷᠪᠠᠨ ᠨᠢᠭᠡᠳᠦᠭᠡᠷ ᠵᠤᠷᠪᠤᠰ ᠵᠦᠪᠯᠡᠬᠦ ᠰᠡᠲᠦᠪ ᠢ ᠪᠠᠶᠢᠩᠭᠤ ᠶᠢᠨ ᠬᠤᠷᠠᠯ ᠳᠤ ᠵᠢᠭᠰᠠᠭᠠᠨ ᠣᠷᠣᠭᠤᠯᠬᠤ ᠶᠢ | ᠵᠥᠪᠰᠢᠶᠡᠷᠡᠭᠰᠡᠨ ᠪᠤᠯ ᠱᠠᠭᠠᠷᠳᠠᠯᠭ᠎ᠠ ᠶᠣᠰᠣᠭᠠᠷ ᠳᠣᠣᠷᠠᠬᠢ ᠮᠡᠲᠦ ᠪᠢᠴᠢᠭ ᠮᠠᠲ᠋ᠧᠷᠢᠶᠠᠯ ᠢ ᠲᠤᠰᠢᠶᠠᠨ᠎ᠠ᠄ | ︵ᠨᠢᠭᠡ︶ ᠬᠢᠨᠠᠨ ᠵᠥᠪᠯᠡᠭᠦᠯᠬᠦ ᠪᠠᠷ ᠳᠡᠪᠰᠢᠭᠦᠯᠦᠭᠰᠡᠨ ᠵᠥᠪᠯᠡᠬᠦ ᠰᠡᠳᠦᠪ ᠤᠨ ᠵᠢᠩᠬᠢᠨᠢ ᠪᠢᠴᠢᠭᠯᠡᠪᠦᠷᠢ᠂ | ᠵᠢᠱᠢᠶᠡᠯᠡᠪᠡᠯ ᠵᠢᠭᠠᠪᠤᠷᠢ ᠠᠪᠬᠤ᠂ ᠮᠡᠳᠡᠭᠦᠯᠦᠯᠲᠡ ᠵᠢᠴᠢ ᠣᠷᠣᠯᠠᠨ ᠲᠤᠭᠤᠷᠪᠢᠭᠰᠠᠨ ᠬᠤᠰᠢᠭᠤ ᠠᠷᠠᠳ ᠤᠨ | ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠲᠥᠰᠦᠯ ᠵᠡᠷᠭᠡ︔ | ︵ᠬᠤᠶᠠᠷ︶ ᠵᠥᠪᠯᠡᠬᠦ ᠰᠡᠳᠦᠪ ᠤᠨ ᠬᠤᠯᠪᠣᠭᠳᠠᠯ ᠪᠥᠬᠦᠶ ᠳᠠᠭᠠᠯᠳᠤᠭᠤᠯᠤᠯ᠂ ᠡᠭᠦᠨ ᠳᠤ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠪᠢᠴᠢᠭ ᠤᠨ ᠬᠡᠯᠪᠡᠷᠢ ᠶᠢᠨ ᠰᠠᠨᠠᠯ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠤᠨ ᠬᠢᠨᠠᠨ ᠬᠠᠷᠭᠤᠭᠤᠯᠤᠭᠰᠠᠨ ᠰᠠᠨᠠᠯ ᠵᠢᠴᠢ | ᠰᠢᠢᠳᠪᠦᠷᠢᠲᠤ ᠪᠣᠳᠣᠯᠭ᠎ᠠ ᠳᠤ ᠴᠢᠬᠤᠯᠠ ᠯᠠᠪᠯᠠᠯᠲᠠ ᠶᠢᠨ ᠦᠨ᠎ᠡ ᠥᠷᠲᠡᠭ ᠲᠠᠢ ᠪᠤᠰᠤᠳ ᠮᠠᠲ᠋ᠧᠷᠢᠶᠠᠯ ᠵᠡᠷᠭᠡ | ᠪᠠᠭᠲᠠᠨ᠎ᠠ︔ | ︵ᠭᠤᠷᠪᠠ︶ ᠨᠡᠯᠢᠶᠡᠳ ᠪᠤᠳᠤᠯᠢᠶᠠᠨᠲᠠᠶ ᠵᠥᠪᠯᠡᠬᠦ ᠰᠡᠳᠦᠪ ᠤᠨ ᠦᠭᠡ ᠥᠭᠦᠯᠡᠪᠦᠷᠢ ᠶᠢᠨ ᠠᠭᠤᠯᠭ᠎ᠠ ᠨᠢ | ᠣᠷᠳᠣ ᠪᠠᠶᠢᠪᠠᠯ᠂ ᠡᠮᠦᠨ᠎ᠡ ᠳᠤᠷᠠᠳᠤᠭᠰᠠᠨ ᠠᠭᠤᠯᠭ᠎ᠠ ᠶᠢ ᠪᠦᠷᠢᠳᠦᠭᠦᠯᠬᠦ ᠠᠴᠠ ᠭᠠᠳᠠᠨ᠎ᠠ ᠪᠠᠰᠠ ᠮᠡᠳᠡᠭᠦᠯᠦᠯᠲᠡ ᠶᠢᠨ | ᠲᠣᠪᠴᠢ ᠶᠢ ᠳᠠᠭᠠᠯᠳᠤᠭᠤᠯᠤᠨ᠎ᠠ᠂ ᠲᠣᠪᠴᠢ ᠶᠢᠨ ᠱᠠᠭᠠᠷᠳᠠᠯᠭ᠎ᠠ ᠭᠡᠪᠡᠯ ᠪᠠᠶᠢᠳᠠᠯ ᠨᠢ ᠲᠣᠳᠣᠷᠬᠠᠶ᠂ ᠭᠤᠤᠯᠳᠠᠯᠭ᠎ᠠ ᠶᠢ | ᠳᠣᠪᠤᠶᠢᠯᠭᠠᠭᠰᠠᠨ᠂ ᠦᠭᠡ ᠥᠭᠦᠯᠡᠪᠦᠷᠢ ᠶᠢ ᠨᠠᠷᠢᠯᠢᠭ ᠪᠣᠯᠪᠠᠰᠤᠷᠠᠭᠤᠯᠵᠤ᠂ ᠡᠩ ᠤᠨ ᠪᠠᠶᠢᠳᠠᠯ ᠳᠤ 2000 | ᠥᠰᠥᠭ ᠤᠨ ᠳᠣᠲᠣᠷ᠎ᠠ ᠬᠢᠵᠠᠭᠠᠷᠯᠠᠨ᠎ᠠ᠃ ᠬᠠᠷᠢᠭᠤ ᠮᠡᠳᠡᠭᠦᠯᠦᠯᠲᠡ ᠶᠢᠨ ᠲᠣᠪᠴᠢ ᠳᠤ ᠭᠤᠤᠯᠳᠠᠭᠤ ᠲᠤᠭᠤᠷᠪᠢᠨ | ᠪᠢᠴᠢᠭᠰᠡᠨ ᠶᠠᠪᠤᠴᠠ᠂ ᠰᠠᠨᠠᠯ ᠬᠤᠷᠢᠶᠠᠭᠰᠠᠨ ᠪᠠᠶᠢᠳᠠᠯ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠤᠨ ᠬᠢᠨᠠᠨ ᠬᠠᠷᠭᠤᠭᠤᠯᠤᠭᠰᠠᠨ ᠪᠠᠶᠢᠳᠠᠯ᠂ | ᠬᠤᠰᠢᠭᠤ ᠠᠷᠠᠳ ᠤᠨ ᠵᠠᠰᠠᠭ ᠤᠨ ᠣᠷᠳᠣᠨ ᠤ ᠰᠤᠳᠤᠯᠤᠨ ᠲᠣᠭᠲᠠᠭᠠᠬᠤ ᠴᠢᠬᠤᠯᠠᠲᠠᠶ ᠭᠤᠤᠯ ᠵᠦᠢᠯᠡᠰ ᠵᠡᠷᠭᠡ | ᠪᠠᠭᠲᠠᠨ᠎ᠠ᠃ | ᠠᠷᠪᠠᠨ ᠬᠤᠶᠠᠳᠤᠭᠠᠷ ᠵᠤᠷᠪᠤᠰ ᠵᠥᠪᠯᠡᠬᠦ ᠰᠡᠳᠦᠪ ᠢ ᠬᠢᠨᠠᠨ ᠵᠥᠪᠯᠡᠭᠦᠯᠬᠦ ᠪᠠᠷ ᠳᠡᠪᠰᠢᠭᠦᠯᠦᠭᠰᠡᠨ | ᠪᠠᠶᠢᠭᠤᠯᠭ᠎ᠠ ᠨᠢᠭᠡᠴᠢ ᠨᠢ ᠤᠷᠢᠳᠴᠢᠯᠠᠨ ᠵᠥᠪᠯᠡᠬᠦ ᠰᠡᠳᠦᠪ ᠤᠨ ᠬᠡᠷᠡᠭᠯᠡᠬᠦ ᠮᠠᠲ᠋ᠧᠷᠢᠶᠠᠯ ᠢ ᠬᠤᠰᠢᠭᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠪᠣᠯᠤᠨ ᠲᠤᠬᠢᠷᠠᠭᠰᠠᠨ | ᠠᠵᠢᠯ ᠤᠨ ᠳᠡᠳ᠋ ᠡᠷᠬᠢᠯᠡᠭᠴᠢ ᠳᠤ ᠮᠡᠳᠡᠭᠦᠯᠦᠨ ᠬᠦᠷᠭᠡᠵᠦ ᠬᠢᠨᠠᠭᠤᠯᠤᠨ᠎ᠠ᠃ ᠱᠠᠭᠠᠷᠳᠠᠯᠭ᠎ᠠ ᠳᠤ ᠨᠡᠶᠢᠴᠡᠪᠡᠯ᠂ ᠵᠥᠪᠯᠡᠬᠦ | ᠰᠡᠳᠦᠪ ᠤᠨ ᠮᠡᠳᠡᠭᠦᠯᠦᠯᠲᠡ ᠶᠢᠨ ᠬᠠᠭᠤᠳᠠᠰᠤ ᠶᠢ ᠳᠠᠭᠠᠯᠳᠤᠭᠤᠯᠤᠨ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠲᠤ ᠬᠦᠷᠭᠡᠵᠦ ᠬᠢᠨᠠᠨ ᠬᠠᠷᠭᠤᠭᠤᠯᠤᠭᠤᠯᠵᠤ᠂ ᠬᠤᠰᠢᠭᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠠᠩᠬ᠎ᠠ ᠬᠢᠨᠠᠨ ᠬᠠᠷᠭᠤᠭᠤᠯᠤᠭᠰᠠᠨ | ᠰᠠᠨᠠᠯ ᠢᠶᠠᠨ ᠳᠤᠷᠠᠳᠤᠭᠰᠠᠨ ᠤ ᠳᠠᠷᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠡᠷᠬᠢᠯᠡᠭᠴᠢ ᠳᠤ ᠮᠡᠳᠡᠭᠦᠯᠵᠦ ᠳᠠᠬᠢᠨ ᠬᠢᠨᠠᠭᠤᠯᠤᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ | ᠥᠬᠡᠶ ᠭᠡᠵᠦ ᠦᠵᠡᠪᠡᠯ᠂ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠪᠠᠶᠢᠭᠤᠯᠭ᠎ᠠ ᠨᠢᠭᠡᠴᠢ ᠳᠤ ᠮᠡᠳᠡᠭᠳᠡᠵᠦ | ᠨᠥᠬᠦᠪᠥᠷᠢᠯᠡᠨ ᠵᠠᠯᠠᠷᠠᠭᠤᠯᠤᠨ᠎ᠠ᠃ | ᠠᠷᠪᠠᠨ ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠡᠷᠬᠢᠯᠡᠭᠴᠢ ᠪᠠᠷ ᠬᠢᠨᠠᠨ ᠬᠠᠷᠭᠤᠭᠤᠯᠵᠤ ᠵᠥᠪᠰᠢᠶᠡᠷᠡᠬᠦᠯᠦᠭᠰᠡᠨ ᠵᠥᠪᠯᠡᠬᠦ ᠰᠡᠳᠦᠪ ᠤᠨ ᠮᠠᠲ᠋ᠧᠷᠢᠶᠠᠯ ᠢ ᠬᠢᠨᠠᠨ | ᠵᠥᠪᠯᠡᠭᠦᠯᠬᠦ ᠪᠠᠷ ᠳᠡᠪᠰᠢᠭᠦᠯᠦᠭᠰᠡᠨ ᠪᠠᠶᠢᠭᠤᠯᠭ᠎ᠠ ᠨᠢᠭᠡᠴᠢ ᠨᠢ ᠲᠤᠭᠲᠠᠭᠠᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠳᠠᠷᠤᠮᠠᠯᠯᠠᠬᠤ ᠶᠢᠨ ᠬᠠᠮᠲᠤ ᠬᠤᠷᠠᠯ ᠬᠤᠷᠠᠯᠳᠤᠬᠤ ᠠᠴᠠ 2 ᠡᠳᠦᠷ ᠤᠨ ᠡᠮᠦᠨ᠎ᠡ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠳᠠᠰᠤᠭ ᠲᠤ ᠲᠤᠰᠢᠶᠠᠨ᠎ᠠ᠃ ᠬᠤᠷᠠᠯ ᠤᠨ ᠮᠠᠲ᠋ᠧᠷᠢᠶᠠᠯ ᠤᠨ ᠬᠡᠷᠡᠭᠯᠡᠬᠦ | ᠬᠤᠪᠢ ᠶᠢᠨ ᠲᠤᠭ᠎ᠠ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ | ᠲᠠᠰᠤᠭ ᠠᠴᠠ ᠬᠠᠷᠢᠭᠤᠴᠠᠨ ᠲᠣᠭᠲᠠᠭᠠᠬᠤ ᠶᠢᠨ ᠬᠠᠮᠲᠤ ᠵᠥᠪᠯᠡᠬᠦ ᠰᠡᠳᠦᠪ ᠢ ᠬᠢᠨᠠᠨ ᠵᠥᠪᠯᠡᠭᠦᠯᠬᠦ ᠪᠠᠷ | ᠳᠡᠪᠰᠢᠭᠦᠯᠦᠭᠰᠡᠨ ᠪᠠᠶᠢᠭᠤᠯᠭ᠎ᠠ ᠨᠢᠭᠡᠴᠢ ᠳᠤ ᠮᠡᠳᠡᠭᠳᠡᠨ᠎ᠡ᠃ | ᠠᠷᠪᠠᠨ ᠳᠥᠷᠪᠡᠳᠦᠭᠡᠷ ᠵᠤᠷᠪᠤᠰ ᠲᠤᠰᠢᠶᠠᠭᠰᠠᠨ ᠬᠤᠷᠠᠯ ᠤᠨ ᠵᠢᠩᠭᠢᠨᠢ ᠮᠠᠲ᠋ᠧᠷᠢᠶᠠᠯ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠳᠠᠰᠤᠭ ᠠᠴᠠ ᠬᠤᠷᠠᠯ ᠡᠬᠢᠯᠡᠬᠦ ᠠᠴᠠ 1 | ᠡᠳᠦᠷ ᠤᠨ ᠡᠮᠦᠨ᠎ᠡ ᠪᠠᠶᠢᠩᠭᠤ ᠶᠢᠨ ᠬᠤᠷᠠᠯ ᠤᠨ ᠡᠯ᠎ᠡ ᠪᠦᠷᠢᠯᠳᠦᠬᠦᠨ ᠭᠡᠰᠢᠬᠦᠨ ᠳᠤ ᠲᠣᠰ ᠲᠣᠰ ᠬᠦᠷᠭᠡᠵᠦ | ᠮᠠᠲ᠋ᠧᠷᠢᠶᠠᠯ ᠤᠨ ᠠᠭᠤᠯᠭ᠎ᠠ ᠶᠢ ᠤᠷᠢᠳᠴᠢᠯᠠᠨ ᠣᠶᠢᠯᠠᠭᠠᠨ᠎ᠠ᠃ | ᠠᠷᠪᠠᠨ ᠲᠠᠪᠤᠳᠤᠭᠠᠷ ᠵᠤᠷᠪᠤᠰ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠬᠦ ᠵᠥᠪᠯᠡᠬᠦ ᠰᠡᠳᠦᠪ ᠢ ᠵᠠᠷᠴᠢᠮ | ᠳᠡᠭᠡᠷ᠎ᠡ ᠪᠠᠨ ᠬᠢᠨᠠᠨ ᠵᠥᠪᠯᠡᠭᠦᠯᠬᠦ ᠪᠠᠷ ᠳᠡᠪᠰᠢᠭᠦᠯᠦᠭᠰᠡᠨ ᠵᠥᠪᠯᠡᠬᠦ ᠰᠡᠳᠦᠪ ᠤᠨ ᠪᠠᠶᠢᠭᠤᠯᠭ᠎ᠠ ᠨᠢᠭᠡᠴᠢ ᠶᠢᠨ ᠭᠤᠤᠯ | ᠬᠠᠷᠢᠭᠤᠴᠠᠯᠭᠠᠲᠠᠨ ᠠᠴᠠ ᠬᠠᠷᠢᠭᠤ ᠮᠡᠳᠡᠭᠦᠯᠵᠦ᠂ ᠴᠢᠬᠤᠯᠠ ᠶᠡᠭᠡ ᠨᠠᠷᠢᠨ ᠪᠤᠳᠤᠯᠢᠶᠠᠨᠲᠠᠶ ᠵᠥᠪᠯᠡᠬᠦ ᠰᠡᠳᠦᠪ ᠪᠤᠶᠤ | ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠠᠭᠤᠯᠭ᠎ᠠ ᠲᠠᠢ ᠵᠥᠪᠯᠡᠬᠦ ᠰᠡᠳᠦᠪ ᠢ ᠬᠠᠷᠢᠭᠤ ᠮᠡᠳᠡᠭᠦᠯᠬᠦ | ᠪᠠᠶᠢᠭᠤᠯᠭ᠎ᠠ ᠨᠢᠭᠡᠴᠢ 1 — 2 ᠬᠠᠪᠰᠤᠷᠤᠭᠴᠢ ᠪᠠᠨ ᠳᠠᠭᠠᠭᠤᠯᠤᠨ ᠬᠠᠪᠰᠤᠷᠤᠨ ᠬᠠᠷᠢᠭᠤ ᠮᠡᠳᠡᠭᠦᠯᠵᠦ ᠪᠣᠯᠤᠨ᠎ᠠ᠃ | ᠬᠡᠳᠦᠨ ᠰᠠᠯᠠᠭ᠎ᠠ ᠮᠥᠴᠢᠷ ᠲᠤ ᠬᠤᠯᠪᠣᠭᠳᠠᠬᠤ ᠶᠡᠷᠦᠩᠬᠡᠶᠢᠯᠡᠭᠰᠡᠨ ᠴᠢᠨᠠᠷᠲᠠᠶ ᠵᠥᠪᠯᠡᠬᠦ ᠰᠡᠳᠦᠪ ᠢ ᠬᠤᠪᠢᠶᠠᠷᠢᠯᠠᠨ | ᠬᠠᠮᠢᠶᠠᠷᠴᠤ ᠪᠠᠶᠢᠭ᠎ᠠ ᠬᠤᠰᠢᠭᠤ ᠳᠡᠳ᠋ ᠳᠠᠷᠤᠭ᠎ᠠ ᠠᠴᠠ ᠬᠠᠷᠢᠭᠤ ᠮᠡᠳᠡᠭᠦᠯᠦᠭᠴᠢ ᠶᠢ ᠵᠢᠭᠠᠨ ᠲᠣᠭᠲᠠᠭᠠᠬᠤ ᠪᠤᠶᠤ | ᠲᠦᠷᠦᠭᠦᠯᠡᠨ ᠬᠦᠢᠴᠡᠳᠭᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠷᠢᠭᠤ ᠮᠡᠳᠡᠭᠦᠯᠦᠨ᠎ᠡ᠃ | ᠠᠷᠪᠠᠨ ᠵᠢᠷᠭᠤᠳᠤᠭᠠᠷ ᠵᠤᠷᠪᠤᠰ ᠬᠠᠷᠢᠭᠤ ᠮᠡᠳᠡᠭᠦᠯᠬᠦ ᠳᠡᠭᠡᠨ ᠭᠤᠣᠯᠳᠠᠯᠭ᠎ᠠ ᠶᠢ ᠲᠤᠪᠤᠶᠢᠯᠭᠠᠵᠤ᠂ ᠦᠭᠡ ᠨᠢ | ᠲᠣᠪᠴᠢ᠂ ᠰᠠᠨᠠᠭ᠎ᠠ ᠨᠢ ᠭᠦᠢᠴᠡᠳ ᠪᠠᠶᠢᠵᠤ᠂ ᠬᠠᠷᠢᠭᠤ ᠮᠡᠳᠡᠭᠦᠯᠬᠦ ᠴᠠᠭ ᠢ 5 ᠮᠢᠨᠦ᠋ᠲ ᠠᠴᠠ ᠬᠡᠲᠦᠷᠡᠭᠦᠯᠵᠦ ᠪᠣᠯᠬᠤ | ᠦᠭᠡᠢ᠂ ᠴᠢᠬᠤᠯᠠ ᠶᠡᠭᠡ ᠨᠠᠷᠢᠨ ᠪᠤᠳᠤᠯᠢᠶᠠᠨᠲᠠᠶ ᠵᠥᠪᠯᠡᠬᠦ ᠰᠡᠳᠦᠪ ᠢ 10 ᠮᠢᠨᠦ᠋ᠲ ᠠᠴᠠ ᠬᠡᠲᠦᠷᠡᠭᠦᠯᠵᠦ ᠪᠣᠯᠬᠤ | ᠦᠭᠡᠢ᠃ | ᠠᠷᠪᠠᠨ ᠳᠣᠯᠣᠳᠤᠭᠠᠷ ᠵᠤᠷᠪᠤᠰ ᠵᠥᠪᠯᠡᠬᠦ ᠰᠡᠳᠦᠪ ᠢ ᠶᠠᠷᠢᠶᠠᠨ ᠤ ᠬᠡᠯᠪᠡᠷᠢ ᠪᠠᠷ᠂ ᠥᠰᠥᠭ ᠪᠢᠴᠢᠭ ᠤᠨ | ᠬᠡᠯᠪᠡᠷᠢ ᠪᠠᠷ ᠬᠠᠷᠢᠭᠤ ᠮᠡᠳᠡᠭᠦᠯᠬᠦ ᠪᠠᠷ ᠭᠤᠤᠯ ᠪᠣᠯᠭᠠᠵᠤ ᠣᠯᠠᠨ ᠵᠠᠭᠤᠴᠢᠳᠤ ᠦᠵᠡᠭᠦᠯᠦᠯᠭᠡ ᠬᠢᠬᠦ ᠴᠢᠬᠤᠯᠠᠲᠠᠢ ᠪᠣᠯ | ᠤᠷᠢᠳᠠᠪᠠᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠠᠢ ᠬᠠᠷᠢᠯᠴᠠᠵᠤ ᠲᠣᠨᠤᠭ | ᠲᠥᠬᠦᠭᠡᠷᠦᠮᠵᠢ ᠶᠢ ᠤᠷᠢᠳᠴᠢᠯᠠᠨ ᠲᠤᠷᠰᠢᠨ ᠲᠣᠬᠢᠷᠠᠭᠤᠯᠤᠨ᠎ᠠ᠃ | ᠠᠷᠪᠠᠨ ᠨᠠᠢᠮᠠᠳᠤᠭᠠᠷ ᠵᠤᠷᠪᠤᠰ ᠪᠠᠶᠢᠩᠭᠤ ᠶᠢᠨ ᠬᠤᠷᠠᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠬᠠᠷᠢᠭᠤᠴᠠᠨ ᠵᠣᠬᠢᠶᠠᠨ ᠪᠠᠶᠢᠭᠤᠯᠵᠤ᠂ ᠪᠣᠳᠠᠲᠠᠶ ᠬᠤᠷᠠᠯ ᠤᠨ | ᠶᠠᠪᠤᠳᠠᠯ ᠤᠨ ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠠᠯᠪᠠᠨ ᠪᠠᠶᠢᠭᠤᠯᠭ᠎ᠠ ᠶᠢᠨ | ᠶᠠᠪᠤᠳᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠨᠠᠶᠢᠳᠠᠪᠤᠷᠢᠵᠢᠭᠤᠯᠤᠨ᠎ᠠ᠃ | ︵ᠨᠢᠭᠡ︶ ᠪᠠᠶᠢᠩᠭᠤ ᠶᠢᠨ ᠬᠤᠷᠠᠯ ᠢ ᠡᠩ ᠤᠨ ᠪᠠᠶᠢᠳᠠᠯ ᠳᠤ ᠬᠠᠭᠠᠰ ᠠᠵᠢᠯᠯᠠᠬᠤ ᠡᠳᠦᠷ ᠤᠨ ᠡᠮᠦᠨ᠎ᠡ | ᠬᠤᠷᠠᠯ ᠳᠤ ᠣᠷᠣᠯᠴᠠᠭᠰᠠᠳ ᠲᠤ ᠮᠡᠳᠡᠭᠳᠡᠬᠦ ᠶᠢᠨ ᠬᠠᠮᠲᠤ ᠬᠤᠷᠠᠯ ᠳᠤ ᠣᠷᠣᠯᠴᠠᠭᠰᠠᠳ ᠤᠨ ᠨᠡᠷᠡᠰ ᠢ ᠬᠤᠷᠢᠶᠠᠨ | ᠴᠤᠭᠯᠠᠭᠤᠯᠤᠨ᠎ᠠ᠃ | ︵ᠬᠤᠶᠠᠷ︶ ᠬᠤᠷᠠᠯ ᠤᠨ ᠶᠠᠪᠤᠳᠠᠯ ᠤᠨ ᠠᠵᠢᠯᠲᠠᠨ ᠬᠤᠷᠠᠯ ᠤᠨ ᠲᠠᠯᠠᠪᠠᠶ ᠶᠢ ᠤᠷᠢᠳᠴᠢᠯᠠᠨ ᠪᠠᠶᠢᠷᠢᠯᠠᠭᠤᠯᠵᠤ | ᠰᠠᠭᠤᠳᠠᠯ ᠤᠨ ᠲᠣᠬᠢᠷᠠᠭᠤᠯᠤᠯᠲᠠ ᠶᠢᠨ ᠪᠠᠶᠢᠳᠠᠯ ᠢ ᠪᠠᠶᠢᠴᠠᠭᠠᠨ ᠮᠢᠺᠷᠤᠹᠤᠨ᠂ ᠠᠭᠠᠷ ᠲᠣᠬᠢᠷᠠᠭᠤᠯᠤᠭᠴᠢ ᠪᠠ ᠣᠯᠠᠨ | ᠵᠠᠭᠤᠴᠢᠳᠤ ᠵᠡᠷᠭᠡ ᠲᠥᠬᠦᠭᠡᠷᠦᠮᠵᠢ ᠶᠢ ᠤᠭᠰᠠᠷᠠᠵᠤ ᠲᠤᠬᠢᠷᠠᠭᠤᠯᠤᠨ ᠲᠤᠷᠰᠢᠨ᠎ᠠ᠃ | ︵ᠭᠤᠷᠪᠠ︶ ᠬᠤᠷᠠᠯ ᠤᠨ ᠶᠠᠪᠤᠳᠠᠯ ᠤᠨ ᠠᠵᠢᠯᠲᠠᠨ ᠬᠠᠭᠠᠰ ᠴᠠᠭ ᠤᠨ ᠡᠮᠦᠨ᠎ᠡ ᠬᠤᠷᠠᠯ ᠤᠨ ᠲᠠᠯᠠᠪᠠᠶ ᠳᠤ | ᠬᠦᠷᠴᠦ ᠵᠣᠬᠢᠶᠠᠨ ᠪᠠᠶᠢᠭᠤᠯᠤᠨ ᠭᠠᠷ ᠤᠨ ᠥᠰᠥᠭ ᠵᠢᠷᠤᠭᠤᠯᠵᠤ ᠬᠤᠷᠠᠯ ᠤᠨ ᠭᠠᠷ ᠤᠨ ᠥᠰᠥᠭ ᠵᠢᠷᠤᠭᠰᠠᠨ | ᠬᠦᠰᠦᠨᠦᠭᠲᠦ ᠶᠢ ᠴᠠᠭ ᠲᠤᠬᠠᠶ ᠳᠤᠨᠢ ᠬᠤᠷᠠᠯ ᠡᠷᠬᠢᠯᠡᠭᠴᠢ ᠳᠤ ᠳᠡᠪᠰᠢᠬᠦᠯᠦᠨ ᠦᠵᠡᠭᠦᠯᠵᠤ ᠬᠤᠷᠠᠯ ᠤᠨ ᠳᠠᠷᠠᠭ᠎ᠠ | ᠲᠠᠩᠰᠠ ᠡᠪᠬᠡᠮᠡᠯ ᠳᠤ ᠣᠷᠣᠭᠤᠯᠤᠨ᠎ᠠ᠃ | ︵ᠳᠥᠷᠪᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ᠵᠥᠪᠯᠡᠬᠦ ᠰᠡᠳᠦᠪ ᠤᠨ | ᠬᠦᠨᠳᠦ ᠬᠥᠩᠭᠡᠨ ᠠᠯᠭᠤᠷ ᠪᠠᠴᠢᠮ᠂ ᠬᠤᠷᠠᠯ ᠳᠤ ᠣᠷᠣᠯᠴᠠᠭᠰᠠᠳ ᠤᠨ ᠣᠯᠠᠨ ᠴᠥᠭᠡᠨ ᠵᠡᠷᠭᠡ ᠶᠢ ᠦᠨᠳᠦᠰᠦᠯᠡᠨ | ᠵᠥᠪᠯᠡᠬᠦ ᠰᠡᠳᠦᠪ ᠤᠨ ᠨᠠᠷᠢᠨ ᠲᠠᠩᠰᠠ ᠵᠢᠴᠢ ᠵᠥᠪᠯᠡᠬᠦ ᠰᠡᠳᠦᠪ ᠤᠨ ᠲᠠᠰ ᠳᠠᠷᠠᠭᠠᠯᠠᠯ ᠢ ᠴᠠᠭ ᠲᠤᠬᠠᠶ ᠳᠤᠨᠢ | ᠵᠢᠭᠰᠠᠭᠠᠨ᠎ᠠ᠃ ᠡᠩ ᠤᠨ ᠪᠠᠶᠢᠳᠠᠯ ᠳᠤ ᠴᠢᠬᠤᠯᠠ ᠶᠡᠭᠡ ᠪᠠᠴᠢᠮ ᠲᠤᠯᠭᠠᠮ᠂ ᠬᠤᠷᠠᠯ ᠳᠤ ᠣᠷᠣᠯᠴᠠᠭᠰᠠᠳ ᠨᠡᠯᠢᠶᠡᠳ | ᠣᠯᠠᠨ ᠵᠥᠪᠯᠡᠬᠦ ᠰᠡᠳᠦᠪ ᠢ ᠡᠮᠦᠨ᠎ᠡ ᠨᠢ ᠵᠢᠭᠰᠠᠭᠠᠨ᠎ᠠ︔ ᠠᠳᠠᠯᠢ ᠲᠦᠷᠦᠯ ᠤᠨ ᠵᠥᠪᠯᠡᠬᠦ ᠰᠡᠳᠦᠪ᠂ ᠬᠤᠷᠠᠯ ᠳᠤ | ᠣᠷᠣᠯᠴᠠᠬᠤ ᠰᠠᠯᠠᠭ᠎ᠠ ᠮᠥᠴᠢᠷ ᠨᠢ ᠶᠡᠭᠡ ᠲᠥᠯᠥᠪ ᠠᠳᠠᠯᠢᠬᠠᠨ ᠵᠥᠪᠯᠡᠬᠦ ᠰᠡᠳᠦᠪ ᠢ ᠬᠠᠮᠲᠤ ᠳᠤᠨᠢ ᠲᠣᠬᠢᠷᠠᠭᠤᠯᠤᠨ᠎ᠠ᠃ | ᠬᠤᠷᠠᠯ ᠤᠨ ᠴᠠᠭ ᠢ ᠤᠷᠢᠳᠴᠢᠯᠠᠨ ᠵᠢᠱᠢᠵᠦ ᠬᠤᠷᠠᠯ ᠤᠨ ᠵᠥᠪᠯᠡᠬᠦ ᠰᠡᠳᠦᠪ ᠤᠨ ᠲᠤᠭ᠎ᠠ ᠶᠢ ᠵᠦᠢ ᠵᠣᠬᠢᠰᠲᠠᠶ | ᠲᠣᠬᠢᠷᠠᠭᠤᠯᠤᠨ᠎ᠠ᠃ | ︵ᠲᠠᠪᠤ︶ ᠬᠤᠷᠠᠯ ᠤᠨ ᠶᠠᠪᠤᠳᠠᠯ ᠤᠨ ᠠᠵᠢᠯᠲᠠᠨ ᠬᠤᠷᠠᠯ ᠤᠨ ᠲᠠᠯᠠᠪᠠᠶ ᠶᠢᠨ ᠦᠢᠯᠡᠴᠢᠯᠡᠭᠡ ᠪᠠᠨ | ᠴᠢᠩᠭᠠᠳᠬᠠᠨ ᠲᠤᠰᠬᠠᠶ ᠬᠥᠮᠦᠨ ᠲᠣᠮᠢᠯᠠᠨ ᠬᠤᠷᠠᠯ ᠤᠨ ᠲᠠᠯᠠᠪᠠᠶ ᠶᠢᠨ ᠳᠣᠲᠣᠨ᠎ᠠ ᠭᠠᠳᠠᠨᠠᠬᠢ ᠬᠠᠷᠢᠯᠴᠠᠬᠤ | ᠦᠢᠯᠡᠴᠢᠯᠡᠭᠡᠨ ᠤ ᠠᠵᠢᠯ ᠢ ᠬᠠᠷᠢᠭᠤᠴᠠᠭᠤᠯᠵᠤ᠂ ᠬᠤᠷᠠᠯ ᠳᠤ ᠣᠷᠣᠯᠴᠠᠭᠰᠠᠳ ᠢ ᠬᠥᠲᠥᠯᠦᠨ ᠵᠢᠯᠣᠭᠤᠳᠴᠤ | ᠪᠠᠶᠢᠭᠠᠳ ᠰᠠᠭᠤᠳᠠᠯ ᠳᠤ ᠰᠠᠭᠤᠯᠭᠠᠨ ᠰᠢᠷᠡᠭᠡᠨ ᠤ ᠱᠤᠰᠢᠭ᠎ᠠ ᠶᠢ ᠰᠣᠯᠢᠭᠤᠯᠬᠤ ᠶᠢᠨ ᠬᠠᠮᠲᠤ ᠤᠳᠤᠷᠢᠳᠤᠯᠭ᠎ᠠ ᠶᠢᠨ | ᠲᠦᠷ ᠲᠤᠰᠢᠶᠠᠭᠰᠠᠨ ᠤᠴᠢᠷ ᠶᠠᠪᠤᠳᠠᠯ ᠢ ᠬᠦᠢᠴᠡᠳᠭᠡᠨ᠎ᠡ᠃ | ︵ᠵᠢᠷᠭᠤᠭ᠎ᠠ︶ ᠡᠩ ᠤᠨ ᠪᠠᠶᠢᠳᠠᠯ ᠳᠤ ᠬᠤᠷᠠᠯ ᠤᠨ ᠮᠠᠲ᠋ᠧᠷᠢᠶᠠᠯ ᠢ ᠬᠤᠷᠠᠯ ᠤᠨ ᠲᠠᠷᠠᠭ᠎ᠠ ᠨᠢᠭᠡᠳᠦᠯᠲᠡᠶ ᠪᠠᠷ | ᠬᠤᠷᠢᠶᠠᠵᠤ ᠠᠪᠤᠨ᠎ᠠ᠃ ᠨᠢᠭᠤᠴᠠ ᠶᠢᠨ ᠲᠠᠰ ᠢ ᠲᠣᠳᠣᠷᠬᠠᠶᠢᠯᠠᠭᠰᠠᠨ ᠪᠤᠶᠤ ᠬᠤᠷᠠᠯ ᠡᠷᠬᠢᠯᠡᠭᠴᠢ ᠠᠴᠠ ᠭᠠᠳᠠᠭᠰᠢ | ᠢᠯᠡ ᠪᠣᠯᠭᠠᠬᠤ ᠳᠤ ᠲᠣᠬᠢᠷᠠᠮᠵᠢ ᠥᠬᠡᠶ ᠭᠡᠵᠦ ᠦᠵᠡᠭᠰᠡᠨ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ | ᠬᠠᠷᠭᠤᠭᠤᠯᠵᠤ ᠲᠤᠬᠠᠶ ᠶᠢᠨ ᠲᠠᠯᠠᠪᠤᠷ ᠲᠤᠨᠢ ᠬᠤᠷᠢᠶᠠᠨ ᠠᠪᠤᠨ᠎ᠠ᠃ | ᠠᠷᠪᠠ ᠶᠢᠰᠦᠳᠦᠭᠡᠷ ᠵᠤᠷᠪᠤᠰ ᠬᠤᠷᠠᠯ ᠳᠤ ᠣᠷᠣᠯᠴᠠᠭᠰᠠᠳ ᠡᠷᠬᠡᠪᠰᠢ ᠱᠠᠭᠠᠷᠳᠠᠯᠭ᠎ᠠ ᠶᠣᠰᠣᠭᠠᠷ ᠬᠤᠷᠠᠯ ᠳᠤ | ᠣᠷᠣᠯᠴᠠᠵᠤ ᠡᠩ ᠤᠨ ᠪᠠᠶᠢᠳᠠᠯ ᠳᠤ ᠴᠢᠯᠥᠭᠡ ᠭᠤᠶᠤᠵᠤ ᠪᠣᠯᠬᠤ ᠥᠬᠡᠶ᠂ ᠦᠨᠡᠬᠡᠷ ᠤᠨᠴᠠᠭᠠᠢ ᠪᠠᠶᠢᠳᠠᠯ ᠲᠠᠢ ᠪᠠᠶᠢᠵᠤ | ᠬᠤᠷᠠᠯ ᠳᠤ ᠣᠷᠣᠯᠴᠠᠵᠤ ᠳᠡᠶᠢᠯᠬᠦ ᠥᠬᠡᠶ ᠪᠣᠯ ᠬᠤᠷᠠᠯ ᠡᠷᠬᠢᠯᠡᠭᠴᠢ ᠠᠴᠠ ᠴᠢᠯᠥᠭᠡ ᠭᠤᠶᠤᠨ᠎ᠠ᠃ ᠪᠠᠶᠢᠩᠭᠤ ᠶᠢᠨ | ᠬᠤᠷᠠᠯ ᠳᠤ ᠰᠤᠯᠠ ᠣᠷᠣᠯᠴᠠᠬᠤ ᠳᠤ ᠴᠥᠮ ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠢ | ᠣᠷᠣᠯᠴᠠᠭᠤᠯᠬᠤ ᠪᠠᠷ ᠱᠠᠭᠠᠷᠳᠠᠨ᠎ᠠ᠃ ᠦᠨᠡᠬᠡᠷ ᠣᠨᠴᠠᠭᠠᠶ ᠪᠠᠶᠢᠳᠠᠯ ᠲᠠᠢ ᠪᠠᠶᠢᠵᠤ ᠣᠷᠣᠯᠴᠠᠵᠤ ᠳᠡᠶᠢᠯᠬᠦ ᠥᠬᠡᠶ ᠪᠣᠯ | ᠬᠤᠷᠠᠯ ᠡᠷᠭᠢᠯᠡᠭᠴᠢ ᠶᠢᠨ ᠵᠥᠪᠰᠢᠶᠡᠷᠡᠯ ᠢ ᠤᠷᠢᠳᠴᠢᠯᠠᠨ ᠤᠯᠬᠤ ᠶᠢᠨ ᠬᠠᠮᠲᠤ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠲᠤ ᠪᠢᠴᠢᠭ ᠤᠨ ᠬᠡᠯᠪᠡᠷᠢ ᠶᠢᠨ ᠴᠢᠯᠥᠭᠡ ᠭᠤᠶᠤᠬᠤ ᠭᠠᠷ ᠬᠦᠢᠴᠡᠳᠬᠡᠯ ᠢ | ᠬᠦᠢᠴᠡᠳᠭᠡᠭᠰᠡᠨ ᠤ ᠳᠠᠷᠠᠭ᠎ᠠ ᠪᠠᠶᠢᠳᠠᠯ ᠢ ᠰᠠᠶᠢᠨ ᠤᠶᠢᠯᠠᠭᠠᠳᠠᠭ ᠨᠢᠭᠡ ᠳᠡᠳ᠋ ᠲᠤᠰᠢᠶᠠᠯ ᠲᠠᠢ ᠤᠳᠤᠷᠢᠳᠤᠯᠭ᠎ᠠ ᠶᠢ | ᠲᠤᠭᠲᠠᠭᠠᠵᠤ ᠬᠤᠷᠠᠯ ᠳᠤ ᠣᠷᠣᠯᠴᠠᠭᠤᠯᠤᠨ᠎ᠠ᠂ ᠡᠩ ᠤᠨ ᠪᠠᠶᠢᠳᠠᠯ ᠳᠤ ᠰᠠᠯᠠᠭ᠎ᠠ ᠲᠠᠰᠤᠭ ᠤᠨ ᠬᠠᠷᠢᠭᠤᠴᠠᠯᠭᠠᠲᠠᠨ | ᠪᠠ ᠡᠩ ᠤᠨ ᠠᠵᠢᠯᠲᠠᠨ ᠪᠠᠶᠢᠩᠭᠤ ᠶᠢᠨ ᠬᠤᠷᠠᠯ ᠳᠤ ᠣᠷᠣᠯᠴᠠᠬᠤ ᠶᠢ ᠵᠥᠪᠰᠢᠶᠡᠷᠡᠬᠦ ᠥᠬᠡᠶ᠃ | ᠬᠤᠷᠢᠳᠤᠭᠠᠷ ᠵᠤᠷᠪᠤᠰ ᠪᠠᠶᠢᠩᠭᠤ ᠶᠢᠨ ᠬᠤᠷᠠᠯ ᠳᠤ ᠣᠷᠣᠯᠴᠠᠬᠤ ᠪᠠ ᠰᠤᠯᠠ ᠣᠷᠣᠯᠴᠠᠬᠤ ᠬᠥᠮᠦᠰ | ᠡᠷᠬᠡᠪᠰᠢ ᠠᠷᠪᠠᠨ ᠲᠠᠪᠤᠨ ᠮᠢᠨᠦ᠋ᠲ ᠤᠨ ᠡᠮᠦᠨ᠎ᠡ ᠲᠤᠬᠠᠶ ᠶᠢᠨ ᠲᠠᠯᠠᠪᠤᠷ ᠲᠤ ᠬᠦᠷᠬᠦ ᠶᠢᠨ ᠬᠠᠮᠲᠤ ᠵᠢᠭᠠᠨ | ᠲᠣᠭᠲᠠᠭᠠᠭᠰᠠᠨ ᠰᠠᠭᠤᠳᠠᠯ ᠳᠤ ᠰᠠᠭᠤᠬᠤ ᠬᠡᠷᠡᠭᠲᠡᠶ᠃ ᠬᠤᠷᠠᠯ ᠳᠤ ᠣᠷᠣᠯᠴᠠᠭᠰᠠᠳ ᠠᠩᠬᠠᠷᠤᠯ ᠢᠶᠠᠨ | ᠲᠥᠪᠯᠡᠷᠡᠭᠦᠯᠦᠨ ᠬᠤᠷᠠᠯ ᠢ ᠰᠠᠶᠢᠲᠤᠷ ᠬᠢᠵᠤ ᠡᠩ ᠤᠨ ᠪᠠᠶᠢᠳᠠᠯ ᠳᠤ ᠵᠣᠴᠢᠨ ᠲᠠᠢ ᠠᠭᠤᠯᠵᠠᠬᠤ ᠦᠭᠡᠢ᠂ ᠪᠤᠰᠤᠳ | ᠠᠯᠪᠠᠨ ᠶᠠᠪᠤᠳᠠᠯ ᠢ ᠭᠦᠢᠴᠡᠳᠬᠡᠬᠦ ᠦᠭᠡᠢ᠂ ᠬᠤᠷᠠᠯ ᠤᠨ ᠲᠠᠯᠠᠪᠠᠢ ᠠᠴᠠ ᠳᠤᠷ᠎ᠠ ᠪᠠᠷ ᠢᠶᠠᠨ ᠤᠷᠳᠤ ᠬᠤᠭᠤᠴᠠᠭ᠎ᠠ ᠪᠠᠷ | ᠰᠠᠯᠵᠤ ᠪᠣᠯᠬᠤ ᠦᠭᠡᠢ᠃ ᠬᠤᠷᠠᠯ ᠤᠨ ᠲᠠᠯᠠᠪᠠᠢ ᠳᠤ ᠲᠠᠮᠠᠬᠢ ᠲᠠᠲᠠᠬᠤ ᠪᠠ ᠴᠢᠮᠡᠭᠡ ᠬᠤᠯᠪᠣᠭᠠᠨ ᠤ ᠪᠠᠭᠠᠵᠢ | ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃ | ᠬᠤᠷᠢᠨ ᠨᠢᠭᠡᠳᠦᠭᠡᠷ ᠵᠤᠷᠪᠤᠰ ᠬᠤᠷᠠᠯ ᠢ ᠵᠥᠪᠯᠡᠬᠦ ᠰᠡᠳᠦᠪ ᠤᠨ ᠲᠡᠰ ᠳᠠᠷᠠᠭᠠᠯᠠᠯ ᠢᠶᠠᠷ ᠶᠠᠪᠤᠭᠳᠠᠭᠤᠯᠤᠨ᠎ᠠ᠂ | ᠣᠳᠣᠬᠠᠨ ᠤ ᠵᠥᠪᠯᠡᠬᠦ ᠰᠡᠳᠦᠪ ᠲᠤ ᠣᠷᠣᠯᠴᠠᠬᠤ ᠦᠭᠡᠢ ᠰᠤᠯᠠ ᠣᠷᠣᠯᠴᠠᠭᠰᠠᠳ ᠠᠮᠠᠷᠠᠯᠲᠠ ᠶᠢᠨ ᠭᠡᠷ ᠲᠤ | ᠨᠢᠭᠡᠳᠦᠯᠲᠡᠶ ᠬᠦᠯᠢᠶᠡᠵᠤ ᠬᠤᠷᠠᠯ ᠤᠨ ᠲᠠᠯᠠᠪᠠᠢ ᠶᠢᠨ ᠡᠷᠬᠢᠨ ᠲᠣᠭᠤᠷᠢᠨ ᠳᠤ ᠳᠤᠷ᠎ᠠ ᠪᠠᠷ ᠢᠶᠠᠨ ᠡᠷᠬᠢᠴᠡᠵᠤ | ᠦᠢᠮᠡᠯᠳᠦᠨ ᠱᠤᠤᠭᠢᠯᠳᠤᠵᠤ ᠪᠣᠯᠬᠤ ᠦᠭᠡᠢ᠃ | ᠬᠤᠷᠢᠨ ᠬᠤᠶᠠᠳᠤᠭᠠᠷ ᠵᠤᠷᠪᠤᠰ ᠬᠤᠷᠠᠯ ᠤᠨ ᠬᠤᠭᠤᠴᠠᠭᠠᠨ ᠳᠤ ᠬᠤᠯᠪᠣᠭᠳᠠᠯ ᠦᠭᠡᠢ ᠬᠥᠮᠦᠰ ᠤᠨ | ᠣᠷᠣᠬᠤ ᠶᠢ ᠬᠤᠷᠢᠭᠯᠠᠨ᠎ᠠ᠃ ᠪᠠᠴᠢᠮ ᠪᠢᠴᠢᠭ ᠮᠠᠲ᠋ᠧᠷᠢᠶᠠᠯ ᠪᠤᠶᠤ ᠪᠠᠴᠢᠮ ᠪᠠᠶᠢᠳᠠᠯ ᠲᠠᠢ ᠪᠣᠯᠣᠭᠠᠳ ᠬᠤᠷᠠᠯ ᠳᠤ | ᠣᠷᠣᠯᠴᠠᠭᠰᠠᠨ ᠤᠳᠤᠷᠢᠳᠤᠯᠭ᠎ᠠ ᠠᠴᠠ ᠵᠢᠭᠠᠪᠤᠷᠢ ᠠᠪᠬᠤ ᠴᠢᠬᠤᠯᠠᠲᠠᠶ ᠪᠠᠶᠢᠪᠠᠯ ᠪᠢᠴᠢᠭ ᠮᠠᠲ᠋ᠧᠷᠢᠶᠠᠯ ᠬᠦᠷᠭᠡᠭᠴᠢ ᠪᠠᠷ | ᠳᠠᠮᠵᠢᠭᠤᠯᠤᠨ ᠬᠤᠷᠠᠯ ᠤᠨ ᠠᠵᠢᠯᠳᠠᠨ ᠳᠤ ᠪᠠᠶᠢᠳᠠᠯ ᠢ ᠲᠣᠳᠣᠷᠬᠠᠶᠢᠯᠠᠭᠰᠠᠨ ᠤ ᠲᠠᠷᠠᠭ᠎ᠠ ᠬᠤᠷᠠᠯ ᠤᠨ ᠶᠠᠪᠤᠳᠠᠯ ᠤᠨ | ᠠᠵᠢᠯᠳᠠᠨ ᠢᠶᠠᠷ ᠣᠷᠣᠯᠠᠨ ᠬᠦᠷᠭᠡᠬᠦ ᠪᠤᠶᠤ ᠳᠠᠮᠵᠢᠭᠤᠯᠵᠤ ᠥᠭᠭᠦᠨ᠎ᠡ᠃ ᠵᠥᠪᠰᠢᠶᠡᠷᠡᠯ ᠦᠭᠡᠢ ᠪᠠᠷ ᠶᠠᠮᠠᠷᠪᠠ | ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠬᠤᠷᠠᠯ ᠳᠡᠭᠡᠷ᠎ᠡ ᠪᠢᠴᠢᠭ ᠮᠠᠲ᠋ᠧᠷᠢᠶᠠᠯ ᠢ ᠬᠤᠪᠢᠶᠠᠨ ᠲᠠᠷᠬᠠᠭᠠᠵᠤ ᠪᠣᠯᠬᠤ | ᠦᠭᠡᠢ᠃ | ᠬᠤᠷᠢᠨ ᠭᠤᠷᠪᠠᠳᠤᠭᠠᠷ ᠵᠤᠷᠪᠤᠰ ᠰᠤᠯᠠ ᠣᠷᠣᠯᠴᠠᠭᠰᠠᠳ ᠬᠤᠷᠠᠯ ᠤᠨ ᠮᠠᠲ᠋ᠧᠷᠢᠶᠠᠯ ᠢ ᠬᠢᠨᠠᠮᠠᠭᠠᠶ | ᠰᠤᠳᠤᠯᠤᠨ ᠤᠩᠰᠢᠵᠤ ᠵᠥᠪᠯᠡᠬᠦ ᠰᠡᠳᠦᠪ ᠤᠨ ᠲᠤᠰ ᠪᠠᠶᠢᠭᠤᠯᠭ᠎ᠠ ᠨᠢᠭᠡᠴᠢ ᠳᠤ ᠬᠤᠯᠪᠣᠭᠳᠠᠬᠤ ᠵᠦᠢᠯ ᠢ ᠣᠶᠢᠯᠠᠭᠠᠬᠤ | ᠶᠢᠨ ᠬᠠᠮᠲᠤ ᠪᠣᠳᠠᠲᠠᠶ ᠰᠠᠨᠠᠯ ᠢᠶᠠᠨ ᠳᠤᠷᠠᠳᠤᠨ᠎ᠠ᠃ ᠬᠤᠷᠠᠯ ᠳᠡᠭᠡᠷ᠎ᠡ ᠳᠤᠷᠠᠳᠤᠭᠰᠠᠨ ᠰᠠᠨᠠᠯ ᠨᠢ ᠲᠤᠰ ᠪᠠᠶᠢᠭᠤᠯᠭ᠎ᠠ | ᠨᠢᠭᠡᠴᠢ ᠶᠢᠨ ᠤᠤᠯ ᠤᠨ ᠰᠠᠨᠠᠯ ᠬᠤᠷᠢᠶᠠᠬᠤ ᠦᠶ᠎ᠡ ᠶᠢᠨ ᠰᠠᠨᠠᠯ ᠲᠠᠢ ᠨᠢᠭᠡᠳᠦᠯ ᠦᠭᠡᠢ ᠪᠠᠶᠢᠪᠠᠯ ᠤᠴᠢᠷ | ᠰᠢᠯᠲᠠᠭᠠᠨ ᠢᠶᠠᠨ ᠭᠦᠢᠴᠡᠳ ᠲᠣᠳᠣᠷᠬᠠᠶᠢᠯᠠᠨ᠎ᠠ᠃ | ᠬᠤᠷᠢᠨ ᠳᠥᠷᠪᠡᠳᠦᠭᠡᠷ ᠵᠤᠷᠪᠤᠰ ᠬᠤᠷᠠᠯ ᠳᠤ ᠣᠷᠣᠯᠴᠠᠭᠰᠠᠳ ᠨᠢᠭᠤᠴᠠ ᠶᠢ ᠬᠠᠮᠠᠭᠠᠯᠠᠬᠤ ᠰᠠᠬᠢᠯᠭ᠎ᠠ | ᠪᠠᠲᠤ ᠶᠢ ᠤᠬᠠᠮᠰᠠᠷ ᠠᠴᠠ ᠪᠠᠨ ᠰᠠᠬᠢᠵᠤ ᠵᠥᠪᠰᠢᠶᠡᠷᠡᠯ ᠦᠭᠡᠢ ᠪᠠᠷ ᠬᠤᠷᠠᠯ ᠤᠨ ᠠᠭᠤᠯᠭ᠎ᠠ ᠶᠢ ᠳᠤᠷ᠎ᠠ ᠪᠠᠷ ᠢᠶᠠᠨ | ᠤᠯᠠᠮᠵᠢᠯᠠᠨ ᠲᠠᠷᠬᠠᠭᠠᠵᠤ ᠪᠣᠯᠬᠤ ᠦᠭᠡᠢ᠃ | ᠬᠤᠷᠢᠨ ᠲᠠᠪᠤᠳᠤᠭᠠᠷ ᠵᠤᠷᠪᠤᠰ ᠱᠠᠭᠠᠷᠳᠠᠯᠭ᠎ᠠ ᠶᠣᠰᠣᠭᠠᠷ ᠬᠤᠷᠠᠯ ᠳᠤ ᠣᠷᠣᠯᠴᠠᠭᠰᠠᠨ ᠥᠭᠡᠢ᠂ ᠬᠠᠮᠢᠶ᠎ᠠ | ᠪᠥᠬᠦᠢ ᠬᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠳ ᠢ ᠵᠠᠷᠯᠠᠨ ᠰᠢᠭᠦᠮᠵᠢᠯᠡᠬᠦ ᠶᠢᠨ ᠬᠠᠮᠲᠤ ᠥᠢᠯᠡ ᠪᠠᠶᠢᠳᠠᠯ ᠤᠨ | ᠬᠦᠨᠳᠦ ᠨᠣᠴᠢᠲᠠᠶ ᠬᠡᠮᠵᠢᠶ᠎ᠡ ᠶᠢ ᠨᠢ ᠦᠵᠡᠵᠦ ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠪᠢᠴᠢᠭ | ᠤᠨ ᠬᠡᠯᠪᠡᠷᠢ ᠶᠢᠨ ᠪᠠᠶᠢᠴᠠᠭᠠᠯᠲᠠ ᠬᠢᠯᠭᠡᠨ᠎ᠡ᠃ | ᠬᠤᠷᠢᠨ ᠵᠢᠷᠭᠤᠳᠤᠭᠠᠷ ᠵᠤᠷᠪᠤᠰ ᠪᠠᠶᠢᠩᠭᠤ ᠶᠢᠨ ᠬᠤᠷᠠᠯ ᠨᠢ ᠠᠷᠠᠳᠴᠢᠯᠠᠯ ᠲᠥᠪᠯᠡᠷᠡᠯ ᠤᠨ ᠶᠣᠰᠣᠨ ᠤ | ᠵᠠᠷᠴᠢᠮ ᠢ ᠭᠦᠢᠴᠡᠳ ᠪᠠᠳᠠᠷᠠᠭᠤᠯᠣᠨ ᠬᠤᠷᠠᠯ ᠡᠷᠬᠢᠯᠡᠭᠴᠢ ᠠᠴᠠ ︽ᠬᠠᠮᠤᠭ ᠰᠡᠭᠦᠯ ᠳᠤ ᠣᠪᠣᠷ ᠢᠶᠠᠨ ᠢᠯᠡᠳᠬᠡᠬᠦ | ᠲᠦᠷᠢᠮ︾ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ | ᠰᠣᠨᠣᠰᠤᠭᠰᠠᠨ ᠰᠠᠭᠤᠷᠢᠨ ᠳᠡᠭᠡᠷ᠎ᠡ ᠬᠢᠨᠠᠨ ᠶᠠᠷᠢᠯᠴᠠᠬᠤ ᠰᠡᠳᠦᠪ ᠢ ᠪᠠᠲᠤᠯᠠᠬᠤ᠂ ᠵᠠᠷᠴᠢᠮ ᠳᠡᠭᠡᠷ᠎ᠡ ᠪᠠᠨ ᠪᠠᠲᠤᠯᠠᠬᠤ᠂ | ᠦᠯᠦ ᠪᠠᠲᠤᠯᠠᠬᠤ ᠪᠤᠶᠤ ᠪᠤᠰᠤᠳ ᠲᠣᠭᠲᠠᠭᠠᠯ ᠭᠠᠷᠭᠠᠬᠤ ᠬᠡᠷᠡᠭᠲᠡᠶ᠃ ︽ᠭᠤᠷᠪᠠᠨ ᠴᠢᠬᠤᠯᠠ ᠨᠢᠭᠡ ᠶᠡᠭᠡ︾ ᠳᠤ | ᠬᠤᠯᠪᠣᠭᠳᠠᠬᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠬᠦ | ᠴᠢᠬᠤᠯᠠᠲᠠᠶ ᠵᠦᠢᠯᠡᠰ ᠢ ᠲᠣᠭᠲᠠᠭᠠᠯ ᠶᠣᠰᠣᠭᠠᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ | ᠳᠡᠪᠰᠢᠭᠦᠯᠦᠨ᠎ᠡ᠃ | ᠬᠤᠷᠢᠨ ᠳᠣᠯᠣᠳᠤᠭᠠᠷ ᠵᠤᠷᠪᠤᠰ ᠬᠤᠷᠠᠯ ᠠᠴᠠ ᠭᠠᠷᠭᠠᠭᠰᠠᠨ ᠵᠢᠩᠬᠢᠨᠢ ᠲᠣᠭᠲᠠᠭᠠᠯ ᠪᠠ ᠤᠯᠠᠮᠵᠢᠯᠠᠬᠤ | ᠴᠢᠬᠤᠯᠠᠲᠠᠶ ᠵᠦᠢᠯᠡᠰ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠲᠣᠪᠴᠢ | ᠲᠡᠮᠳᠡᠭᠯᠡᠯ ᠢᠶᠠᠷ ᠪᠠᠷᠢᠮᠵᠢᠶ᠎ᠠ ᠪᠣᠯᠭᠠᠨ᠎ᠠ᠃ ᠲᠣᠪᠴᠢ ᠲᠡᠮᠳᠡᠭᠯᠡᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠡᠬᠡ ᠨᠣᠤᠷᠠᠭ ᠢ ᠲᠤᠭᠤᠷᠪᠢᠵᠤ ᠬᠤᠰᠢᠭᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠳᠡᠳ᠋ ᠡᠷᠬᠢᠯᠡᠭᠴᠢ᠂ ᠡᠷᠬᠢᠯᠡᠭᠴᠢ ᠳᠤ ᠮᠡᠳᠡᠭᠦᠯᠵᠦ ᠬᠢᠨᠠᠭᠤᠯᠤᠭᠰᠠᠨ ᠤ | ᠳᠠᠷᠠᠭ᠎ᠠ ᠬᠤᠰᠢᠭᠤ ᠡᠯ᠎ᠡ ᠳᠡᠳ᠋ ᠳᠠᠷᠤᠭ᠎ᠠ ᠳᠤ ᠳᠡᠪᠰᠢᠭᠦᠯᠵᠦ ᠭᠠᠷ ᠤᠨ ᠥᠰᠥᠭ ᠵᠢᠷᠤᠭᠤᠯᠤᠨ ᠬᠠᠮᠤᠭ ᠡᠴᠦᠰ ᠲᠤ | ᠬᠤᠰᠢᠭᠤ ᠳᠠᠷᠤᠭ᠎ᠠ ᠪᠤᠶᠤ ᠬᠤᠰᠢᠭᠤ ᠳᠠᠷᠤᠭ᠎ᠠ ᠠᠴᠠ ᠬᠤᠰᠢᠭᠤ ᠪᠠᠶᠢᠩᠭᠤ ᠶᠢᠨ ᠳᠡᠳ᠋ ᠳᠠᠷᠤᠭ᠎ᠠ ᠳᠤ ᠨᠠᠶᠢᠳᠠᠨ | ᠭᠠᠷ ᠤᠨ ᠥᠰᠥᠭ ᠵᠢᠷᠤᠭᠤᠯᠬᠤ ᠬᠡᠷᠡᠭᠲᠡᠶ᠃ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠵᠥᠪᠯᠡᠬᠦ | ᠰᠡᠳᠦᠪ ᠤᠨ ᠲᠣᠪᠴᠢ ᠲᠡᠮᠳᠡᠭᠯᠡᠯ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠭᠠᠷ ᠤᠨ ᠥᠰᠥᠭ ᠵᠢᠷᠤᠭᠤᠯᠬᠤ | ᠬᠡᠷᠡᠭᠲᠡᠶ᠃ ᠲᠣᠪᠴᠢ ᠲᠡᠮᠳᠡᠭᠯᠡᠯ ᠢ ᠶᠡᠷᠦ ᠳᠡᠭᠡᠨ ᠬᠤᠷᠠᠯ ᠤᠨ ᠳᠠᠷᠠᠭᠠᠬᠢ ᠨᠢᠭᠡ ᠭᠠᠷᠠᠭ ᠤᠨ ᠳᠣᠲᠣᠷ᠎ᠠ ᠳᠠᠷᠤᠮᠠᠯᠯᠠᠨ | ᠲᠠᠷᠬᠠᠭᠠᠨ᠎ᠠ᠃ | ᠬᠤᠷᠢᠨ ᠨᠠᠢᠮᠠᠳᠣᠭᠠᠷ ᠵᠤᠷᠪᠤᠰ ᠬᠤᠷᠠᠯ ᠤᠨ ᠲᠡᠮᠳᠡᠭᠯᠡᠯ ᠤᠨ ᠠᠵᠢᠯ ᠢ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠬᠠᠷᠢᠭᠤᠴᠠᠵᠤ᠂ ᠬᠤᠷᠠᠯ ᠤᠨ ᠲᠡᠮᠳᠡᠭᠯᠡᠯ ᠢ ᠤᠤᠯ | ᠦᠭᠡ ᠪᠠᠷ ᠨᠢ ᠳᠡᠮᠳᠡᠭᠯᠡᠬᠦ ᠪᠦᠬᠡᠳ ᠡᠮᠬᠢ ᠵᠢᠷᠤᠮ ᠲᠠᠢ ᠲᠣᠳᠣᠷᠬᠠᠶ᠂ ᠵᠦᠪ ᠣᠨᠣᠪᠴᠢᠲᠠᠶ᠂ ᠦᠨᠡᠨ ᠪᠣᠳᠠᠲᠠᠶ᠂ | ᠪᠦᠷᠢᠨ ᠪᠦᠲᠦᠨ ᠪᠠᠶᠢᠬᠤ ᠭᠡᠷᠡᠭᠲᠡᠢ᠃ ᠬᠤᠷᠠᠯ ᠤᠨ ᠵᠥᠪᠯᠡᠬᠦ ᠵᠦᠢᠯ ᠠᠴᠠ ᠭᠠᠳᠠᠨᠠᠬᠢ ᠵᠥᠪᠯᠡᠨ ᠲᠣᠭᠲᠠᠭᠠᠭᠰᠠᠨ | ᠵᠦᠢᠯᠡᠰ ᠢ ᠴᠦ ᠨᠠᠷᠢᠨ ᠬᠢᠨᠠᠮᠠᠭᠠᠶ ᠲᠡᠮᠳᠡᠭᠯᠡᠵᠦ ᠣᠷᠬᠢᠭᠳᠠᠭᠤᠯᠵᠤ ᠪᠣᠯᠬᠤ ᠦᠭᠡᠢ᠃ | ᠬᠤᠷᠢ ᠶᠢᠰᠦᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠶᠡᠷᠦᠩᠬᠡᠶᠢᠯᠡᠭᠰᠡᠨ ᠲᠠᠰᠤᠭ ᠨᠢ ᠬᠤᠷᠠᠯ ᠤᠨ ᠲᠠᠭᠤ ᠰᠢᠩᠭᠡᠭᠡᠬᠦ ᠪᠤᠶᠤ ᠬᠡᠷᠡᠯ ᠵᠢᠷᠤᠭ ᠠᠪᠬᠤ ᠶᠢᠨ ᠬᠠᠮᠲᠤ | ᠬᠠᠳᠠᠭᠠᠯᠠᠬᠤ ᠠᠵᠢᠯ ᠢ ᠬᠠᠷᠢᠭᠤᠴᠠᠨ᠎ᠠ᠃ | ᠭᠤᠴᠢᠳᠤᠭᠠᠷ ᠵᠤᠷᠪᠤᠰ ᠪᠠᠶᠢᠩᠭᠤ ᠶᠢᠨ ᠬᠤᠷᠠᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠬᠤᠰᠢᠭᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠴᠤᠭᠯᠠᠭᠤᠯᠵᠤ᠂ ᠡᠮᠬᠢᠯᠡᠵᠦ᠂ ᠲᠠᠩᠰᠠ | ᠡᠪᠬᠡᠮᠡᠯ ᠳᠤ ᠣᠷᠣᠭᠤᠯᠬᠤ ᠶᠢ ᠬᠠᠷᠢᠭᠤᠴᠠᠨ᠎ᠠ᠃ ᠡᠭᠦᠨ ᠳᠤ ᠵᠥᠪᠰᠢᠶᠡᠷᠡᠨ ᠬᠦᠢᠴᠡᠳᠬᠡᠬᠦ ᠬᠠᠭᠤᠳᠠᠰᠤ᠂ ᠬᠤᠷᠠᠯ ᠤᠨ | ᠮᠡᠳᠡᠭᠳᠡᠯ᠂ ᠭᠠᠷ ᠤᠨ ᠥᠰᠥᠭ ᠵᠢᠷᠤᠭᠰᠠᠨ ᠬᠠᠭᠤᠳᠠᠰᠤ᠂ ᠬᠠᠷᠢᠭᠤ ᠮᠡᠳᠡᠭᠦᠯᠦᠯᠲᠡ ᠪᠠ ᠲᠣᠳᠣᠷᠬᠠᠶᠢᠯᠠᠯᠲᠠ ᠶᠢᠨ | ᠮᠠᠲ᠋ᠧᠷᠢᠶᠠᠯ᠂ ᠬᠤᠷᠠᠯ ᠤᠨ ᠲᠡᠮᠳᠡᠭᠯᠡᠯ ᠪᠠ ᠲᠣᠪᠴᠢ ᠲᠡᠮᠳᠡᠭᠯᠡᠯ ᠤᠨ ᠡᠬᠡ ᠨᠣᠤᠷᠠᠭ ᠵᠢᠴᠢ ᠳᠠᠷᠤᠮᠠᠯᠯᠠᠭᠰᠠᠨ | ᠮᠠᠲ᠋ᠧᠷᠢᠶᠠᠯ᠂ ᠬᠤᠯᠪᠣᠭᠳᠠᠯ ᠪᠥᠬᠦᠶ ᠴᠣᠬᠤᠯᠠᠪᠤᠷᠢ᠂ ᠬᠤᠷᠠᠯ ᠤᠨ ᠲᠠᠭᠤ ᠰᠢᠩᠭᠡᠭᠡᠯᠲᠡ ᠵᠡᠷᠭᠡ ᠶᠢ ᠪᠦᠷᠢᠨ | ᠴᠤᠭᠯᠠᠭᠤᠯᠵᠤ ᠴᠠᠭ ᠲᠤᠬᠠᠶ ᠳᠤᠨᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠠᠩᠰᠠ | ᠡᠪᠬᠡᠮᠡᠯ ᠤᠨ ᠲᠠᠰᠤᠭ ᠲᠤ ᠰᠢᠯᠵᠢᠭᠦᠯᠦᠨ ᠲᠤᠰᠢᠶᠠᠵᠤ ᠲᠠᠩᠰᠠ ᠡᠪᠬᠡᠮᠡᠯ ᠳᠤ ᠣᠷᠣᠭᠤᠯᠤᠨ᠎ᠠ᠃ | ᠭᠤᠴᠢᠨ ᠨᠢᠭᠡᠳᠦᠭᠡᠷ ᠵᠤᠷᠪᠤᠰ ᠪᠠᠶᠢᠩᠭᠤ ᠶᠢᠨ ᠬᠤᠷᠠᠯ ᠠᠴᠠ ᠲᠣᠭᠲᠠᠭᠠᠭᠰᠠᠨ ᠵᠦᠢᠯᠡᠰ ᠢ ᠢᠯᠡ | ᠪᠣᠯᠭᠠᠬᠤ ᠳᠤ ᠲᠣᠬᠢᠷᠠᠮᠵᠢ ᠦᠭᠡᠢ ᠠᠴᠠ ᠪᠤᠰᠤᠳ ᠢ ᠨᠢ ᠴᠠᠭ ᠲᠤᠬᠠᠶ ᠳᠤᠨᠢ ᠮᠡᠳᠡᠭᠡᠯᠡᠵᠦ ᠢᠯᠡ ᠪᠣᠯᠭᠠᠨ᠎ᠠ᠃ | ᠭᠤᠴᠢᠨ ᠬᠤᠶᠠᠳᠤᠭᠠᠷ ᠵᠤᠷᠪᠤᠰ ᠪᠠᠶᠢᠩᠭᠤ ᠶᠢᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠬᠠᠮᠢᠶ᠎ᠠ ᠪᠥᠬᠦᠶ | ᠰᠠᠯᠠᠭ᠎ᠠ ᠮᠥᠴᠢᠷ᠂ ᠰᠤᠮᠤ ᠪᠠᠯᠭᠠᠰᠤ ᠠᠴᠠ ᠬᠦᠢᠴᠡᠳᠬᠡᠨ ᠨᠠᠶᠢᠳᠠᠪᠤᠷᠢᠵᠢᠭᠤᠯᠵᠤ ᠬᠤᠰᠢᠭᠤ ᠠᠷᠠᠳ ᠤᠨ ᠵᠠᠰᠠᠭ ᠤᠨ | ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠠᠴᠠ ᠬᠠᠷᠢᠭᠤᠴᠠᠨ ᠱᠠᠭᠠᠷᠳᠠᠨ ᠬᠦᠢᠴᠡᠳᠬᠡᠬᠦ ᠶᠢᠨ ᠬᠠᠮᠲᠤ | ᠭᠦᠢᠴᠡᠳᠭᠡᠭᠰᠡᠨ ᠪᠠᠶᠢᠳᠠᠯ ᠢᠶᠠᠨ ᠴᠠᠭ ᠲᠤᠬᠠᠶ ᠳᠤᠨᠢ ᠬᠤᠰᠢᠭᠤ ᠠᠷᠠᠳ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠳᠤ ᠬᠠᠷᠢᠭᠤ ᠲᠤᠰᠬᠠᠨ᠎ᠠ᠃ | ᠭᠤᠴᠢᠨ ᠭᠤᠷᠪᠠᠳᠤᠭᠠᠷ ᠵᠤᠷᠪᠤᠰ ᠲᠣᠰ ᠲᠦᠷᠢᠮ ᠢ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠠᠴᠠ ᠲᠠᠶᠢᠯᠪᠤᠷᠢᠯᠠᠵᠤ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠦᠷᠢᠮ | ᠨᠢᠭᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠨᠢ ᠬᠤᠰᠢᠭᠤ ᠳᠠᠷᠤᠭ᠎ᠠ᠂ ᠬᠤᠰᠢᠭᠤ ᠳᠡᠳ᠋ ᠳᠠᠷᠤᠭ᠎ᠠ᠂ ᠬᠤᠰᠢᠭᠤ ᠵᠠᠰᠠᠭ ᠤᠨ ᠣᠷᠳᠣᠨ ᠤ | ᠠᠯᠪᠠᠨ ᠬᠡᠷ ᠤᠨ ᠡᠷᠬᠢᠯᠡᠭᠴᠢ ᠪᠠᠷ ᠪᠦᠷᠢᠯᠳᠦᠨ᠎ᠡ᠃ ᠬᠤᠷᠠᠯ ᠤᠨ ᠬᠡᠷᠡᠭᠴᠡᠭᠡ ᠶᠢ ᠦᠨᠳᠦᠰᠦᠯᠡᠨ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠨ᠎ᠠ᠃ | ᠬᠤᠶᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠢ ᠬᠤᠰᠢᠭᠤ ᠳᠠᠷᠤᠭ᠎ᠠ ᠪᠤᠶᠤ ᠬᠤᠰᠢᠭᠤ ᠳᠠᠷᠤᠭ᠎ᠠ ᠠᠴᠠ ᠬᠤᠰᠢᠭᠤ ᠪᠠᠶᠢᠩᠭᠤ ᠶᠢᠨ ᠳᠡᠳ᠋ | ᠳᠠᠷᠤᠭ᠎ᠠ ᠳᠤ ᠨᠠᠶᠢᠳᠠᠨ ᠬᠤᠷᠠᠯᠳᠤᠭᠤᠯᠬᠤ ᠪᠠ ᠡᠷᠭᠢᠯᠡᠬᠦᠯᠵᠦ᠂ ᠬᠡᠷᠡᠭᠴᠡᠭᠡ ᠪᠠᠨ ᠦᠨᠳᠦᠰᠦᠯᠡᠨ ᠬᠤᠷᠠᠯᠳᠤᠭᠤᠯᠤᠨ᠎ᠠ᠃ | | ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠤᠨ ᠵᠥᠪᠯᠡᠬᠦ ᠰᠡᠳᠦᠪ ᠢ ᠬᠤᠰᠢᠭᠤ ᠳᠠᠷᠤᠭ᠎ᠠ᠂ ᠬᠤᠰᠢᠭᠤ ᠳᠡᠳ᠋ ᠳᠠᠷᠤᠭ᠎ᠠ᠂ ᠬᠤᠰᠢᠭᠤ | ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠠᠴᠠ ᠳᠤᠷᠠᠳᠴᠤ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠲᠠᠰᠤᠭ ᠠᠴᠠ ᠴᠤᠭᠯᠠᠭᠤᠯᠤᠨ ᠬᠤᠷᠢᠶᠠᠩᠭᠤᠶᠢᠯᠠᠵᠤ᠂ ᠬᠤᠰᠢᠭᠤ | ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠪᠤᠶᠤ ᠬᠤᠰᠢᠭᠤ ᠪᠠᠶᠢᠩᠭᠤ ᠶᠢᠨ ᠳᠡᠳ᠋ ᠳᠠᠷᠤᠭ᠎ᠠ ᠬᠢᠨᠠᠨ | ᠬᠠᠷᠭᠤᠭᠤᠯᠤᠭᠰᠠᠨ ᠤ ᠳᠠᠷᠠᠭ᠎ᠠ ᠬᠤᠰᠢᠭᠤ ᠳᠠᠷᠤᠭ᠎ᠠ ᠠᠴᠠ ᠬᠢᠨᠠᠨ ᠲᠣᠭᠲᠠᠭᠠᠨ᠎ᠠ᠃ | ᠳᠥᠷᠪᠡᠳᠦᠭᠡᠷ ᠵᠤᠷᠪᠤᠰ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠥᠪᠯᠡᠬᠦ ᠰᠡᠳᠦᠪ ᠲᠤ | ᠭᠤᠤᠯᠳᠠᠭᠤ᠄ | ︵ᠨᠢᠭᠡ︶ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠬᠦᠨ ᠰᠠᠯᠠᠭ᠎ᠠ ᠮᠥᠴᠢᠷ ᠤᠨ ᠬᠤᠷᠠᠯᠳᠤᠭᠤᠯᠤᠭᠰᠠᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠶᠢᠨ ᠬᠠᠮᠲᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ᠎ᠠ︔ | ︵ᠬᠤᠶᠠᠷ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠤᠨ ᠳᠤᠮᠳᠠᠬᠢ | ᠨᠡᠪᠲᠡᠷᠡᠯᠴᠡᠬᠦ᠂ ᠵᠥᠪᠳᠡᠯᠴᠡᠨ ᠰᠤᠳᠤᠯᠵᠤ ᠰᠢᠢᠳᠪᠤᠷᠢᠯᠡᠬᠦ ᠴᠢᠬᠤᠯᠠᠲᠠᠶ ᠴᠢᠬᠤᠯᠠ ᠠᠰᠠᠭᠤᠳᠠᠯ ᠢ ᠶᠠᠷᠢᠯᠴᠠᠨ | ᠲᠣᠭᠲᠠᠭᠠᠨ᠎ᠠ︔ | ︵ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠣᠶᠢᠷ᠎ᠠ ᠶᠢᠨ | ᠬᠤᠭᠤᠴᠠᠭᠠᠨ ᠤ ᠠᠵᠢᠯ ᠤᠨ ᠪᠠᠶᠢᠳᠠᠯ ᠪᠠ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠶᠢ ᠰᠣᠨᠣᠰᠤᠨ᠎ᠠ︔ | ᠬᠤᠰᠢᠭᠤ ᠠᠷᠠᠳ ᠤᠨ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠭᠤᠤᠯ ᠠᠵᠢᠯ ᠢ ᠪᠠᠶᠢᠷᠢᠯᠠᠭᠤᠯᠤᠨ᠎ᠠ︔ | | ︵ᠳᠥᠷᠪᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠯᠠᠨ ᠰᠠᠯᠠᠭ᠎ᠠ ᠮᠥᠴᠢᠷ᠂ ᠲᠦᠷᠦᠭᠦᠯᠡᠬᠦ | ᠰᠠᠯᠠᠭ᠎ᠠ ᠮᠥᠴᠢᠷ ᠪᠠ ᠬᠤᠰᠢᠭᠤ ᠳᠡᠳ᠋ ᠳᠠᠷᠤᠭ᠎ᠠ ᠶᠢᠨ ᠨᠢᠭᠡᠨᠲᠡ ᠵᠣᠬᠢᠴᠠᠭᠤᠯᠤᠭᠰᠠᠨ ᠪᠣᠯᠪᠠᠴᠤ ᠨᠡᠯᠢᠶᠡᠳ ᠶᠡᠭᠡ | ᠵᠦᠷᠢᠯᠳᠦᠬᠡᠨ ᠲᠠᠢ᠂ ᠤᠯᠠᠮ ᠨᠢᠭᠡ ᠠᠯᠬᠤᠮ ᠵᠣᠬᠢᠴᠠᠭᠤᠯᠤᠨ ᠰᠢᠢᠳᠪᠤᠷᠢᠯᠡᠬᠦ ᠴᠢᠬᠤᠯᠠᠲᠠᠶ ᠠᠰᠠᠭᠤᠳᠠᠯ ᠢ ᠰᠤᠳᠤᠯᠤᠨ | ᠲᠣᠭᠲᠠᠭᠠᠨ᠎ᠠ︔ | ︵ᠲᠠᠪᠤ︶ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠢᠢᠳᠪᠤᠷᠢᠯᠡᠬᠦᠯᠬᠦ ᠪᠠᠷ ᠭᠤᠶᠤᠴᠢᠯᠠᠭᠰᠠᠨ ᠪᠣᠳᠠᠲᠠᠶ | ᠠᠰᠠᠭᠤᠳᠠᠯ ᠢ ᠶᠠᠷᠢᠯᠴᠠᠨ᠎ᠠ︔ | ︵ᠵᠢᠷᠭᠤᠭ᠎ᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ | ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠴᠢᠬᠤᠯᠠᠲᠠᠶ ᠵᠦᠢᠯᠡᠰ ᠢ ᠰᠤᠳᠤᠯᠤᠨ᠎ᠠ᠃ | ︵ᠲᠤᠯᠤᠭ᠎ᠠ︶ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠰᠢᠢᠳᠪᠤᠷᠢᠯᠡᠬᠦ ᠪᠠ ᠰᠢᠢᠳᠪᠤᠷᠢᠯᠡᠬᠦ ᠠᠷᠭ᠎ᠠ | ᠬᠡᠮᠵᠢᠶ᠎ᠡ ᠶᠢ ᠶᠠᠷᠢᠯᠴᠠᠨ ᠲᠣᠭᠲᠠᠭᠠᠨ᠎ᠠ᠃ | ︵ᠨᠠᠢᠮᠠ︶ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢᠶᠠᠷ ᠲᠣᠭᠲᠠᠭᠠᠬᠤ ᠴᠢᠬᠤᠯᠠᠲᠠᠶ ᠪᠤᠰᠤᠳ | ᠵᠦᠢᠯᠡᠰ ᠢ ᠶᠠᠷᠢᠯᠴᠠᠨ᠎ᠠ᠃ | ᠲᠠᠪᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠳᠤ ᠳᠡᠪᠰᠢᠭᠦᠯᠵᠦ ᠶᠠᠷᠢᠯᠴᠠᠨ ᠰᠤᠳᠤᠯᠬᠤ ᠵᠥᠪᠯᠡᠬᠦ ᠰᠡᠳᠦᠪ ᠢ ᠬᠤᠪᠢᠶᠡᠷᠢᠯᠠᠨ ᠬᠠᠮᠢᠶᠠᠷᠴᠤ | ᠪᠠᠶᠢᠭ᠎ᠠ ᠬᠤᠰᠢᠭᠤ ᠳᠡᠳ᠋ ᠳᠠᠷᠤᠭ᠎ᠠ ᠡᠷᠬᠡᠪᠰᠢ ᠬᠤᠷᠠᠯ ᠠᠴᠠ ᠡᠮᠦᠨ᠎ᠡ ᠬᠠᠮᠢᠶ᠎ᠠ ᠪᠦᠬᠦᠢ ᠲᠠᠯ᠎ᠠ ᠶᠢᠨ ᠰᠠᠨᠠᠯ ᠢ | ᠬᠤᠷᠢᠶᠠᠬᠤ ᠪᠤᠶᠤ ᠬᠤᠷᠠᠯ ᠬᠤᠷᠠᠯᠳᠤᠭᠤᠯᠵᠤ ᠵᠣᠬᠢᠴᠠᠭᠤᠯᠤᠨ᠎ᠠ᠃ ᠴᠢᠬᠤᠯᠠ ᠶᠡᠭᠡ ᠵᠦᠢᠯᠡᠰ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠲᠠᠢ ᠤᠷᠢᠳᠴᠢᠯᠠᠨ ᠨᠡᠪᠲᠡᠷᠡᠯᠴᠡᠨ᠎ᠡ᠃ | ᠵᠢᠷᠭᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠪᠢᠶᠠᠷᠢᠯᠠᠨ ᠬᠠᠮᠢᠶᠠᠷᠴᠤ | ᠪᠠᠶᠢᠭ᠎ᠠ ᠬᠤᠰᠢᠭᠤ ᠳᠡᠳ᠋ ᠳᠠᠷᠤᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠰᠢᠢᠳᠪᠤᠷᠢᠯᠡᠵᠦ ᠳᠡᠶᠢᠯᠬᠦ | ᠠᠰᠠᠭᠤᠳᠠᠯ ᠪᠤᠶᠤ ᠬᠤᠰᠢᠭᠤ ᠳᠡᠳ᠋ ᠳᠠᠷᠤᠭ᠎ᠠ ᠶᠢᠨ ᠬᠤᠭᠤᠷᠣᠨᠳᠣ ᠪᠠᠨ ᠵᠣᠬᠢᠴᠠᠭᠤᠯᠤᠨ ᠰᠢᠢᠳᠪᠤᠷᠢᠯᠡᠵᠦ ᠳᠡᠶᠢᠯᠬᠦ | ᠠᠰᠠᠭᠤᠳᠠᠯ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠡᠷᠬᠡ | ᠲᠤᠰᠢᠶᠠᠯ ᠤᠨ ᠬᠡᠪᠴᠢᠶᠡᠨ ᠳᠤ ᠪᠡᠶ᠎ᠡ ᠪᠠᠨ ᠳᠠᠭᠠᠭᠠᠵᠤ ᠰᠢᠢᠳᠪᠤᠷᠢᠯᠡᠵᠦ ᠳᠡᠶᠢᠯᠬᠦ ᠠᠰᠠᠭᠤᠳᠠᠯ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠤ ᠳᠡᠪᠰᠢᠭᠦᠯᠦᠨ | ᠰᠤᠳᠤᠯᠤᠭᠤᠯᠬᠤ ᠥᠬᠡᠶ᠃ | ᠳᠣᠯᠣᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠤᠨ ᠵᠥᠪᠯᠡᠬᠦ ᠰᠡᠳᠦᠪ ᠢ ᠲᠣᠭᠲᠠᠭᠠᠮᠠᠭᠴᠠ ᠡᠩ ᠤᠨ ᠪᠠᠶᠢᠳᠠᠯ ᠳᠤ ᠳᠠᠭᠢᠵᠤ ᠨᠡᠮᠡᠬᠦ ᠥᠬᠡᠶ︔ | ᠪᠠᠴᠢᠮ ᠪᠤᠰᠤ ᠤᠴᠢᠷ ᠶᠠᠪᠤᠳᠠᠯ ᠢ ᠲᠦᠷ ᠴᠠᠭ ᠤᠨ ᠰᠠᠨᠠᠭᠠᠴᠢᠯᠠᠭ᠎ᠠ ᠪᠠᠷ ᠬᠤᠷᠠᠯᠳᠤᠭᠤᠯᠬᠤ ᠥᠬᠡᠶ᠃ ᠬᠡᠷᠪᠡ | ᠰᠤᠳᠤᠯᠬᠤ ᠵᠦᠢᠯᠡᠰ ᠲᠤ ᠬᠤᠯᠪᠣᠭᠳᠠᠬᠤ ᠬᠤᠪᠢᠶᠡᠷᠢᠯᠠᠨ ᠬᠠᠮᠢᠶᠠᠷᠴᠤ ᠪᠠᠶᠢᠭ᠎ᠠ ᠬᠤᠰᠢᠭᠤ ᠳᠡᠳ᠋ ᠳᠠᠷᠤᠭ᠎ᠠ ᠪᠠ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠳᠡᠶᠢᠯᠬᠦ ᠥᠬᠡᠶ ᠪᠣᠯ ᠡᠩ ᠤᠨ | ᠪᠠᠶᠢᠳᠠᠯ ᠳᠤ ᠲᠡᠭᠦᠨ ᠤ ᠳᠤᠷᠠᠳᠤᠭᠰᠠᠨ ᠵᠥᠪᠯᠡᠬᠦ ᠰᠡᠳᠦᠪ ᠢ ᠶᠠᠷᠢᠯᠴᠠᠨ ᠰᠤᠳᠤᠯᠬᠤ ᠥᠬᠡᠶ᠃ | ᠨᠠᠢᠮᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠳᠠᠭᠠᠭᠠᠴᠢᠯᠠᠨ | ᠬᠦᠢᠴᠡᠳᠬᠡᠵᠦ ᠬᠤᠷᠠᠯ ᠤᠨ ᠶᠠᠪᠤᠳᠠᠯ ᠤᠨ ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ | ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠲᠦᠪ ᠬᠠᠮᠳᠤᠷᠠᠨ ᠬᠠᠷᠢᠭᠤᠴᠠᠨ᠎ᠠ᠃ | ︵ᠨᠢᠭᠡ︶ ᠬᠤᠷᠠᠯ ᠤᠨ ᠮᠡᠳᠡᠭᠳᠡᠯ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠥᠪᠯᠡᠬᠦ ᠰᠡᠳᠦᠪ᠂ ᠴᠠᠭ᠂ ᠭᠠᠵᠠᠷ ᠢ ᠲᠣᠭᠲᠠᠭᠠᠭᠰᠠᠨ ᠤ ᠳᠠᠷᠠᠭ᠎ᠠ | ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠤᠨ ᠶᠠᠪᠤᠳᠠᠯ ᠤᠨ ᠲᠠᠰᠤᠭ ᠠᠴᠠ ᠬᠤᠷᠠᠯ ᠮᠡᠳᠡᠭᠳᠡᠬᠦ ᠶᠢ | ᠬᠠᠷᠢᠭᠤᠴᠠᠨ᠎ᠠ᠃ | ︵ᠬᠤᠶᠠᠷ︶ ᠬᠤᠷᠠᠯ ᠤᠨ ᠮᠠᠲ᠋ᠧᠷᠢᠶᠠᠯ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠥᠪᠯᠡᠬᠦ ᠰᠡᠳᠦᠪ ᠢ ᠲᠣᠭᠲᠠᠭᠠᠭᠰᠠᠨ ᠤ ᠳᠠᠷᠠᠭ᠎ᠠ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠵᠠᠰᠠᠭ ᠤᠨ ᠶᠠᠪᠤᠳᠠᠯ ᠤᠨ ᠲᠠᠰᠤᠭ ᠪᠤᠶᠤ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠠᠯᠪᠠᠨ ᠬᠡᠷ ᠠᠴᠠ ᠬᠠᠷᠢᠭᠤ ᠮᠡᠳᠡᠭᠦᠯᠬᠦ ᠰᠠᠯᠠᠭ᠎ᠠ ᠮᠥᠴᠢᠷ ᠲᠤ ᠱᠠᠭᠠᠷᠳᠠᠯᠭ᠎ᠠ ᠶᠣᠰᠣᠭᠠᠷ | ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠪᠡᠯᠡᠳᠬᠡᠬᠦ ᠶᠢ ᠮᠡᠳᠡᠭᠳᠡᠬᠦ ᠶᠢᠨ ᠬᠠᠮᠲᠤ ᠬᠤᠷᠠᠯ ᠬᠤᠷᠠᠯᠳᠤᠬᠤ ᠠᠴᠠ | ᠬᠠᠭᠠᠰ ᠡᠳᠦᠷ ᠤᠨ ᠡᠮᠦᠨ᠎ᠡ ᠲᠤᠰᠢᠶᠠᠨ᠎ᠠ᠃ | ︵ᠭᠤᠷᠪᠠ︶ ᠬᠤᠷᠠᠯ ᠳᠤ ᠭᠠᠷ ᠤᠨ ᠦᠰᠦᠭ ᠵᠢᠷᠤᠬᠤ᠃ ᠬᠤᠰᠢᠭᠤ ᠠᠷᠠᠳ ᠤᠨ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠠᠯᠠᠪᠤᠷ ᠤᠨ ᠦᠢᠯᠡᠴᠢᠯᠡᠭᠡᠨ ᠤ ᠠᠵᠢᠯ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ | ᠲᠦᠪ ᠬᠠᠮᠲᠤᠷᠠᠨ ᠬᠠᠷᠢᠭᠤᠴᠠᠨ᠎ᠠ᠃ ᠬᠤᠷᠠᠯ ᠳᠤ ᠣᠷᠣᠯᠴᠠᠭᠰᠠᠳ ᠬᠤᠷᠠᠯ ᠠᠴᠠ 15 ᠮᠢᠨᠦ᠋ᠲ ᠤᠨ ᠡᠮᠦᠨ᠎ᠡ | ᠲᠠᠯᠠᠪᠠᠶ ᠳᠤ ᠣᠷᠣᠵᠤ ᠭᠠᠷ ᠤᠨ ᠥᠰᠥᠭ ᠵᠢᠷᠤᠨ᠎ᠠ︔ ᠬᠤᠷᠠᠯ ᠢ ᠵᠥᠪᠯᠡᠬᠦ ᠰᠡᠳᠦᠪ ᠤᠨ ᠲᠡᠰ ᠳᠠᠷᠠᠭᠠᠯᠠᠯ ᠢᠶᠠᠷ | ᠶᠠᠪᠤᠭᠳᠠᠭᠤᠯᠤᠨ᠎ᠠ᠂ ᠪᠤᠰᠤᠳ ᠵᠥᠪᠯᠡᠬᠦ ᠰᠡᠳᠦᠪ ᠲᠤ ᠣᠷᠣᠯᠴᠠᠬᠤ ᠰᠤᠯᠠ ᠣᠷᠣᠯᠴᠠᠭᠰᠠᠳ ᠠᠮᠠᠷᠠᠯᠲᠠ ᠶᠢᠨ ᠭᠡᠷ ᠲᠤ | ᠬᠦᠯᠢᠶᠡᠵᠦ᠂ ᠲᠡᠰ ᠳᠠᠷᠠᠭᠠᠯᠠᠯ ᠢᠶᠠᠷ ᠬᠤᠷᠠᠯ ᠳᠤ ᠣᠷᠣᠯᠴᠠᠨ᠎ᠠ᠃ | ︵ᠲᠦᠷᠪᠡ︶ ᠬᠤᠷᠠᠯ ᠤᠨ ᠲᠡᠮᠳᠡᠭᠯᠡᠯ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ | ᠬᠤᠷᠠᠯ ᠤᠨ ᠲᠡᠮᠳᠡᠭᠯᠡᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ︵ᠲᠠᠪᠤ︶ ᠬᠤᠷᠠᠯ ᠤᠨ ᠬᠠᠷᠢᠭᠤ ᠮᠡᠳᠡᠭᠦᠯᠦᠯᠲᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠵᠥᠪᠯᠡᠬᠦ ᠰᠡᠳᠦᠪ ᠢ ᠵᠠᠷᠴᠢᠮ ᠳᠡᠭᠡᠷ᠎ᠡ ᠪᠠᠨ ᠵᠥᠪᠯᠡᠬᠦ | ᠰᠡᠳᠦᠪ ᠳᠤᠷᠠᠳᠤᠭᠰᠠᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠴᠠ ᠬᠠᠷᠢᠭᠤ ᠮᠡᠳᠡᠭᠦᠯᠦᠨ᠎ᠡ᠃ ᠬᠠᠷᠢᠭᠤ | ᠮᠡᠳᠡᠭᠦᠯᠦᠯᠲᠡ ᠬᠢᠬᠦ ᠳᠡᠭᠡᠨ ᠲᠣᠪᠴᠢ ᠲᠣᠳᠣᠷᠬᠠᠶ ᠪᠠᠶᠢᠬᠤ ᠬᠡᠷᠡᠭᠲᠡᠶ᠂ ᠡᠩ ᠤᠨ ᠪᠠᠶᠢᠳᠠᠯ ᠳᠤ 10 ᠮᠢᠨᠦ᠋ᠲ ᠠᠴᠠ | ᠬᠡᠲᠦᠷᠡᠭᠦᠯᠵᠦ ᠪᠣᠯᠬᠤ ᠦᠭᠡᠢ᠃ | ︵ᠵᠢᠷᠭᠤᠭ᠎ᠠ︶ ᠬᠤᠷᠠᠯ ᠤᠨ ᠰᠠᠬᠢᠯᠭ᠎ᠠ ᠪᠠᠲᠤ᠃ ᠬᠤᠷᠠᠯ ᠳᠤ ᠰᠤᠯᠠ ᠣᠷᠣᠯᠴᠠᠬᠤ ᠰᠠᠯᠠᠭ᠎ᠠ ᠮᠥᠴᠢᠷ | ᠡᠷᠭᠡᠪᠰᠢ ᠭᠤᠣᠯ ᠬᠠᠷᠢᠭᠤᠴᠠᠯᠭᠠᠲᠠᠨ ᠨᠢ ᠬᠤᠷᠠᠯ ᠳᠤ ᠣᠷᠣᠯᠴᠠᠬᠤ ᠬᠡᠷᠡᠭᠲᠡᠶ᠃ ᠭᠤᠤᠯ ᠬᠠᠷᠢᠭᠤᠴᠠᠯᠭᠠᠲᠠᠨ ᠨᠢ | ᠰᠤᠯᠠ ᠣᠷᠣᠯᠴᠠᠵᠤ ᠳᠡᠶᠢᠯᠬᠦ ᠥᠬᠡᠶ ᠪᠣᠯ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠡᠷᠬᠢᠯᠡᠭᠴᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠪᠠᠶᠢᠳᠠᠯ ᠢ ᠰᠠᠶᠢᠨ ᠮᠡᠳᠡᠳᠡᠭ ᠪᠤᠰᠤᠳ ᠬᠠᠷᠢᠭᠤᠴᠠᠯᠭᠠᠲᠠᠨ ᠨᠢ | ᠬᠤᠷᠠᠯ ᠳᠤ ᠣᠷᠣᠯᠴᠠᠵᠤ ᠲᠡᠭᠦᠨ ᠤ ᠢᠯᠡᠳᠭᠡᠭᠰᠡᠨ ᠣᠪᠣᠷ ᠢ ᠰᠠᠯᠠᠭ᠎ᠠ ᠮᠥᠴᠢᠷ ᠤᠨ ᠰᠠᠨᠠᠯ ᠢᠶᠠᠷ ᠦᠵᠡᠨ᠎ᠡ᠃ | ᠬᠤᠷᠠᠯ ᠤᠨ ᠬᠤᠭᠤᠴᠠᠭᠠᠨ ᠳᠤ ᠤᠲᠠᠰᠤᠳᠠᠬᠤ᠂ ᠵᠣᠴᠢᠨ ᠲᠠᠢ ᠠᠭᠤᠯᠵᠠᠬᠤ ᠪᠠ ᠬᠤᠷᠠᠯ ᠲᠠᠢ ᠬᠤᠯᠪᠣᠭᠳᠠᠯ | ᠦᠭᠡᠢ ᠵᠦᠢᠯᠡᠰ ᠢ ᠰᠢᠢᠳᠪᠤᠷᠢᠯᠡᠬᠦ ᠶᠢ ᠬᠤᠷᠢᠭᠯᠠᠨ᠎ᠠ᠂ ᠬᠤᠯᠪᠣᠭᠳᠠᠯ ᠦᠭᠡᠢ ᠬᠥᠮᠦᠰ ᠤᠨ ᠬᠤᠷᠠᠯ ᠤᠨ ᠲᠠᠯᠠᠪᠠᠢ ᠳᠤ | ᠣᠷᠣᠬᠤ ᠶᠢ ᠬᠤᠷᠢᠭᠯᠠᠨ᠎ᠠ᠂ ᠦᠨᠡᠬᠡᠷ ᠪᠠᠴᠢᠮ ᠤᠴᠢᠷ ᠶᠠᠪᠤᠳᠠᠯ ᠲᠠᠢ ᠠᠴᠠ ᠬᠤᠷᠠᠯ ᠤᠨ ᠲᠠᠯᠠᠪᠠᠢ ᠶᠢᠨ ᠬᠥᠮᠦᠰ ᠲᠠᠢ | ᠬᠠᠷᠢᠯᠴᠠᠬᠤ ᠴᠢᠬᠤᠯᠠᠲᠠᠶ ᠪᠠᠶᠢᠪᠠᠯ ᠬᠤᠷᠠᠯ ᠤᠨ ᠶᠠᠪᠤᠳᠠᠯ ᠤᠨ ᠠᠵᠢᠯᠳᠠᠨ ᠠᠴᠠ ᠬᠠᠷᠢᠭᠤᠴᠠᠨ ᠬᠦᠢᠴᠡᠳᠬᠡᠨ᠎ᠡ᠃ | ᠱᠠᠭᠠᠷᠳᠠᠯᠭ᠎ᠠ ᠶᠣᠰᠣᠭᠠᠷ ᠬᠤᠷᠠᠯ ᠳᠤ ᠣᠷᠣᠯᠴᠠᠬᠤ ᠥᠬᠡᠶ᠂ ᠬᠤᠷᠠᠯ ᠤᠨ ᠬᠠᠮᠢᠶ᠎ᠠ ᠪᠥᠬᠦᠶ ᠰᠠᠬᠢᠯᠭ᠎ᠠ ᠪᠠᠲᠤ ᠶᠢ | ᠵᠢᠷᠤᠮᠯᠠᠬᠤ ᠥᠬᠡᠶ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠡᠶᠢᠳᠡᠯᠡᠨ | ᠰᠢᠭᠦᠮᠵᠢᠯᠡᠨ᠎ᠡ᠃ | ᠬᠤᠷᠠᠯ ᠨᠢ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠭᠦᠢᠴᠡᠳ ᠪᠠᠳᠠᠷᠠᠭᠤᠯᠵᠤ ᠬᠤᠷᠠᠯ ᠡᠷᠬᠢᠯᠡᠭᠴᠢ ︽ | ᠬᠠᠮᠤᠭ ᠰᠡᠭᠦᠯ ᠳᠤ ᠣᠪᠣᠷ ᠢᠶᠠᠨ ᠢᠯᠡᠳᠬᠡᠬᠦ ᠲᠦᠷᠢᠮ︾ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠤᠨ᠎ᠡ᠃ | ᠶᠢᠰᠦᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠢᠶᠠᠷ ᠰᠤᠳᠤᠯᠤᠨ ᠲᠣᠭᠲᠠᠭᠠᠭᠰᠠᠨ ᠵᠦᠢᠯᠡᠰ ᠢ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠠᠴᠠ ᠪᠣᠳᠠᠲᠠᠶ ᠰᠢᠮᠳᠠᠭᠤᠯᠤᠨ ᠬᠦᠢᠴᠡᠳᠬᠡᠵᠦ ᠴᠢᠬᠤᠯᠠ ᠶᠡᠭᠡ ᠵᠦᠢᠯᠡᠰ ᠢ ᠬᠤᠰᠢᠭᠤ ᠠᠷᠠᠳ ᠤᠨ | ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠰᠢᠮᠳᠠᠭᠤᠯᠤᠨ ᠪᠠᠶᠢᠴᠠᠭᠠᠵᠤ | ᠨᠠᠶᠢᠳᠠᠪᠤᠷᠢᠵᠢᠭᠤᠯᠤᠨ᠎ᠠ᠃ | ᠠᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠠᠯᠪᠠᠨ | ᠠᠵᠢᠯ ᠤᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠢᠯᠡ ᠪᠣᠯᠭᠠᠬᠤ ᠳᠤ ᠲᠣᠬᠢᠷᠠᠮᠵᠢ ᠥᠬᠡᠶ ᠪᠣᠯ ᠬᠤᠷᠠᠯ ᠳᠤ | ᠣᠷᠣᠯᠴᠠᠭᠰᠠᠳ ᠨᠢᠭᠤᠴᠠ ᠶᠢ ᠴᠢᠩᠭ᠎ᠠ ᠬᠠᠮᠠᠭᠠᠯᠠᠨ᠎ᠠ᠃ ᠨᠢᠭᠤᠴᠠ ᠳᠤ ᠬᠤᠯᠪᠣᠭᠳᠠᠬᠤ ᠪᠤᠶᠤ ᠢᠯᠡ ᠪᠣᠯᠭᠠᠬᠤ ᠳᠤ | ᠲᠣᠬᠢᠷᠠᠮᠵᠢ ᠦᠭᠡᠢ ᠵᠥᠪᠯᠡᠬᠦ ᠰᠡᠳᠦᠪ ᠤᠨ ᠬᠤᠷᠠᠯ ᠤᠨ ᠮᠠᠲ᠋ᠧᠷᠢᠶᠠᠯ ᠢ ᠬᠤᠷᠠᠯ ᠤᠨ ᠳᠠᠷᠠᠭ᠎ᠠ ᠨᠢᠭᠡᠳᠦᠯᠲᠡᠶ ᠪᠠᠷ | ᠬᠤᠷᠢᠶᠠᠨ ᠠᠪᠤᠨ᠎ᠠ᠃ | ᠠᠷᠪᠠᠨ ᠨᠢᠭᠡᠳᠦᠭᠡᠷ ᠵᠤᠷᠪᠤᠰ ᠬᠤᠷᠠᠯ ᠢ ᠳᠠᠭᠠᠭᠠᠴᠢᠯᠠᠨ ᠬᠦᠢᠴᠡᠳᠭᠡᠭᠦ ᠰᠠᠯᠠᠭ᠎ᠠ ᠲᠠᠰᠤᠭ ᠨᠢ ᠬᠤᠷᠠᠯ ᠤᠨ | ᠳᠠᠷᠠᠭ᠎ᠠ ᠬᠤᠷᠠᠯ ᠤᠨ ᠮᠡᠳᠡᠭᠳᠡᠯ᠂ ᠣᠷᠣᠯᠴᠠᠭᠰᠠᠳ ᠤᠨ ᠨᠡᠷᠡᠰ᠂ ᠭᠠᠷ ᠤᠨ ᠥᠰᠥᠭ ᠵᠢᠷᠤᠭᠰᠠᠨ ᠬᠠᠭᠤᠳᠠᠰᠤ᠂ | ᠣᠷᠣᠯᠴᠠᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ᠂ ᠬᠤᠷᠠᠯ ᠤᠨ ᠲᠡᠮᠳᠡᠭᠯᠡᠯ᠂ ᠬᠤᠷᠠᠯ ᠤᠨ ᠪᠢᠴᠢᠭ | ᠮᠠᠲ᠋ᠧᠷᠢᠶᠠᠯ ᠵᠡᠷᠭᠡ ᠶᠢ ᠪᠠᠭᠲᠠᠭᠠᠭᠰᠠᠨ ᠬᠤᠷᠠᠯ ᠤᠨ ᠪᠥᠬᠦ ᠮᠠᠲ᠋ᠧᠷᠢᠶᠠᠯ ᠢ ᠴᠠᠭ ᠲᠤᠬᠠᠶ ᠳᠤᠨᠢ ᠬᠤᠷᠢᠶᠠᠩᠭᠤᠶᠢᠯᠠᠨ | ᠡᠮᠬᠢᠳᠬᠡᠵᠦ ᠬᠤᠷᠠᠯ ᠤᠨ ᠳᠠᠷᠠᠭ᠎ᠠ ᠬᠤᠶᠠᠷ ᠭᠠᠷᠠᠭ ᠤᠨ ᠳᠣᠲᠣᠷ᠎ᠠ ᠨᠢᠭᠡᠳᠦᠯᠲᠡᠶ ᠪᠠᠷ ᠬᠤᠰᠢᠭᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠲᠤ ᠲᠤᠰᠢᠶᠠᠵᠤ ᠲᠠᠩᠰᠠ ᠡᠪᠬᠡᠮᠡᠯ ᠳᠤ ᠣᠷᠣᠭᠤᠯᠤᠨ᠎ᠠ᠃ | ᠠᠷᠪᠠᠨ ᠬᠤᠶᠠᠳᠤᠭᠠᠷ ᠵᠤᠷᠪᠤᠰ ᠲᠣᠰ ᠲᠦᠷᠢᠮ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠠᠴᠠ ᠲᠠᠶᠢᠯᠪᠤᠷᠢᠯᠠᠵᠤ᠂ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠲᠤᠰᠬᠠᠶ ᠰᠡᠳᠦᠪᠲᠦ ᠬᠤᠷᠠᠯ ᠤᠨ ᠲᠦᠷᠢᠮ | ᠨᠢᠭᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ | ᠬᠤᠰᠢᠭᠤ ᠡᠯ᠎ᠡ ᠳᠡᠳ᠋ ᠳᠠᠷᠤᠭ᠎ᠠ ᠠᠴᠠ ᠠᠵᠢᠯ ᠤᠨ ᠬᠤᠪᠢᠶᠠᠷᠢᠯᠠᠯ ᠪᠠ ᠬᠡᠷᠡᠭᠴᠡᠭᠡ ᠪᠠᠨ ᠦᠨᠳᠦᠰᠦᠯᠡᠨ ᠡᠷᠭᠢᠯᠡᠨ | ᠬᠤᠷᠠᠯᠳᠤᠭᠤᠯᠤᠨ᠎ᠠ᠃ ᠴᠢᠬᠤᠯᠠᠲᠠᠢ ᠦᠶ᠎ᠡ ᠳᠤ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠤᠨ ᠲᠤᠬᠢᠷᠠᠭᠰᠠᠨ | ᠠᠵᠢᠯ ᠤᠨ ᠳᠡᠳ᠋ ᠡᠷᠬᠢᠯᠡᠭᠴᠢ ᠳᠤ ᠨᠠᠶᠢᠳᠠᠵᠤ ᠡᠷᠭᠢᠯᠡᠨ ᠬᠤᠷᠠᠯᠳᠤᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ | ᠬᠤᠯᠪᠣᠭᠳᠠᠯ ᠪᠥᠬᠦᠶ ᠬᠤᠰᠢᠭᠤ ᠳᠡᠳ᠋ ᠳᠠᠷᠤᠭ᠎ᠠ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ | ᠳᠡᠳ᠋ ᠡᠷᠬᠢᠯᠡᠭᠴᠢ ᠵᠢᠴᠢ ᠬᠤᠯᠪᠣᠭᠳᠠᠯ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠨ᠎ᠠ᠃ | ᠬᠤᠶᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ | ᠭᠤᠤᠯ ᠡᠭᠦᠷᠭᠡ ᠪᠣᠯ᠄ | ︵ᠨᠢᠭᠡ︶ ᠬᠤᠰᠢᠭᠤ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠬᠡᠪᠴᠢᠶᠡᠨ ᠳᠠᠬᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠴᠢᠬᠤᠯᠠᠲᠠᠶ ᠠᠵᠢᠯ ᠢ ᠰᠤᠳᠤᠯᠤᠨ ᠵᠣᠬᠢᠴᠠᠭᠤᠯᠤᠨ᠎ᠠ︔ | ︵ᠬᠤᠶᠠᠷ︶ ᠬᠤᠰᠢᠭᠤ ᠳᠡᠳ᠋ ᠳᠠᠷᠤᠭ᠎ᠠ ᠶᠢᠨ ᠬᠤᠪᠢᠶᠡᠷᠢᠯᠠᠨ ᠬᠠᠮᠢᠶᠠᠷᠬᠤ ᠬᠡᠪᠴᠢᠶᠡᠨ ᠳᠠᠬᠢ ᠰᠤᠮᠤ ᠪᠠᠯᠭᠠᠰᠤ | ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠰᠠᠨᠠᠯ ᠵᠥᠷᠢᠯᠳᠦᠭᠡᠨ ᠲᠠᠢ ᠵᠦᠢᠯᠡᠰ ᠢ ᠰᠤᠳᠤᠯᠤᠨ ᠵᠣᠬᠢᠴᠠᠭᠤᠯᠵᠤ | ᠰᠢᠢᠳᠪᠤᠷᠢᠯᠡᠨ᠎ᠡ︔ | ︵ᠭᠤᠷᠪᠠ︶ ᠰᠤᠮᠤ ᠪᠠᠯᠭᠠᠰᠤ ᠵᠢᠴᠢ ᠠᠵᠢᠯ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠲᠠᠯ᠎ᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠵᠠᠷᠢᠮ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠨ᠎ᠠ︔ | ︵ᠳᠥᠷᠪᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠢᠭᠡᠨᠲᠡ ᠲᠣᠭᠲᠠᠭᠠᠭᠰᠠᠨ᠂ ᠬᠤᠰᠢᠭᠤ ᠡᠯ᠎ᠡ | ᠳᠡᠳ᠋ ᠳᠠᠷᠤᠭ᠎ᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠴᠢᠬᠤᠯᠠᠲᠠᠶ ᠵᠦᠢᠯᠡᠰ ᠢ ᠰᠤᠳᠤᠯᠤᠨ ᠵᠣᠬᠢᠴᠠᠭᠤᠯᠤᠨ᠎ᠠ︔ | ︵ᠲᠠᠪᠤ︶ ᠳᠡᠭᠡᠳᠦ ᠱᠠᠲᠤᠨ ᠤ ᠤᠳᠤᠷᠢᠳᠤᠯᠭ᠎ᠠ ᠶᠢᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠤᠨ | ᠴᠣᠬᠤᠯᠠᠪᠤᠷᠢ ᠶᠢ ᠪᠣᠳᠠᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ ᠵᠣᠬᠢᠴᠠᠭᠤᠯᠤᠨ᠎ᠠ︔ | ︵ᠵᠢᠷᠭᠤᠭ᠎ᠠ︶ ᠬᠤᠰᠢᠭᠤ ᠳᠡᠳ᠋ ᠳᠠᠷᠤᠭ᠎ᠠ ᠠᠴᠠ ᠵᠣᠬᠢᠴᠠᠭᠤᠯᠤᠨ ᠰᠢᠢᠳᠪᠤᠷᠢᠯᠡᠬᠦ ᠴᠢᠬᠤᠯᠠᠲᠠᠶ ᠪᠤᠰᠤᠳ | ᠵᠦᠢᠯᠡᠰ ᠢ ᠰᠤᠳᠤᠯᠤᠨ᠎ᠠ᠃ | ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ | ᠵᠥᠪᠯᠡᠬᠦ ᠰᠡᠳᠦᠪ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠨᠠᠷᠢᠨ | ᠪᠢᠴᠢᠭᠡᠴᠢ ᠶᠢᠨ ᠰᠠᠯᠠᠭ᠎ᠠ ᠲᠠᠰᠤᠭ ᠠᠴᠠ ᠬᠠᠷᠢᠭᠤᠴᠠᠨ ᠴᠤᠭᠯᠠᠭᠤᠯᠵᠤ᠂ ᠬᠤᠰᠢᠭᠤ ᠵᠠᠰᠠᠭ ᠤᠨ ᠣᠷᠳᠣᠨ ᠤ ᠠᠯᠪᠠᠨ | ᠬᠡᠷ ᠤᠨ ᠲᠤᠬᠢᠷᠠᠭᠰᠠᠨ ᠠᠵᠢᠯ ᠤᠨ ᠳᠡᠳ᠋ ᠡᠷᠬᠢᠯᠡᠭᠴᠢ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠷᠠᠯ | ᠬᠤᠷᠠᠯᠳᠤᠭᠤᠯᠤᠭᠴᠢ ᠠᠴᠠ ᠲᠣᠭᠲᠠᠭᠠᠨ᠎ᠠ᠃ | ᠳᠥᠷᠪᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ | ᠪᠡᠯᠡᠳᠬᠡᠯ ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠨᠠᠷᠢᠨ | ᠪᠢᠴᠢᠭᠡᠴᠢ ᠶᠢᠨ ᠰᠠᠯᠠᠭ᠎ᠠ ᠲᠠᠰᠤᠭ ᠠᠴᠠ ᠳᠠᠭᠠᠭᠠᠨ ᠬᠦᠢᠴᠡᠳᠭᠡᠨ᠎ᠡ᠃ ᠵᠥᠪᠯᠡᠬᠦ ᠰᠡᠳᠦᠪ ᠵᠢᠴᠢ ᠬᠤᠷᠠᠯ ᠬᠤᠷᠠᠯᠳᠤᠬᠤ | ᠴᠠᠭ ᠬᠤᠭᠤᠴᠠᠭ᠎ᠠ ᠶᠢ ᠬᠢᠨᠠᠨ ᠲᠣᠭᠲᠠᠭᠠᠭᠰᠠᠨ ᠤ ᠳᠠᠷᠠᠭ᠎ᠠ ᠬᠠᠮᠢᠶ᠎ᠠ ᠪᠥᠬᠦᠶ ᠨᠠᠷᠢᠨ ᠪᠢᠴᠢᠭᠡᠴᠢ ᠶᠢᠨ ᠰᠠᠯᠠᠭ᠎ᠠ | ᠲᠠᠰᠤᠭ ᠨᠢ ᠬᠤᠷᠠᠯ ᠳᠤ ᠣᠷᠣᠯᠴᠠᠬᠤ ᠨᠢᠭᠡᠴᠢ ᠳᠤ ᠮᠡᠳᠡᠭᠳᠡᠬᠦ ᠶᠢ ᠬᠠᠷᠢᠭᠤᠴᠠᠬᠤ ᠶᠢᠨ ᠬᠠᠮᠲᠤ ᠱᠠᠭᠠᠷᠳᠠᠯᠭ᠎ᠠ | ᠶᠣᠰᠣᠭᠠᠷ ᠵᠥᠪᠯᠡᠬᠦ ᠰᠡᠳᠦᠪ ᠤᠨ ᠮᠠᠲ᠋ᠧᠷᠢᠶᠠᠯ ᠢ ᠪᠡᠯᠡᠳᠬᠡᠵᠦ ᠬᠤᠷᠠᠯ ᠤᠨ ᠲᠡᠮᠳᠡᠭᠯᠡᠯ ᠵᠢᠴᠢ ᠬᠤᠷᠠᠯ ᠤᠨ | ᠲᠠᠯᠠᠪᠠᠶ ᠶᠢᠨ ᠦᠢᠯᠡᠴᠢᠯᠡᠭᠡ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ᠲᠠᠪᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠳᠤ | ᠣᠷᠣᠯᠴᠠᠭᠰᠠᠳ ᠡᠷᠬᠡᠪᠰᠢ ᠴᠠᠭ ᠲᠠᠭᠠᠨ ᠬᠤᠷᠠᠯ ᠳᠤ ᠣᠷᠣᠯᠴᠠᠬᠤ ᠬᠡᠷᠡᠭᠲᠡᠶ᠂ ᠤᠴᠢᠷ ᠰᠢᠯᠲᠠᠭᠠᠨ ᠥᠬᠡᠶ ᠪᠠᠷ | ᠰᠠᠭᠠᠲᠠᠬᠤ ᠪᠤᠶᠤ ᠬᠤᠵᠢᠮᠳᠠᠵᠤ᠂ ᠡᠷᠲᠡ ᠶᠠᠪᠤᠵᠤ ᠪᠣᠯᠬᠤ ᠥᠬᠡᠶ᠃ ᠬᠤᠷᠠᠯ ᠳᠤ ᠣᠷᠣᠯᠴᠠᠭᠰᠠᠳ ᠨᠢ ᠡᠷᠬᠡᠪᠰᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠤᠶᠤ ᠬᠠᠷᠢᠭᠤᠴᠠᠯᠭᠠᠲᠠᠨ ᠤ ᠨᠠᠶᠢᠳᠠᠭᠰᠠᠨ | ᠬᠤᠯᠪᠣᠭᠳᠠᠯ ᠪᠦᠬᠦᠢ ᠬᠥᠮᠦᠰ ᠪᠠᠶᠢᠬᠤ ᠬᠡᠷᠡᠭᠲᠡᠶ᠂ ᠲᠡᠭᠦᠨ ᠤ ᠬᠤᠷᠠᠯ ᠳᠡᠭᠡᠷ᠎ᠡ ᠣᠪᠣᠷ ᠢᠶᠠᠨ ᠢᠯᠡᠳᠬᠡᠭᠰᠡᠨ | ᠶᠠᠪᠤᠳᠠᠯ ᠢ ᠰᠠᠯᠠᠭ᠎ᠠ ᠮᠥᠴᠢᠷ ᠤᠨ ᠰᠠᠨᠠᠯ ᠢᠶᠠᠷ ᠦᠵᠡᠨ᠎ᠡ᠃ ᠬᠤᠷᠠᠯ ᠨᠢ ᠠᠷᠠᠳᠴᠢᠯᠠᠯ ᠲᠥᠪᠯᠡᠷᠡᠯ ᠤᠨ ᠶᠣᠰᠣᠨ ᠤ | ᠵᠠᠷᠴᠢᠮ ᠢ ᠭᠦᠢᠴᠡᠳ ᠪᠠᠳᠠᠷᠠᠭᠤᠯᠵᠤ ᠬᠤᠷᠠᠯ ᠡᠷᠬᠢᠯᠡᠭᠴᠢ ︽ᠬᠠᠮᠤᠭ ᠰᠡᠭᠦᠯ ᠳᠤ ᠣᠪᠣᠷ ᠢᠶᠠᠨ ᠢᠯᠡᠳᠬᠡᠬᠦ ᠲᠦᠷᠢᠮ︾ | ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠤᠨ᠎ᠡ᠃ | ᠵᠢᠷᠭᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠳᠤ | ᠳᠡᠪᠰᠢᠭᠦᠯᠵᠦ ᠶᠠᠷᠢᠯᠴᠠᠭᠤᠯᠤᠨ ᠰᠤᠳᠤᠯᠤᠭᠤᠯᠬᠤ ᠵᠥᠪᠯᠡᠬᠦ ᠰᠡᠳᠦᠪ ᠲᠤ ᠲᠣᠭᠲᠠᠭᠠᠯ ᠭᠠᠷᠭᠠᠪᠠᠯ ᠡᠯ᠎ᠡ ᠰᠤᠮᠤ | ᠪᠠᠯᠭᠠᠰᠤ᠂ ᠡᠯ᠎ᠡ ᠰᠠᠯᠠᠭ᠎ᠠ ᠮᠥᠴᠢᠷ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠰᠢᠯᠲᠠᠭ ᠡᠷᠢᠵᠦ ᠬᠠᠷᠢᠯᠴᠠᠨ | ᠲᠦᠯᠬᠢᠯᠴᠡᠬᠦ ᠪᠤᠶᠤ ᠤᠳᠠᠭᠠᠰᠢᠷᠠᠭᠤᠯᠤᠨ ᠰᠢᠢᠳᠪᠤᠷᠢᠯᠡᠬᠦ ᠥᠬᠡᠶ ᠪᠠᠶᠢᠵᠤ ᠪᠣᠯᠬᠤ ᠥᠬᠡᠶ᠃ ᠬᠤᠰᠢᠭᠤ ᠠᠷᠠᠳ ᠤᠨ | ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢᠶᠠᠷ ᠰᠤᠳᠤᠯᠤᠨ ᠲᠣᠭᠲᠠᠭᠠᠭᠰᠠᠨ ᠵᠦᠢᠯᠡᠰ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠨᠠᠷᠢᠨ ᠪᠢᠴᠢᠭᠡᠴᠢ ᠶᠢᠨ ᠰᠠᠯᠠᠭ᠎ᠠ | ᠲᠠᠰᠤᠭ ᠠᠴᠠ ᠪᠣᠳᠠᠲᠠᠶ ᠱᠠᠭᠠᠷᠳᠠᠨ ᠬᠦᠢᠴᠡᠳᠭᠡᠵᠦ ᠴᠢᠬᠤᠯᠠ ᠶᠡᠭᠡ ᠵᠦᠢᠯᠡᠰ ᠢ ᠬᠤᠰᠢᠭᠤ ᠠᠷᠠᠳ ᠤᠨ ᠵᠠᠰᠠᠭ ᠤᠨ | ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠠᠴᠠ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠤᠨ᠎ᠠ᠃ | ᠳᠣᠯᠣᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠠᠴᠠ | ᠲᠣᠭᠲᠠᠭᠠᠭᠰᠠᠨ ᠵᠦᠢᠯᠡᠰ ᠢ ᠢᠯᠡ ᠪᠣᠯᠭᠠᠬᠤ ᠳᠤ ᠲᠣᠬᠢᠷᠠᠮᠵᠢ ᠥᠬᠡᠶ ᠪᠣᠯ ᠬᠤᠷᠠᠯ ᠳᠤ ᠣᠷᠣᠯᠴᠠᠭᠰᠠᠳ ᠨᠢᠭᠤᠴᠠ ᠶᠢ | ᠴᠢᠩᠭ᠎ᠠ ᠬᠠᠮᠠᠭᠠᠯᠠᠬᠤ ᠬᠡᠷᠡᠭᠲᠡᠶ᠃ ᠨᠢᠭᠤᠴᠠ ᠳᠤ ᠬᠤᠯᠪᠣᠭᠳᠠᠬᠤ ᠪᠤᠶᠤ ᠢᠯᠡ ᠪᠣᠯᠭᠠᠬᠤ ᠳᠤ ᠲᠣᠬᠢᠷᠠᠮᠵᠢ ᠦᠭᠡᠢ | ᠵᠥᠪᠯᠡᠬᠦ ᠰᠡᠳᠦᠪ ᠢ ᠬᠤᠷᠠᠯ ᠤᠨ ᠳᠠᠷᠠᠭ᠎ᠠ ᠬᠤᠷᠠᠯ ᠤᠨ ᠮᠠᠲ᠋ᠧᠷᠢᠶᠠᠯ ᠢ ᠨᠢᠭᠡᠳᠦᠯᠲᠡᠶ ᠪᠠᠷ ᠬᠤᠷᠢᠶᠠᠨ ᠠᠪᠤᠨ᠎ᠠ᠃ | ᠨᠠᠢᠮᠠᠳᠣᠭᠠᠷ ᠵᠤᠷᠪᠤᠰ ᠬᠤᠷᠠᠯ ᠢ ᠳᠠᠭᠠᠭᠠᠨ ᠬᠦᠢᠴᠡᠳᠬᠡᠬᠦ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠨᠢ | ᠬᠤᠷᠠᠯ ᠤᠨ ᠳᠠᠷᠠᠭ᠎ᠠ ᠬᠤᠷᠠᠯ ᠤᠨ ᠪᠥᠬᠦ ᠮᠠᠲ᠋ᠧᠷᠢᠶᠠᠯ ᠢ ᠴᠠᠭ ᠲᠤᠬᠠᠶ ᠳᠤᠨᠢ ᠬᠤᠷᠢᠶᠠᠩᠭᠤᠶᠢᠯᠠᠨ ᠡᠮᠬᠢᠯᠡᠬᠦ ᠶᠢᠨ | ᠬᠠᠮᠲᠤ᠂ ᠬᠤᠷᠠᠯ ᠤᠨ ᠳᠠᠷᠠᠭ᠎ᠠ ᠬᠤᠶᠠᠷ ᠭᠠᠷᠠᠭ ᠤᠨ ᠳᠣᠲᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠲᠠᠩᠰᠠ ᠡᠪᠬᠡᠮᠡᠯ ᠤᠨ ᠲᠠᠰᠤᠭ ᠲᠤ ᠲᠤᠰᠢᠶᠠᠵᠤ ᠲᠠᠩᠰᠠ ᠡᠪᠬᠡᠮᠡᠯ ᠳᠤ ᠣᠷᠣᠭᠤᠯᠤᠨ᠎ᠠ᠃ | ᠶᠢᠰᠦᠳᠦᠭᠡᠷ ᠵᠤᠷᠪᠤᠰ ᠲᠣᠰ ᠲᠦᠷᠢᠮ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠠᠴᠠ ᠲᠠᠶᠢᠯᠪᠤᠷᠢᠯᠠᠵᠤ᠂ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠦᠷᠢᠮ | ᠨᠢᠭᠡᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠩ ᠤᠨ ᠪᠠᠶᠢᠳᠠᠯ ᠳᠤ ᠰᠠᠷ᠎ᠠ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ | ᠬᠡᠷᠡᠭᠴᠡᠭᠡ ᠪᠠᠨ ᠦᠨᠳᠦᠰᠦᠯᠡᠨ ᠶᠠᠮᠠᠷᠪᠠ ᠴᠠᠭ ᠲᠤ ᠬᠤᠷᠠᠯᠳᠤᠭᠤᠯᠵᠦ ᠪᠤᠯᠤᠨ᠎ᠠ᠃ | ᠬᠤᠶᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠥᠬᠦ ᠪᠦᠷᠢᠯᠳᠦᠬᠦᠨ ᠪᠣᠯ ᠬᠤᠷᠠᠯ ᠤᠨ ᠪᠦᠷᠢᠯᠳᠦᠬᠦᠨ ᠬᠡᠰᠢᠬᠦᠨ ᠪᠣᠯᠤᠨ᠎ᠠ᠃ | ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠪᠤᠶᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠳᠤ ᠨᠠᠶᠢᠳᠠᠵᠤ ᠡᠷᠭᠢᠯᠡᠨ | ᠬᠤᠷᠠᠯᠳᠤᠭᠤᠯᠤᠨ᠎ᠠ᠃ ᠡᠷᠬᠡᠪᠰᠢ ᠬᠠᠭᠠᠰ ᠠᠴᠠ ᠳᠡᠭᠡᠭᠰᠢ ᠲᠣᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠣᠷᠣᠯᠴᠠᠪᠠᠯ ᠰᠠᠶ᠋ᠢ ᠬᠤᠷᠠᠯᠳᠤᠵᠤ ᠪᠣᠯᠤᠨ᠎ᠠ᠃ | ᠳᠥᠷᠪᠡᠳᠦᠭᠡᠷ ᠵᠤᠷᠪᠤᠰ ᠬᠤᠷᠠᠯ ᠤᠨ ᠵᠥᠪᠯᠡᠬᠦ ᠰᠡᠳᠦᠪ ᠢ ᠦᠨᠳᠦᠰᠦᠯᠡᠨ ᠬᠤᠰᠢᠭᠤ ᠠᠷᠠᠳ ᠤᠨ | ᠵᠠᠰᠠᠭ ᠤᠨ ᠣᠷᠳᠣᠨ ᠤ ᠨᠠᠮ ᠤᠨ ᠭᠡᠰᠢᠭᠦᠨ ᠪᠤᠰᠤ ᠬᠤᠰᠢᠭᠤ ᠳᠡᠳ᠋ ᠳᠠᠷᠤᠭ᠎ᠠ᠂ ᠬᠤᠰᠢᠭᠤ ᠵᠠᠰᠠᠭ ᠤᠨ ᠣᠷᠳᠣᠨ ᠤ | ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠰᠤᠯᠠ ᠣᠷᠣᠯᠴᠠᠵᠤ ᠪᠣᠯᠤᠨ᠎ᠠ᠃ ᠬᠤᠰᠢᠭᠤ | ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠨᠢ ᠬᠡᠷᠡᠭᠴᠡᠭᠡ ᠪᠠᠨ | ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠳᠤ ᠮᠡᠳᠡᠭᠳᠡᠵᠦ ᠬᠤᠷᠠᠯ ᠳᠤ ᠰᠤᠯᠠ | ᠣᠷᠣᠯᠴᠠᠭᠤᠯᠵᠦ ᠪᠣᠯᠤᠨ᠎ᠠ᠃ | ᠲᠠᠪᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠨᠢ ᠭᠤᠤᠯᠳᠠᠭᠤ ᠳᠣᠤᠷᠠᠬᠢ ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠨ᠎ᠡ᠄ | ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠴᠢᠬᠤᠯᠠ ᠬᠤᠷᠠᠯ ᠤᠨ ᠵᠣᠷᠢᠭ ᠰᠠᠨᠠᠭ᠎ᠠ ᠪᠠ ᠴᠢᠬᠤᠯᠠ | ᠶᠡᠭᠡ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮᠵᠢᠯᠠᠨ ᠰᠤᠷᠤᠯᠴᠠᠵᠤ ᠨᠠᠮ ᠤᠨ ᠱᠤᠭᠤᠮ᠂ | ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠰᠠᠨᠠᠯ ᠪᠠ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠤᠨ᠎ᠠ︔ | ︵ᠬᠤᠶᠠᠷ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ︔ | ︵ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ᠂ | ᠰᠤᠷᠲᠠᠯ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠤᠨ᠎ᠠ︔ | ︵ᠳᠥᠷᠪᠡ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠭ ᠤᠨ ᠲᠣᠰ ᠪᠡᠶ᠎ᠡ ᠶᠢᠨ ᠪᠠᠶᠢᠭᠤᠯᠤᠯᠲᠠ ᠶᠢ | ᠴᠢᠩᠭᠠᠳᠬᠠᠬᠤ ᠬᠠᠮᠢᠶ᠎ᠠ ᠪᠥᠬᠦᠶ ᠠᠵᠢᠯ ᠢ ᠰᠤᠳᠤᠯᠤᠨ᠎ᠠ︔ | ︵ᠲᠠᠪᠤ︶ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠴᠢᠬᠤᠯᠠ | ᠶᠡᠭᠡ ᠵᠦᠢᠯᠡᠰ ᠢ ᠰᠤᠳᠤᠯᠤᠨ ᠪᠠᠶᠢᠷᠢᠯᠠᠭᠤᠯᠤᠨ᠎ᠠ︔ | ︵ᠵᠢᠷᠭᠤᠭ᠎ᠠ︶ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠢ ᠰᠤᠳᠤᠯᠤᠨ᠎ᠠ︔ | ︵ᠳᠣᠯᠤᠭ᠎ᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠨᠡᠷ᠎ᠡ ᠪᠠᠷ ᠬᠤᠰᠢᠭᠤ ᠨᠠᠮ ᠤᠨ ᠬᠤᠷᠢᠶ᠎ᠠ ᠠᠴᠠ ᠵᠢᠭᠠᠪᠤᠷᠢ ᠠᠪᠬᠤ᠂ ᠮᠡᠳᠡᠭᠦᠯᠬᠦ ᠴᠢᠬᠤᠯᠠᠲᠠᠶ ᠴᠢᠬᠤᠯᠠ ᠠᠰᠠᠭᠤᠳᠠᠯ ᠢ | ᠬᠢᠨᠠᠨ ᠲᠣᠭᠲᠠᠭᠠᠨ᠎ᠠ︔ | ︵ᠨᠠᠢᠮᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠲᠣᠭᠲᠠᠭᠠᠬᠤ ᠴᠢᠬᠤᠯᠠᠲᠠᠶ ᠪᠤᠰᠤᠳ ᠵᠦᠢᠯᠡᠰ ᠢ ᠰᠤᠳᠤᠯᠤᠨ᠎ᠠ᠃ | ᠵᠢᠷᠭᠤᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠥᠪᠯᠡᠬᠦ ᠰᠡᠳᠦᠪ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠶᠡᠷᠦᠩᠬᠡᠶᠢᠯᠡᠭᠰᠡᠨ ᠳᠠᠰᠤᠭ ᠠᠴᠠ ᠬᠠᠷᠢᠭᠤᠴᠠᠨ ᠴᠤᠭᠯᠠᠭᠤᠯᠵᠤ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠡᠷᠬᠢᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ | ᠬᠢᠨᠠᠨ ᠬᠠᠷᠭᠤᠭᠤᠯᠤᠭᠰᠠᠨ ᠤ ᠳᠠᠷᠠᠭ᠎ᠠ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠳᠤ ᠮᠡᠳᠡᠭᠦᠯᠵᠦ ᠬᠢᠨᠠᠨ | ᠲᠤᠭᠲᠠᠭᠠᠨ᠎ᠠ᠃ | ᠳᠣᠯᠣᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠤ ᠳᠣᠤᠷᠠᠬᠢ ᠵᠠᠷᠴᠢᠮ ᠢ ᠵᠢᠷᠤᠮᠯᠠᠨ᠎ᠠ᠃ | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠦᠨᠳᠦᠰᠦᠨ ᠱᠤᠭᠤᠮ᠂ ᠴᠢᠭᠯᠡᠯᠲᠡ᠂ | ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ ᠦᠵᠡᠯ ᠰᠠᠨᠠᠭ᠎ᠠ᠂ ᠤᠯᠤᠰ ᠲᠥᠷᠥ᠂ ᠦᠢᠯᠡ | ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠬᠤᠰᠢᠭᠤ ᠨᠠᠮ ᠤᠨ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ | ︵ᠬᠤᠶᠠᠷ︶ ᠬᠠᠤᠯᠢ ᠶᠣᠰᠣᠭᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠎ᠠ᠃ ᠬᠠᠤᠯᠢ | ᠶᠣᠰᠣᠭᠠᠷ ᠵᠠᠰᠠᠭ ᠶᠠᠪᠤᠭᠤᠯᠬᠤ ᠣᠶᠢᠯᠠᠭᠠᠭᠳᠠᠬᠤᠨ ᠢ ᠪᠤᠢ ᠪᠣᠯᠭᠠᠵᠤ ᠦᠨᠳᠦᠰᠦᠨ ᠬᠠᠤᠯᠢ ᠪᠠ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ ᠨᠠᠮ ᠤᠨ ᠤᠳᠤᠷᠢᠳᠬᠤ | ᠳᠤᠭᠤᠶᠢᠯᠠᠩ ᠤᠨ ᠡᠯ᠎ᠡ ᠵᠦᠢᠯ ᠤᠨ ᠰᠢᠢᠳᠪᠤᠷᠢᠲᠤ ᠪᠤᠳᠤᠯᠭ᠎ᠠ ᠶᠢ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ | ᠲᠣᠭᠲᠠᠭᠠᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ | ︵ᠭᠤᠷᠪᠠ︶ ᠠᠷᠠᠳᠴᠢᠯᠠᠯ ᠢ ᠪᠠᠳᠠᠷᠠᠭᠤᠯᠬᠤ ᠶᠢ ᠪᠠᠷᠢᠮᠲᠠᠯᠠᠨ᠎ᠠ᠃ ᠴᠢᠬᠤᠯᠠ ᠶᠡᠭᠡ ᠬᠡᠷᠡᠭ ᠶᠠᠪᠤᠳᠠᠯ ᠪᠤᠶᠤ | ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠪᠠᠶᠢᠪᠠᠯ ᠥᠷᠭᠡᠨ ᠢᠶᠠᠷ ᠰᠠᠨᠠᠯ | ᠬᠤᠷᠢᠶᠠᠵᠤ ᠠᠷᠠᠳ ᠤᠨ ᠪᠠᠶᠢᠳᠠᠯ ᠢ ᠤᠢᠢᠯᠠᠭᠠᠵᠦ᠂ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠤᠶᠤᠨ | ᠤᠬᠠᠭᠠᠨ ᠢ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠲᠤ ᠪᠤᠳᠤᠯᠭ᠎ᠠ ᠲᠣᠭᠲᠠᠭᠠᠨ᠎ᠠ᠃ | ︵ᠳᠥᠷᠪᠡ︶ ᠬᠠᠮᠲᠤ ᠪᠠᠷ ᠪᠠᠲᠤᠯᠠᠬᠤ ᠶᠢ ᠪᠠᠷᠢᠮᠲᠠᠯᠠᠨ᠎ᠠ᠃ ᠬᠠᠮᠲᠤ ᠶᠢᠨ ᠤᠳᠤᠷᠢᠳᠤᠯᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ ᠬᠤᠪᠢ ᠬᠥᠮᠦᠨ ᠤ ᠭᠠᠭᠴᠠᠭᠠᠷ ᠡᠵᠡᠨ ᠮᠡᠳᠡᠬᠦ ᠪᠠ ︽ᠭᠠᠭᠴᠠᠭᠠᠷ ᠢᠶᠠᠨ ᠲᠣᠯᠣᠭᠠᠶ ᠮᠡᠳᠡᠬᠦ | ︾ ᠠᠵᠢᠯᠯᠠᠭ᠎ᠠ ᠶᠢ ᠲᠡᠪᠴᠢᠵᠦ᠂ ᠬᠤᠷᠠᠯ ᠳᠤ ᠣᠷᠣᠯᠴᠠᠭᠰᠠᠳ ᠪᠦᠬᠦ ᠠᠵᠢᠯᠳᠠᠨ ᠢᠶᠠᠷ ᠢᠶᠠᠨ ᠣᠪᠣᠷ ᠢᠶᠠᠨ ᠢᠯᠡᠳᠬᠡᠬᠦ | ᠲᠦᠷᠢᠮ ᠢ ᠬᠡᠷᠡᠭᠯᠡᠨ ᠰᠠᠨᠠᠯ ᠢᠶᠠᠨ ᠲᠣᠳᠣᠷᠬᠠᠶ ᠪᠦᠬᠡᠳ ᠭᠦᠢᠴᠡᠳ ᠳᠤᠷᠠᠳᠴᠤ᠂ ᠬᠤᠷᠠᠯ ᠡᠷᠬᠢᠯᠡᠭᠴᠢ ᠬᠠᠮᠤᠭ | ᠰᠡᠭᠦᠯ ᠳᠤ ᠣᠪᠣᠷ ᠢᠶᠠᠨ ᠢᠯᠡᠳᠬᠡᠬᠦ ᠶᠢ ᠬᠡᠷᠡᠭᠵᠢᠭᠦᠯᠵᠦ᠂ ᠴᠥᠭᠡᠩᠬᠢ ᠨᠢ ᠣᠯᠠᠩᠬᠢ ᠪᠠᠨ ᠲᠠᠭᠠᠬᠤ ᠵᠠᠷᠴᠢᠮ ᠢᠶᠠᠷ | ᠲᠣᠭᠲᠠᠭᠠᠯ ᠭᠠᠷᠭᠠᠨ᠎ᠠ᠃ ᠵᠥᠷᠢᠯᠳᠦᠭᠡᠨ ᠶᠡᠭᠡ ᠠᠰᠠᠭᠤᠳᠠᠯ ᠢ ᠡᠩ ᠤᠨ ᠪᠠᠶᠢᠳᠠᠯ ᠳᠤ ᠬᠤᠶᠢᠰᠢᠯᠠᠭᠤᠯᠤᠨ | ᠲᠣᠭᠲᠠᠭᠠᠬᠤ ᠪᠤᠶᠤ ᠳᠡᠭᠡᠳᠦ ᠱᠠᠲᠤᠨ ᠠᠴᠠ ᠵᠢᠭᠠᠪᠤᠷᠢ ᠠᠪᠤᠨ᠎ᠠ᠃ | ᠨᠠᠢᠮᠠᠳᠣᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ | ᠳᠠᠰᠤᠭ ᠠᠴᠠ ᠬᠠᠷᠢᠭᠤᠴᠠᠨ ᠳᠠᠭᠠᠭᠠᠴᠢᠯᠠᠨ ᠡᠷᠬᠢᠯᠡᠨ᠎ᠡ᠃ ᠬᠤᠷᠠᠯ ᠤᠨ ᠶᠠᠪᠤᠳᠠᠯ ᠤᠨ ᠠᠵᠢᠯ ᠢ ᠬᠤᠰᠢᠭᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ ᠳᠠᠰᠤᠭ ᠠᠴᠠ ᠪᠣᠳᠠᠲᠠᠶ | ᠨᠠᠶᠢᠳᠠᠪᠤᠷᠢᠵᠢᠭᠤᠯᠤᠨ᠎ᠠ᠃ | ᠶᠢᠰᠦᠳᠦᠭᠡᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ 1 ᠡᠳᠦᠷ ᠤᠨ ᠡᠮᠦᠨ᠎ᠡ ᠮᠡᠳᠡᠭᠳᠡᠬᠦ ᠶᠢᠨ ᠬᠠᠮᠲᠤ ᠬᠠᠮᠢᠶ᠎ᠠ ᠪᠥᠬᠦᠶ ᠬᠤᠷᠠᠯ ᠤᠨ | ᠮᠠᠲ᠋ᠧᠷᠢᠶᠠᠯ ᠢ ᠲᠠᠷᠬᠠᠭᠠᠨ᠎ᠠ᠃ ᠣᠨᠴᠠᠭᠠᠶ ᠤᠴᠢᠷ ᠶᠠᠪᠤᠳᠠᠯ ᠠᠴᠠ ᠭᠠᠳᠠᠨ᠎ᠠ᠂ ᠡᠩ ᠤᠨ ᠪᠠᠶᠢᠳᠠᠯ ᠳᠤ ᠲᠦᠷ | ᠴᠠᠭ ᠤᠨ ᠰᠠᠨᠠᠭᠠᠴᠢᠯᠠᠭ᠎ᠠ ᠪᠠᠷ ᠬᠤᠷᠠᠯᠳᠤᠭᠤᠯᠬᠤ ᠥᠬᠡᠶ᠃ | ᠠᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠳᠤ ᠣᠷᠣᠯᠴᠠᠭᠰᠠᠳ ᠡᠩ ᠤᠨ ᠪᠠᠶᠢᠳᠠᠯ ᠳᠤ ᠰᠠᠭᠠᠲᠠᠵᠤ ᠪᠣᠯᠬᠤ ᠥᠬᠡᠶ᠂ ᠶᠠᠮᠠᠷ ᠨᠢᠭᠡᠨ | ᠰᠢᠯᠲᠠᠭᠠᠨ ᠠᠴᠠ ᠪᠣᠯᠵᠣ ᠣᠷᠣᠯᠴᠠᠵᠤ ᠳᠡᠶᠢᠯᠬᠦ ᠥᠬᠡᠶ ᠪᠣᠯ ᠡᠷᠬᠡᠪᠰᠢ ᠬᠤᠷᠠᠯ ᠡᠷᠬᠢᠯᠡᠭᠴᠢ ᠠᠴᠠ ᠴᠢᠯᠥᠭᠡ | ᠭᠤᠶᠤᠨ᠎ᠠ︔ ᠰᠤᠯᠠ ᠣᠷᠣᠯᠴᠠᠭᠰᠠᠳ ᠶᠠᠮᠠᠷ ᠨᠢᠭᠡᠨ ᠰᠢᠯᠲᠠᠭᠠᠨ ᠠᠴᠠ ᠪᠣᠯᠵᠣ ᠰᠤᠯᠠ ᠣᠷᠣᠯᠴᠠᠵᠤ ᠳᠡᠶᠢᠯᠬᠦ ᠥᠬᠡᠶ | ᠪᠣᠯ ᠡᠷᠬᠡᠪᠰᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠠᠴᠠ ᠴᠢᠯᠥᠭᠡ | ᠭᠤᠶᠤᠨ᠎ᠠ᠃ | ᠠᠷᠪᠠᠨ ᠨᠢᠭᠡᠳᠦᠭᠡᠷ ᠵᠤᠷᠪᠤᠰ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠭᠰᠠᠳ | ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠲᠣᠭᠲᠠᠭᠠᠯ ᠢ ᠡᠷᠬᠡᠪᠰᠢ ᠵᠢᠷᠤᠮᠯᠠᠨ᠎ᠠ᠂ ᠳᠤᠷ᠎ᠠ ᠪᠠᠷ ᠢᠶᠠᠨ ᠳᠠᠭᠤ | ᠰᠢᠩᠭᠡᠭᠡᠵᠦ᠂ ᠳᠦᠷᠰᠦ ᠰᠢᠩᠭᠡᠭᠡᠵᠦ ᠪᠣᠯᠬᠤ ᠦᠭᠡᠢ᠃ ᠬᠤᠷᠠᠯ ᠢᠶᠠᠷ ᠶᠠᠷᠢᠯᠴᠠᠨ ᠲᠣᠭᠲᠠᠭᠠᠭᠰᠠᠨ ᠵᠦᠢᠯᠡᠰ ᠢ ᠢᠯᠡ | ᠪᠣᠯᠭᠠᠬᠤ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠳᠤᠷ᠎ᠠ ᠪᠠᠷ ᠢᠶᠠᠨ ᠤᠯᠠᠮᠵᠢᠯᠠᠬᠤ ᠪᠠ ᠲᠠᠷᠬᠠᠭᠠᠵᠤ ᠪᠣᠯᠬᠤ | ᠦᠭᠡᠢ᠃ ᠬᠤᠷᠠᠯ ᠠᠴᠠ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠲᠣᠬᠢᠲᠠᠶ ᠬᠠᠳᠠᠭᠠᠯᠠᠨ | ᠬᠠᠮᠢᠶᠠᠷᠴᠤ ᠡᠩ ᠤᠨ ᠪᠠᠶᠢᠳᠠᠯ ᠳᠤ ᠬᠤᠷᠠᠯ ᠤᠨ ᠳᠠᠷᠠᠭ᠎ᠠ ᠨᠢᠭᠡᠳᠦᠯᠲᠡᠶ ᠪᠠᠷ ᠬᠤᠷᠢᠶᠠᠨ ᠠᠪᠤᠨ᠎ᠠ᠃ | ᠠᠷᠪᠠᠨ ᠬᠤᠶᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠨᠢ ᠬᠤᠷᠠᠯ ᠤᠨ ᠠᠭᠤᠯᠭ᠎ᠠ ᠶᠢ ᠦᠨᠳᠦᠰᠦᠯᠡᠨ ᠢᠯᠡ ᠪᠠᠷ ᠮᠡᠳᠡᠭᠡᠯᠡᠬᠦ ᠡᠰᠡᠬᠦ ᠶᠢ | ᠲᠣᠭᠲᠠᠭᠠᠨ᠎ᠠ᠃ | ᠠᠷᠪᠠᠨ ᠭᠤᠷᠪᠠᠳᠤᠭᠠᠷ ᠵᠤᠷᠪᠤᠰ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠲᠡᠮᠳᠡᠭᠯᠡᠯ᠂ ᠮᠠᠲ᠋ᠧᠷᠢᠶᠠᠯ ᠲᠠᠩᠰᠠ ᠡᠪᠬᠡᠮᠡᠯ ᠢ ᠡᠮᠬᠢᠯᠡᠵᠦ ᠴᠤᠭᠯᠠᠭᠤᠯᠬᠤ᠂ ᠱᠠᠭᠠᠷᠳᠠᠨ | ᠬᠦᠢᠴᠡᠳᠬᠡᠬᠦ ᠵᠡᠷᠭᠡ ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠶᠡᠷᠦᠩᠬᠡᠶᠢᠯᠡᠭᠰᠡᠨ | ᠳᠠᠰᠤᠭ ᠠᠴᠠ ᠬᠠᠷᠢᠭᠤᠴᠠᠨ᠎ᠠ᠃ | ᠠᠷᠪᠠᠨ ᠳᠥᠷᠪᠡᠳᠦᠭᠡᠷ ᠵᠤᠷᠪᠤᠰ ᠲᠣᠰ ᠲᠦᠷᠢᠮ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠠᠴᠠ ᠲᠠᠶᠢᠯᠪᠤᠷᠢᠯᠠᠵᠤ᠂ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |