ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠦᠯᠳᠡ ᠰᠤᠮᠤ ᠰᠢᠷᠬᠤᠰᠤᠨ ᠪᠠᠯᠭᠠᠰᠤᠨ ᠳᠤ ᠬᠦᠷᠴᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠤᠯᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/2/20
      2 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠦᠯᠳᠡ ᠰᠤᠮᠤ᠂ ᠰᠢᠷᠬᠤᠰᠤᠨ ᠪᠠᠯᠭᠠᠰᠤᠨ ᠳᠤ ᠬᠦᠷᠴᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠠᠭᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠭᠢᠵᠤ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠦᠳᠲᠡᠷ ᠲᠦᠷᠭᠡᠨ ᠬᠥᠳᠡᠯᠦᠯᠴᠡᠵᠦ ᠨᠠᠷᠢᠨ ᠨᠢᠮᠪᠠᠶ ᠲᠥᠯᠥᠪᠯᠡᠨ ᠨᠠᠷᠢᠯᠢᠭ ᠪᠠᠶᠢᠷᠢᠯᠠᠭᠤᠯᠵᠤ ᠨᠠᠷᠢᠯᠢᠭ ᠣᠨᠣᠴᠠᠲᠠᠶ ᠪᠠᠷ ᠭᠥᠴᠤᠯᠠᠨ ᠡᠯ᠎ᠡ ᠲᠥᠷᠤᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠳᠤᠷ ᠨᠠᠶᠢᠳᠠᠪᠤᠷᠢᠵᠢᠭᠤᠯᠬᠤ ᠶᠢ ᠠᠭᠢᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠰᠠᠶᠢᠨ ᠡᠬᠢᠯᠡᠯᠲᠡ ᠲᠠᠢ ᠪᠣᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠳᠡᠳ᠋ ᠳᠠᠷᠤᠭ᠎ᠠ ᠪᠠᠶᠠᠠᠴᠠᠩᠭᠡᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
1.jpg      
      ᠡᠷᠳᠡᠨᠢᠪᠢᠯᠢᠭ ᠨᠠᠷ ᠵᠠᠮ ᠱᠤᠭᠤᠮ ᠳᠠᠭᠠᠤ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ ᠭᠠᠵᠠᠷ ᠰᠢᠷᠤᠢ ᠶᠢ ᠲᠠᠭᠠᠭᠤᠯᠢ ᠤᠳᠤᠨ ᠠᠯᠤᠰ ᠡᠵᠡᠮᠰᠢᠯᠳᠤ ᠵᠢᠷᠤᠭ ᠲᠥᠷᠰᠤ ᠪᠠᠷ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠲᠠᠷᠢᠮᠠᠯ ᠲᠠᠵᠢᠭᠡᠪᠤᠷᠢ ᠶᠢᠨ ᠬᠤᠷᠰᠢᠶᠠᠵᠢᠯ᠂ ᠲᠠᠷᠢᠶᠠᠯᠠᠩ ᠤᠨ ᠠᠵᠤ ᠥᠢᠯᠡᠰ ᠤᠨ ᠵᠢᠱᠢᠶᠡᠴᠢ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠨ ᠮᠠᠯ ᠲᠠᠷᠢᠶᠠᠯᠠᠩ ᠤᠨ ᠠᠵᠤ ᠥᠢᠯᠡᠰ ᠤᠨ ᠬᠥᠭᠵᠢᠯᠲᠡ ᠶᠢᠨ ᠪᠠᠶᠢᠳᠠᠯ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠶᠢᠳᠠᠯ ᠢ ᠣᠶᠢᠯᠠᠭᠠᠪᠠ᠃
2.jpg    
      ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠰᠦᠯᠳᠡ ᠰᠤᠮᠤ ᠨᠢ ᠠᠮᠢ ᠠᠬᠤᠶ ᠶᠢᠨ ᠬᠠᠮᠠᠭᠠᠯᠠᠯᠲᠠ ᠪᠠ ᠠᠵᠤ ᠥᠢᠯᠡᠰ ᠤᠨ ᠬᠥᠭᠵᠢᠯᠲᠡ ᠶᠢᠨ ᠨᠡᠶᠢᠯᠡᠯ ᠴᠡᠭ ᠢ ᠡᠷᠢᠨ ᠣᠯᠵᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠵᠤ ᠥᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠢᠳᠡᠪᠬᠢᠲᠡᠶ ᠪᠣᠶ ᠪᠣᠯᠭᠠᠬᠤ ᠬᠡᠷᠡᠭᠲᠡᠶ᠃ ᠰᠢᠷᠬᠤᠰᠤᠨ ᠪᠠᠯᠭᠠᠰᠤ ᠨᠢ ᠰᠢᠷᠬᠤᠰᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠲᠣᠭᠤᠷᠢᠨ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ ᠪᠣᠬᠢᠷᠲᠤᠯ ᠦᠬᠡᠢ ᠠᠮᠢ ᠠᠬᠤᠢ ᠶᠢᠨ ᠤᠷᠴᠢᠨ ᠢ ᠲᠥᠯᠥᠪᠵᠢᠭᠦᠯᠦᠨ ᠪᠦᠳᠦᠬᠡᠨ ᠪᠠᠶᠢᠭᠤᠯᠵᠤ ᠪᠣᠬᠢᠷᠲᠤᠯ ᠦᠬᠡᠢ ᠥᠨᠳᠥᠷ ᠦᠷ᠎ᠡ ᠠᠰᠢᠭᠲᠤ ᠲᠠᠷᠢᠶᠠᠯᠠᠩ ᠪᠣᠯᠤᠨ ᠲᠥᠭᠦᠭᠡᠷᠤᠮᠵᠢᠳᠤ ᠮᠠᠯ ᠠᠵᠤ ᠠᠬᠤᠢ ᠶᠢ ᠬᠥᠭᠵᠢᠭᠦᠯᠵᠦ ᠠᠮᠢ ᠠᠬᠤᠢ ᠪᠣᠯᠤᠨ ᠠᠷᠠᠳ ᠢ ᠪᠠᠶᠠᠵᠢᠭᠤᠯᠬᠤ ᠬᠤᠤᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠡᠵᠡᠮᠰᠢᠵᠦ ᠠᠮᠢ ᠠᠬᠤᠶ ᠶᠢ ᠤᠷᠢᠳᠠᠪᠠᠷ ᠪᠤᠳᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠬᠤ ᠬᠡᠷᠡᠭᠲᠡᠶ︔ ᠡᠨᠡ ᠵᠢᠯ ᠤᠨ ᠠᠮᠢ ᠠᠬᠤᠢ ᠤᠢ ᠰᠢᠭᠤᠢ ᠶᠢᠨ ᠪᠦᠳᠦᠬᠡᠨ ᠪᠠᠶᠢᠭᠤᠯᠤᠯᠲᠠ ᠶᠢᠨ ᠠᠵᠢᠯ ᠢ ᠡᠷᠲᠡᠬᠡᠨ ᠲᠥᠯᠥᠪᠵᠢᠭᠦᠯᠵᠦ ᠵᠣᠬᠢᠴᠠᠬᠤ ᠴᠢᠨᠠᠷ ᠢᠶᠠᠷ ᠰᠠᠶᠢᠨ ᠪᠠ ᠡᠳᠡᠭᠡᠷᠡᠯᠲᠡ ᠶᠢᠨ ᠨᠤᠷᠮ᠎ᠠ ᠪᠠᠷ ᠥᠨᠳᠥᠷ ᠴᠢᠬᠢ ᠮᠣᠳᠣ ᠶᠢ ᠰᠢᠨᠵᠢᠯᠡᠬᠦ ᠤᠬᠠᠭᠠᠨᠴᠢ ᠪᠠᠷ ᠰᠣᠩᠭᠤᠵᠤ ᠬᠠᠪᠤᠷ ᠤᠨ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠴᠢᠨᠠᠷ ᠰᠠᠶᠢᠲᠠᠢ ᠭᠢᠵᠤ ᠤᠶᠢᠵᠢᠭᠤᠯᠤᠯᠳᠠ᠂ ᠪᠡᠯᠡ ᠮᠥᠩᠭᠦ᠂ ᠬᠠᠮᠢᠶᠠᠷᠤᠯᠳᠠ ᠬᠠᠮᠠᠭᠠᠯᠠᠯᠳᠠ ᠵᠡᠷᠭᠡ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠪᠦᠬᠦ ᠠᠷᠠᠳ ᠢ ᠳᠠᠶᠢᠴᠢᠯᠠᠨ ᠣᠷᠣᠯᠴᠠᠭᠤᠯᠵᠤ ᠪᠦᠬᠦ ᠲᠠᠯ᠎ᠠ ᠪᠠᠷ ᠬᠥᠳᠡᠯᠦᠯᠴᠡᠨ ᠮᠣᠳᠣ ᠲᠠᠷᠢᠵᠤ ᠣᠶᠢᠵᠢᠭᠤᠯᠬᠤ᠂ ᠭᠡᠷ ᠣᠷᠣᠨ ᠢᠶᠠᠨ ᠨᠣᠭᠤᠭᠠᠷᠠᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠬᠤ ᠬᠡᠷᠡᠭᠲᠡᠢ︔ ᠪᠡᠯᠴᠢᠭᠡᠷᠯᠡᠭᠦᠯᠬᠦ ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢ ᠭᠡᠷᠡᠭᠵᠢᠭᠦᠯᠤᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠬᠠᠮᠢᠶᠠᠷᠴᠤ ᠬᠠᠮᠠᠭᠠᠯᠠᠬᠤ ᠦᠷ᠎ᠡ ᠪᠦᠲᠦᠮᠵᠢ ᠶᠢ  ᠳᠡᠭᠡᠭᠰᠢᠯᠡᠭᠦᠯᠬᠦ ᠬᠡᠷᠡᠭᠲᠡᠶ ᠭᠡᠵᠡᠢ᠃
3.png   
      ᠡᠷᠳᠡᠨᠢᠪᠢᠯᠢᠭ ᠵᠢᠭᠠᠵᠤ ᠭᠠᠷᠭᠠᠬᠤ ᠳᠠᠭᠠᠨ᠂ ᠣᠶᠢᠷ᠎ᠠ ᠶᠢᠨ ᠬᠤᠭᠤᠴᠠᠭᠠᠨ ᠳᠤ ᠠᠮᠢᠲᠠᠨ ᠤ ᠡᠪᠡᠳᠴᠢᠨ ᠢᠯᠠᠷᠠᠵᠤ  ᠪᠠᠶᠢᠭ᠎ᠠ ᠪᠤᠯᠬᠤᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ ᠬᠢᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ ᠤᠬᠠᠭᠤᠯᠤᠨ ᠬᠥᠲᠥᠯᠦᠨ ᠵᠢᠯᠣᠭᠤᠳᠬᠤ ᠪᠠ ᠮᠡᠷᠭᠡᠵᠢᠯ ᠤᠨ ᠥᠢᠯᠡᠴᠢᠯᠡᠭᠡᠨ ᠤ ᠵᠢᠯᠣᠭᠤᠳᠣᠯᠭ᠎ᠠ ᠶᠢ ᠴᠢᠩᠭᠠᠳᠬᠠᠵᠤ ᠮᠠᠯ ᠲᠠᠷᠢᠶᠠᠯᠠᠩ ᠤᠨ ᠬᠤᠷᠰᠢᠶᠠᠵᠢᠯ ᠪᠠ ᠮᠠᠯᠴᠢᠨ ᠲᠠᠷᠢᠶᠠᠴᠢᠨ ᠤ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠨ ᠮᠠᠯᠴᠢᠨ ᠲᠠᠷᠢᠶᠠᠴᠢᠨ ᠤ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠵᠤ ᠮᠠᠨ ᠤ ᠬᠤᠰᠢᠭᠤᠨ ᠤ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠭᠢᠭᠤᠯᠬᠤ ᠭᠡᠷᠡᠭᠳᠠᠢ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠥᠬᠡᠶ ᠴᠢᠩᠭ᠎ᠠ ᠠᠳᠬᠤᠵᠤ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠡᠢ᠃
4.jpg   
      ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠭᠠᠵᠠᠷ ᠰᠢᠷᠤᠢ ᠶᠢ ᠲᠠᠭᠠᠭᠤᠯᠢ ᠤᠳᠤᠨ ᠠᠯᠤᠰ ᠡᠵᠡᠮᠰᠢᠯᠳᠤ ᠵᠢᠷᠤᠭ ᠲᠥᠷᠰᠤ ᠪᠠᠷ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ ᠭᠠᠵᠠᠷ ᠰᠢᠷᠣᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠭᠠᠴᠠᠭ᠎ᠠ ᠲᠣᠰᠬᠤᠨ᠂ ᠡᠷᠤᠭᠡ ᠳᠤ ᠬᠦᠷᠴᠦ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠨ ᠭᠢᠵᠤ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠬᠠᠤᠯᠢ ᠶᠢ ᠵᠥᠷᠢᠴᠡᠨ ᠭᠠᠵᠠᠷ ᠡᠵᠡᠯᠡᠬᠦ ᠠᠵᠢᠯᠯᠠᠭ᠎ᠠ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠴᠢᠩᠭᠠᠳᠬᠠᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠭᠥᠷᠢᠶᠠᠯᠠᠭᠦ︾ ᠶᠢ ᠥᠢᠯᠡᠳᠤᠯᠭᠡᠵᠢᠭᠦᠯᠭᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠬᠤᠨ ᠢ ᠣᠶᠢᠯᠠᠭᠠᠵᠤ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠣᠯᠠᠨ ᠲᠦᠮᠡᠨ ᠳᠤ ᠬᠠᠨᠳᠤᠭᠤᠯᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠦᠵᠡᠯ ᠰᠠᠨᠠᠭᠠᠨ ᠤ ᠵᠢᠯᠣᠭᠤᠳᠣᠯᠭ᠎ᠠ ᠶᠢᠨ ᠠᠵᠢᠯ ᠢ ᠥᠷᠨᠢᠭᠦᠯᠵᠦ ᠥᠷᠭᠡᠨ ᠣᠯᠠᠨ ᠺᠠᠳ᠋ᠷ ᠣᠯᠠᠨ ᠲᠦᠮᠡᠨ ᠳᠤ ᠤᠯᠤᠰ ᠤᠨ ᠲᠥᠷᠥ ᠶᠢᠨ ᠪᠣᠳᠣᠯᠭ᠎ᠠ ᠶᠢ ᠵᠥᠪ ᠣᠨᠣᠪᠴᠢᠲᠠᠶ ᠣᠶᠢᠯᠠᠭᠠᠭᠤᠯᠤᠨ ᠡᠵᠡᠮᠰᠢᠭᠦᠯᠵᠦ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠢ ᠮᠠᠨ ᠤ ᠬᠤᠰᠢᠭᠤᠨ ᠳᠤ ᠤᠷᠤᠭᠰᠢᠲᠠᠶ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠠᠳᠬᠤᠵᠤ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ ᠠᠷᠠᠳ ᠣᠯᠠᠨ ᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠦᠭᠳᠡᠯ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ ᠠᠷᠠᠳ ᠤᠨ ᠲᠥᠯᠥᠭᠡ ᠠᠵᠢᠯ ᠭᠢᠭᠦ᠂ ᠠᠵᠤ ᠠᠬᠤᠶᠢᠯᠠᠯ ᠳᠤ ᠥᠢᠯᠡᠴᠢᠯᠠᠭᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠨ ᠵᠢᠱᠢᠶ᠎ᠡ ᠦᠵᠡᠭᠦᠯᠬᠦ ᠥᠢᠯᠡᠳᠤᠯ ᠢ ᠪᠠᠳᠠᠷᠠᠭᠤᠯᠤᠨ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠳᠠᠪᠠᠭᠤᠯᠢᠭ ᠢ ᠠᠰᠢᠭᠯᠠᠵᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ ᠣᠲᠣ ᠦᠶ᠎ᠡ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠵᠦ ᠮᠠᠯ ᠲᠠᠷᠢᠶᠠᠯᠠᠩ ᠠᠵᠤ ᠠᠬᠤᠶ ᠶᠢᠨ ᠠᠵᠤ ᠥᠢᠯᠡᠰ ᠤᠨ ᠲᠠᠰ ᠳᠡᠪᠰᠢᠬᠦ ᠶᠢ ᠠᠭᠢᠭᠤᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠬᠠᠨ ᠡᠬᠢᠯᠡᠬᠦᠯᠦᠨ ᠣᠳᠣᠬᠢᠴᠢᠯᠠᠭᠰᠠᠨ ᠦᠦᠰᠢᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠬᠡᠷᠡᠭᠲᠡᠶ ᠭᠡᠵᠡᠢ᠃                     ᠰᠤᠷᠪᠤᠯᠵᠢᠯᠠᠭᠴᠢ᠄  ᠤᠶᠤᠨᠴᠢᠮᠡᠭ   
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ