ᠦᠯᠡᠶᠢᠨᠴᠠᠶᠢᠳᠠᠮ ᠲᠣᠰᠬᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠡᠷᠴᠢᠮᠵᠢᠭᠦᠯᠵᠥ ᠪᠠᠶᠢᠨ᠎ᠠ
ᠨᠡᠶᠢᠲᠡᠯᠡᠭᠰᠡᠨ ᠴᠠᠭ᠄
2021/12/22
      ᠡᠪᠣᠯ ᠤᠨ ᠣᠯᠠᠷᠢᠯ ᠤᠨ ᠲᠠᠷᠢᠶᠠᠯᠠᠩ ᠤᠨ ᠰᠡᠯᠡᠭᠦᠦ ᠴᠠᠭ ᠭᠦᠷᠴᠣ ᠢᠷᠡᠬᠦ ᠪᠠᠷ᠂ ᠰᠦᠯᠳᠡ ᠰᠤᠮᠤᠨ ᠤ ᠦᠯᠡᠶᠢᠨᠴᠠᠶᠢᠳᠠᠮ ᠲᠣᠰᠬᠤᠨ ᠰᠠᠭᠤᠷᠢ ᠳᠦᠭᠦᠷᠣᠮᠵᠢ ᠶᠢᠨ ᠪᠦᠳᠣᠭᠡᠨ ᠪᠠᠶᠢᠭᠤᠯᠣᠯᠲᠠ ᠪᠠᠨ ᠰᠠᠶᠢᠵᠢᠷᠠᠭᠤᠯᠣᠨ ᠲᠠᠷᠢᠶᠠᠨ ᠭᠠᠵᠠᠷ ᠤᠨ ᠬᠦᠷᠣᠰᠣ ᠰᠢᠷᠣᠢ ᠶᠢ ᠦᠭᠡᠷᠡᠴᠢᠯᠡᠨ ᠵᠠᠰᠠᠵᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠡᠷᠴᠢᠮᠵᠢᠭᠦᠯᠵᠥ ᠪᠠᠶᠢᠨ᠎ᠠ᠃      ᠣᠶᠢᠷ᠎ᠠ ᠶᠢᠨ ᠡᠳᠤᠷ᠂ ᠦᠯᠡᠶᠢᠨᠴᠠᠶᠢᠳᠠᠮ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠲᠤ ᠪᠠᠷᠢᠯᠭ᠎ᠠ ᠶᠢᠨ ᠠᠩᠬᠢ ᠶᠢᠨ ᠬᠢᠨ ᠲᠠᠷᠢᠶᠠᠨ ᠭᠠᠵᠠᠷ ᠤᠨ ᠳᠣᠮᠳᠠᠭᠤᠷᠭᠢ ᠵᠠᠮ ᠢ ᠳᠡᠪᠢᠰᠣᠨ ᠵᠠᠰᠠᠭᠠᠳ ᠶᠠᠭᠠᠷᠠᠵᠥ ᠪᠠᠶᠢᠯ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠪᠦᠳᠣᠭᠡᠨ ᠪᠠᠶᠢᠭᠤᠯᠣᠯᠲᠠ ᠶᠢᠨ ᠴᠢᠬᠤᠯᠡ ᠪᠠᠷᠢᠯᠭ᠎ᠠ ᠪᠣᠯᠬᠤ ᠵᠠᠮ ᠱᠣᠭᠤᠮ ᠤᠨ ᠪᠦᠳᠣᠭᠡᠨ ᠪᠠᠶᠢᠭᠤᠯᠣᠯᠲᠠ ᠨᠢ ᠲᠠᠷᠢᠶᠠᠨ ᠭᠠᠵᠠᠷ ᠤᠨ ᠳᠣᠮᠳᠠᠭᠤᠷ ᠠᠵᠢᠯᠯᠠᠬᠤ ᠲᠠᠷᠢᠶᠠᠯᠠᠩ ᠤᠨ ᠮᠠᠰᠢᠨ ᠲᠥᠭᠦᠭᠡᠷᠦᠮᠵᠢ ᠳᠤ ᠳᠦᠬᠦᠮ ᠦᠵᠡᠭᠦᠯᠭᠦ ᠪᠣᠯᠣᠨ᠎ᠠ᠃        ᠲᠠᠷᠢᠶᠠᠯᠠᠩ ᠤᠨ ᠤᠰᠤᠯᠠᠯᠲᠠ ᠶᠢᠨ ᠮᠠᠰᠢᠨ ᠤ ᠬᠤᠳᠳᠤᠭ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠣᠯᠲᠠ ᠨᠢ ᠲᠠᠷᠢᠶᠠᠴᠢᠳ ᠤᠨ ᠲᠠᠷᠢᠶ᠎ᠠ ᠪᠠᠨ ᠣᠰᠣᠯᠠᠬᠤ ᠲᠠᠯ᠎ᠠ ᠪᠠᠷ ᠴᠠᠭ ᠬᠤᠭᠤᠴᠠᠭ᠎ᠠ᠂ ᠬᠦᠳᠡᠯᠮᠣᠷᠢ ᠭᠦᠴᠣ᠂ ᠤᠰᠣ ᠠᠷᠪᠢᠯᠠᠬᠤ ᠶᠢ ᠪᠡᠶᠠᠯᠠᠭᠦᠯᠵᠥ ᠴᠢᠳᠠᠭᠰᠠᠨ ᠢᠶᠠᠷ ᠪᠠᠷᠠᠬᠤ ᠦᠬᠡᠢ ᠲᠠᠷᠢᠶᠠᠯᠠᠩ ᠤᠨ ᠪᠠᠭᠠᠵᠢ ᠬᠡᠷᠡᠭᠰᠡᠯ ᠬᠤᠷᠢᠶᠠᠵᠣ᠂ ᠲᠠᠷᠢᠶᠠᠴᠢᠳ ᠤᠨ ᠠᠮᠠᠷᠠᠵᠤ ᠰᠡᠯᠡᠭᠦᠴᠡᠬᠦ ᠰᠠᠶᠢᠨ ᠭᠠᠵᠠᠷ ᠪᠣᠯᠤᠭᠰᠠᠨ ᠪᠠᠶᠢᠳᠠᠭ᠃ ᠲᠠᠷᠢᠶ᠎ᠠ ᠤᠰᠣᠯᠠᠵᠥ ᠪᠣᠷᠳᠣᠭᠤᠷ ᠣᠷᠣᠭᠤᠯᠬᠤ ᠶᠢ ᠨᠢᠭᠡ ᠴᠣᠭᠵᠢᠭᠤᠯᠣᠭᠰᠠᠨ ᠮᠠᠰᠢᠨ ᠳᠦᠬᠦᠭᠡᠷᠤᠮᠵᠢ ᠶᠢ ᠣᠭᠰᠠᠷᠠᠬᠤ ᠠᠵᠢᠯ ᠠᠯᠬᠤᠮ ᠳᠠᠷᠠᠭ᠎ᠠ ᠲᠠᠢ ᠶᠠᠪᠣᠭᠳᠠᠵᠣ ᠢᠷᠡᠬᠦ ᠬᠠᠪᠣᠷ ᠤᠨ ᠲᠠᠷᠢᠯᠭ᠎ᠠ ᠶᠢᠨ ᠠᠵᠢᠯ ᠪᠣᠯᠬᠤ ᠳᠤ ᠪᠦᠭᠦᠨ ᠢ ᠳᠠᠭᠤᠰᠬᠠᠬᠤ ᠪᠠᠷ ᠪᠠᠶᠢᠨ᠎ᠠ᠃      ᠦᠯᠡᠶᠢᠨᠴᠠᠶᠢᠳᠠᠮ ᠲᠣᠰᠬᠤᠨ ᠤ ᠠᠷᠠᠳ ᠯᠦᠸᠧ ᠴᠢᠩ ᠯᠠᠨ᠄ ︽ᠤᠳᠤᠷᠢᠳᠬᠤ ᠪᠠᠭ ᠤᠨ ᠬᠢᠨ ᠪᠢᠳᠡᠨ ᠤ ᠲᠠᠷᠢᠶᠠᠨ ᠭᠠᠵᠠᠷ ᠲᠤ ᠬᠥᠭᠦᠷᠭᠡ ᠵᠠᠮ ᠵᠠᠰᠠᠵᠦ᠂ ᠬᠤᠳᠳᠤᠭ ᠮᠠᠯᠲᠠᠵᠤ᠂ ᠬᠤᠳᠳᠤᠭ ᠤᠨ ᠭᠡᠷ ᠪᠠᠷᠢᠭᠰᠠᠨ ᠨᠢ ᠲᠠᠷᠢᠶ᠎ᠠ ᠲᠠᠷᠢᠵᠦ ᠪᠠᠶᠢᠬᠤ  ᠪᠢᠳᠠᠨ ᠤ ᠰᠠᠭᠤᠷᠢ ᠪᠦᠲᠦᠬᠡᠨ ᠪᠠᠶᠢᠭᠤᠯᠤᠯᠲᠠ ᠶᠢ ᠲᠡᠭᠦᠯᠳᠡᠷᠵᠢᠬᠦᠯᠵᠦ ᠲᠤᠶᠢᠯ ᠤᠨ ᠲᠦᠬᠦᠮ ᠦᠵᠡᠬᠦᠯᠦᠯ᠎ᠡ︾ ᠭᠡᠪᠡ᠃      ᠦᠯᠡᠶᠢᠨᠴᠠᠶᠢᠳᠠᠮ ᠲᠣᠰᠬᠤᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠳᠦᠷᠣᠯ ᠵᠣᠶᠢᠯ ᠢ ᠬᠡᠷᠡᠭᠵᠢᠭᠦᠯᠣᠭ᠍ᠰᠡᠨ ᠨᠢ ᠲᠠᠷᠢᠶᠠᠨ ᠭᠠᠵᠠᠷ᠂ ᠰᠠᠭᠤᠷᠢ ᠳᠦᠭᠦᠬᠡᠷᠤᠮᠵᠢ ᠵᠡᠷᠭᠡ ᠶᠢ ᠨᠢᠭᠡᠳᠦᠯᠲᠡᠢ ᠪᠠᠷ ᠲᠦᠯᠣᠪᠵᠢᠭᠦᠯᠵᠥ ᠲᠠᠷᠢᠶᠠᠴᠢᠳ ᠤᠨ ᠲᠠᠷᠢᠶᠠᠯᠠᠩ ᠤᠨ ᠭᠠᠢ ᠭᠠᠮᠰᠢᠭ ᠢ ᠰᠡᠷᠭᠡᠶᠢᠯᠡᠨ ᠪᠠᠭᠠᠰᠬᠠᠵᠥ ᠠᠮᠤ ᠪᠤᠳᠠᠭᠠᠨ ᠤ ᠣᠨᠠᠯᠲᠠ ᠶᠢ ᠨᠡᠮᠡᠭᠳᠡᠭᠦᠯᠬᠦ ᠳᠤ ᠪᠠᠲᠦ ᠪᠠᠬᠢ ᠰᠠᠭᠤᠷᠢ ᠲᠠᠯᠪᠢᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠰᠦᠯᠳᠡ ᠰᠣᠮᠣᠨ ᠤ ᠦᠯᠡᠶᠢᠨᠴᠠᠶᠢᠳᠠᠮ ᠲᠣᠰᠬᠤᠨ ᠡᠨ᠋ᠨ ᠤᠳᠠᠭ᠎ᠠ 3636 ᠮᠦ ᠶᠢᠨ ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠣᠭᠡᠨ ᠪᠠᠶᠢᠭᠤᠯᠬᠤ ᠳᠦᠷᠣᠯ ᠵᠣᠶᠢᠯ ᠢ ᠬᠡᠷᠡᠭᠵᠢᠭᠦᠯᠤᠨ᠂ 6 ᠺᠢᠯᠣᠮᠧᠲᠷ ᠭᠠᠷᠣᠢ ᠲᠠᠷᠢᠶᠠᠨ ᠤ ᠳᠣᠮᠳᠠᠭᠤᠷᠬᠢ ᠵᠠᠮ ᠢ ᠵᠠᠰᠠᠵᠤ᠂ 3 ᠲᠦᠮᠡ ᠭᠠᠷᠣᠢ ᠮᠧᠲᠷ ᠤᠨ ᠣᠰᠣᠯᠠᠯᠲᠠ ᠶᠢᠨ ᠬᠤᠭᠤᠯᠠᠢ ᠶᠢ ᠳᠡᠪᠢᠰᠤᠨ᠂ 50 ᠬᠤᠳᠳᠤᠭ ᠤᠨ ᠭᠡᠷ ᠪᠠᠷᠢᠵᠦ᠂ 20 ᠮᠠᠰᠢᠨ ᠬᠤᠳᠳᠤᠭ ᠢ ᠮᠠᠯᠳᠠᠭᠰᠠᠨ ᠤ ᠬᠠᠮᠲᠣ ᠪᠠᠰᠠ ᠪᠣᠷᠳᠣᠭᠤᠷ ᠣᠷᠣᠭᠤᠯᠬᠤ ᠰᠠᠪᠠ᠂ ᠳᠠᠷᠤᠯᠲᠠᠲᠤ ᠰᠠᠪᠠ ᠵᠡᠷᠭᠡ ᠢᠵᠢ ᠪᠦᠷᠢᠳᠦᠭᠦᠯᠬᠦ ᠰᠠᠭᠤᠷᠢ ᠳᠦᠭᠦᠭᠡᠷᠤᠮᠵᠢ ᠶᠢ ᠲᠡᠭᠦᠯᠳᠡᠷᠵᠢᠭᠦᠯᠬᠦ ᠪᠠᠷ ᠪᠠᠶᠢᠨ᠎ᠠ᠃                                            ᠰᠤᠷᠪᠤᠯᠵᠢᠯᠠᠭᠴᠢ᠄ ᠨᠠᠷᠠᠰᠤ   ᠬᠠᠨ ᠱᠢ ᠬᠤᠢ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ