ᠱᠢ ᠲᠠᠢ ᠹᠧᠩ ᠪᠦᠬᠦ ᠤᠷᠤᠨ ᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠡᠭᠡ ᠬᠤᠷᠠᠯ ᠳᠡᠬᠡᠷ᠎ᠡ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠵᠥ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠬᠦ ᠪᠦᠬᠦᠯᠢ ᠴᠤᠬᠴᠠ ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠬᠢᠬᠦ ᠬᠡᠷᠡᠭᠳᠡᠢ ᠬᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/2/20
      2 ᠰᠠᠷ᠎ᠠ ᠶᠢᠨ 18 ᠤ ᠡᠳᠦᠷ᠂ ᠪᠦᠬᠦ ᠤᠷᠤᠨ ᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠡᠭᠡ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠥ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠥ ᠨᠡᠩ ᠶᠡᠭᠡ ᠡᠷᠴᠢᠮ ᠪᠤᠯᠤᠨ ᠨᠡᠩ ᠬᠠᠳᠠᠭᠤ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤᠨ ᠪᠤᠳᠤᠯᠢᠶᠠᠨᠲᠤ ᠠᠰᠠᠭᠤᠳᠠᠯ ᠢ ᠠᠷᠢᠯᠭᠠᠨ ᠦᠵᠡᠯ ᠰᠠᠨᠠᠭ᠎ᠠ ᠦᠢᠯᠠᠭᠠᠬᠳᠠᠬᠤᠨ ᠤ ᠬᠠᠷᠰᠢ ᠰᠠᠭᠠᠳ ᠢ ᠢᠯᠠᠨ ᠳᠠᠪᠠᠵᠥ ᠰᠤᠷᠳᠠᠯ ᠤᠨ ᠠᠷᠬᠠᠭ ᠬᠡᠮ ᠪᠤᠯᠤᠨ ᠢᠯᠵᠡᠷᠡᠯ ᠤᠨ ᠬᠦᠨᠳᠤ ᠡᠪᠡᠳᠴᠢᠨ ᠢ ᠠᠷᠢᠯᠭᠠᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠤᠨ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠬᠦ ᠪᠦᠬᠦᠯᠢ ᠴᠤᠬᠴᠠ ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠬᠢᠵᠥ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠰᠠᠶᠢᠳᠤᠷ ᠵᠠᠮᠨᠠᠬᠤ ᠳᠤ ᠪᠠᠳᠤ ᠴᠢᠩᠭ᠎ᠠ ᠤᠳᠤᠷᠢᠳᠤᠮᠵᠢ ᠪᠤᠯᠤᠨ ᠬᠦᠴᠦᠳᠦ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠨᠠᠷ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃
1.png    
      ᠱᠢ ᠲᠠᠢ ᠹᠧᠩ ᠵᠢᠭᠠᠵᠤ ᠭᠠᠷᠭᠠᠬᠤ ᠳᠤ ᠪᠠᠨ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠪᠤᠯ ᠬᠦᠭᠵᠢᠯᠳᠡ ᠶᠢᠨ ᠤᠷᠴᠢᠨ ᠨᠦᠬᠦᠴᠡᠯ ᠤᠨ ᠴᠢᠬᠤᠯᠠ ᠠᠭᠤᠯᠭ᠎ᠠ ᠪᠤᠯᠤᠨ᠎ᠠ᠂ ᠨᠢᠬᠡ ᠭᠠᠵᠠᠷ ᠤᠷᠤᠨ ᠤ ᠠᠵᠥ ᠠᠬᠤᠢ ᠶᠢᠨ ᠵᠦᠬᠡᠯᠡᠨ ᠪᠤᠳᠠᠳᠤ ᠬᠦᠴᠦᠨ ᠪᠤᠯᠤᠨ ᠶᠡᠷᠦᠩᠬᠡᠢ ᠦᠷᠢᠰᠦᠯᠳᠦᠬᠦ ᠬᠦᠴᠦᠨ ᠤ ᠳᠦᠪᠯᠡᠷᠡᠩᠬᠦᠢ ᠢᠯᠡᠷᠡᠯ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠠᠴᠠ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢ ᠪᠦᠬᠦ ᠳᠠᠯ᠎ᠠ ᠶᠢᠨ ᠠᠵᠢᠯ ᠤᠨ ᠳᠤᠪᠤᠶᠢᠮ᠎ᠠ ᠪᠠᠶᠢᠷᠢᠨ ᠳᠤ ᠳᠠᠯᠪᠢᠵᠥ ︽ᠠᠷᠪᠠᠨ ᠳᠦᠷᠪᠡᠳᠦᠬᠡᠷ ᠳᠠᠪᠤᠨ ᠵᠢᠯ︾ ᠤᠨ ᠡᠬᠢᠯᠡᠯᠳᠡ ᠶᠢᠨ ᠵᠢᠯ ᠤᠨ ᠨᠢᠬᠡᠨ ᠶᠡᠭᠡ ᠶᠠᠪᠤᠳᠠᠯ ᠪᠤᠯᠭᠠᠨ ᠠᠳᠬᠤᠵᠥ ᠪᠠᠶᠢᠬᠤ ᠶᠢᠨ ᠰᠢᠯᠳᠠᠭᠠᠨ ᠨᠢ ᠤᠳᠤᠬᠠᠨ ᠤ ᠦᠪᠦᠷ ᠮᠤᠩᠭᠤᠯ ᠤᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤᠨ ᠠᠰᠠᠭᠤᠳᠠᠯ ᠨᠢ ᠨᠢᠬᠡᠨᠳᠡ ᠡᠯ᠎ᠡ ᠳᠦᠷᠦᠯ ᠤᠨ ᠵᠠᠬ᠎ᠠ ᠳᠠᠯᠬᠡᠬᠦᠷ ᠤᠨ ᠭᠤᠤᠯ ᠴᠤᠬᠴᠠ ᠶᠢᠨ ᠳᠤᠰᠬᠠᠯ ᠢᠶᠠᠷ ᠬᠠᠮᠤᠭ ᠤᠨ ᠴᠢᠩᠭ᠎ᠠ᠂ ᠭᠠᠵᠠᠷ ᠤᠷᠤᠨ ᠤ ᠳᠦᠷᠰᠤ ᠪᠠᠶᠢᠳᠠᠯ ᠢ ᠨᠦᠯᠦᠬᠡᠯᠡᠵᠥ ᠪᠠᠶᠢᠬᠤ ᠪᠠᠷ ᠬᠠᠮᠤᠭ ᠤᠨ ᠳᠤᠪᠤᠶᠢᠮ᠎ᠠ᠂ ᠴᠢᠨᠠᠷ ᠰᠠᠶᠢᠳᠠᠢ ᠬᠦᠭᠵᠢᠯᠳᠡ ᠶᠢ ᠬᠦᠯᠢᠶᠠᠰᠤᠯᠡᠵᠥ ᠪᠠᠶᠢᠬᠤ ᠪᠠᠷ ᠬᠠᠮᠤᠭ ᠤᠨ ᠬᠦᠨᠳᠤ ᠨᠤᠴᠢᠳᠠᠢ ᠠᠰᠠᠭᠤᠳᠠᠯ ᠪᠤᠯᠵᠥ᠂ ᠨᠢᠬᠡᠨᠳᠡ ᠤᠳᠤᠬᠢᠴᠢᠯᠠᠯᠳᠠ ᠶᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠯᠠᠯ ᠢ ᠡᠬᠢᠯᠡᠬᠦᠯᠬᠦ᠂ ᠦᠬᠡᠷᠡᠴᠢᠯᠡᠯᠳᠡ ᠨᠡᠬᠡᠬᠡᠯᠳᠡ ᠶᠢ ᠬᠦᠨᠵᠡᠬᠡᠶᠢᠷᠡᠬᠦᠯᠬᠦ᠂ ᠬᠠᠤᠯᠢᠵᠢᠯ ᠤᠨ ᠪᠠᠶᠢᠭᠤᠯᠤᠯᠳᠠ ᠪᠤᠯᠤᠨ ᠨᠠᠮ ᠤᠨ ᠪᠠᠶᠢᠭᠤᠯᠤᠯᠳᠠ ᠶᠢ ᠴᠢᠩᠭᠠᠳᠬᠠᠬᠤ᠂ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠦᠨ ᠵᠠᠰᠠᠬᠤ ᠳᠤ ᠡᠷᠬᠡᠪᠰᠢ ᠰᠢᠢᠳᠪᠦᠷᠢᠯᠡᠬᠦ ᠴᠢᠬᠤᠯᠠᠳᠠᠢ ᠠᠰᠠᠭᠤᠳᠠᠯ ᠪᠤᠯᠤᠭᠠᠳ ᠪᠠᠶᠢᠭ᠎ᠠ ᠶᠤᠮ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠵᠠᠪᠠᠯ ᠤᠯᠤᠰ ᠲᠦᠷᠦ ᠶᠢᠨ ᠶᠡᠭᠡ ᠲᠠᠯ᠎ᠠ ᠪᠠ ᠬᠦᠭᠵᠢᠯᠲᠠ ᠶᠢᠨ ᠪᠦᠬᠦ ᠲᠠᠯ᠎ᠠ ᠠᠴᠠ ᠮᠠᠠ ᠤ ᠤᠷᠤᠨ ᠤ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠲᠦᠢᠯ ᠤᠨ ᠴᠢᠬᠤᠯᠠ ᠴᠢᠨᠠᠷ ᠪᠤᠯᠤᠨ ᠪᠤᠲᠠᠳᠦ ᠲᠤᠯᠭᠠᠮ ᠴᠢᠨᠠᠷ ᠢ ᠲᠡᠨᠢᠠ ᠡᠵᠡᠮᠲᠡᠵᠦ ᠤᠯᠤᠰ ᠲᠦᠷᠦ ᠶᠢᠨ ᠲᠠᠯ᠎ᠠ ᠪᠠᠷ ᠶᠡᠷᠦᠩᠭᠡᠢ ᠱᠦᠵᠢ ᠰᠢ ᠶᠢᠨ ᠫᠢᠩ ᠤᠨ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠲᠤᠬᠠᠢ ᠴᠢᠬᠤᠯᠠ ᠦᠭᠦᠯᠡᠯᠲᠡ ᠪᠤᠯᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠤᠢᠢᠯᠠᠭᠠᠠ ᠡᠵᠡᠮᠰᠢᠵᠥ᠂ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠶᠢ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠴᠢᠬᠤᠯᠠ ᠰᠢᠪᠳᠤᠯᠬᠤ ᠴᠡᠭ ᠪᠠ ᠬᠦᠴᠦᠯᠡᠬᠦ ᠴᠡᠭ ᠪᠤᠯᠭᠠᠵᠦ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠶᠢ ᠴᠢᠩᠭᠠᠳᠬᠠᠠ᠂ ᠲᠦᠷᠢᠮ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠬᠢᠨᠠᠯᠲᠠ ᠲᠠᠯᠪᠢᠯᠲᠠ ᠰᠢᠯᠭᠠᠠ ᠪᠠᠶᠢᠴᠠᠭᠠᠯᠲᠠ ᠶᠢ ᠴᠢᠩᠭᠠᠳᠬᠠᠵᠦ᠂ ᠤᠬᠠᠭᠤᠯᠵᠦ ᠬᠦᠲᠦᠯᠦᠨ ᠵᠢᠯᠤᠭᠤᠳᠬᠤ ᠶᠢ ᠴᠢᠩᠭᠠᠳᠬᠠᠵᠦ᠂ ᠡᠯ᠎ᠠ ᠵᠦᠢᠯ ᠤᠨ ᠪᠠᠶᠢᠷᠢᠯᠠᠭᠤᠯᠤᠯᠲᠠ ᠱᠠᠭᠠᠷᠲᠠᠯᠭ᠎ᠠ ᠶᠢ ᠪᠤᠲᠠᠲᠠᠢ ᠨᠠᠶᠢᠲᠠᠪᠤᠷᠢᠵᠢᠭᠤᠯᠬᠤ ᠶᠢ ᠪᠠᠲᠤᠯᠠᠵᠦ᠂ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠲᠦᠷᠭᠡᠡ ᠰᠠᠶᠢᠵᠢᠷᠠᠭᠤᠯᠬᠤ᠂ ᠦᠷᠬᠦᠯᠵᠢᠯᠡᠡ ᠰᠢᠯᠢᠲᠡᠭᠵᠢᠭᠦᠯᠬᠦ ᠶᠢ ᠪᠦᠬᠦ ᠬᠦᠴᠤᠨ ᠢᠶᠠᠷ ᠢᠶᠠᠨ ᠠᠬᠢᠭᠤᠯᠬᠤ ᠭᠡᠷᠡᠭᠲᠡᠢ ᠬᠡᠪᠡ᠃       ᠱᠢ ᠲᠠᠢ ᠹᠧᠩ ᠴᠢᠬᠤᠯᠠᠴᠢᠯᠠᠬᠤ ᠳᠤ ᠪᠠᠨ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠦ ᠲᠤᠰᠬᠠᠢ ᠴᠡᠭᠴᠡᠯᠡᠡ ᠵᠠᠰᠠᠯᠲᠠ ᠶᠢ ᠬᠦᠨᠵᠡᠭᠡᠶᠢᠷᠡᠭᠦᠯᠤᠨ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠤᠨ ᠲᠤᠪᠤᠶᠢᠮ᠎ᠠ ᠠᠰᠠᠭᠤᠲᠠᠯ ᠢ ᠦᠨᠲᠦᠰᠦᠨ ᠠᠴᠠ ᠨᠢ ᠰᠠᠶᠢᠲᠤᠷ ᠰᠢᠢᠳᠪᠦᠷᠢᠯᠡᠬᠦ ᠭᠡᠷᠡᠭᠲᠡᠢ᠃ ᠦᠵᠡᠯ ᠰᠠᠨᠠᠭᠠᠠ ᠤ ᠲᠠᠯ᠎ᠠ ᠪᠠᠷ ᠬᠢ ᠬᠦᠴᠢᠷ ᠠᠰᠠᠭᠤᠲᠠᠯ ᠢ ᠰᠢᠢᠳᠪᠦᠷᠢᠯᠡᠬᠦ ᠲᠠᠯ᠎ᠠ ᠪᠠᠷ ᠬᠦᠴᠤ ᠤᠷᠤᠭᠤᠯᠵᠦ᠂ ᠦᠵᠡᠯ ᠰᠠᠨᠠᠭᠠᠨ ᠤ ᠬᠦᠮᠦᠵᠢᠯ ᠢ ᠴᠢᠭᠯᠡᠭᠦᠯᠦᠯᠲᠦ ᠴᠢᠨᠠᠷᠲᠠᠢ ᠦᠷᠨᠢᠭᠦᠯᠵᠦ᠂ ᠦᠷᠭᠡᠡ ᠤᠯᠠᠠ ᠺᠠᠳ᠋ᠷ ᠢ ᠬᠦᠲᠦᠯᠦᠨ ᠵᠢᠯᠤᠭᠤᠳᠴᠦ ᠪᠠᠶᠢᠭᠠᠳ ᠵᠠᠬ᠎ᠠ ᠲᠡᠯᠭᠡᠭᠦᠷ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠠᠤᠯᠢᠵᠢᠯ ᠤᠨ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ ᠢ ᠨᠢ ᠴᠢᠩᠭᠠᠳᠬᠠᠵᠦ᠂ ᠤᠬᠠᠮᠰᠠᠷ ᠠᠴᠠ ᠪᠠᠨ ᠵᠠᠬ᠎ᠠ ᠲᠡᠯᠭᠡᠭᠦᠷ ᠤᠨ ᠠᠵᠦ ᠠᠬᠤᠢ ᠶᠢᠨ ᠵᠢᠮ᠎ᠠ ᠬᠠᠤᠯᠢ ᠶᠤᠰᠤᠭᠠᠷ ᠠᠵᠢᠯ ᠢᠶᠠᠨ ᠦᠷᠨᠢᠭᠦᠯᠵᠦ᠂ ᠠᠵᠦ ᠠᠬᠤᠢᠢᠯᠠᠯ ᠪᠤᠯᠤᠨ ᠤᠯᠠᠠ ᠲᠦᠮᠠᠠ ᠤ ᠭᠡᠷᠡᠭᠴᠡᠭᠡ ᠠᠴᠠ ᠢᠯᠡᠭᠦᠭᠡᠡ ᠡᠭᠦᠰᠴᠤ ᠪᠠᠶᠢᠭᠠᠳ ᠠᠰᠠᠭᠤᠲᠠᠯ ᠢ ᠰᠢᠢᠳᠪᠦᠷᠢᠯᠡᠵᠦ᠂ ᠬᠠᠤᠯᠢᠵᠢᠯ ᠤᠨ ᠰᠡᠳᠭᠢᠬᠦᠢ ᠪᠤᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠬᠦᠭᠵᠢᠯᠲᠠ ᠶᠢ ᠠᠬᠢᠭᠤᠯᠬᠤ ᠶᠢ ᠪᠠᠷᠢᠮᠲᠠᠯᠠᠵᠦ᠂ ᠠᠮᠠᠯᠠᠯᠲᠠ ᠪᠠᠨ ᠦᠨᠡᠨ ᠬᠦ ᠦᠢᠯᠡᠲᠦᠯᠭᠡᠵᠢᠭᠦᠯᠬᠦ᠂ ᠭᠡᠷ᠎ᠠ ᠪᠠᠨ ᠦᠨᠡᠨᠴᠢ ᠪᠠᠷ ᠬᠦᠢᠴᠡᠳᠭᠡᠬᠦ ᠰᠠᠶᠢᠨ ᠰᠤᠷᠲᠠᠯ ᠢ ᠪᠤᠢ ᠪᠤᠯᠭᠠᠬᠤ ᠭᠡᠷᠡᠭᠲᠡᠢ᠃ ᠰᠤᠷᠲᠠᠯ ᠤᠨ ᠠᠷᠬᠠᠭ ᠬᠡᠮ ᠢ ᠵᠠᠯᠠᠷᠠᠭᠤᠯᠤᠨ ᠵᠠᠰᠠᠬᠤ ᠲᠠᠯ᠎ᠠ ᠪᠠᠷ ᠬᠦᠴᠤ ᠤᠷᠤᠭᠤᠯᠵᠦ᠂ ᠵᠠᠩᠭᠢᠯᠠᠭ᠎ᠠ ᠶᠢᠨ ᠴᠦᠭᠡᠡ ᠲᠤᠭᠠᠲᠠᠠ᠂ ᠭᠤᠤᠯᠲᠠᠯᠭ᠎ᠠ ᠲᠠᠢ ᠬᠦᠷᠢᠶ᠎ᠠ᠂ ᠴᠢᠬᠤᠯᠠ ᠭᠤᠭᠴᠤᠭ᠎ᠠ ᠪᠤᠯᠤᠨ ᠦᠢᠯᠡᠴᠢᠯᠡᠭᠡᠨ ᠤ ᠴᠤᠩᠬᠤ ᠶᠢ ᠨᠢᠭᠲᠠ ᠠᠵᠢᠠᠠᠯᠠᠵᠦ᠂ ᠨᠡᠶᠢᠲᠡᠮ ᠤᠷᠤᠰᠢᠵᠦ ᠪᠠᠶᠢᠭ᠎ᠠ᠂ ᠲᠤᠰᠠᠬᠯ ᠴᠢᠩᠭ᠎ᠠ ᠪᠠᠶᠢᠭ᠎ᠠ᠂ ᠲᠦᠢᠯᠪᠤᠷᠢᠳᠠᠢ ᠵᠠᠰᠠᠵᠦ ᠲᠡᠶᠢᠯᠦᠭᠡᠳᠦᠢ ᠪᠠᠶᠢᠭ᠎ᠠ ᠲᠤᠪᠤᠶᠢᠮ᠎ᠠ ᠠᠰᠠᠭᠤᠲᠠᠯ ᠢ ᠨᠢᠭᠲᠠ ᠠᠵᠢᠠᠠᠯᠠᠵᠦ᠂ ᠲᠦᠷᠢᠮ ᠲᠤᠭᠲᠠᠭᠠᠯ ᠢᠶᠠᠷ ᠰᠢᠢᠳᠭᠡᠡ ᠴᠡᠭᠡᠷᠯᠡᠯ ᠪᠤᠯᠭᠠᠬᠤ᠂ ᠰᠤᠷᠭᠠᠠ ᠬᠦᠮᠦᠵᠢᠭᠦᠯᠵᠦ ᠬᠦᠲᠦᠯᠦᠨ ᠲᠠᠭᠠᠭᠤᠯᠬᠤ ᠶᠢ ᠬᠠᠷᠢᠯᠴᠠᠠ ᠤᠶᠠᠯᠲᠤᠭᠤᠯᠬᠤ ᠶᠢ ᠪᠠᠷᠢᠮᠲᠠᠯᠠᠵᠦ᠂ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠪᠤᠬᠢᠷᠲᠤᠭᠤᠯᠵᠦ ᠪᠠᠶᠢᠭ᠎ᠠ ︽ᠰᠤᠷᠲᠠᠯ ᠤᠨ ᠬᠤᠤᠷᠲᠦ ᠬᠠᠪᠤᠲᠠᠷ︾ ᠪᠤᠯᠤᠨ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠡᠪᠲᠡᠵᠦ ᠪᠠᠶᠢᠭ᠎ᠠ ︽ᠬᠤᠤᠷ ᠤᠨ ᠦᠨᠳᠦᠰᠦ︾ ᠶᠢ ᠡᠷᠡᠰ ᠴᠡᠪᠡᠷᠯᠡᠡ ᠠᠷᠢᠯᠭᠠᠵᠦ᠂ ᠺᠠᠳ᠋ᠷ ᠤᠨ ᠬᠦᠭᠵᠢᠯᠲᠠ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ᠂ ᠡᠷᠭᠡ ᠶᠢᠨ ᠦᠵᠡᠯᠲᠡ᠂ ᠤᠯᠠᠠ ᠲᠦᠮᠠᠠᠴᠢ ᠦᠵᠡᠯᠲᠡ ᠶᠢ ᠦᠨᠡᠡ ᠬᠦ ᠲᠦᠪ ᠪᠤᠯᠭᠠᠬᠤ ᠭᠡᠷᠡᠭᠲᠡᠢ᠃ ᠢᠯᠵᠠᠷᠠᠯ ᠤᠨ ᠠᠷᠬᠠᠭ ᠬᠡᠮ ᠢ ᠰᠢᠢᠳᠭᠡᠬᠦ ᠲᠠᠯ᠎ᠠ ᠪᠠᠷ ᠬᠦᠴᠤ ᠤᠷᠤᠭᠤᠯᠵᠦ᠂ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠤᠨ ᠠᠰᠠᠭᠤᠲᠠᠯ ᠤᠨ ᠠᠷᠤ ᠳᠠᠬᠢ ᠢᠯᠵᠠᠷᠠᠠ ᠲᠤᠷᠦ᠋ᠢᠲᠠᠵᠦ ᠪᠠᠶᠢᠭ᠎ᠠ ᠠᠰᠠᠭᠤᠲᠠᠯ ᠢ ᠪᠦᠬᠦ ᠲᠠᠯ᠎ᠠ ᠪᠠᠷ ᠦᠨᠲᠦᠰᠤᠨ ᠠᠴᠠ ᠨᠢ᠂ ᠪᠦᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠦ᠂ ᠠᠷᠭ᠎ᠠ ᠪᠤᠲᠤᠯᠭ᠎ᠠ ᠶᠢ ᠭᠡᠷᠡᠭᠵᠢᠭᠦᠯᠬᠦ᠂ ᠬᠠᠤᠯᠢ ᠭᠡᠷᠡᠭᠵᠢᠭᠦᠯᠬᠦ ᠬᠠᠤᠯᠢ ᠪᠠᠷᠢᠬᠤ᠂ ᠪᠠᠷᠢᠯᠭ᠎ᠠ ᠶᠢᠨ ᠲᠦᠷᠦᠯ ᠵᠦᠢᠯ ᠵᠡᠷᠭᠡ ᠠᠰᠠᠭᠤᠲᠠᠯ ᠲᠦᠪᠯᠡᠷᠡᠭᠰᠡᠡ ᠬᠦᠷᠢᠶᠠᠠ ᠳ᠋ᠳᠤ ᠲᠤᠰᠬᠠᠢ ᠰᠡᠲᠦᠪ ᠢᠶᠠᠷ᠂ ᠲᠦᠷᠦᠯ ᠬᠤᠪᠢᠶᠠᠠ ᠲᠤᠰᠬᠠᠢ ᠵᠠᠰᠠᠵᠦ᠂ ᠢᠯᠵᠠᠷᠠᠯ ᠢ ᠡᠰᠡᠷᠭᠦᠴᠡᠬᠦ ᠴᠢᠩᠭ᠎ᠠ ᠠᠷᠭ᠎ᠠ ᠬᠡᠮᠵᠢᠶ᠎ᠠ ᠪᠠᠷ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠡᠷᠭᠢᠯᠳᠡ ᠶᠢᠨ ᠴᠡᠭ ᠢ ᠪᠤᠢ ᠪᠤᠯᠭᠠᠬᠤ ᠭᠡᠷᠡᠭᠲᠡᠢ ᠬᠡᠵᠠᠢ᠃
2.png  
      ᠱᠢ ᠲᠠᠢ ᠹᠧᠩ ᠴᠢᠬᠤᠯᠠᠴᠢᠯᠠᠬᠤ ᠳᠤ ᠪᠠᠨ᠂ ᠤᠯᠤᠰ ᠲᠦᠷᠦ ᠶᠢᠨ ᠡᠭᠦᠷᠭᠡᠯᠡᠯ ᠢ ᠴᠢᠩᠭᠠᠳᠬᠠᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠦᠷᠭᠦᠯᠵᠢᠯᠡᠨ ᠪᠦᠬᠦ ᠲᠠᠯ᠎ᠠ ᠪᠠᠷ ᠰᠢᠯᠢᠳᠡᠭᠵᠢᠬᠦᠯᠬᠦ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠠᠢ᠃ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠶᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠤ᠂ ᠤᠯᠠᠨ ᠲᠠᠯ᠎ᠠ ᠠᠴᠠ ᠳᠠᠪᠬᠤᠷᠳᠠᠭᠤᠯᠤᠨ ᠬᠢᠨᠡᠨ ᠵᠦᠪᠰᠢᠶᠡᠷᠡᠬᠦ ᠶᠢ ᠳᠠᠷᠦ᠋ᠢᠬᠠᠨ ᠴᠡᠭᠴᠡᠯᠡᠵᠤ᠂ ᠴᠢᠬᠤᠯᠠ ᠪᠤᠰᠤ ᠬᠢᠨᠡᠨ ᠵᠦᠪᠰᠢᠶᠡᠷᠡᠯ ᠢ ᠵᠤᠷᠢᠭ ᠰᠢᠭᠤᠳᠤᠨ ᠠᠷᠢᠯᠭᠠᠵᠦ᠂ ᠬᠢᠨᠡᠨ ᠵᠦᠪᠰᠢᠶᠡᠷᠡᠬᠦ ᠠᠷᠭ᠎ᠠ ᠬᠡᠯᠪᠡᠷᠢ ᠳᠤ ᠦᠭᠡᠷᠡᠴᠢᠯᠡᠯᠳᠡ ᠬᠢᠵᠤ ᠰᠢᠨ᠎ᠠ ᠶᠢ ᠡᠭᠦᠳᠦᠨ ᠦᠨᠳᠦᠰᠤᠨ ᠱᠠᠳᠤᠨ ᠤ ᠰᠠᠶᠢᠳᠤᠷ ᠬᠡᠷᠡᠭᠵᠢᠬᠦᠯᠵᠤ ᠲᠡᠶᠢᠯᠬᠦ ᠡᠷᠬᠡ ᠶᠢ ᠦᠷᠭᠦᠯᠵᠢᠯᠡᠨ ᠳᠤᠷᠤᠭᠰᠢ ᠲᠠᠯᠪᠢᠬᠤ ᠬᠡᠷᠡᠭᠳᠠᠢ᠃ ᠬᠢᠨᠠᠯᠳᠠ ᠬᠠᠮᠢᠶᠠᠷᠤᠯᠳᠠ ᠶᠢ ᠬᠠᠤᠯᠢ ᠶᠤᠰᠤᠭᠠᠷ ᠲᠦᠪ ᠭᠤᠤᠯᠴᠢ ᠪᠠᠷ ᠴᠢᠩᠭᠠᠳᠬᠠᠵᠤ ᠤᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ︽ᠡᠭᠡᠭᠡ ᠠᠳᠠᠯᠢ︾ ᠪᠠᠷ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠪᠠ ᠪᠦᠲᠦᠮᠵᠢᠳᠠᠢ ᠰᠡᠷᠭᠡᠶᠢᠯᠡᠵᠤ ᠲᠦᠪ ᠭᠤᠤᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠤᠷᠴᠢᠨ ᠢ ᠴᠢᠷᠮᠠᠶᠢᠨ ᠪᠤᠢ ᠪᠤᠯᠭᠠᠬᠤ ᠬᠡᠷᠡᠭᠳᠠᠢ᠃ ᠦᠢᠯᠡᠴᠢᠯᠡᠭᠡ ᠶᠢ ᠨᠠᠷᠢᠯᠢᠭ ᠠᠴᠠ ᠨᠠᠷᠢᠯᠢᠭ ᠰᠠᠶᠢᠳᠤᠷ ᠬᠢᠵᠤ ᠲᠤᠭᠠᠴᠢᠯᠠᠭᠰᠠᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠷᠮᠠᠶᠢᠨ ᠴᠢᠩᠭᠠᠳᠬᠠᠵᠤ᠂ ᠤᠷᠤᠨ ᠨᠤᠲᠤᠭ ᠤᠨ ᠵᠠᠰᠠᠭ ᠤᠨ ᠶᠠᠪᠤᠳᠠᠯ ᠤᠨ ᠶᠡᠭᠡ ᠲᠢᠩᠭᠢᠮ ᠤᠨ ︽ᠨᠢᠭᠡ ᠦᠷᠳᠡᠭᠡ︾ ᠪᠠᠷ ᠦᠢᠯᠡᠴᠢᠯᠡᠬᠦ ᠴᠢᠳᠠᠪᠬᠢ ᠶᠢ ᠭᠦᠢᠴᠡᠳ ᠪᠠᠳᠠᠷᠠᠭᠤᠯᠤᠨ ᠦᠢᠯᠡᠴᠢᠯᠡᠬᠦ ᠬᠡᠯᠪᠡᠷᠢ ᠶᠢᠨ ᠵᠠᠰᠠᠭ ᠤᠨ ᠤᠷᠳᠤᠨ ᠤ ᠪᠠᠶᠢᠭᠤᠯᠤᠯᠳᠠ ᠪᠠᠷ ᠭᠠᠷᠳᠠᠴᠠ ᠪᠤᠯᠭᠠᠵᠤ  ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠠ ᠪᠦᠳᠦᠮᠵᠢ ᠶᠢ ᠪᠦᠬᠦ ᠬᠦᠴᠦ ᠪᠠᠷ ᠢᠶᠠᠨ ᠳᠡᠭᠡᠭᠰᠢᠯᠡᠭᠦᠯᠬᠦ ᠬᠡᠷᠡᠭᠳᠠᠢ᠃ ᠠᠷᠭ᠎ᠠ ᠪᠦᠬᠦᠨ ᠢ ᠰᠦᠪᠡᠭᠴᠢᠯᠡᠨ ᠦᠪᠡᠷ ᠤᠨ ᠦᠷᠳᠡᠭ ᠢ ᠪᠠᠭᠤᠷᠠᠭᠤᠯᠵᠦ᠂ ᠤᠯᠤᠰ ᠤᠨ ᠨᠡᠩ ᠶᠡᠭᠡ ᠬᠡᠪᠴᠢᠶ᠎ᠠ ᠪᠦᠬᠦᠢ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠳᠠᠢ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠵᠤ᠂ ᠰᠠᠭᠤᠷᠢ ᠲᠦᠬᠦᠭᠡᠷᠤᠮᠵᠢ ᠪᠤᠯᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠳᠤᠳᠠᠭᠤᠳᠠᠯ ᠢ ᠲᠦᠷᠭᠡᠳᠭᠡᠨ ᠨᠦᠬᠦᠪᠦᠷᠢᠯᠡᠵᠤ᠂ ᠠᠵᠤ ᠠᠬᠤᠢᠢᠯᠠᠯ ᠳᠤ ᠪᠤᠳᠠᠳᠤ ᠠᠰᠢᠬ ᠬᠦᠷᠳᠡᠭᠡᠬᠦ ᠬᠡᠷᠡᠭᠳᠠᠢ᠃ ᠬᠠᠤᠯᠢᠵᠢᠯ ᠤᠨ ᠪᠠᠳᠤᠯᠠᠭ᠎ᠠ ᠶᠢ ᠰᠢᠰᠲ᠋ᠧᠮ ᠲᠠᠢ ᠴᠢᠩᠭᠠᠳᠬᠠᠵᠤ᠂ ᠡᠷᠬᠡ ᠲᠡᠭᠰᠢ ᠪᠠᠷ ᠬᠠᠮᠠᠭᠠᠯᠠᠬᠤ ᠶᠢ ᠬᠠᠤᠯᠢ ᠲᠤᠭᠳᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠠ ᠭᠤᠭᠴᠤᠭ᠎ᠠ ᠳᠤ ᠲᠤᠭᠤᠰᠢᠯᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠴᠢᠮ ᠪᠤᠯᠤᠨ ᠬᠡᠮᠵᠢᠶ᠎ᠠ ᠶᠢ ᠤᠨᠤᠴᠠᠳᠠᠢ ᠡᠵᠡᠮᠳᠡᠵᠤ᠂ ᠠᠵᠤ ᠠᠬᠤᠢᠢᠯᠠᠯ ᠪᠤᠯᠤᠨ ᠠᠵᠤ ᠠᠬᠤᠢᠢᠯᠠᠯᠳᠠᠨ ᠤ ᠬᠠᠤᠯᠢ ᠶᠤᠰᠤᠨ ᠤ ᠡᠳ᠋ ᠬᠦᠷᠦᠩᠭᠡ ᠶᠢ ᠰᠠᠶᠢᠳᠤᠷ ᠬᠠᠮᠠᠭᠠᠯᠠᠵᠤ᠂ ᠲᠦᠷᠦ ᠶᠢᠨ ᠪᠤᠳᠤᠯᠭ᠎ᠠ ᠶᠢᠨ ᠨᠢᠭᠡᠳᠦᠯᠳᠠᠢ ᠲᠦᠯᠦᠪᠵᠢᠭᠦᠯᠦᠨ ᠵᠤᠬᠢᠴᠠᠭᠤᠯᠬᠤ ᠲᠤᠭᠳᠠᠴᠠ ᠶᠢ ᠪᠦᠷᠢᠨᠰᠢᠭᠦᠯᠵᠤ᠂ ᠲᠦᠷᠦ ᠶᠢᠨ ᠪᠤᠳᠤᠯᠭ᠎ᠠ ᠶᠢ ᠭᠦᠢᠴᠡᠳ ᠬᠡᠷᠡᠭᠵᠢᠭᠦᠯᠬᠦ᠂ ᠤᠨᠤᠪᠴᠢᠳᠠᠢ ᠬᠡᠷᠡᠭᠵᠢᠭᠦᠯᠬᠦ ᠶᠢ ᠪᠠᠳᠤᠯᠠᠬᠤ ᠬᠡᠷᠡᠭᠳᠠᠢ ᠬᠡᠪᠡ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ᠂ ᠡᠨᠡ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠲᠤᠭᠤᠰᠢᠯᠠᠭᠤᠯᠬᠤ ᠳᠤ ᠦᠵᠡᠯ ᠰᠠᠨᠠᠭ᠎ᠠ ᠶᠢ ᠨᠢᠭᠡᠳᠭᠡᠬᠦ ᠲᠠᠯ᠎ᠠ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠦ᠂ ᠭᠦᠨᠵᠡᠭᠡᠢ ᠲᠤᠩᠭᠠᠨ ᠪᠤᠳᠤᠯᠬᠢᠯᠠᠵᠤ᠂ ᠰᠤᠷᠭᠠᠮᠵᠢ ᠠᠪᠴᠤ᠂ ᠠᠯᠳᠠᠭ᠎ᠠ ᠪᠤᠷᠤᠭᠤ ᠪᠠᠨ ᠮᠡᠳᠡᠷᠡᠨ ᠵᠤᠷᠢᠬᠳᠠᠢ ᠠᠵᠢᠯᠯᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠦᠨᠡᠨ ᠬᠦ ᠨᠢᠭᠡᠳᠭᠡᠬᠦ ᠬᠡᠷᠡᠭᠳᠠᠢ︔ ᠬᠠᠳᠠᠭᠤ ᠲᠠᠢ ᠨᠢ ᠬᠠᠯᠳᠠᠬᠤ ᠲᠠᠯ᠎ᠠ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠦ᠂ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠶᠠᠰᠤ ᠶᠢ ᠬᠤᠰᠤᠨ ᠬᠤᠤᠷ ᠢ ᠠᠷᠢᠯᠭᠠᠬᠤ᠂ ᠪᠠᠭᠠᠳᠤᠷ ᠡᠷ᠎ᠠ ᠪᠠᠭᠤᠤ ᠪᠠᠨ ᠴᠠᠪᠴᠢᠬᠤ ᠡᠷᠴᠢ ᠵᠤᠷᠢᠭ ᠢᠶᠠᠷ ᠰᠢᠨ᠎ᠡ ᠬᠠᠭᠤᠴᠢᠨ ᠠᠰᠠᠭᠤᠳᠠᠯ ᠢ ᠵᠡᠷᠭᠡ ᠪᠠᠷ ᠰᠢᠢᠳᠪᠦᠷᠢᠯᠡᠬᠦ ᠬᠡᠷᠡᠭᠳᠠᠢ︔ ᠦᠨᠡᠨ ᠪᠤᠳᠠᠳᠠᠢ ᠦᠷ᠎ᠠ ᠪᠦᠲᠦᠮᠵᠢ ᠤᠯᠬᠤ ᠲᠠᠯ᠎ᠠ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠬᠦᠴᠦᠯᠡᠨ ᠴᠡᠭᠡᠷᠯᠡᠵᠤ᠂ ᠮᠠᠨ ᠤ ᠤᠷᠤᠨ ᠤ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠯᠠᠪᠳᠠᠭᠤᠨ ᠪᠠᠳᠤᠳᠠᠢ ᠦᠷ᠎ᠠ ᠪᠦᠲᠦᠮᠵᠢ ᠤᠯᠬᠤ ᠶᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃       ᠬᠤᠷᠠᠯ ᠳᠡᠭᠡᠷ᠎ᠠ᠂ ᠬᠤᠷᠠᠯ ᠳᠤ ᠤᠷᠤᠯᠴᠠᠭᠰᠠᠨ ᠨᠦᠭᠦᠳ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠤᠨ ᠲᠤᠬᠠᠢ ᠳᠠᠯᠳᠠᠭᠤᠷ ᠪᠠᠶᠢᠴᠠᠭᠠᠭᠰᠠᠨ ︽ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ︿ᠮᠠᠭᠤᠳᠠᠵᠤ ᠪᠤᠯᠬᠤ ᠦᠭᠡᠢ﹀︾ ᠭᠡᠬᠦ ᠹᠢᠯᠢᠮ ᠢ ᠦᠵᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠦ ᠴᠢ ᠹᠠᠨ 12 ᠠᠶᠢᠮᠠᠬ ᠬᠤᠳᠠ ᠶᠢᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠲᠤᠬᠠᠢ ᠦᠷᠨᠢᠬᠦᠯᠦᠭᠰᠡᠨ ᠳᠤᠰᠬᠠᠢ ᠳᠤᠭᠤᠷᠢᠨ ᠪᠠᠶᠢᠴᠠᠭᠠᠯᠳᠠ ᠶᠢᠨ ᠪᠠᠶᠢᠳᠠᠯ ᠢ ᠮᠡᠳᠡᠭᠳᠡᠪᠡ᠃ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠵᠠᠰᠠᠬ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠢᠩᠭᠢᠮ ᠤᠨ ᠬᠠᠷᠢᠭᠤᠴᠠᠯᠭᠠᠳᠠᠨ ᠨᠦᠭᠦᠳ ᠦᠭᠡ ᠬᠡᠯᠡᠪᠡ᠃                     ᠰᠤᠷᠪᠤᠯᠵᠢᠯᠠᠭᠴᠢ᠄ ᠤᠶᠤᠨᠴᠢᠮᠡᠭ  
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ