ᠡᠷᠳᠡᠨᠢ ᠶᠠᠳᠠᠭᠤ ᠠᠴᠠ ᠠᠩᠭᠢᠵᠢᠷᠠᠭᠰᠠᠨ ᠡᠷᠣᠭᠡ ᠶᠢᠨ ᠦᠢᠯᠡᠳᠪᠦᠷᠢᠯᠡᠯ ᠠᠮᠢᠳᠤᠷᠠᠯ ᠢ ᠪᠠᠳᠤᠵᠢᠭᠤᠯᠬᠤ ᠪᠠᠷ ᠴᠢᠷᠮᠠᠶᠢᠨ ᠠᠵᠢᠯᠯᠠᠨ᠎ᠠ
ᠨᠡᠶᠢᠲᠡᠯᠡᠭᠰᠡᠨ ᠴᠠᠭ᠄
2021/2/20
     ᠪᠦᠬᠦ ᠣᠷᠣᠨ ᠤ ᠶᠠᠳᠠᠭᠤ ᠠᠴᠠ ᠠᠩᠭᠢᠵᠢᠷᠠᠬᠤ ᠪᠤᠭᠤᠮᠲᠠ ᠰᠢᠪᠲᠤᠯᠬᠤ ᠳᠠᠶᠢᠯᠠᠯᠲᠤᠭᠠᠨ ᠠᠴᠠ ᠡᠮᠤᠨ᠎ᠡ ᠳᠤᠭ ᠪᠠᠯᠭᠠᠰᠤᠨ ᠤ ᠣᠯᠠᠭᠠᠠᠰᠢᠪᠠᠷᠲᠠᠢ ᠲᠤᠰᠬᠤᠨ ᠪᠣᠯ ᠪᠦᠬᠦ ᠬᠤᠰᠢᠭᠤᠨ ᠤ 61 ᠭᠠᠴᠠᠭ᠎ᠠ ᠲᠤᠰᠬᠤᠨ ᠤ ᠳᠤᠲᠤᠷ᠎ᠠ ᠬᠠᠮᠤᠭ ᠤᠨ ᠶᠠᠳᠠᠭᠤ ᠬᠦᠴᠢᠷᠳᠡᠯᠲᠠᠢ ᠳᠤᠰᠬᠤᠨ ᠪᠠᠶᠢᠵᠣ ᠣᠳᠣ ᠪᠣᠯᠬᠤ ᠳᠤ ᠲᠤᠰ ᠲᠤᠰᠬᠤᠨ ᠤ ᠶᠠᠳᠠᠭᠤ ᠬᠦᠴᠢᠷᠳᠡᠯᠲᠡᠢ ᠡᠷᠣᠬᠡ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠭᠰᠠᠨ ᠪᠠᠶᠢᠨ᠎ᠠ᠃ ᠡᠬᠦᠨ ᠳᠤ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠬᠦᠨ ᠨᠢᠭᠡᠳᠦᠭᠡᠷ ᠱᠦᠵᠢ ᠴᠢᠬᠤᠯᠠ ᠦᠢᠯᠡᠳᠦᠯ ᠦᠵᠡᠭᠦᠯᠵᠡᠢ᠃ ᠣᠯᠠᠭᠠᠠᠰᠢᠪᠠᠷᠲᠠᠢ ᠲᠤᠰᠬᠤᠨ ᠤ ᠶᠠᠳᠠᠭᠤ ᠠᠴᠠ ᠠᠩᠭᠢᠵᠢᠷᠠᠭᠤᠯᠬᠤ ᠠᠵᠢᠯᠯᠠᠬᠤ ᠠᠩᠭᠢ ᠶᠢᠨ ᠭᠡᠰᠢᠬᠦᠨ ᠡᠷᠳᠡᠨᠢ ᠲᠤᠰᠬᠤᠨ ᠤ ᠲᠤᠬᠠᠢ ᠶᠢᠨ ᠭᠠᠵᠠᠷ ᠤᠨ ᠣᠨᠴᠠᠯᠢᠭ᠂ ᠡᠷᠣᠬᠡ ᠶᠢᠨ ᠪᠠᠶᠢᠳᠠᠯ ᠢ ᠦᠨᠳᠦᠰᠦᠯᠠᠨ ᠵᠣᠬᠢᠰᠲᠠᠢ ᠶᠠᠳᠠᠭᠤ ᠶᠢ ᠳᠡᠳᠬᠦᠬᠦ ᠠᠷᠭ᠎ᠠ ᠬᠡᠮᠵᠢᠶ᠎ᠡ ᠠᠪᠴᠤ ᠠᠷᠠᠳ ᠤᠯᠠᠨ ᠢ ᠪᠠᠶᠠᠵᠢᠯ ᠤᠨ ᠵᠠᠮ ᠢᠶᠠᠷ ᠬᠦᠲᠦᠯᠵᠦ ᠪᠠᠶᠢᠨ᠎ᠠ᠃     ᠣᠶᠢᠷ᠎ᠠ ᠶᠢᠨ ᠡᠳᠦᠷ ᠡᠷᠳᠡᠨᠢ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠣᠨ ᠤ ᠳ᠋ᠦᠩᠨᠡᠯᠲᠡ ᠶᠢ ᠬᠢᠵᠤ ᠳᠡᠭᠡᠷ᠎ᠡ ᠱᠠᠲᠤᠨ ᠤ ᠬᠢᠨᠠᠨ ᠳᠣᠭᠲᠠᠭᠠᠯᠲᠠ ᠪᠣᠯᠤᠨ ᠪᠠᠶᠢᠴᠠᠭᠠᠯᠲᠠ ᠳᠤ ᠬᠠᠷᠢᠭᠤ ᠮᠡᠳᠡᠭᠦᠯᠦᠯᠲᠡ ᠬᠢᠬᠦ ᠶᠢᠨ ᠵᠡᠷᠭᠡ ᠪᠠᠷ ᠳᠠᠭᠠᠭᠠᠴᠢᠯᠠᠵᠤ ᠠᠪᠤᠭᠰᠠᠨ 9 ᠡᠷᠤᠬᠡ ᠪᠠᠷ ᠬᠦᠷᠴᠤ 2021 ᠣᠨ ᠤ ᠲᠥᠰᠥᠪ ᠲᠥᠯᠥᠪᠯᠡᠭᠡ ᠪᠠᠨ ᠳᠠᠪᠲᠠᠨ ᠲᠤᠩᠭᠠᠵᠤ ᠪᠠᠶᠢᠯ᠎ᠠ᠃ ᠡᠾᠧ ᠽᠢ ᠬᠤᠸᠠ 2018 ᠣᠨ ᠳᠤ ᠶᠠᠳᠠᠭᠤ ᠬᠦᠴᠢᠷᠳᠡᠯᠲᠠᠢ ᠡᠷᠣᠬᠡ ᠪᠠᠷ ᠳᠠᠩᠰᠠᠯᠠᠭᠤᠯᠵᠤ ᠲᠤᠬᠠᠢ ᠶᠢᠨ ᠦᠶ᠎ᠡ ᠳᠤ ᠲᠡᠷᠡ ᠭᠠᠳᠠᠨ᠎ᠠ ᠭᠠᠵᠠᠷ ᠬᠥᠯᠥᠰᠦᠨ ᠠᠵᠢᠯ ᠬᠢᠵᠤ ᠭᠡᠷ ᠤᠨ ᠳᠦᠷᠪᠠᠨ ᠭᠦᠮᠦᠨ ᠠᠮᠠ ᠶᠢᠨ ᠠᠮᠢᠳᠤᠷᠠᠯ ᠢ ᠳᠦᠩᠭᠡᠵᠣ ᠠᠷᠭᠠᠴᠠᠭᠠᠵᠤ ᠪᠠᠶᠢᠵᠠᠢ᠃ ᠡᠷᠳᠡᠨᠢ ᠲᠡᠳᠡᠨ ᠤ ᠪᠠᠶᠢᠳᠠᠯ ᠢ ᠣᠶᠢᠯᠭᠠᠭᠰᠠᠨ ᠤ ᠳᠠᠷᠠᠭ᠎ᠠ ᠡᠾᠧ ᠽᠢ ᠬᠤᠸᠠ ᠳᠤ ᠭᠡᠷ ᠠᠴᠠ ᠣᠶᠢᠷᠠᠬᠠᠨ ᠭᠠᠵᠠᠷ ᠲᠤ ᠠᠵᠢᠯ ᠣᠯᠵᠤ ᠦᠭᠭᠦᠭᠡᠳ ᠳᠠᠬᠢᠵᠤ ᠶᠠᠳᠠᠭᠤᠷᠠᠬᠤ ᠦᠭᠡᠢ ᠭᠡᠰᠡᠨ ᠵᠣᠷᠢᠭ ᠢ ᠨᠢ ᠬᠥᠪᠴᠢᠯᠡᠵᠦ ᠦᠭᠭᠦᠯ᠎ᠡ᠃      ᠡᠷᠳᠡᠨᠢ 2017 ᠣᠨ ᠤ ᠭᠤᠷᠪᠠᠳᠤᠭᠠᠷ ᠰᠠᠷ᠎ᠠ ᠳᠤ ᠮᠠᠨ ᠤ ᠬᠤᠰᠢᠭᠤᠨ ᠤ ᠶᠠᠳᠠᠭᠤ ᠶᠢ ᠲᠡᠳᠬᠦᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠠᠯᠪᠠᠨ ᠭᠡᠷ ᠠᠴᠠ ᠲᠤᠭ ᠪᠠᠯᠭᠠᠰᠤᠨ ᠤ ᠣᠯᠠᠭᠠᠠᠰᠢᠪᠠᠷᠲᠠᠢ ᠲᠤᠰᠬᠤᠨ ᠳᠤ ᠲᠤᠰᠬᠤᠨ ᠳᠤ ᠰᠠᠭᠤᠭ᠎ᠠ ᠨᠢᠭᠡᠳᠤᠭᠡᠷ ᠱᠦᠵᠢ ᠪᠠᠷ ᠪᠠᠭᠤᠬᠤ ᠦᠶ᠎ᠡ ᠳᠤ ᠦᠭᠡ ᠬᠡᠯᠡ ᠨᠡᠪᠲᠡᠷᠡᠬᠦ ᠦᠭᠡᠢ᠂ ᠲᠤᠰᠬᠤᠨ ᠤ ᠠᠷᠠᠳ ᠳᠡᠮᠵᠢᠬᠦ ᠦᠭᠡᠢ᠂ ᠪᠤᠳᠤᠯ ᠨᠢᠭᠡᠳᠬᠦ ᠦᠭᠡᠢ ᠵᠡᠷᠭᠡ ᠣᠯᠠᠨ ᠬᠦᠴᠢᠷᠳᠡᠯ ᠲᠤᠯᠭᠠᠷᠠᠭᠰᠠᠨ ᠶᠤᠮ᠃ ᠭᠡᠲᠡᠯ᠎ᠡ ᠡᠷᠳᠡᠨᠢ ᠨᠢᠭᠡ ᠡᠷᠣᠬᠡ ᠶᠢ ᠴᠤ ᠣᠷᠬᠢᠭᠳᠠᠭᠤᠯᠬᠤ ᠦᠭᠡᠢ ᠭᠡᠰᠡᠨ ᠬᠠᠲᠠᠭᠤ ᠵᠣᠷᠢᠭ ᠢ ᠡᠪᠣᠷᠯᠡᠨ ᠲᠡᠰᠪᠦᠷᠢ ᠲᠡᠪᠴᠢᠶᠡᠷᠢ ᠲᠠᠢ ᠠᠵᠢᠭᠯᠠᠵᠤ ᠡᠬᠢᠯᠡᠵᠡᠢ᠃      ᠣᠯᠠᠭᠠᠠᠰᠢᠪᠠᠷᠲᠠᠢ ᠲᠤᠰᠬᠤᠨ ᠤ 18 ᠲᠦᠮᠡᠨ ᠮᠦ ᠨᠣᠲᠤᠭ ᠪᠡᠯᠴᠢᠭᠡᠷ ᠲᠤ 16 ᠲᠦᠮᠡᠨ ᠮᠦ ᠪᠤᠷᠭᠠᠰᠤ ᠬᠠᠷᠭᠠᠨ᠎ᠠ ᠵᠡᠷᠭᠡ ᠣᠷᠭᠤᠮᠠᠯ ᠤᠷᠭᠤᠳᠠᠭ᠂ ᠡᠨᠡ ᠣᠨᠴᠠᠯᠢᠭ ᠲᠤ ᠲᠣᠬᠢᠷᠠᠭᠤᠯᠵᠤ ᠣᠯᠠᠨ ᠭᠠᠵᠠᠷ ᠲᠤ ᠲᠣᠭᠤᠷᠢᠨ ᠪᠠᠶᠢᠴᠠᠭᠠᠯᠲᠠ ᠬᠢᠭᠰᠡᠨ ᠤ ᠳᠠᠷᠠᠭ᠎ᠠ 2018 ᠣᠨ ᠳᠤ ᠳᠤᠰᠬᠤᠨ ᠳᠠᠭᠠᠨ ᠠᠮᠢᠳᠤ ᠪᠣᠳᠠᠰ ᠤᠨ ᠮᠥᠬᠦᠯᠢᠭ ᠤᠨ ᠦᠢᠯᠡᠳᠪᠦᠷᠢ ᠪᠠᠶᠢᠭᠤᠯᠵᠤ  2019 ᠣᠨ ᠳᠤ ᠠᠰᠢᠭᠯᠠᠯᠲᠠ ᠳᠤ ᠣᠷᠣᠭᠤᠯᠤᠭᠰᠠᠨ ᠠᠴᠠ ᠭᠠᠳᠠᠨ᠎ᠠ 2020 ᠣᠨ ᠳᠤ ᠬᠦᠳᠡᠯᠮᠦᠷᠢ ᠬᠠᠮᠠᠭᠠᠯᠠᠯᠲᠠ ᠶᠢᠨ ᠪᠡᠭᠡᠯᠡᠢ ᠶᠢᠨ ᠥᠢᠯᠡᠳᠪᠤᠷᠢ ᠶᠢ ᠰᠢᠨ᠎ᠡ ᠪᠠᠷ ᠪᠠᠶᠢᠭᠤᠯᠵᠤ ᠡᠵᠡᠩᠨᠡᠨ ᠲᠤᠰᠬᠤᠨ ᠤ ᠣᠷᠣᠯᠭ᠎ᠠ ᠵᠢᠯ ᠤᠨ 110 ᠲᠦᠮᠡᠨ ᠲᠦᠭᠦᠷᠢᠭ ᠤᠨ ᠴᠡᠪᠡᠷ ᠣᠷᠣᠯᠭ᠎ᠠ ᠲᠠᠢ ᠪᠣᠯᠣᠭᠰᠠᠨ ᠪᠠᠶᠢᠨ᠎ᠠ᠃      ᠣᠯᠠᠭᠠᠠᠰᠢᠪᠠᠷᠲᠠᠢ ᠲᠤᠰᠬᠤᠨ ᠪᠣᠯ ᠠᠷᠪᠠᠨ ᠪᠠᠷᠢᠭᠠᠳᠠ ᠪᠠᠷ ᠪᠦᠷᠢᠯᠳᠦᠭᠰᠡᠨ ᠲᠣᠮᠣ ᠲᠣᠰᠬᠤᠨ᠂ ᠪᠦᠬᠦ ᠲᠣᠰᠬᠤᠨ ᠳᠤ 983 ᠡᠷᠣᠭᠡ 2381 ᠬᠦᠮᠦᠨ ᠠᠮᠠ ᠲᠠᠢ᠂ ᠬᠢᠲᠠᠳ ᠮᠤᠩᠭᠤᠯ ᠦᠨᠳᠦᠰᠦᠲᠡᠨ ᠬᠤᠯᠢᠯᠳᠤᠨ ᠰᠠᠭᠤᠷᠢᠰᠢᠭᠰᠠᠨ ᠲᠤᠰᠬᠤᠨ ᠪᠠᠶᠢᠵᠦ ᠳᠥᠴᠢᠨ ᠬᠡᠳᠦᠨ ᠮᠤᠩᠭᠤᠯ ᠡᠷᠣᠭᠡ ᠲᠠᠢ᠂ ᠦᠯᠡᠳᠡᠭᠰᠡᠨ ᠨᠢ ᠪᠦᠷ ᠬᠢᠲᠠᠳ ᠡᠷᠤᠬᠡ ᠪᠤᠯᠤᠨ᠎ᠠ᠃ ᠲᠣᠰᠬᠤᠨ ᠤ ᠠᠵᠤ ᠠᠬᠤᠢ ᠪᠠᠨ ᠬᠥᠭᠵᠢᠭᠦᠯᠦᠶ᠎ᠡ ᠭᠡᠪᠡᠯ ᠠᠷᠠᠳ ᠢ ᠪᠦᠯᠬᠦᠮᠳᠡᠭᠦᠯᠬᠦ ᠬᠡᠷᠡᠭᠲᠡᠢ᠂ ᠠᠷᠠᠳ ᠤᠯᠠᠨ ᠢ ᠪᠦᠯᠬᠦᠮᠳᠡᠭᠦᠯᠬᠦ  ᠳᠤ ᠲᠡᠳᠡᠨ ᠤ ᠰᠡᠳᠬᠢᠯ ᠢ ᠣᠯᠬᠤ ᠨᠢ ᠬᠠᠮᠤᠭ ᠴᠢᠬᠤᠯᠠ ᠭᠡᠰᠡᠨ ᠪᠤᠳᠤᠯ ᠢ ᠡᠪᠦᠷᠯᠡᠵᠦ  ᠡᠷᠳᠡᠨᠢ ᠠᠶᠢᠯ ᠪᠤᠯᠭᠠᠨ ᠢᠶᠠᠷ ᠬᠦᠷᠴᠤ ᠦᠵᠡᠯ ᠰᠠᠨᠠᠭᠠᠨ ᠤ ᠠᠵᠢᠯ ᠢ ᠰᠠᠶᠢᠨ ᠬᠢᠵᠤ ᠦᠵᠡᠯ ᠪᠤᠳᠤᠯ ᠢ ᠨᠢ ᠥᠷᠭᠡᠵᠢᠭᠦᠯᠬᠦ᠂ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠰᠦᠯ ᠢ ᠣᠯᠭᠤᠬᠤ᠂ ᠠᠵᠢᠯ ᠣᠯᠭᠤᠯᠲᠠ ᠶᠢ ᠰᠢᠢᠳᠪᠣᠷᠢᠯᠠᠬᠦ᠂ ᠲᠡᠵᠢᠭᠡᠪᠦᠷᠢ ᠶᠢᠨ ᠡᠬᠡ ᠮᠠᠯ ᠢ ᠬᠤᠳᠠᠯᠳᠤᠵᠤ ᠠᠪᠴᠤ ᠥᠭᠬᠦ᠂ ᠭᠡᠷ ᠣᠷᠤᠨ ᠢ ᠨᠢ ᠰᠢᠨᠡᠳᠬᠡᠬᠦ᠂ ᠡᠮ ᠡᠮᠨᠡᠯᠭᠡ ᠶᠢᠨ ᠳᠠᠩᠰᠠ ᠠᠴᠠ ᠴᠠᠶᠢᠷᠠᠭᠤᠯᠬᠤ ᠬᠠᠷᠢᠴᠠᠯ ᠢ ᠨᠡᠮᠡᠭᠳᠡᠭᠦᠯᠬᠦ ᠵᠡᠷᠭᠡ ᠪᠤᠳᠠᠲᠠᠢ ᠠᠷᠭ᠎ᠠ ᠬᠡᠮᠵᠢᠶ᠎ᠠ ᠠᠪᠴᠤ ᠦᠪᠡᠷ ᠤᠨ ᠬᠠᠶᠢᠷ᠎ᠠ ᠰᠡᠳᠬᠢᠯᠭᠡ᠂ ᠬᠦᠴᠦ ᠭᠥᠯᠥᠰᠤ  ᠪᠠᠨ ᠠᠭᠤᠰᠬᠠᠵᠤ ᠣᠷᠣᠭᠤᠯᠵᠠᠢ᠃ ᠲᠤᠭ ᠪᠠᠯᠭᠠᠰᠤᠨ ᠤ ᠣᠯᠠᠭᠠᠠᠰᠢᠪᠠᠷᠲᠠᠢ ᠲᠤᠰᠬᠤᠨ ᠤ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠡᠷᠳᠡᠨᠢ᠄ ︽ᠬᠤᠶᠢᠰᠢᠳᠠ ᠦᠢᠯᠡᠳᠪᠦᠷᠢᠯᠡᠯ ᠤᠨ ᠠᠰᠢᠭ ᠲᠤᠰᠠ ᠶᠢ ᠦᠵᠡᠵᠦ ᠪᠠᠶᠢᠭᠠᠳ ᠲᠦᠷᠦᠯ ᠵᠦᠢᠯ ᠢ ᠨᠢ ᠪᠠᠰᠠ ᠵᠢᠭᠠᠬᠠᠨ ᠥᠷᠭᠡᠳᠬᠡᠭᠡᠳ ᠮᠠᠨ ᠤ ᠡᠨᠡ ᠲᠤᠰᠬᠤᠨ ᠤ ᠣᠷᠣᠯᠭ᠎ᠠ ᠶᠢ ᠦᠨᠳᠦᠷ ᠪᠣᠯᠭᠠᠬᠤ ᠪᠠᠷ ᠪᠡᠯᠡᠳᠬᠡᠵᠦ ᠪᠠᠶᠢᠨ᠎ᠠ᠃ ᠮᠠᠨ ᠤ ᠪᠦᠬᠦ ᠲᠤᠰᠬᠤᠨ ᠤ ᠠᠷᠠᠳ ᠲᠦᠮᠡᠨ ᠤ ᠠᠮᠢᠳᠤᠷᠠᠯ ᠢ ᠡᠳᠦᠷ ᠠᠴᠠ ᠡᠳᠦᠷ ᠰᠠᠶᠢᠬᠠᠨ ᠪᠤᠯᠭᠠᠵᠤ ᠪᠠᠶᠠᠨ ᠴᠢᠨᠡᠭᠡᠯᠢᠭ ᠶᠠᠪᠤᠬᠤ ᠶᠢ ᠵᠣᠷᠢᠵᠤ ᠪᠠᠶᠢᠨ᠎ᠠ︾ ᠭᠡᠪᠡ᠃                  ᠰᠣᠷᠪᠣᠯᠵᠢᠯᠠᠭᠴᠢ᠄ ᠴᠡᠩᠬᠡᠯᠳᠠᠯᠠᠢ   ᠬᠠᠰᠪᠣᠶᠠᠨᠲᠣ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ