2 ᠰᠠᠷ᠎ᠠ ᠶᠢᠨ 22 ᠤᠨ ᠡᠳᠦᠷ᠂ ᠭᠠᠯᠠᠭᠤᠲᠤ ᠪᠠᠯᠭᠠᠰᠤᠨ ᠤ 2021 ᠣᠨ ᠤ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠬᠤᠰᠢᠭᠤ | ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ | ᠹᠧᠩ ᡁᠢ ᠮᠢᠩ ᠪᠤᠯᠤᠨ ᠭᠠᠯᠠᠭᠤᠳᠤ ᠪᠠᠯᠭᠠᠰᠤᠨ ᠤ ᠪᠥᠬᠦ ᠰᠠᠯᠠᠭᠠᠨ ᠲᠠᠰ ᠤᠨ ᠤᠳᠤᠷᠢᠳᠤᠯᠭ᠎ᠠ᠂ ᠡᠯ᠎ᠡ ᠨᠡᠶᠢᠭᠡᠮ ᠲᠣᠭᠤᠷᠢᠭ ᠭᠠᠴᠠᠭ᠎ᠠ ᠲᠣᠰᠬᠤᠨ ᠤ ᠨᠠᠮ ᠤᠨ | ᠡᠭᠦᠷ ᠤᠨ ᠱᠦᠵᠢ᠂ ᠪᠥᠬᠦ ᠺᠠᠳ᠋ᠷ ᠠᠵᠢᠯᠲᠠᠨ᠂ ᠨᠡᠶᠢᠭᠡᠮ ᠲᠣᠭᠤᠷᠢᠭ ᠭᠠᠴᠠᠭ᠎ᠠ ᠲᠣᠰᠬᠤᠨ ᠤ ᠰᠦᠯᠵᠢᠶᠡᠨ ᠤ ᠠᠵᠢᠯᠲᠠᠨ ᠬᠤᠷᠠᠯ ᠳᠤ ᠣᠷᠣᠯᠴᠠᠵᠠᠶ᠃ | | | | | | | | | | | | ᠬᠤᠷᠠᠯ ᠠᠴᠠ᠂ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠲᠤᠷᠰᠢᠯᠭ᠎ᠠ ᠪᠠᠨ ᠬᠢᠨᠠᠮᠠᠭᠠᠢ ᠳ᠋ᠦᠩᠨᠡᠵᠦ ᠠᠰᠠᠭᠤᠳᠠᠯ ᠤᠨ ᠬᠦᠷᠦᠯᠴᠡᠬᠦ | ᠦᠭᠡᠢ ᠲᠠᠯ᠎ᠠ ᠶᠢ ᠣᠨᠣᠪᠴᠢᠲᠠᠢ ᠡᠮᠭᠢᠯᠠᠨ ᠠᠰᠠᠭᠤᠳᠠᠯ ᠤᠨ ᠵᠠᠩᠭᠢᠯᠠᠭ᠎ᠠ ᠶᠢ ᠲᠣᠳᠣᠷᠬᠠᠢ ᠲᠠᠨᠢᠵᠤ ᠨᠢᠭᠤᠨ ᠳᠠᠯᠳᠠᠯᠠᠬᠤ ᠦᠭᠡᠢ ᠪᠠᠶᠢᠵᠤ ᠠᠰᠠᠭᠤᠳᠠᠯ ᠤᠨ | ᠤᠳᠤᠷᠢᠳᠤᠮᠵᠢ ᠶᠢ ᠲᠤᠪᠤᠶᠢᠯᠭᠠᠨ ᠡᠭᠦᠳᠦᠨ ᠪᠠᠶᠢᠭᠤᠯᠤᠯᠳᠠ ᠶᠢᠨ ᠳᠠᠷᠠᠭᠠᠴᠢ ᠶᠢᠨ ᠶᠠᠪᠤᠴᠠ ᠳᠤ ᠲᠤᠳᠠᠭᠳᠠᠯ ᠲᠠᠢ ᠲᠠᠯ᠎ᠠ ᠪᠠᠨ ᠰᠠᠶᠢᠵᠢᠷᠠᠭᠤᠯᠤᠨ | ᠳᠡᠭᠡᠭᠰᠢᠯᠡᠭᠦᠯᠵᠦ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠦᠷᠭᠦᠯᠵᠢᠯᠡᠨ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠷᠠᠳ | ᠲᠦᠮᠡᠨ ᠤ ᠲᠥᠯᠥᠭᠡ ᠡᠭᠦᠳᠦᠨ ᠪᠠᠶᠢᠭᠤᠯᠬᠤ ᠦᠵᠡᠯᠲᠡ ᠶᠢ ᠪᠤᠢ ᠪᠣᠯᠭᠠᠵᠤ ᠠᠷᠠᠳ ᠲᠥᠮᠡᠨ ᠤ ᠲᠥᠯᠥᠭᠡ ᠪᠤᠳᠡᠳᠡᠢ ᠠᠵᠢᠯ ᠰᠠᠶᠢᠨ ᠶᠠᠪᠤᠳᠠᠯ ᠬᠢᠵᠦ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ ᠡᠭᠦᠳᠦᠨ ᠪᠠᠶᠢᠭᠤᠯᠤᠯᠳᠠ ᠶᠢᠨ ᠠᠵᠢᠯᠯᠠᠭ᠎ᠠ ᠪᠠᠷ ᠳᠠᠮᠵᠢᠭᠤᠯᠤᠨ | ᠤᠯᠠᠨ ᠲᠦᠮᠡᠨ ᠤ ᠠᠮᠤᠷ ᠲᠥᠪᠰᠢᠨ ᠤ ᠲᠥᠷᠦᠭᠳᠡᠯ ᠪᠠ ᠤᠮᠤᠭᠰᠢᠯᠳᠤ ᠰᠡᠳᠬᠢᠯᠭᠡ ᠶᠢ ᠨᠡᠮᠡᠭᠳᠡᠭᠦᠯᠵᠦ ᠥᠷᠭᠡᠨ ᠤᠯᠠᠨ ᠲᠦᠮᠡᠨ ᠤ ᠵᠣᠯ ᠵᠢᠷᠭᠠᠯ ᠤᠨ | ᠭᠡᠮᠵᠢᠶ᠎ᠠ ᠶᠢ ᠳᠡᠭᠡᠭᠰᠢᠯᠡᠭᠦᠯᠬᠦ ᠭᠡᠷᠡᠭᠳᠠᠢ ᠭᠡᠵᠡᠢ ᠃ | | | | | | | | | | | | | | | | | | | | | | | | | | | | | | | | | | | | | | | | | | ᠬᠤᠷᠠᠯ ᠠᠴᠠ ᠱᠠᠭᠠᠷᠳᠠᠬᠤ ᠳᠤ ᠪᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠪᠤᠯᠪᠠᠰᠤᠨ ᠬᠤᠳᠠ ᠶᠢᠨ ᠡᠭᠦᠳᠤᠨ | ᠪᠠᠶᠢᠭᠤᠯᠤᠯᠳᠠ ᠶᠢᠨ ᠵᠥᠪ ᠦᠵᠡᠯᠲᠡ ᠶᠢ ᠪᠤᠢ ᠪᠣᠯᠭᠠᠬᠤ ᠬᠡᠷᠡᠭᠲᠡᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ | ᠤᠳᠤᠷᠢᠳᠤᠯᠭ᠎ᠠ᠂ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠣᠤᠷ᠎ᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠬᠤᠪᠢᠶᠠᠷᠢᠯᠠᠨ | ᠬᠠᠮᠵᠢᠯᠴᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠲᠣᠰ ᠲᠣᠰ ᠤᠨ ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ ᠳᠠᠶᠢᠴᠢᠯᠠᠯᠲᠠ ᠶᠢ ᠰᠠᠶᠢᠲᠤᠷ | ᠠᠳᠬᠤᠵᠦ ᠲᠥᠪᠯᠡᠷᠡᠭᠦᠯᠦᠨ ᠡᠭᠦᠳᠦᠨ ᠪᠠᠶᠢᠭᠤᠯᠬᠤ ᠬᠡᠷᠡᠭᠲᠡᠶ᠃ ᠪᠠᠷᠢᠮᠵᠢᠶ᠎ᠠ ᠲᠠᠢ ᠬᠠᠷᠭᠤᠭᠤᠯᠵᠤ ᠪᠣᠳᠠᠲᠠᠢ ᠨᠠᠶᠢᠳᠠᠪᠤᠷᠢᠵᠢᠭᠤᠯᠤᠨ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠬᠦᠴᠦ ᠲᠠᠯᠪᠢᠵᠤ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ | ᠰᠠᠶᠢᠵᠢᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠠᠵᠢᠯ ᠢ ᠭᠦᠨᠵᠡᠭᠡᠢ ᠥᠷᠨᠢᠭᠦᠯᠵᠦ ᠰᠠᠶᠢᠨ ᠲᠤᠷᠠᠴᠤᠳ ᠢ | ᠵᠣᠬᠢᠶᠠᠨ ᠪᠠᠶᠢᠭᠤᠯᠤᠨ ᠲᠠᠶᠢᠴᠢᠯᠠᠵᠦ ᠪᠣᠯᠪᠠᠰᠤᠨ ᠢ ᠡᠭᠦᠳᠦᠨ ᠪᠠᠶᠢᠭᠤᠯᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠡᠷᠭᠡ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡᠵᠢᠬᠦᠯᠬᠡ ᠶᠢᠨ ᠠᠵᠢᠯᠯᠠᠭ᠎ᠠ ᠳᠤ ᠤᠷᠤᠯᠴᠠᠭᠤᠯᠤᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠳᠠ ᠶᠢ | ᠥᠢᠯᠡᠳᠤᠯᠭᠡᠵᠢᠭᠦᠯᠵᠦ ᠬᠥᠳᠡᠭᠡ ᠲᠣᠰᠬᠤᠨ ᠤ ᠪᠣᠯᠪᠠᠰᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ | ᠪᠤᠢ ᠪᠤᠯᠭᠠᠬᠤ ᠭᠡᠷᠡᠭᠳᠠᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡᠵᠢᠬᠦᠯᠬᠡ ᠶᠢᠨ ᠭᠠᠵᠠᠷ ᠪᠤᠯᠤᠨ ᠦᠷᠳᠡᠭᠡ ᠶᠢᠨ ᠳᠠᠶᠢᠴᠢᠯᠠᠬᠤ᠂ ᠨᠢᠭᠡᠳᠭᠡᠭᠦ᠂ | ᠬᠦᠳᠦᠯᠦᠨ ᠵᠢᠯᠣᠭᠤᠳᠬᠤ᠂ ᠦᠢᠯᠡᠴᠢᠯᠡᠬᠦ᠂ ᠰᠢᠨ᠎ᠡ ᠶᠢ ᠡᠭᠦᠳᠬᠦ ᠪᠠ ᠪᠠᠲᠤᠯᠠᠬᠤ ᠴᠢᠳᠠᠪᠤᠷᠢ ᠪᠤᠯᠤᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠪᠦᠬᠦᠯᠢ | ᠴᠣᠭᠴᠠ ᠶᠢᠨ ᠲᠦᠪᠰᠢᠨ ᠢ ᠲᠡᠭᠡᠭᠰᠢᠯᠠᠭᠦᠯᠵᠤ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠤᠨᠢᠨ ᠳᠡᠭᠡᠷ᠎ᠡ ᠨᠢ ᠦᠢᠯᠡᠴᠢᠯᠡᠭᠦᠯᠬᠦ᠂ | ᠪᠠᠶᠢᠩᠭᠤᠵᠢᠭᠤᠯᠬᠤ᠂ ᠳᠥᠭᠦᠮᠴᠢᠯᠡᠬᠦ᠂ ᠳᠦᠷᠦᠯ ᠳᠡᠮᠳᠡᠭᠵᠢᠬᠦᠯᠬᠦ ᠶᠢ ᠠᠭᠢᠭᠤᠯᠬᠤ ᠭᠡᠷᠡᠭᠳᠠᠢ᠃ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠡᠯ᠎ᠡ | ᠲᠥᠷᠤᠯ ᠤᠨ ᠡᠭᠦᠷᠭᠡ ᠶᠢ ᠴᠢᠨᠠᠷ ᠰᠠᠶᠢᠲᠠᠶ ᠪᠠᠶᠠᠯᠠᠭᠦᠯᠤᠨ ᠬᠤᠲᠠ ᠶᠢᠨ ᠴᠢᠨᠠᠷ ᠴᠢᠨᠰᠠᠭ᠎ᠠ ᠪᠠ ᠪᠣᠯᠪᠠᠰᠤᠨ ᠬᠡᠪ ᠴᠢᠨᠠᠷ ᠢ ᠲᠡᠭᠡᠭᠰᠢᠯᠠᠭᠦᠯᠵᠤ ᠪᠥᠬᠦ ᠪᠠᠯᠭᠠᠰᠤᠨ ᠤ | ᠺᠠᠳ᠋ᠷ ᠣᠯᠠᠨ ᠲᠦᠮᠡᠨ ᠤ ᠬᠦᠴᠦᠨ ᠢ ᠨᠢᠭᠲᠠᠷᠠᠭᠤᠯᠤᠨ ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠪᠥᠬᠦ ᠬᠦᠴᠦᠨ ᠢᠶᠠᠷ ᠢᠶᠠᠨ | ᠴᠢᠷᠮᠠᠶᠢᠨ ᠪᠠᠶᠢᠭᠤᠯᠬᠤ ᠭᠡᠷᠡᠭᠳᠠᠢ ᠭᠡᠵᠡᠢ᠃ | ᠬᠤᠷᠠᠯ ᠳᠡᠭᠡᠷ᠎ᠡ ︽ᠭᠠᠯᠠᠭᠤᠳᠤ ᠪᠠᠯᠭᠠᠰᠤᠨ ᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠭᠤᠷᠪᠠᠨ ᠵᠢᠯ ᠤᠨ ᠠᠵᠢᠯ ᠤᠨ ᠲᠥᠰᠦᠯ︾ | ᠢ ᠤᠩᠰᠢᠨ ᠲᠠᠶᠢᠯᠪᠤᠷᠢᠯᠠᠵᠤ ᠬᠡᠰᠡᠭ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠰᠠᠶᠢᠨ ᠲᠤᠷᠠᠴᠤᠳ ᠤᠨ ᠲᠥᠯᠥᠭᠡᠯᠡᠭᠴᠢ | ᠣᠪᠣᠷ ᠢᠶᠠᠨ ᠢᠯᠡᠳᠬᠡᠬᠦ ᠥᠭᠡ ᠶᠠᠷᠢᠪᠠ᠃ | | | ᠰᠤᠷᠪᠤᠯᠵᠢᠯᠠᠭᠴᠢ᠄ ᠤᠶᠤᠨᠴᠢᠮᠡᠭ |