ᠬᠠᠤᠯᠢ ᠶᠢᠨ ᠵᠥᠪᠯᠡᠭᠴᠢ ᠶᠢ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/11/29
               ᠦᠤᠰᠢᠨ ᠵᠠᠰᠠᠭ ᠠᠯᠪᠠᠨ ᠲᠠᠷᠬᠠᠭᠠᠬᠤ ﹇2021﹈ 51 ᠳ᠋ᠤᠭᠡᠷ ᠲᠤᠭᠠᠲᠤᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠤᠭᠤᠷᠢᠭ︶ ᠤᠨ ᠬᠠᠮᠢᠶᠠᠷᠤᠯᠲᠠ ᠶᠢᠨ ᠵᠥᠪᠯᠡᠯ ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠰᠢᠯᠭᠠᠨ ᠬᠢᠨᠠᠬᠤ ᠠᠷᠭ᠎ᠠ︾ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠤᠬᠡᠷᠡᠢ᠃                                                                             ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                        2021 ᠣᠨ ᠤ 8 ᠰᠠᠷ᠎ᠠ ᠶᠢᠨ 12 ᠤᠨ ᠡᠳᠤᠷ         ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠰᠢᠯᠭᠠᠨ ᠬᠢᠨᠠᠬᠤ ᠠᠷᠭ᠎ᠠ       ᠨᠢᠭᠡᠳᠦᠭᠡᠷ ᠵᠤᠷᠪᠤᠰ   ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠠᠮᠢᠶᠠᠷᠤᠯᠲᠠ ᠶᠢ ᠲᠦᠷᠢᠮᠵᠢᠬᠦᠯᠵᠦ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤᠮᠳᠠᠬᠢ ᠢᠳᠡᠪᠬᠢᠲᠡᠶ ᠦᠢᠯᠡᠳᠦᠯ ᠢ  ᠪᠠᠳᠠᠷᠠᠭᠤᠯᠬᠤ ᠶᠢᠨ ᠲᠤᠰᠠᠳᠠ ︽ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠠᠵᠢᠯ ᠤᠨ ᠲᠦᠷᠢᠮ︾ ᠢ ᠦᠨᠳᠦᠰᠦᠯᠡᠨ ᠲᠤᠰ ᠠᠷᠭ᠎ᠠ ᠶᠢ ᠲᠤᠭᠲᠠᠭᠠᠪᠠ᠃      ᠬᠤᠶᠠᠳᠤᠭᠠᠷ ᠵᠤᠷᠪᠤᠰ   ᠲᠣᠰ ᠠᠷᠭ᠎ᠠ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠳᠠᠬᠢ ᠵᠠᠰᠠᠭ ᠤᠨ ᠣᠷᠳᠣᠨ ᠤ ᠭᠠᠳᠠᠨ᠎ᠠ ᠠᠴᠠ ᠤᠷᠢᠭᠰᠠᠨ ᠬᠠᠤᠯᠢ ᠶᠢᠨ ᠵᠥᠪᠯᠡᠭᠴᠢ ᠶᠢ ᠰᠢᠯᠭᠠᠨ ᠬᠢᠨᠠᠬᠤ ᠠᠵᠢᠯ ᠳᠤ ᠭᠡᠷᠡᠭᠯᠡᠨ᠎ᠡ᠃      ᠭᠤᠷᠪᠠᠳᠤᠭᠠᠷ ᠵᠤᠷᠪᠤᠰ   ᠬᠤᠰᠢᠭᠤ ᠠᠷᠠᠳ ᠤᠨ ᠵᠠᠰᠠᠭ ᠤᠨ ᠣᠷᠳᠣᠨ ᠤ ᠭᠠᠳᠠᠨ᠎ᠠ ᠠᠴᠠ ᠤᠷᠢᠭᠰᠠᠨ ᠬᠠᠤᠯᠢ ᠶᠢᠨ ᠵᠥᠪᠯᠡᠭᠴᠢ ︵ᠳᠣᠷᠣᠭᠰᠢ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠭᠡᠵᠦ ᠨᠡᠷᠡᠶᠢᠳᠦᠨ᠎ᠡ︶ ᠶᠢᠨ ᠰᠢᠯᠭᠠᠨ ᠬᠢᠨᠠᠯᠳᠠ ᠳᠤ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠪᠠ ᠲᠤᠰᠢᠶᠠᠯ ᠤᠨ ᠬᠤᠭᠤᠴᠠᠭᠠᠨ ᠳᠠᠬᠢ ᠠᠵᠢᠯ ᠤᠨ ᠰᠢᠯᠭᠠᠨ ᠬᠢᠨᠠᠯᠳᠠ ᠪᠠᠭᠳᠠᠨ᠎ᠠ᠃ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠰᠢᠯᠭᠠᠨ ᠬᠢᠨᠠᠯᠳᠠ ᠶᠢᠨ ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠠᠴᠠ ᠪᠤᠳᠠᠳᠠᠢ ᠬᠠᠷᠢᠭᠤᠴᠠᠵᠦ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃      ᠳᠥᠷᠪᠡᠳᠦᠭᠡᠷ ᠵᠤᠷᠪᠤᠰ   ᠣᠨ ᠤ ᠡᠳᠦᠷ ᠲᠤᠲᠤᠮ ᠤᠨ ᠰᠢᠯᠭᠠᠨ ᠬᠢᠨᠠᠯᠳᠠ ᠳᠤ ᠬᠤᠪᠢ ᠲᠣᠭᠲᠠᠭᠠᠬᠤ ᠲᠦᠷᠢᠮ ᠢ ᠬᠡᠷᠡᠭᠵᠢᠭᠦᠯᠵᠦ᠂ ᠶᠡᠷᠦᠩᠬᠡᠶ ᠬᠤᠪᠢ ᠨᠢ 100 ᠬᠤᠪᠢ ᠪᠠᠶᠢᠵᠤ᠂ ᠰᠢᠯᠭᠠᠨ ᠬᠢᠨᠠᠬᠤ ᠠᠭᠤᠯᠭ᠎ᠠ ᠨᠢᠭᠡᠪᠦᠷᠢ ᠶᠢᠨ ᠬᠠᠰᠤᠭᠰᠠᠨ ᠬᠤᠪᠢ ᠶᠢᠨ ᠨᠡᠶᠢᠯᠡᠪᠦᠷᠢ ᠨᠢ ᠴᠥᠮ ᠲᠣᠰ ᠵᠦᠢᠯ ᠤᠨ ᠶᠡᠷᠦᠩᠬᠡᠶ ᠬᠤᠪᠢ ᠠᠴᠠ ᠬᠡᠲᠦᠷᠡᠵᠦ ᠪᠣᠯᠬᠤ ᠥᠬᠡᠶ︔ ᠠᠰ ᠲᠤᠨᠢ ᠬᠤᠪᠢ ᠨᠡᠮᠡᠬᠦ ᠲᠥᠷᠥᠯ ᠵᠦᠢᠯ ᠨᠢ ᠨᠡᠶᠢᠯᠡᠭᠡᠳ 20 ᠬᠤᠪᠢ ᠠᠴᠠ ᠬᠡᠲᠦᠷᠡᠵᠦ ᠪᠣᠯᠬᠤ ᠥᠬᠡᠶ᠃ ᠪᠣᠳᠠᠲᠠᠶ ᠬᠤᠪᠢ ᠣᠯᠭᠤᠬᠤ ᠪᠠᠷᠢᠮᠵᠢᠶ᠎ᠠ ᠨᠢ ᠳᠣᠤᠷᠠᠬᠢ ᠮᠡᠲᠦ᠄      ︵ᠨᠢᠭᠡ︶ ᠠᠵᠢᠯ ᠢᠶᠠᠨ ᠭᠦᠢᠴᠡᠳᠭᠡᠭᠰᠡᠨ ᠪᠠᠶᠢᠳᠠᠯ ︵40 ᠬᠤᠪᠢ︶      ⒈ᠱᠠᠭᠠᠷᠳᠠᠯᠭ᠎ᠠ ᠶᠣᠰᠣᠭᠠᠷ ᠬᠠᠤᠯᠢ ᠴᠠᠭᠠᠵᠠ ᠶᠢᠨ ᠰᠠᠨᠠᠯ ᠤᠨ ᠪᠢᠴᠢᠭ ᠪᠠ ᠪᠤᠰᠤᠳ ᠬᠠᠤᠯᠢ ᠴᠠᠭᠠᠵᠠ ᠶᠢᠨ ᠪᠢᠴᠢᠭ ᠢ ᠭᠠᠷᠭᠠᠵᠤ ᠥᠭᠭᠦᠭᠰᠡᠨ ᠦᠭᠡᠢ ᠪᠠᠶᠢᠪᠠᠯ᠂ ᠨᠢᠭᠡ ᠤᠳᠠᠭ᠎ᠠ ᠳᠤ 15 ᠬᠤᠪᠢ ᠬᠠᠰᠤᠨ᠎ᠠ᠃      ⒉ ᠬᠤᠪᠢ ᠶᠢᠨ ᠠᠯᠳᠠᠭ᠎ᠠ ᠪᠤᠷᠤᠭᠤ ᠠᠴᠠ ᠪᠤᠯᠵᠤ ᠵᠠᠷᠭᠤ ᠶᠢᠨ ᠬᠡᠷᠡᠭ ᠤᠨ ᠦᠷ᠎ᠡ ᠳ᠋ᠦᠩ ᠳᠤ ᠵᠠᠷᠭᠤ ᠢᠯᠠᠭᠳᠠᠵᠤ᠂ ᠵᠠᠰᠠᠭ ᠤᠨ ᠣᠷᠳᠣᠨ ᠳᠤ ᠠᠵᠤ ᠠᠬᠤᠶ ᠶᠢᠨ ᠬᠤᠬᠢᠷᠠᠯ ᠪᠤᠶᠤ ᠮᠠᠭᠤ ᠨᠥᠯᠥᠭᠡ ᠤᠴᠠᠷᠠᠭᠤᠯᠤᠭᠰᠠᠨ ᠪᠠᠶᠢᠪᠠᠯ᠂  ᠨᠢᠭᠡ ᠤᠳᠠᠭ᠎ᠠ ᠳᠤ 15 ᠬᠤᠪᠢ ᠬᠠᠰᠤᠨ᠎ᠠ᠃      ⒊ᠰᠠᠨᠠᠯ ᠬᠤᠷᠢᠶᠠᠬᠤ ᠪᠠᠷ ᠳᠡᠮᠵᠢᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠠᠵᠢᠯ ᠬᠦᠢᠴᠡᠳᠬᠡᠭᠰᠡᠨ ᠪᠠᠶᠢᠳᠠᠯ ᠳᠤ ᠬᠠᠨᠤᠮᠵᠢ ᠥᠬᠡᠶ ᠪᠠᠶᠢᠪᠠᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃      ⒋ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠥᠬᠡᠶ ᠪᠤᠰᠤᠳ ᠪᠠᠶᠢᠳᠠᠯ ᠳᠤ᠂ ᠨᠢᠭᠡ ᠤᠳᠠᠭ᠎ᠠ ᠳᠤ 10 ᠬᠤᠪᠢ ᠬᠠᠰᠤᠨ᠎ᠠ᠃      ︵ᠬᠤᠶᠠᠷ︶ ᠰᠠᠬᠢᠯᠭ᠎ᠠ ᠪᠠᠲᠤ ᠶᠢ ᠰᠠᠬᠢᠭᠰᠠᠨ ᠪᠠᠶᠢᠳᠠᠯ ︵30 ᠬᠤᠪᠢ︶      ᠳᠣᠣᠷ᠎ᠠ ᠵᠢᠭᠰᠠᠭᠠᠭᠰᠠᠨ ᠪᠠᠶᠢᠳᠠᠯ ᠲᠠᠢ ᠪᠠᠶᠢᠪᠠᠯ᠂ ᠤᠳᠠᠭ᠎ᠠ ᠪᠦᠷᠢ 5 ᠬᠤᠪᠢ ᠬᠠᠰᠤᠨ᠎ᠠ᠄      ⒈ᠵᠦᠢ ᠶᠣᠰᠣᠨ ᠤ ᠤᠴᠢᠷ ᠰᠢᠯᠲᠠᠭᠠᠨ ᠤᠢᠭᠡᠢ ᠪᠠᠷ ᠲᠣᠮᠢᠯᠠᠯᠲᠠ ᠶᠢ ᠤᠢᠯᠦ ᠲᠡᠭᠠᠬᠰᠡᠠ︔      ⒉ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠤᠷᠠᠯ ᠪᠤᠶᠤ ᠠᠵᠢᠯᠯᠠᠭ᠎ᠠ ᠳᠤ ᠤᠴᠢᠷ ᠰᠢᠯᠲᠠᠭᠠᠨ ᠥᠬᠡᠶ ᠪᠠᠷ ᠥᠯᠥ ᠣᠷᠣᠯᠴᠠᠭᠰᠠᠨ︔      ⒊ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠦᠢᠯᠡᠴᠢᠯᠡᠭᠡᠨ ᠤ ᠠᠭᠤᠯᠭ᠎ᠠ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠨᠠᠶᠢᠳᠠᠯᠭ᠎ᠠ ᠶᠢ ᠬᠠᠮᠲᠤ ᠳᠤᠨᠢ ᠭᠥᠯᠢᠶᠡᠨ ᠠᠪᠴᠤ᠂ ᠲᠡᠭᠦᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠭᠰᠠᠨ︔      ⒋ᠠᠵᠢᠯ ᠤᠨ ᠳᠤᠮᠳᠠ ᠲᠣᠬᠢᠶᠠᠯᠳᠤᠭᠰᠠᠨ ᠵᠠᠰᠠᠭ ᠤᠨ ᠣᠷᠳᠣᠨ ᠤ ᠠᠵᠢᠯ ᠤᠨ ᠬᠤᠯᠪᠣᠭᠳᠠᠯ ᠪᠦᠬᠦᠢ ᠨᠢᠭᠤᠴᠠ ᠪᠠ ᠢᠯᠡ ᠪᠣᠯᠭᠠᠬᠤ ᠳᠤ ᠲᠣᠬᠢᠷᠠᠮᠵᠢ ᠦᠭᠡᠢ ᠪᠤᠰᠤᠳ ᠪᠠᠶᠢᠳᠠᠯ ᠢ ᠳᠤᠷ᠎ᠠ ᠪᠠᠷ ᠢᠶᠠᠨ ᠵᠠᠳᠠᠷᠠᠭᠤᠯᠤᠭᠰᠠᠨ︔      ⒌ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠠᠴᠠ ᠪᠤᠰᠤᠳ ᠲᠤᠬᠠᠶᠢᠯᠠᠭᠰᠠᠨ ᠠᠵᠢᠯ ᠢ ᠬᠦᠢᠴᠡᠳᠭᠡᠭᠦ ᠦᠶ᠎ᠡ ᠳᠤ᠂ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠤᠪᠢ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠲᠤᠬᠠᠶ ᠶᠢᠨ ᠬᠥᠮᠦᠨ ᠳᠤ ᠨᠥᠯᠥᠭᠡ ᠦᠵᠡᠭᠦᠯᠦᠭᠰᠡᠨ︔      ⒍ᠪᠤᠰᠤᠳ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠰᠠᠬᠢᠯᠭ᠎ᠠ ᠪᠠᠲᠤ ᠵᠢᠴᠢ ︽ᠬᠠᠤᠯᠢ ᠶᠢᠨ ᠵᠥᠪᠯᠡᠭᠴᠢ ᠶᠢᠨ ᠲᠦᠷᠢᠮ ᠪᠠ ᠠᠯᠪᠠᠨ ᠲᠤᠰᠢᠶᠠᠯᠲᠤ ᠬᠠᠤᠯᠢᠴᠢ ᠺᠣᠮᠫᠠᠨᠢ ᠶᠢᠨ ᠬᠠᠤᠯᠢᠴᠢ ᠶᠢᠨ ᠲᠦᠷᠢᠮ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ᠳᠤ ᠲᠣᠭᠲᠠᠭᠠᠭᠰᠠᠨ ᠠᠵᠢᠯ ᠡᠷᠭᠢᠯᠡᠬᠦ ᠶᠢ ᠴᠠᠭᠠᠵᠠᠯᠠᠬᠤ ᠡᠭᠦᠷᠭᠡ ᠠᠴᠠ ᠵᠥᠷᠢᠴᠡᠭᠰᠡᠨ᠃      ︵ᠭᠤᠷᠪᠠ︶ ᠠᠵᠢᠯ ᠡᠷᠭᠢᠯᠡᠬᠦ ᠶᠢ ᠲᠦᠷᠢᠮᠵᠢᠬᠦᠯᠦᠭᠰᠡᠨ ᠪᠠᠶᠢᠳᠠᠯ ︵30 ᠬᠤᠪᠢ︶      ⒈ᠪᠦᠷᠢᠨ ᠪᠦᠲᠦᠨ ᠠᠵᠢᠯ ᠤᠨ ᠲᠠᠩᠰᠠ ᠡᠪᠬᠡᠮᠡᠯ ᠢ ᠬᠠᠳᠠᠭᠠᠯᠠᠭᠰᠠᠨ ᠲᠡᠮᠳᠡᠭᠯᠡᠯ ᠢ ᠪᠠᠶᠢᠭᠤᠯᠤᠭᠰᠠᠨ ᠥᠬᠡᠶ ᠪᠠᠶᠢᠪᠠᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃      ⒉ᠲᠤᠰᠢᠶᠠᠯ ᠤᠨ ᠬᠤᠭᠤᠴᠠᠭᠠᠨ ᠳᠤ ᠵᠠᠭᠠᠯᠳᠤᠭᠤᠯᠤᠭᠠᠳ ᠪᠠᠶᠢᠴᠠᠭᠠᠨ ᠳᠣᠲᠣᠯᠠᠭᠳᠠᠭᠰᠠᠨ ᠪᠠᠶᠢᠪᠠᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃      ⒊ᠲᠤᠰᠢᠶᠠᠯ ᠤᠨ ᠬᠤᠭᠤᠴᠠᠭᠠᠨ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠳᠬᠡᠯ᠂ ᠬᠠᠤᠯᠢᠴᠢ ᠶᠢᠨ ᠨᠡᠶᠢᠭᠡᠮᠯᠢᠭ ᠤᠨ ᠠᠵᠢᠯ ᠲᠦᠷᠦᠯ ᠤᠨ ᠰᠢᠳᠬᠡᠯ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠳᠬᠡᠯ ᠢ ᠣᠯᠤᠭᠰᠠᠨ ᠪᠠᠶᠢᠪᠠᠯ᠂ ᠨᠢᠭᠡ ᠤᠳᠠᠭ᠎ᠠ ᠳᠤ 15 ᠬᠤᠪᠢ ᠬᠠᠰᠤᠨ᠎ᠠ᠃      ︵ᠳᠥᠷᠪᠡ︶ ᠬᠤᠪᠢ ᠨᠡᠮᠡᠬᠦ ᠲᠥᠷᠥᠯ ᠵᠦᠢᠯ ︵20 ᠬᠤᠪᠢ︶      ⒈ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠠᠴᠠ ᠴᠤᠬᠤᠯᠠᠪᠤᠷᠢᠯᠠᠨ ᠨᠤᠲᠠᠯᠠᠭᠰᠠᠨ ᠪᠠᠶᠢᠪᠠᠯ᠂ ᠨᠢᠭᠡ ᠤᠳᠠᠭ᠎ᠠ ᠳᠤ 5 ᠬᠤᠪᠢ ᠨᠡᠮᠡᠨ᠎ᠡ᠃      ⒉ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠪᠠᠯ᠂ ᠨᠢᠭᠡ ᠤᠳᠠᠭ᠎ᠠ ᠳᠤ 2 ᠬᠤᠪᠢ ᠨᠡᠮᠡᠨ᠎ᠡ᠃      ⒊ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠠᠵᠢᠯ ᠤᠨ ᠰᠢᠨ᠎ᠡ ᠶᠢ ᠡᠭᠦᠳᠦᠭᠰᠡᠨ ᠲᠤᠷᠰᠢᠯᠭ᠎ᠠ ᠪᠠ ᠠᠷᠭ᠎ᠠ ᠪᠠᠷᠢᠯ ᠨᠢ ᠬᠤᠲᠠ ᠶᠢᠨ ᠱᠠᠲᠤᠨ ᠠᠴᠠ ᠳᠡᠭᠡᠭᠰᠢᠬᠢ ᠵᠠᠭᠤᠴᠢᠯᠠᠭᠤᠷ ᠲᠤ ᠤᠬᠠᠭᠤᠯᠤᠨ ᠮᠡᠳᠡᠭᠡᠯᠡᠭᠳᠡᠭᠰᠡᠨ ᠪᠤᠶᠤ ᠬᠤᠲᠠ ᠶᠢᠨ ᠱᠠᠲᠤᠨ ᠠᠴᠠ ᠳᠡᠭᠡᠭᠰᠢᠬᠢ ᠬᠤᠷᠠᠯ ᠳᠤ ᠰᠠᠨᠠᠯ ᠰᠣᠯᠢᠯᠴᠠᠨ ᠶᠠᠷᠢᠶ᠎ᠠ ᠲᠠᠯᠪᠢᠭᠰᠠᠨ ᠪᠠᠶᠢᠪᠠᠯ ᠤᠯᠤᠰ ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤ ᠶᠤᠰᠤᠭᠠᠷ ᠨᠢᠭᠡ ᠤᠳᠠᠭ᠎ᠠ ᠳᠤ ᠲᠣᠰ ᠲᠣᠰ 10 ᠬᠤᠪᠢ᠂ 5 ᠬᠤᠪᠢ᠂ 3 ᠬᠤᠪᠢ ᠨᠡᠮᠡᠨ᠎ᠡ᠃      ᠲᠠᠪᠤᠳᠤᠭᠠᠷ ᠵᠤᠷᠪᠤᠰ   ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠨᠢ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠳᠤ ᠣᠷᠣᠯᠴᠠᠪᠠᠯ᠂ ᠵᠢᠯ ᠪᠦᠷᠢ ᠶᠢᠨ 10 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠭᠰᠠᠨ ᠪᠢᠴᠢᠭ ᠤᠨ ᠬᠡᠯᠪᠡᠷᠢ ᠶᠢᠨ ᠠᠵᠢᠯ ᠤᠨ ᠮᠡᠳᠡᠭᠦᠯᠦᠯᠲᠡ ᠪᠤᠶᠤ ᠬᠠᠤᠯᠢ ᠶᠢᠨ ᠵᠦᠪᠯᠡᠭᠴᠢ ᠲᠤᠰ ᠪᠡᠶ᠎ᠡ ᠪᠠᠷ ᠢᠶᠠᠨ ᠭᠠᠷ ᠤᠨ ᠦᠰᠦᠭ ᠵᠢᠷᠤᠵᠦ ᠪᠠᠲᠤᠯᠠᠭᠰᠠᠨ ᠠᠵᠢᠯ ᠤᠨ ᠮᠡᠳᠡᠭᠦᠯᠦᠯᠲᠡ ᠪᠠᠨ ᠲᠤᠰᠢᠶᠠᠨ᠎ᠠ︔ ᠬᠡᠷᠪᠡ ᠬᠤᠪᠢ ᠨᠡᠮᠡᠬᠦ ᠵᠦᠢᠯ ᠪᠠᠶᠢᠪᠠᠯ᠂ ᠠᠵᠢᠯ ᠤᠨ ᠮᠡᠳᠡᠭᠦᠯᠦᠯᠲᠡ ᠳᠡᠭᠡᠨ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠳᠠᠭᠠᠯᠳᠤᠭᠤᠯᠤᠨ᠎ᠠ᠃      ᠵᠢᠷᠭᠤᠳᠤᠭᠠᠷ ᠵᠤᠷᠪᠤᠰ   ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠨᠢ ᠵᠢᠯ ᠪᠦᠷᠢ ᠨᠢᠭᠡ ᠤᠳᠠᠭ᠎ᠠ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠰ ᠲᠣᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠦᠨᠡᠯᠡᠯᠲᠡ ᠶᠢ ᠥᠷᠨᠢᠭᠦᠯᠦᠨ᠂  ᠰᠢᠯᠭᠠᠨ ᠬᠢᠨᠠᠬᠤ ᠰᠠᠨᠠᠯ ᠢᠶᠠᠨ ᠳᠤᠷᠠᠳᠤᠨ᠎ᠠ᠃      ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠦᠨᠡᠯᠡᠯᠲᠡ ᠶᠢ ᠥᠷᠨᠢᠭᠦᠯᠬᠦ ᠳᠤ ᠭᠤᠤᠯᠳᠠᠭᠤ ︽ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠤᠯᠢ ᠶᠢᠨ ᠵᠥᠪᠯᠡᠭᠴᠢ ᠶᠢᠨ ᠠᠵᠢᠯ ᠤᠨ ᠮᠡᠳᠡᠭᠳᠡᠯ ᠤᠨ ᠬᠠᠭᠤᠳᠠᠰᠤ︾ ᠶᠢ ᠦᠨᠳᠦᠰᠦᠯᠡᠬᠦ ᠶᠢᠨ ᠬᠠᠮᠲᠤ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠤᠷᠠᠯ ᠳᠡᠭᠡᠷᠡᠬᠢ ᠲᠤᠰᠢᠶᠠᠯ ᠤᠨ ᠮᠡᠳᠡᠭᠦᠯᠦᠯᠲᠡ ᠬᠢᠭᠡᠳ ᠲᠤᠰᠢᠶᠠᠭᠰᠠᠨ ᠪᠢᠴᠢᠭ ᠤᠨ ᠬᠡᠯᠪᠡᠷᠢ ᠶᠢᠨ ᠣᠨ ᠤ ᠠᠵᠢᠯ ᠤᠨ ᠮᠡᠳᠡᠭᠦᠯᠦᠯᠲᠡ ᠲᠠᠢ ᠤᠶᠠᠯᠳᠤᠭᠤᠯᠤᠨ  ᠰᠢᠯᠭᠠᠨ ᠬᠢᠨᠠᠵᠦ ᠦᠨᠡᠯᠡᠨ᠎ᠡ᠃      ᠳᠣᠯᠣᠳᠤᠭᠠᠷ ᠵᠤᠷᠪᠤᠰ   ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠢ ᠰᠢᠯᠢᠳᠡᠭ ︵90 ᠬᠤᠪᠢ ᠠᠴᠠ ᠳᠡᠭᠡᠭᠰᠢ︶᠂ ᠬᠢᠷᠢ ᠲᠡᠩᠴᠡᠭᠰᠡᠨ ︵80 ᠬᠤᠪᠢ ᠠᠴᠠ 90 ᠬᠤᠪᠢ︶᠂ ᠦᠨᠳᠦᠰᠦᠨ ᠳᠡᠭᠡᠨ ᠬᠢᠷᠢ ᠲᠡᠩᠴᠡᠭᠰᠡᠨ ︵70 ᠬᠤᠪᠢ ᠠᠴᠠ 80 ᠬᠤᠪᠢ︶ ᠪᠠ ᠬᠢᠷᠢ ᠲᠡᠩᠴᠡᠭᠰᠡᠨ ᠥᠬᠡᠶ ︵70 ᠬᠤᠪᠢ ᠠᠴᠠ ᠳᠣᠷᠣᠭᠰᠢ︶ ᠳᠥᠷᠪᠡᠨ ᠳᠡᠰ ᠬᠤᠪᠢᠶᠠᠨ᠎ᠠ᠃      ᠨᠠᠢᠮᠠᠳᠤᠭᠠᠷ ᠵᠤᠷᠪᠤᠰ   ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠨ ᠤ ᠡᠳᠦᠷ ᠲᠤᠳᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠢ ᠰᠢᠭᠤᠳ ᠬᠢᠷᠢ ᠲᠡᠩᠴᠡᠬᠦ ᠦᠭᠡᠢ ᠪᠠᠷ ᠲᠣᠭᠲᠠᠭᠠᠨ᠎ᠠ᠄      ︵ᠨᠢᠭᠡ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠤᠨ ᠬᠤᠷᠠᠯᠳᠤᠭᠠᠨ ᠳᠤ ᠭᠤᠷᠪᠠᠨ ᠤᠳᠠᠭ᠎ᠠ ᠠᠴᠠ ᠳᠡᠭᠡᠭᠰᠢ ᠦᠯᠦ ᠣᠷᠣᠯᠴᠠᠭᠰᠠᠨ︔      ︵ᠬᠤᠶᠠᠷ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠤᠨ ᠡᠭᠦᠷᠭᠡ ᠪᠠᠨ ᠬᠤᠶᠠᠷ ᠤᠳᠠᠭ᠎ᠠ ᠠᠴᠠ ᠳᠡᠭᠡᠭᠰᠢ ᠴᠠᠭ ᠲᠠᠭᠠᠨ ᠦᠯᠦ ᠪᠡᠶᠡᠯᠡᠭᠦᠯᠦᠭᠰᠡᠨ︔      ︵ᠭᠤᠷᠪᠠ︶ ᠬᠤᠪᠢ ᠶᠢᠨ ᠬᠦᠨᠳᠦ ᠶᠡᠭᠡ ᠠᠯᠳᠠᠰᠢ ᠠᠴᠠ ᠪᠤᠯᠵᠤ ᠲᠠᠬᠢᠨ ᠵᠥᠪᠯᠡᠬᠦ᠂ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠳᠤ ᠠᠯᠳᠠᠭ᠎ᠠ ᠪᠠᠨ ᠳᠤᠷᠠᠳᠤᠭᠤᠯᠬᠤ ᠪᠤᠶᠤ ᠵᠠᠷᠭᠤ ᠢᠯᠠᠭᠳᠠᠭᠰᠠᠨ︔      ︵ᠲᠦᠷᠪᠡ︶ ᠬᠦᠨᠳᠦ ᠶᠡᠭᠡ ᠠᠯᠳᠠᠰᠢ ᠠᠴᠠ ᠪᠤᠯᠵᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ ᠴᠢᠳᠠᠭᠰᠠᠨ ᠦᠭᠡᠢ ᠪᠥᠭᠡᠳ ᠬᠦᠨᠳᠦ ᠨᠣᠴᠢᠲᠠᠢ ᠦᠷ᠎ᠡ ᠳ᠋ᠦᠩ ᠢ ᠪᠤᠢ ᠪᠤᠯᠭᠠᠭᠰᠠᠨ︔      ︵ᠲᠠᠪᠤ︶ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠭᠡᠷ᠎ᠡ ᠳᠤ ᠪᠣᠯᠵᠣᠨ ᠲᠣᠭᠲᠠᠭᠰᠠᠨ ᠪᠤᠰᠤᠳ ᠪᠠᠶᠢᠳᠠᠯ᠃      ᠶᠢᠰᠦᠳᠦᠭᠡᠷ ᠵᠤᠷᠪᠤᠰ   ᠣᠨ ᠤ ᠡᠳᠦᠷ ᠲᠤᠳᠤᠮ ᠤᠨ ᠠᠵᠢᠯ ᠤᠨ ᠰᠢᠯᠭᠠᠨ ᠬᠢᠨᠠᠯᠳᠠ ᠶᠢ ᠵᠢᠯ ᠪᠦᠷᠢ ᠶᠢᠨ 11 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃ ᠰᠢᠯᠭᠠᠨ ᠬᠢᠨᠠᠯᠳᠠ ᠶᠢᠨ ᠳᠡᠰ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠠᠴᠠ ᠡᠳᠦᠷ ᠲᠤᠲᠤᠮ ᠤᠨ ᠠᠵᠢᠯ ᠤᠨ ᠪᠠᠶᠢᠳᠠᠯ ᠢ ᠬᠤᠷᠢᠶᠠᠩᠭᠤᠶᠢᠯᠠᠵᠤ ᠬᠠᠮᠢᠶ᠎ᠠ ᠪᠥᠬᠦᠶ ᠤᠳᠤᠷᠢᠳᠤᠯᠭ᠎ᠠ ᠶᠢᠨ ᠦᠨᠡᠯᠡᠯᠲᠡ ᠲᠠᠢ ᠤᠶᠠᠯᠳᠤᠭᠤᠯᠤᠨ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠢ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢᠨ ᠴᠢᠬᠤᠯᠠ ᠦᠨᠳᠦᠰᠦᠯᠡᠯ ᠪᠠ ᠬᠥᠯᠥᠰᠥ ᠣᠯᠭᠤᠮᠵᠢ ᠥᠭᠬᠦ ᠶᠢᠨ ᠯᠠᠪᠯᠠᠯᠲᠠ ᠦᠨᠳᠦᠰᠦᠯᠡᠯ ᠪᠣᠯᠭᠠᠨ᠎ᠠ᠃      ᠠᠷᠪᠠᠳᠤᠭᠠᠷ ᠵᠤᠷᠪᠤᠰ  ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠤᠨ᠎ᠡ ᠭᠤᠷᠪᠠᠨ ᠰᠠᠷ᠎ᠠ  ᠶᠢᠨ ᠲᠤᠲᠤᠷ᠎ᠠ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢ ᠭᠤᠷᠪᠠ ᠤᠳᠠᠭᠠᠨ ᠤ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠢ ᠦᠨᠳᠦᠰᠦᠯᠡᠨ ᠶᠡᠷᠦᠩᠬᠡᠶᠢᠯᠡᠨ ᠦᠨᠡᠯᠡᠨ ᠲᠣᠭᠲᠠᠭᠠᠵᠤ᠂ ᠰᠢᠯᠭᠠᠨ ᠬᠢᠨᠠᠯᠳᠠ ᠶᠢᠨ ᠦᠷ᠎ᠡ ᠳ᠋ᠦᠩ ᠢ ᠰᠢᠯᠢᠳᠡᠭ ︵85 ᠬᠤᠪᠢ ᠠᠴᠠ ᠳᠡᠭᠡᠭᠰᠢ︶᠂ ᠬᠢᠷᠢ ᠲᠡᠩᠴᠡᠭᠰᠡᠨ ︵70 ᠬᠤᠪᠢ ᠠᠴᠠ 85 ᠬᠤᠪᠢ︶ ᠪᠠ ᠬᠢᠷᠢ ᠲᠡᠩᠴᠡᠭᠰᠡᠨ ᠥᠬᠡᠶ ︵70 ᠬᠤᠪᠢ ᠠᠴᠠ ᠳᠣᠷᠣᠭᠰᠢ︶ ᠭᠡᠵᠦ ᠭᠤᠷᠪᠠᠨ ᠳᠡᠰ ᠬᠤᠪᠢᠶᠠᠨ᠎ᠠ᠃ ᠰᠢᠯᠭᠠᠨ ᠬᠢᠨᠠᠯᠳᠠ  ᠶᠢᠨ ᠦᠷ᠎ᠡ ᠳ᠋ᠦᠩ ᠢᠶᠠᠷ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠦᠷᠭᠦᠯᠵᠢᠯᠡᠨ ᠤᠷᠢᠬᠤ᠂ ᠤᠷᠢᠬᠤ ᠪᠠᠨ ᠪᠤᠯᠢᠬᠤ ᠦᠨᠳᠦᠰᠦᠯᠡᠯ ᠪᠣᠯᠭᠠᠨ᠎ᠠ᠃      ᠠᠷᠪᠠᠨ ᠨᠢᠭᠡᠳᠦᠭᠡᠷ ᠵᠤᠷᠪᠤᠰ   ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠬᠤᠶᠠᠷ ᠤᠳᠠᠭᠠᠨ ᠤ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠨᠢ ᠴᠥᠮ ᠰᠢᠯᠢᠳᠡᠭ ᠪᠠᠶᠢᠪᠠᠯ᠂ ᠲᠡᠭᠦᠨ ᠤ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠨᠢ ᠰᠢᠯᠢᠳᠡᠭ ᠪᠤᠯᠤᠨ᠎ᠠ᠃ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠨᠢ ᠨᠢᠭᠡ ᠤᠳᠠᠭ᠎ᠠ ︵ᠪᠠᠭᠲᠠᠨ᠎ᠠ︶ ᠠᠴᠠ ᠳᠡᠭᠡᠭᠰᠢ ᠬᠢᠷᠢ ᠲᠡᠩᠴᠡᠭᠰᠡᠨ ᠥᠬᠡᠶ ᠪᠠᠶᠢᠪᠠᠯ᠂ ᠲᠡᠭᠦᠨ ᠤ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠨᠢ ᠬᠢᠷᠢ ᠲᠡᠩᠴᠡᠭᠰᠡᠨ ᠥᠬᠡᠶ ᠪᠤᠯᠤᠨ᠎ᠠ᠃      ᠠᠷᠪᠠᠨ ᠬᠤᠶᠠᠳᠤᠭᠠᠷ ᠵᠤᠷᠪᠤᠰ   ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢᠨ ᠦᠷ᠎ᠡ ᠳ᠋ᠦᠩ ᠨᠢ ᠬᠢᠷᠢ ᠲᠡᠩᠴᠡᠭᠦ ᠥᠬᠡᠶ ᠪᠤᠶᠤ ᠠᠵᠢᠯ ᠡᠷᠭᠢᠯᠡᠬᠦ ᠬᠢᠷᠢ ᠬᠡᠮ ᠢ ᠵᠣᠭᠰᠣᠭᠠᠭᠰᠠᠨ ᠪᠠᠶᠢᠪᠠᠯ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠠᠴᠠ ᠰᠠᠨᠠᠯ ᠳᠤᠷᠠᠳᠴᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠡᠮᠵᠢᠨ ᠰᠤᠳᠤᠯᠵᠤ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠦᠷᠭᠦᠯᠵᠢᠯᠠᠨ ᠤᠷᠢᠬᠤ ᠪᠠᠨ ᠪᠤᠯᠢᠨ᠎ᠠ᠃      ᠠᠷᠪᠠᠨ ᠭᠤᠷᠪᠠᠳᠤᠭᠠᠷ ᠵᠤᠷᠪᠤᠰ   ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠨᠢ ᠲᠤᠰᠢᠶᠠᠯ ᠤᠨ ᠬᠤᠭᠤᠴᠠᠭᠠᠨ ᠳᠠᠬᠢ ᠰᠢᠯᠭᠠᠨ ᠬᠢᠨᠠᠯᠳᠠ ᠶᠢᠨ ᠦᠷ᠎ᠡ ᠳ᠋ᠦᠩ ᠢ ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠡᠮᠵᠢᠨ ᠰᠤᠳᠤᠯᠵᠤ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ︽ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠠᠵᠢᠯ ᠤᠨ ᠲᠦᠷᠢᠮ︾ ᠤᠨ ᠲᠣᠭᠲᠠᠭᠠᠯ ᠶᠣᠰᠣᠭᠠᠷ᠂ ᠲᠤᠰᠢᠶᠠᠯ ᠤᠨ ᠬᠤᠭᠤᠴᠠᠭ᠎ᠠ ᠳᠠᠭᠤᠰᠬᠤ ᠦᠶ᠎ᠡ ᠳᠤ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠲᠤᠬᠢᠷᠠᠭᠤᠯᠵᠦ ᠪᠤᠯᠤᠨ᠎ᠠ       ᠠᠷᠪᠠᠨ ᠳᠥᠷᠪᠡᠳᠦᠭᠡᠷ ᠵᠤᠷᠪᠤᠰ   ᠲᠣᠰ ᠠᠷᠭ᠎ᠠ ᠶᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃      ᠠᠷᠪᠠᠨ ᠲᠠᠪᠤᠳᠤᠭᠠᠷ ᠵᠤᠷᠪᠤᠰ   ᠲᠤᠰ ᠠᠷᠭ᠎ᠠ ᠶᠢᠨ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                                                                                
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ