ᠪᠠᠶᠠᠨᠰᠢᠯᠢ ᠭᠠᠴᠠᠭ᠎ᠠ ᠤᠷᠳᠣᠰ ᠨᠠᠷᠢᠨ ᠨᠤᠤᠰᠤᠳᠤ ᠬᠤᠨᠢᠨ ᠤ ᠠᠵᠤ ᠤᠶᠢᠯᠡᠰ ᠢ ᠰᠤᠶᠤᠯ ᠵᠢᠭᠤᠯᠴᠢᠯᠠᠯ ᠲᠠᠢ ᠣᠶᠠᠯᠳᠣᠭᠤᠯᠣᠨ ᠬᠦᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2021/11/30
      ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭ᠎ᠠ ᠲᠤᠮᠳᠠᠳᠤ ᠤᠯᠣᠰ ᠤᠨ ᠴᠦᠭᠡᠨ ᠲᠤᠭᠠᠳᠤ ᠦᠨᠳᠤᠰᠤᠳᠡᠨ ᠤ ᠤᠨᠴᠠᠯᠢᠭᠳᠤ ᠬᠦᠳᠡᠭᠡ ᠲᠤᠰᠬᠤᠨ ᠢ ᠪᠦᠳᠤᠭᠡᠨ ᠪᠠᠶᠢᠭᠤᠯᠬᠤ ᠪᠠᠷ ᠲᠡᠮᠵᠢᠨ ᠤᠷᠳᠣᠰ ᠨᠠᠷᠢᠨ ᠨᠤᠤᠰᠤᠳᠤ ᠬᠤᠨᠢᠨ ᠤ ᠠᠵᠤ ᠤᠶᠢᠯᠡᠰ ᠢ ᠰᠤᠶᠤᠯ ᠵᠢᠭᠤᠯᠴᠢᠯᠠᠯ ᠲᠠᠢ ᠣᠶᠠᠯᠳᠣᠭᠤᠯᠣᠨ ᠬᠦᠭᠵᠢᠭᠦᠯᠵᠦ ᠪᠠᠶᠢᠨ᠎ᠠ᠃       ᠪᠠᠶᠠᠨᠰᠢᠯᠢ ᠭᠠᠴᠠᠭ᠎ᠠ ᠨᠢ ᠮᠠᠨ ᠤ ᠬᠤᠰᠢᠭᠤᠨ ᠤ ᠤᠷᠳᠤᠰ ᠨᠠᠷᠢᠨ ᠨᠤᠤᠰᠤᠳᠣ ᠬᠤᠨᠢ ᠲᠡᠵᠢᠭᠡᠨ ᠮᠠᠯᠵᠢᠬᠤ ᠵᠢᠱᠢᠶᠠᠴᠢ ᠭᠠᠴᠠᠭᠠᠨ ᠤ ᠨᠢᠭᠡ ᠨᠢ ᠪᠠᠶᠢᠵᠤ ᠤᠷᠴᠢᠮ ᠤᠨ ᠭᠡᠳᠤᠨ ᠵᠢᠯ ᠠᠴᠠ ᠬᠤᠯᠪᠤᠭᠳᠠᠯ ᠪᠦᠭᠦᠢ ᠪᠠᠶᠢᠭᠤᠯᠭ᠎ᠠ ᠨᠢᠭᠡᠴᠢ ᠲᠠᠢ ᠬᠠᠷᠢᠯᠴᠠᠵᠤ ᠤᠯᠠᠨ ᠵᠦᠢᠯ ᠤᠨ ᠠᠷᠭ᠎ᠠ ᠭᠡᠯᠪᠡᠷᠢ ᠪᠠᠷ ᠮᠠᠯᠴᠢᠳ ᠤᠨ ᠤᠷᠳᠤᠰ ᠨᠠᠷᠢᠨ ᠨᠤᠤᠰᠤᠳᠤ ᠬᠤᠨᠢ ᠮᠠᠯᠵᠢᠬᠤ ᠢᠳᠡᠪᠬᠢᠵᠢᠯ ᠢ ᠲᠠᠶᠢᠴᠢᠯᠠᠨ ᠤᠳᠤᠬᠠᠨ ᠪᠣᠯᠬᠤ ᠳᠤ᠂ ᠪᠥᠭᠦ ᠭᠠᠴᠭᠠᠠᠨ ᠤ 80% ᠠᠴᠠ ᠲᠡᠭᠡᠭᠰᠢᠭᠢ ᠡᠷᠤᠭᠡ  ᠨᠢ ᠪᠠᠷᠢᠮᠵᠢᠶᠠᠵᠢᠭᠰᠠᠨ ᠬᠠᠰᠢᠶ᠎ᠠ ᠰᠡᠷᠡᠪᠴᠢ ᠲᠠᠢ ᠪᠣᠯᠵᠤ ᠪᠥᠭᠦ ᠭᠠᠴᠠᠭᠠᠨ ᠤ ᠤᠷᠳᠤᠰ ᠨᠠᠷᠢᠨ ᠨᠤᠤᠰᠤᠳᠤ ᠬᠤᠨᠢᠨ ᠤ ᠲᠤᠭ᠎ᠠ ᠲᠤᠯᠤᠭᠠᠢ 5.2 ᠲᠦᠮᠨ ᠳᠤ ᠬᠦᠷᠦᠭᠰᠡᠨ ᠪᠠᠶᠢᠨ᠎ᠠ᠃ ᠭᠠᠴᠠᠭᠠᠨ ᠠᠴᠠ ᠮᠠᠯᠴᠢᠳ ᠤᠨ ᠬᠤᠨᠢᠨ ᠨᠤᠤᠰᠤ ᠶᠢ ᠨᠢᠭᠡᠳᠤᠯᠳᠡᠢ ᠬᠤᠷᠢᠶᠠᠵᠤ ᠨᠢᠭᠡᠳᠤᠯᠳᠠᠢ ᠪᠤᠷᠤᠯᠠᠭᠤᠯᠬᠤ ᠡᠭᠦᠳᠡᠨ ᠠᠴᠠ 600 ᠲᠡᠭᠰᠢ ᠲᠦᠷᠪᠡᠯᠵᠢᠨ ᠮᠧᠲᠷ ᠤᠨ ᠠᠠᠬᠷ ᠤᠨ ᠬᠦᠮᠦᠷᠭᠡ ᠪᠠᠶᠢᠭᠤᠯᠵᠤ ᠪᠠᠰᠠ ᠮᠠᠯᠴᠢᠳ ᠲᠤ ᠤᠷᠳᠤᠰ ᠨᠠᠷᠢᠨ ᠨᠤᠤᠰᠤᠳᠤ ᠬᠤᠨᠢ ᠪᠦᠷᠢ ᠳᠤ 15 ᠲᠦᠭᠦᠷᠢᠭ ᠤᠨ ᠨᠦᠭᠦᠪᠦᠷᠢ ᠶᠢ ᠤᠯᠭᠤᠨ ᠤᠷᠳᠤᠰ ᠨᠠᠷᠢᠨ ᠨᠤᠤᠰᠣᠳᠣ ᠬᠤᠨᠢ ᠮᠠᠯᠵᠢᠬᠤ ᠢᠳᠡᠪᠬᠢᠵᠢᠯ ᠢ ᠲᠠᠶᠢᠴᠢᠯᠠᠭᠰᠠᠨ ᠪᠠᠶᠢᠨ᠎ᠠ᠃      2019 ᠣᠨ ᠳᠤ ᠪᠠᠶᠠᠨᠰᠢᠯᠢ ᠭᠠᠴᠠᠭ᠎ᠠ ᠨᠢ ︽ᠲᠤᠮᠳᠠᠳᠤ ᠤᠯᠣᠰ ᠤᠨ ᠴᠦᠭᠡᠨ ᠲᠤᠭᠠᠳᠤ ᠦᠨᠳᠤᠰᠤᠳᠡᠨ ᠤ ᠤᠨᠴᠠᠯᠢᠭᠳᠤ ᠭᠠᠴᠠᠭ᠎ᠠ︾ ᠪᠠᠷ ᠦᠨᠡᠯᠡᠭᠳᠡᠵᠦ᠂ ᠡᠨᠡ ᠵᠢᠯ ᠠᠴᠠ ᠡᠬᠢᠯᠡᠨ ᠤᠨᠴᠠᠯᠢᠭᠳᠤ ᠬᠦᠳᠡᠭᠡ ᠲᠤᠰᠬᠤᠨ ᠤ ᠲᠦᠷᠥᠯ ᠵᠦᠢᠯ ᠢᠶᠠᠷ ᠬᠠᠭᠤᠴᠢᠨ ᠭᠡᠷ ᠪᠠᠶᠢᠰᠢᠩ ᠢ ᠰᠡᠷᠭᠦᠭᠡᠨ ᠪᠠᠷᠢᠵᠤ ᠤᠷᠳᠤᠰ ᠨᠠᠷᠢᠨ ᠨᠤᠤᠰᠣᠳᠣ ᠬᠤᠨᠢᠨ ᠤ ᠲᠡᠯᠭᠡᠨ ᠦᠵᠡᠭᠦᠯᠤᠯᠭᠡ ᠶᠢᠨ ᠲᠢᠩᠬᠢᠮ᠂ ᠤᠶᠢᠯᠡᠳᠤᠯᠭᠡᠵᠢᠬᠦᠯᠭᠡ ᠬᠦᠮᠦᠵᠢᠯ ᠤᠨ ᠰᠠᠭᠤᠷᠢᠨ ᠭᠠᠵᠠᠷ ᠵᠡᠷᠭᠡ ᠶᠢ ᠰᠢᠨ᠎ᠡ ᠪᠠᠷ ᠪᠠᠶᠢᠭᠤᠯᠤᠨ ᠤᠷᠳᠤᠰ ᠨᠠᠷᠢᠨ ᠨᠤᠤᠰᠣᠳᠣ ᠬᠤᠨᠢᠨ ᠤ ᠠᠵᠤ ᠤᠶᠢᠯᠡᠰ ᠢ ᠰᠤᠶᠤᠯ ᠵᠢᠭᠤᠯᠴᠢᠯᠡᠯ ᠲᠠᠢ ᠣᠶᠠᠯᠳᠣᠭᠤᠯᠣᠨ ᠬᠦᠭᠵᠢᠭᠦᠯᠵᠦ ᠰᠤᠶᠤᠯ ᠵᠢᠭᠤᠯᠴᠢᠯᠠᠯ ᠤᠨ ᠵᠢᠱᠢᠶᠠᠴᠢ ᠭᠠᠴᠠᠭ᠎ᠠ ᠶᠢ ᠴᠤᠭᠴᠠᠯᠠᠨ ᠪᠠᠶᠢᠭᠤᠯᠬᠤ ᠪᠠᠷ ᠪᠠᠶᠢᠨ᠎ᠠ᠃      ᠪᠠᠶᠠᠨᠰᠢᠯᠢ ᠭᠠᠴᠠᠭᠠᠨ ᠤ ︽ᠬᠤᠶᠠᠷ ᠵᠦᠪᠯᠡᠯ︾ ᠤᠨ ᠭᠡᠰᠢᠭᠦᠨ ᠲᠠᠨ᠎ᠠ᠄ ︽ᠲᠠᠷᠠᠭᠠᠴᠢ ᠶᠢᠨ ᠠᠯᠬᠤᠮ ᠳᠤ ᠮᠠᠨ ᠤ ᠭᠠᠴᠠᠭ᠎ᠠ ᠨᠢ ᠲᠤᠮᠳᠠᠳᠤ ᠤᠯᠤᠰ  ᠤᠨ ᠴᠦᠭᠡᠨ ᠲᠤᠭᠠᠳᠤ ᠦᠨᠳᠤᠰᠤᠳᠡᠨ ᠤ ᠤᠨᠴᠠᠯᠢᠭᠳᠤ ᠬᠦᠳᠡᠭᠡ ᠲᠤᠰᠬᠤᠨ ᠢ ᠪᠠᠶᠢᠭᠤᠯᠬᠤ ᠲᠦᠷᠥᠯ ᠵᠦᠢᠯ ᠢ ᠠᠰᠢᠭᠯᠠᠵᠤ ᠪᠠᠶᠢᠭᠠᠳ ᠤᠷᠳᠤᠰ ᠨᠠᠷᠢᠨ ᠨᠤᠤᠰᠣᠲᠣ ᠬᠤᠨᠢᠨ ᠤ ᠦᠵᠡᠭᠦᠯᠤᠯᠭᠡ ᠶᠢᠨ ᠲᠢᠩᠬᠢᠮ᠂ ᠬᠦᠳᠡᠯᠮᠤᠷᠢ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠪᠤᠳᠠᠰ ᠤᠨ ᠪᠤᠰᠤ ᠰᠤᠶᠤᠯ ᠤᠨ ᠦᠵᠡᠭᠦᠯᠤᠯᠭᠡ ᠵᠡᠷᠭᠡ ᠠᠷᠭ᠎ᠠ ᠭᠡᠯᠪᠡᠷᠢ ᠪᠠᠷ ᠤᠷᠳᠤᠰ ᠨᠠᠷᠢᠨ ᠨᠤᠤᠰᠣᠲᠣ ᠬᠤᠨᠢᠨ ᠤ ᠠᠵᠤ ᠣᠶᠢᠯᠡᠰ ᠢ ᠰᠤᠶᠤᠯ ᠵᠢᠭᠤᠯᠴᠢᠯᠠᠯ ᠲᠠᠢ ᠤᠶᠠᠯᠳᠤᠭᠤᠯᠤᠨ ᠬᠦᠭᠵᠢᠭᠦᠯᠭᠦ ᠪᠠᠷ ᠪᠠᠶᠢᠨ᠎ᠠ︾ ᠬᠡᠵᠤ ᠶᠠᠷᠢᠵᠤ ᠪᠠᠶᠢᠯ᠎ᠠ᠃                                                ᠰᠤᠷᠪᠤᠯᠵᠢᠯᠠᠭᠴᠢ᠄ ᠪᠤᠶᠠᠨᠳᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ