︽ᠦᠨᠡᠨ︾ ᠰᠡᠳᠬᠦᠯ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ᠢ ᠨᠠᠶᠢᠳᠠᠯᠠᠪᠠ᠄ ︽ᠾᠧᠪᠸᠢ ᠮᠤᠵᠢ ᠶᠢᠨ ᠹᠦ᠋ ᠫᠢᠩ ᠰᠢᠶᠠᠨ ᠳᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶ᠎ᠡ︾
ᠨᠡᠶᠢᠲᠡᠯᠡᠭᠰᠡᠨ ᠴᠠᠭ᠄
2021/2/19
      2 ᠰᠠᠷ᠎ᠡ ᠶᠢᠨ 16 ᠤ ᠡᠳᠦᠷ ᠬᠡᠪᠯᠡᠬᠦᠯᠦᠭᠰᠡᠨ 4 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠾᠧᠪᠸᠢ ᠮᠤᠵᠢ ᠶᠢᠨ ᠹᠦ᠋ ᠫᠢᠩ ᠰᠢᠶᠠᠨ ᠳᠤ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶ᠎ᠡ︾ ᠶᠢ ᠨᠡᠶᠢᠳᠡᠯᠡᠪᠡ᠃      ᠵᠤᠬᠢᠶᠠᠯ ᠳᠤ᠂ ᠶᠠᠳᠠᠭᠤ ᠬᠦᠴᠢᠷᠳᠡᠯ ᠢ ᠠᠷᠢᠯᠭᠠᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠬᠠᠮᠳᠤ ᠪᠠᠷ ᠴᠢᠨᠡᠭᠡᠯᠢᠭᠵᠢᠬᠦ ᠶᠢ ᠪᠡᠶᠡᠯᠡᠬᠦᠯᠬᠦ ᠪᠤᠯ ᠨᠡᠶᠢᠭᠡᠮ ᠵᠢᠷᠤᠮ ᠤᠨ ᠮᠦᠨ ᠴᠢᠨᠠᠷ ᠤᠨ ᠱᠠᠭᠠᠷᠳᠠᠯᠭ᠎ᠠ ᠮᠦᠨ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ᠂ ᠬᠠᠮᠤᠭ ᠤᠨ ᠪᠡᠷᠭᠡ ᠬᠠᠳᠠᠭᠤᠵᠢᠯᠳᠠᠢ ᠡᠬᠦᠷᠭᠡ ᠬᠦᠳᠡᠭᠡ ᠲᠤᠰᠬᠤᠨ ᠢᠯᠠᠩᠭᠤᠶ᠎ᠠ ᠶᠠᠳᠠᠭᠤ ᠬᠦᠴᠢᠷᠳᠡᠯᠳᠠᠢ ᠭᠠᠵᠠᠷ ᠤᠷᠤᠨ ᠳᠤ ᠪᠤᠢ᠃ ᠬᠦᠳᠡᠭᠡ ᠲᠤᠰᠬᠤᠨ ᠤ ᠴᠢᠨᠡᠭᠡᠯᠢᠭᠵᠢᠯ᠂ ᠢᠯᠠᠩᠭᠤᠶ᠎ᠠ ᠶᠠᠳᠠᠭᠤ ᠬᠦᠴᠢᠷᠳᠡᠯᠳᠠᠢ ᠭᠠᠵᠠᠷ ᠤᠷᠤᠨ ᠤ ᠴᠢᠨᠡᠭᠡᠯᠢᠭᠵᠢᠯ ᠪᠠᠶᠢᠬᠤ ᠦᠭᠡᠢ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ ᠴᠢᠳᠠᠬᠤ ᠦᠭᠡᠢ ᠶᠤᠮ᠃ ᠬᠦᠴᠢᠷᠳᠡᠯᠳᠠᠢ ᠤᠯᠠᠨ ᠲᠦᠮᠡᠨ ᠢ ᠪᠢᠳᠠ ᠢᠯᠠᠬᠦᠦ ᠠᠩᠬᠠᠷᠴᠦ᠂ ᠢᠯᠡᠬᠦᠦ ᠬᠠᠯᠠᠮᠵᠢᠯᠠᠨ ᠬᠠᠶᠢᠷᠠᠯᠠᠵᠦ᠂ ᠠᠷᠭ᠎ᠠ ᠪᠦᠬᠦᠨ ᠢ ᠰᠦᠪᠡᠭᠴᠢᠯᠡᠵᠤ ᠪᠠᠶᠢᠭᠠᠳ ᠲᠡᠲᠡᠨ ᠤ ᠬᠦᠴᠢᠷᠳᠡᠯ ᠢ ᠨᠢ ᠰᠢᠢᠳᠪᠤᠷᠢᠯᠡᠵᠤ ᠦᠭᠬᠦ ᠭᠡᠷᠡᠭᠲᠡᠢ ᠭᠡᠵᠦ ᠴᠢᠬᠤᠯᠠᠴᠢᠯᠠᠪᠠ᠃      ᠵᠤᠬᠢᠶᠠᠯ ᠳᠤ᠂ ᠬᠦᠴᠢᠷᠳᠡᠯᠳᠠᠢ ᠤᠯᠠᠨ ᠲᠦᠮᠡᠨ ᠢ ᠬᠠᠪᠰᠤᠷᠤᠨ ᠳᠡᠮᠵᠢᠬᠦ ᠢᠯᠠᠩᠭᠤᠶ᠎ᠠ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ᠂ ᠶᠠᠳᠠᠭᠤ ᠬᠦᠴᠢᠷᠳᠡᠯᠳᠠᠢ ᠠᠭᠤᠯᠠᠷᠬᠠᠬ ᠤᠷᠤᠨ ᠤ ᠬᠦᠴᠢᠷᠳᠡᠯᠳᠠᠢ ᠤᠯᠠᠨ ᠲᠦᠮᠡᠨ ᠢ ᠡᠷᠳᠡ ᠡᠳᠦᠷ ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭᠵᠢᠬᠦᠯᠵᠦ᠂ 2020 ᠤᠨ ᠪᠤᠯᠬᠤ ᠳᠤ ᠳᠡᠳᠬᠦᠭᠳᠡᠬᠦ ᠬᠦᠮᠦᠰ ᠤᠨ ᠢᠳᠡᠵᠦ ᠡᠮᠦᠰᠬᠦ ᠳᠡᠭᠡᠨ ᠵᠤᠪᠠᠭ᠋ᠤ ᠦᠭᠡᠢ ᠪᠠᠶᠢᠬᠤ ᠶᠢ ᠲᠤᠭᠳᠠᠭᠤᠨ ᠢᠶᠠᠷ ᠪᠡᠶᠡᠯᠡᠬᠦᠯᠵᠦ᠂ ᠠᠯᠪᠡᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ᠂ ᠤᠷᠤᠨ ᠰᠠᠭᠤᠴᠠ ᠶᠢ ᠨᠢ ᠪᠠᠳᠤᠯᠠᠬᠤ ᠪᠤᠯ ᠲᠦᠪ ᠠᠴᠠ ᠲᠤᠭᠳᠠᠭᠠᠭᠰᠠᠨ ᠬᠠᠷᠠᠯᠳᠠ ᠮᠦᠨ᠃ ᠢᠳᠡᠭᠡᠯ ᠢᠶᠠᠨ ᠪᠠᠳᠤᠳᠬᠠᠵᠦ᠂ ᠠᠷᠭ᠎ᠠ ᠵᠠᠮ ᠢᠶᠠᠨ ᠤᠨᠤᠪᠴᠢᠳᠠᠢ ᠤᠯᠬᠤ ᠭᠡᠷᠡᠭᠲᠡᠢ᠃ ᠢᠳᠡᠭᠡᠯ ᠲᠠᠢ ᠪᠠᠶᠢᠮᠠᠨ ᠰᠠᠶ᠋ᠢ ᠰᠢᠷᠭᠠᠯ ᠡᠯᠡᠰᠦ ᠶᠢ ᠰᠢᠵᠢᠷ ᠠᠯᠳᠠ ᠪᠤᠯᠭᠠᠵᠦ ᠪᠤᠯᠤᠨ᠎ᠠ᠃ ᠲᠤᠬᠠᠢ ᠶᠢᠨ ᠭᠠᠵᠠᠷ ᠤᠨ ᠪᠤᠳᠠᠳᠠᠢ ᠲᠠᠢ ᠪᠠᠨ ᠤᠶᠠᠯᠳᠤᠭᠤᠯᠵᠦ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠲᠦᠷᠦᠯ ᠬᠤᠪᠢᠶᠠᠨ ᠵᠢᠯᠤᠭᠤᠳᠴᠦ᠂ ᠬᠠᠨᠳᠤᠰᠢ ᠳᠤᠨᠢ ᠲᠤᠬᠢᠷᠠᠭᠤᠯᠤᠨ ᠴᠢᠳᠠᠮᠠᠭᠠᠢ ᠵᠢᠯᠤᠭᠤᠳᠤᠨ᠂ ᠪᠤᠳᠠᠳᠠᠢ ᠠᠴᠠ ᠡᠬᠦᠰᠴᠦ᠂ ᠤᠯᠠᠨ ᠲᠦᠮᠡᠨ ᠳᠤ ᠦᠨᠡᠨ ᠬᠦ ᠪᠤᠳᠠᠳᠤ ᠠᠰᠢᠬ ᠬᠦᠷᠳᠡᠭᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠵᠤᠬᠢᠶᠠᠯ ᠳᠤ᠂ ᠬᠦᠳᠡᠭᠡ ᠲᠤᠰᠬᠤᠨ ᠢ ᠬᠦᠭᠵᠢᠬᠦᠯᠵᠦ᠂ ᠲᠠᠷᠢᠶᠠᠴᠢᠳ ᠢ ᠪᠠᠶᠠᠵᠢᠭᠤᠯᠬᠤ ᠶᠢᠨ ᠵᠠᠩᠬᠢᠯᠠᠭ᠎ᠠ ᠨᠢ ᠨᠠᠮ ᠤᠨ ᠡᠬᠦᠷ ᠲᠤ ᠪᠤᠢ᠃ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠢ ᠪᠦᠯᠬᠦᠮᠳᠡᠬᠦᠯᠬᠦ᠂ ᠤᠯᠠᠨ ᠲᠦᠮᠡᠨ ᠳᠤ ᠪᠤᠶᠠᠨ ᠦᠢᠯᠡᠳᠬᠦ ᠴᠢᠳᠠᠮᠵᠢ ᠶᠢ ᠴᠢᠩᠭᠠᠳᠬᠠᠵᠦ᠂ ᠲᠠᠶᠢᠴᠢᠨ ᠪᠠᠬᠢᠯᠡᠯᠳᠠ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ ᠂ ᠨᠤᠳᠤᠭ ᠤᠨ ᠠᠬ᠎ᠠ ᠳᠡᠬᠦᠦ ᠨᠠᠷ ᠢ ᠳᠠᠭᠠᠭᠤᠯᠤᠨ ᠶᠠᠳᠠᠭᠤ ᠠᠴᠠ ᠠᠩᠬᠢᠵᠢᠷᠠᠵᠦ ᠪᠡᠶᠡᠵᠢᠨ ᠴᠢᠨᠡᠭᠡᠯᠢᠭᠵᠢᠬᠦ ᠭᠤᠤᠯ ᠲᠦᠰᠢᠭ ᠲᠤᠯᠭᠠᠭᠤᠷᠢ᠂ ᠳᠠᠭᠠᠭᠤᠯᠤᠬᠴᠢ ᠪᠤᠯᠬᠤ ᠭᠡᠷᠡᠭᠲᠡᠢ᠃ ᠲᠦᠷᠦ ᠶᠢᠨ ᠪᠤᠳᠤᠯᠭ᠎ᠠ ᠶᠢ ᠲᠡᠷᠡ ᠶᠤᠰᠤᠭᠠᠷ ᠨᠢ ᠰᠠᠶᠢᠳᠤᠷ ᠨᠠᠶᠢᠳᠠᠪᠤᠷᠢᠵᠢᠭᠤᠯᠵᠦ᠂ ᠪᠠᠶᠢᠳᠠᠯ ᠢ ᠦᠨᠡᠨ ᠪᠤᠳᠠᠳᠠᠢ ᠤᠢᠢᠯᠠᠭᠠᠨ᠂ ᠨᠠᠮ ᠤᠨ ᠡᠬᠦᠷ ᠢᠶᠠᠨ ᠯᠠᠪᠳᠠᠭᠤᠨ ᠪᠠᠳᠤᠳᠠᠢ ᠰᠠᠶᠢᠳᠤᠷ ᠪᠦᠲᠦᠭᠡᠨ ᠪᠠᠶᠢᠭᠤᠯᠵᠦ᠂ ᠦᠨᠡᠨ ᠬᠦ ᠯᠠᠪᠳᠠᠭᠤᠨ ᠪᠠᠳᠤᠳᠠᠢ ᠪᠦᠯᠬᠦᠮᠳᠡᠬᠦᠯᠵᠦ᠂ ᠨᠤᠳᠤᠭ ᠤᠨ ᠠᠬ᠎ᠠ ᠳᠡᠬᠦᠦ ᠨᠠᠷ ᠤᠨ ᠶᠠᠪᠤᠳᠠᠯ ᠢ ᠦᠨᠡᠨ ᠬᠦ ᠰᠠᠶᠢᠳᠤᠷ ᠰᠢᠢᠳᠪᠤᠷᠢᠯᠡᠵᠦ ᠦᠭᠬᠦ ᠭᠡᠷᠡᠭᠲᠡᠢ ᠭᠡᠵᠦ ᠵᠢᠭᠠᠵᠦ ᠭᠠᠷᠭᠠᠵᠠᠢ᠃      ᠵᠤᠬᠢᠶᠠᠯ ᠳᠤ᠂ ᠪᠢᠲᠠ ᠵᠤᠷᠢᠯᠳᠠ ᠶᠢᠨ ᠲᠤᠬᠠᠢ ᠤᠯᠠᠨᠳᠠ ᠶᠠᠷᠢᠬᠰᠠᠨ ᠶᠤᠮ᠂ ᠭᠡᠪᠡᠴᠦ ᠡᠴᠦᠰ ᠤᠨ ᠡᠴᠦᠰ ᠲᠡᠭᠡᠨ ᠬᠠᠰᠢᠯᠠ ᠤᠯᠠᠨ ᠲᠦᠮᠡᠨ ᠳᠤ ᠦᠢᠯᠡᠴᠢᠯᠡᠬᠦ ᠳᠡᠭᠡᠷ᠎ᠠ ᠲᠤᠰᠤᠨ᠎ᠠ᠃ ᠮᠠᠨ ᠤ ᠨᠠᠮ ᠪᠤᠯ ᠠᠷᠠᠳ ᠲᠦᠮᠡᠨ ᠳᠤ ᠦᠢᠯᠡᠴᠢᠯᠡᠳᠡᠭ᠃ ᠲᠦᠪ ᠤᠨ ᠪᠤᠳᠤᠯᠬᠢᠯᠠᠵᠦ ᠪᠠᠶᠢᠭ᠎ᠠ ᠵᠦᠢᠯ ᠨᠢ ᠠᠷᠠᠳ ᠲᠦᠮᠡᠨ ᠳᠤ ᠠᠵᠢᠯ ᠶᠠᠪᠤᠳᠠᠯ ᠬᠢᠵᠦ ᠪᠦᠳᠦᠭᠡᠵᠦ ᠦᠭᠬᠦ ᠶᠢᠨ ᠲᠦᠯᠦᠭᠡ ᠶᠤᠮ᠃ ᠡᠯ᠎ᠠ ᠱᠠᠳᠤᠨ ᠤ ᠺᠠᠳ᠋ᠷ ᠨᠠᠷ ᠨᠠᠮ ᠤᠨ ᠦᠨᠳᠦᠰᠦᠨ ᠵᠤᠷᠢᠯᠳᠠ ᠳᠤ ᠤᠬᠳᠤ ᠬᠤᠯᠪᠤᠭ᠎ᠠ ᠦᠭᠡᠢ ᠶᠠᠪᠤᠳᠠᠯ ᠳᠡᠭᠡᠷ᠎ᠠ ᠶᠠᠭᠠᠷᠠᠵᠦ ᠪᠠᠶᠢᠭ᠎ᠠ ᠡᠰᠡᠬᠦ︖ ᠤᠯᠠᠨ ᠲᠦᠮᠡᠨ ᠤ ᠲᠦᠯᠦᠭᠡ ᠨᠢᠭᠡ ᠰᠡᠳᠬᠢᠯ ᠨᠢᠭᠡ ᠵᠤᠷᠢᠭ ᠢᠶᠠᠷ ᠠᠵᠢᠯ ᠶᠠᠪᠤᠳᠠᠯ ᠬᠢᠵᠦ ᠪᠠᠶᠢᠭ᠎ᠠ ᠡᠰᠡᠬᠦ︖ ᠨᠠᠮ ᠪᠤᠯᠤᠨ ᠤᠯᠤᠰ ᠤᠨ ᠭᠤᠤᠯ ᠡᠬᠦᠷᠭᠡ ᠶᠢᠨ ᠲᠤᠭᠤᠷᠢᠨ ᠳᠤ ᠠᠵᠢᠯ ᠬᠢᠵᠦ ᠪᠠᠶᠢᠭ᠎ᠠ ᠡᠰᠡᠬᠦ ᠶᠢ ᠪᠠᠶᠢᠩᠭᠤ ᠦᠪᠡᠷ ᠠᠴᠠ ᠪᠠᠨ ᠠᠰᠠᠭᠤᠬᠤ ᠭᠡᠷᠡᠭᠲᠡᠢ᠃ ᠪᠢᠳᠠᠨ ᠤ ᠬᠢᠵᠦ ᠪᠠᠶᠢᠭ᠎ᠠ ᠶᠠᠪᠤᠳᠠᠯ ᠨᠢ ᠨᠠᠮ ᠪᠤᠯᠤᠨ ᠠᠷᠠᠳ ᠲᠦᠮᠡᠨ ᠤ ᠱᠠᠭᠠᠷᠳᠠᠵᠦ ᠬᠢᠯᠭᠡᠵᠦ ᠪᠠᠶᠢᠭ᠎ᠠ ᠶᠠᠪᠤᠳᠠᠯ ᠮᠦᠨ ᠡᠰᠡᠬᠦ ᠶᠢ ᠢᠯᠡᠬᠦᠭᠡᠨ ᠪᠤᠳᠤᠯᠬᠢᠯᠠᠬᠤ ᠭᠡᠷᠡᠭᠲᠡᠢ᠃ ᠤᠯᠠᠨ ᠲᠦᠮᠡᠨ ᠤ ᠲᠦᠯᠦᠭᠡ ᠨᠢᠭᠡ ᠰᠡᠳᠬᠢᠯ ᠨᠢᠭᠡ ᠵᠤᠷᠢᠭ ᠢᠶᠠᠷ ᠠᠵᠢᠯᠯᠠᠵᠦ᠂ ᠰᠡᠳᠬᠢᠯ ᠳᠡᠭᠡᠨ ᠬᠦᠴᠢᠷᠳᠡᠯᠳᠠᠢ ᠤᠯᠠᠨ ᠲᠦᠮᠡᠨ ᠢ ᠪᠤᠳᠤᠨ᠂ ᠳᠠᠭᠠᠷᠠᠭᠰᠠᠨ ᠦᠶ᠎ᠡ ᠳᠤᠨᠢ ᠳᠠᠬᠤ ᠬᠦᠷᠭᠡᠬᠦ ᠠᠵᠢᠯ ᠢ ᠢᠯᠡᠬᠦᠭᠡᠨ ᠬᠢᠵᠦ᠂ ᠶᠠᠳᠠᠭᠤ ᠬᠦᠴᠢᠷᠳᠡᠯᠳᠠᠢ ᠭᠠᠵᠠᠷ ᠤᠷᠤᠨ ᠢᠶᠠᠷ ᠢᠯᠡᠬᠦᠭᠡᠨ ᠬᠦᠷᠴᠦ᠂ ᠶᠠᠳᠠᠭᠤ ᠬᠦᠴᠢᠷᠳᠡᠯᠳᠠᠢ ᠡᠷᠦᠭᠡ ᠳᠤ ᠢᠯᠡᠬᠦᠭᠡᠨ ᠤᠷᠤᠵᠦ᠂ ᠬᠦᠴᠢᠷᠳᠡᠯᠳᠠᠢ ᠤᠯᠠᠨ ᠲᠦᠮᠡᠨ ᠲᠠᠢ ᠢᠯᠡᠬᠦᠭᠡᠨ ᠵᠤᠭᠤᠬᠳᠠᠵᠦ᠂ ᠬᠦᠴᠢᠷᠳᠡᠯᠳᠠᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠯᠡᠬᠦᠦ ᠤᠢᠢᠯᠠᠭᠠᠨ᠂ ᠬᠦᠴᠢᠷᠳᠡᠯᠳᠠᠢ ᠤᠯᠠᠨ ᠲᠦᠮᠡᠨ ᠤ ᠠᠰᠠᠭᠤᠳᠠᠯ ᠢ ᠢᠯᠡᠬᠦᠭᠡᠨ ᠰᠢᠢᠳᠪᠤᠷᠢᠯᠡᠵᠦ᠂ ᠤᠷᠬᠢᠯᠤᠮ᠎ᠠ ᠬᠠᠯᠠᠭᠤᠨ ᠰᠡᠳᠬᠢᠯᠭᠡ ᠪᠠᠷ ᠬᠦᠴᠢᠷᠳᠡᠯᠳᠠᠢ ᠤᠯᠠᠨ ᠲᠦᠮᠡᠨ ᠳᠤ ᠠᠵᠢᠯ ᠶᠠᠪᠤᠳᠠᠯ ᠬᠢᠵᠦ ᠦᠭᠬᠦ ᠭᠡᠷᠡᠭᠲᠡᠢ ᠭᠡᠵᠦ ᠴᠢᠬᠤᠯᠠᠴᠢᠯᠠᠪᠠ᠃ ︵ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠡ ᠶᠢᠨ 15 ᠤ ᠴᠠᠬᠢᠯᠭᠠᠨ ᠮᠡᠳᠡᠭᠡ︶   
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ