ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/25
      2 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
640.webp.jpg
      ᠬᠤᠷᠠᠯ ᠠᠴᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ︽ᠬᠦᠳᠡᠭᠡ ᠳᠤᠰᠬᠤᠨ  ᠢ ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠵᠥ ᠮᠠᠯ ᠲᠠᠷᠢᠶᠠᠯᠠᠩ ᠠᠵᠥ ᠠᠬᠤᠢ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠡᠯᠳᠡ ᠶᠢ ᠳᠦᠷᠬᠡᠳᠬᠡᠬᠦ ᠳᠤᠬᠠᠢ ᠨᠠᠮ ᠤᠨ ᠳᠦᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠪᠢᠴᠢᠭ ᠮᠠᠲ᠋ᠧᠷᠢᠶᠠᠯ ᠪᠠ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃      ᠡᠷᠳᠡᠨᠢᠪᠢᠯᠢᠭ ᠵᠢᠭᠠᠵᠤ ᠭᠠᠷᠭᠠᠬᠤ ᠳᠠᠭᠠᠨ᠂ ᠡᠨᠡ ᠵᠢᠯ ᠪᠣᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠣᠶ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠮᠥᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠤᠶᠢᠯᠠ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ ᠰᠤᠷᠤᠯᠴᠠᠬᠤ ᠭᠤᠤᠯᠳᠠᠯᠭ᠎ᠠ ᠪᠠᠨ ᠳᠣᠪᠤᠶᠢᠯᠭᠠᠨ ᠠᠷᠭ᠎ᠠ ᠬᠡᠯᠪᠡᠷᠢ ᠪᠠᠨ ᠰᠢᠨᠡᠴᠢᠯᠡᠵᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠮᠠᠨ ᠤ ᠬᠤᠰᠢᠭᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠥᠭᠡᠷᠡᠴᠢᠯᠡᠯᠲᠡ ᠶᠢᠨ ᠰᠢᠪᠲᠤᠯᠤᠯᠲᠠ ᠪᠠ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠭᠴᠠᠯᠠᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠵᠠᠰᠠᠯᠲᠠ ᠶᠢᠨ ᠦᠷ᠎ᠡ ᠪᠦᠲᠦᠮᠵᠢ ᠶᠢ ᠨᠥᠯᠥᠭᠡᠯᠡᠵᠦ ᠪᠠᠶᠢᠭ᠎ᠠ ᠳᠤᠪᠤᠶᠢᠮ᠎ᠠ ᠵᠥᠷᠢᠴᠡᠯ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠵᠦ ᠪᠠᠶᠢᠭ᠎ᠠ ᠬᠠᠷᠰᠢ ᠰᠠᠭᠠᠳ ᠲᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠤᠨ ᠥᠭᠡᠷᠡᠴᠢᠯᠡᠯᠲᠡ ᠶᠢ ᠭᠥᠨᠵᠡᠭᠡᠶᠢᠷᠠᠭᠦᠯᠵᠤ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠥᠭᠡᠷᠡᠴᠢᠯᠡᠯᠲᠡ ᠪᠠᠷ ᠬᠤᠪᠢᠰᠤᠯᠲᠠ ᠶᠢ ᠨᠡᠩ ᠰᠠᠶᠢᠲᠤᠷ ᠠᠷᠭᠠᠴᠠᠭᠠᠵᠤ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤᠨ ᠳᠠᠬᠢ ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠤ ᠠᠵᠢᠯ ᠢ ᠰᠠᠶᠢᠲᠤᠷ ᠬᠢᠵᠦ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠲᠤᠳᠬᠠᠬᠤ ᠶᠢ ᠴᠢᠩᠭ᠎ᠠ ᠪᠣᠳᠠᠲᠠᠢ ᠠᠳᠬᠤᠵᠤ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ᠂ ᠪᠠᠶᠢᠭᠤᠯᠤᠮᠵᠢ᠂ ᠡᠩᠨᠡᠭᠡ ᠶᠢᠨ ᠵᠣᠯᠭᠠᠯᠴᠠᠭ᠎ᠠ ᠶᠢ ᠰᠠᠶᠢᠲᠤᠷ ᠬᠢᠵᠦ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠪᠠ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠴᠢᠨᠠᠷ ᠢ ᠴᠢᠩᠭᠠᠳᠬᠠᠬᠤ ᠬᠡᠷᠡᠭᠲᠡᠢ᠃ ᠠᠵᠤ ᠥᠢᠯᠡᠰ ᠢᠶᠠᠷ ᠬᠥᠭᠵᠢᠭᠦᠯᠦᠨ ᠮᠠᠨᠳᠤᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠨ ᠳᠠᠪᠠᠭᠤᠯᠢᠭ ᠠᠵᠤ ᠥᠢᠯᠡᠰ ᠢ ᠪᠤᠵᠠᠭᠠᠶᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠭᠢᠭᠤᠯᠬᠤ ᠭᠡᠷᠡᠭᠳᠠᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠲᠤᠯᠤᠭᠠᠶᠢᠯᠠᠭᠴᠢ ᠠᠵᠤ ᠠᠬᠤᠶᠢᠯᠠᠯ ᠤᠨ ᠵᠢᠱᠢᠶᠡᠴᠢ ᠦᠢᠯᠡᠳᠦᠯ ᠢ ᠪᠠᠳᠠᠷᠠᠭᠤᠯᠤᠨ ᠠᠵᠤ ᠥᠢᠯᠡᠰ ᠤᠨ ᠬᠤᠯᠪᠦᠭᠠᠳᠦ ᠴᠤᠬᠴᠠ ᠶᠢᠨ ᠡᠷᠭᠢᠯᠳᠠ ᠶᠢᠨ ᠲᠣᠭᠲᠠᠴᠠ ᠶᠢ ᠭᠦᠨᠵᠡᠭᠡᠶᠢᠷᠡᠭᠦᠯᠵᠦ ᠮᠠᠯ ᠲᠠᠷᠢᠶᠠᠯᠠᠩ ᠠᠵᠤ ᠠᠬᠤᠶ ᠶᠢᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ ᠭᠥᠳᠡᠭᠡ ᠲᠤᠰᠬᠤᠨ ᠤ ᠪᠥᠳᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠡᠷᠡᠭᠵᠢᠭᠦᠯᠤᠨ ᠦᠵᠡᠰᠬᠦᠯᠡᠩᠲᠦ ᠰᠠᠶᠢᠬᠠᠨ ᠭᠥᠳᠡᠭᠡ ᠲᠤᠰᠬᠤᠨ ᠤ ᠪᠥᠳᠥᠭᠡᠨ ᠪᠠᠶᠢᠭᠤᠯᠤᠯᠲᠠ ᠶᠢ ᠠᠬᠢᠭᠤᠯᠵᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤᠮᠳᠠᠬᠢ ᠲᠤᠳᠠᠭᠳᠠᠯ ᠢ ᠨᠥᠬᠦᠪᠥᠷᠢᠯᠡᠵᠦ ᠴᠡᠪᠡᠷ ᠲᠣᠬᠢᠯᠢᠭ ᠣᠷᠴᠢᠨ ᠲᠤᠭᠤᠷᠢᠨ ᠢ ᠡᠭᠦᠳᠭᠦ ᠭᠡᠷᠡᠭᠳᠠᠢ᠃ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠲᠠᠶ ᠠᠳᠬᠤᠵᠤ ᠠᠵᠤ ᠠᠬᠤᠶᠢᠯᠠᠯ ᠳᠤ ᠥᠢᠯᠡᠴᠢᠯᠡᠭᠡ ᠬᠠᠩᠭᠠᠵᠤ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠭᠠᠳᠬᠠᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠥᠷᠤᠯ ᠤᠨ ᠠᠵᠢᠯ ᠥᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠠᠨ ᠠᠮᠢ ᠠᠬᠤᠢ ᠶᠢ ᠤᠷᠢᠳᠠᠪᠠᠷ ᠪᠤᠳᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠵᠡᠯᠲᠡ ᠶᠢ  ᠴᠢᠩᠭᠠᠳᠬᠠᠵᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠨ ᠬᠢᠵᠦ ᠤᠯᠠᠨ ᠬᠡᠯᠪᠡᠷᠢ ᠮᠠᠶ᠋ᠢᠭ ᠤᠨ ᠤᠬᠠᠭᠤᠯᠤᠨ ᠰᠤᠷᠪᠤᠯᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠵᠥᠪ ᠲᠠᠯ᠎ᠠ ᠠᠴᠠ ᠬᠥᠲᠥᠯᠦᠨ ᠵᠢᠯᠣᠭᠤᠳᠬᠤ ᠶᠢ ᠰᠠᠶᠢᠲᠤᠷ ᠬᠢᠵᠦ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ  ᠠᠭᠢᠬᠤ ᠶᠢ ᠪᠠᠳᠤᠯᠠᠬᠤ ᠭᠡᠷᠡᠭᠳᠠᠢ᠃ ᠠᠶᠤᠯᠭᠦᠢ ᠦᠢᠯᠡᠳᠪᠦᠷᠢᠯᠡᠯ ᠢ ᠤᠷᠲᠤ ᠬᠤᠭᠤᠴᠠᠭ᠎ᠠ ᠪᠠᠷ ᠠᠳᠬᠤᠵᠤ ᠲᠣᠭᠤᠷᠢᠨ ᠪᠠᠶᠢᠴᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭ᠎ᠠ᠂ ᠠᠶᠤᠯᠲᠠᠶ ᠬᠢᠮᠢ ᠶᠢᠨ ᠪᠣᠳᠠᠰ᠂ ᠢᠳᠡᠭᠡᠨ ᠤᠮᠳᠠᠭᠠᠨ ᠪᠠ ᠡᠮ ᠤᠨ ᠵᠥᠢᠯ᠂ ᠣᠶ ᠰᠢᠭᠤᠶ ᠶᠢᠨ ᠭᠠᠯ ᠢ ᠰᠡᠷᠭᠡᠶᠢᠯᠡᠬᠦ᠂ ᠨᠡᠶᠢᠭᠡᠮ ᠤᠨ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠵᠤ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢ ᠰᠠᠶᠢᠨ ᠢᠶᠠᠷ ᠡᠬᠢᠯᠡᠬᠦᠯᠵᠤ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠭᠦ ᠬᠡᠷᠡᠭᠲᠡᠶ ᠭᠡᠵᠡᠢ᠃       ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠵᠠᠢ᠃                  ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ