ᠸᠠᠩ ᠶᠣᠣ ᠸᠠᠨ ᠲᠣᠰᠬᠤᠨ ᠤ ᠲᠠᠷᠢᠶᠠᠴᠢᠳ ᠰᠤᠶᠤᠭ᠎ᠠ ᠪᠤᠶᠢᠵᠢᠭᠤᠯᠤᠭᠠᠳ ᠶᠠᠭᠠᠷᠠᠵᠤ ᠪᠠᠶᠢᠨ᠎ᠠ
ᠨᠡᠶᠢᠲᠡᠯᠡᠭᠰᠡᠨ ᠴᠠᠭ᠄
2021/2/25
      ᠰᠢᠷᠬᠤᠰᠤᠨ ᠪᠠᠯᠭᠠᠰᠤᠨ ᠤ ᠸᠠᠩ ᠶᠣᠣ ᠸᠠᠨ ᠲᠣᠰᠬᠤᠨ ᠤ ᠬᠢᠨ ︽ᠵᠢᠯ ᠤᠨ ᠠᠵᠢᠯ ᠬᠠᠪᠤᠷ ᠲᠠᠭᠠᠨ ᠪᠠᠶᠢᠳᠠᠭ︾ ᠭᠡᠳᠡᠭ ᠢᠶᠠᠷ ᠬᠠᠪᠤᠷ ᠤᠨ ᠡᠷᠲᠡ ᠶᠢᠨ ᠴᠠᠭ ᠲᠣᠬᠢᠶᠠᠯ ᠢ ᠵᠠᠪᠳᠤᠨ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠭᠥᠯᠡᠮᠵᠢᠨ ᠳᠤ ᠰᠤᠶᠤᠭ᠎ᠠ ᠪᠤᠶᠢᠵᠢᠭᠤᠯᠬᠤ᠂ ᠮᠡᠷᠭᠡᠵᠢᠯ ᠰᠤᠷᠬᠤ᠂ ᠲᠤᠷᠰᠢᠯᠭ᠎ᠠ ᠪᠠᠨ ᠰᠤᠯᠢᠯᠴᠠᠬᠤ ᠵᠡᠷᠭᠡ ᠠᠵᠢᠯ ᠢ ᠡᠷᠳᠡ ᠠᠴᠠ ᠡᠭᠢᠯᠠᠭᠦᠯᠤᠨ ᠬᠢᠵᠤ ᠶᠠᠭᠠᠷᠠᠵᠠᠭᠠᠨ᠎ᠠ᠃      ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤᠨ ᠤ ᠰᠤᠪᠠᠭ ᠤᠨ ᠵᠠᠳᠠᠭᠠᠢ ᠲᠣᠰᠬᠤᠨ ᠤ ᠲᠠᠷᠢᠶᠠᠴᠢᠨ ᠯᠢᠦ ᠮᠢᠨ ᠤᠶᠢᠷ᠎ᠠ ᠶᠢᠨ ᠡᠳᠤᠷ ᠰᠢᠷᠬᠤᠰᠤᠨ ᠪᠠᠯᠭᠠᠰᠤᠨ ᠤ ᠸᠠᠩ ᠶᠣᠣ ᠸᠠᠨ ᠲᠣᠰᠬᠤᠨ ᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠲᠤ ᠬᠦᠷᠴᠦ ᠯᠠᠵᠤᠤ ᠶᠢᠨ ᠴᠢᠬᠢ ᠵᠠᠬᠢᠶᠠᠯᠠᠨ ᠠᠪᠬᠤ ᠪᠠ ᠯᠠᠵᠤᠤ ᠶᠢᠨ ᠲᠠᠷᠢᠵᠤ ᠠᠷᠠᠴᠢᠯᠠᠬᠤ ᠮᠡᠷᠭᠡᠵᠢᠯ ᠢ ᠰᠤᠷᠤᠯᠴᠠᠵᠤ ᠡᠨᠡ ᠵᠢᠯ 50 ᠭᠠᠷᠤᠶ ᠮᠥ ᠯᠠᠵᠤᠤ ᠶᠢᠨ ᠲᠠᠷᠢᠮᠠᠯ ᠳᠠᠷᠢᠬᠤ ᠪᠠᠷ ᠲᠥᠯᠥᠪᠯᠡᠵᠦ ᠪᠣᠶ᠃      ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤᠨ ᠤ ᠰᠤᠪᠠᠭ ᠤᠨ ᠵᠠᠳᠠᠭᠠᠢ ᠲᠣᠰᠬᠤᠨ ᠤ ᠠᠷᠠᠳ ᠯᠢᠦ ᠮᠢᠨ᠄ ︽ᠰᠢᠨ᠎ᠠ ᠶᠢᠨ ᠳᠠᠷᠠᠭ᠎ᠠ ᠠᠳᠠ ᠢᠷᠡᠵᠦ ᠮᠡᠷᠭᠡᠵᠢᠯ ᠤᠨ ᠲᠤᠷᠰᠢᠯᠭ᠎ᠠ ᠰᠤᠷᠬᠤ ᠶᠢᠨ ᠬᠠᠮᠳᠤ ᠡᠳᠡᠨ ᠢᠶᠠᠷ ᠨᠢᠭᠡ ᠪᠦᠯᠦᠭ ᠴᠢᠭᠢ  ᠪᠤᠶᠢᠵᠢᠭᠤᠯᠠᠭᠤᠯᠬᠤ ᠰᠠᠨᠠᠭ᠎ᠠ ᠲᠠᠢ︾ ᠬᠡᠵᠤ ᠪᠠᠶᠢᠯ᠎ᠠ᠃      ᠲᠤᠰ ᠬᠦᠯᠡᠮᠵᠢ ᠳᠤ ᠯᠠᠵᠤᠤ ᠶᠢᠨ ᠴᠢᠬᠢ ᠵᠠᠬᠢᠶᠠᠯᠠᠵᠤ ᠪᠠᠶᠢᠬᠤ ᠪᠥᠭᠡᠳ ᠪᠤᠰᠤᠳ ᠬᠦᠯᠡᠮᠵᠢ ᠳᠤ ᠣᠯᠠᠨ ᠢᠶᠠᠷ ᠢᠶᠠᠨ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠲᠥᠬᠦᠭᠡᠷᠦᠮᠵᠢ ᠤᠭᠰᠠᠷᠠᠬᠤ᠂ ᠨᠣᠭᠤᠭ᠎ᠠ ᠶᠢᠨ ᠴᠢᠬᠢ ᠶᠢᠨ ᠲᠠᠪᠠᠭ ᠢ ᠰᠤᠯᠢᠬᠤ᠂ ᠤᠰᠤᠯᠠᠬᠤ ᠵᠠᠷᠭᠡ ᠠᠵᠢᠯ ᠢ ᠬᠢᠵᠤ ᠮᠠᠰᠢ ᠶᠠᠭᠠᠷᠠᠯᠲᠠᠶ ᠠᠵᠢᠯᠯᠠᠨ ᠨᠣᠭᠤᠭ᠎ᠠ ᠶᠢᠨ ᠴᠢᠬᠢ ᠴᠤ ᠲᠡᠷᠢ ᠲᠡᠭᠰᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠃ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠭᠤᠤ ᠱᠢ ᠵᠢᠶᠦ᠋ᠨ᠄ ︽ᠡᠷᠬᠢᠨ ᠲᠣᠭᠤᠷᠢᠨ ᠤ ᠢᠳᠡᠰᠢᠨ ᠨᠣᠭᠤᠭ᠎ᠠ ᠲᠠᠷᠢᠭᠴᠢᠳ ᠢ ᠡᠷᠲᠡᠬᠡᠨ ᠡᠬᠢᠯᠡᠬᠦᠯᠦᠨ ᠳᠠᠷᠢᠭᠤᠯᠬᠤ ᠶᠢᠨ ᠲᠥᠯᠥᠭᠡ᠂ ᠴᠢᠬᠢ ᠪᠤᠶᠢᠵᠢᠭᠤᠯᠬᠤ ᠠᠵᠢᠯ ᠢ ᠵᠢᠯ ᠤᠨ ᠡᠮᠤᠨ᠎ᠠ ᠠᠴᠠ ᠡᠬᠢᠯᠡᠨ ᠬᠢᠵᠦ ᠣᠳᠣᠬᠠᠨ ᠳᠤ 2 ᠲᠦᠮᠡᠨ ᠲᠠᠪᠠᠭ 2000 ᠲᠦᠮᠡᠨ ᠰᠠᠭᠤᠷᠢ ᠢᠳᠡᠰᠢᠨ ᠨᠣᠭᠤᠭ᠎ᠠ ᠶᠢᠨ ᠴᠢᠬᠢ ᠶᠢ ᠨᠢᠭᠡᠨᠲᠡ ᠰᠤᠶᠤᠭᠠᠯᠠᠭᠤᠯᠵᠤ ᠴᠢᠬᠢ ᠰᠤᠶᠤᠭᠠᠯᠠᠬᠤ ᠨᠣᠷᠮ᠎ᠠ 98% ᠳᠤ ᠬᠦᠷᠴᠤ᠂ ᠥᠭᠡᠯᠵᠢᠨ ᠰᠠᠷ᠎ᠠ ᠶᠢᠨ ᠠᠷᠪᠠᠨ ᠭᠡᠳᠤᠨ ᠠᠴᠠ ᠡᠬᠢᠯᠡᠨ ᠬᠠᠪᠤᠷ ᠤᠨ ᠲᠠᠷᠢᠶᠠᠯᠠᠭ᠎ᠠ ᠳᠤ ᠪᠡᠯᠡᠳᠬᠡᠯ ᠬᠢᠵᠦ ᠪᠢᠲᠡᠭᠦᠨ ᠤ ᠦᠶ᠎ᠡ ᠪᠠᠷ ᠡᠳᠡᠭᠡᠷ ᠴᠢᠬᠢ ᠪᠠᠷᠤᠭ ᠪᠦᠬᠦᠨ ᠢᠶᠠᠷ ᠢᠶᠠᠨ ᠤᠷᠭᠤᠴᠢᠬᠠᠭᠰᠠᠨ᠂ ᠬᠠᠩᠰᠢ ᠶᠢᠨ ᠦᠶ᠎ᠡ ᠪᠠᠷ ᠢᠳᠡᠰᠢᠨ ᠨᠤᠭᠤᠭ᠎ᠠ ᠶᠢ ᠵᠠᠬ᠎ᠠ ᠳᠡᠯᠭᠡᠭᠦᠷ ᠲᠤ ᠡᠬᠢᠯᠡᠨ ᠪᠤᠷᠤᠯᠠᠭᠤᠯᠴᠢᠬᠠᠨ᠎ᠠ︾ ᠬᠡᠵᠠᠢ᠃      ᠣᠳᠣᠬᠠᠨ ᠳᠤ ᠸᠠᠩ ᠶᠣᠣ ᠸᠠᠨ ᠲᠣᠰᠬᠤᠨ ᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠬᠢᠨ ᠲᠠᠷᠢᠮᠠᠯ ᠤᠨ ᠡᠷᠦᠬᠡ ᠳᠤ ᠬᠠᠮᠢᠶᠠᠷᠤᠯᠲᠠ ᠶᠢᠨ ᠮᠡᠷᠭᠡᠵᠢᠯ᠂ ᠵᠠᠶᠢᠯᠠᠬᠤ ᠮᠡᠷᠭᠡᠵᠢᠯ ᠵᠡᠷᠭᠡ ᠲᠠᠯ᠎ᠠ ᠪᠠᠷ ᠦᠢᠯᠡᠴᠢᠯᠡᠭᠡ ᠬᠠᠩᠭᠠᠵᠤ ᠠᠰᠢᠭ ᠭᠥᠷᠳᠡᠭᠰᠡᠨ ᠲᠠᠷᠢᠮᠠᠯ ᠤᠨ ᠡᠷᠦᠬᠡ ᠶᠢᠨ ᠲᠠᠷᠢᠶᠠᠯᠠᠩ ᠤᠨ ᠠᠰᠢᠭᠳᠠᠢ ᠴᠠᠭ ᠢ ᠵᠠᠪᠳᠤᠨ ᠬᠦᠯᠡᠮᠵᠢ ᠶᠢᠨ ᠦᠷ᠎ᠡ ᠠᠰᠢᠭ ᠢ ᠪᠠᠳᠠᠷᠠᠭᠤᠯᠵᠤ ᠰᠢᠷᠭᠠᠭᠤ ᠬᠥᠳᠡᠯᠮᠦᠷᠢ ᠪᠠᠷ ᠢᠶᠠᠨ ᠤᠷᠤᠯᠭ᠎ᠠ ᠪᠠᠨ ᠨᠠᠮᠡᠭᠳᠡᠭᠦᠯᠭᠦ ᠶᠢ ᠠᠭᠢᠭᠤᠯᠵᠤ ᠪᠠᠶᠢᠨ᠎ᠠ᠃      ᠣᠶᠢᠷ᠎ᠠ ᠶᠢᠨ ᠵᠢᠯ ᠳᠤ ᠸᠠᠩ ᠶᠣᠣ ᠸᠠᠨ ᠲᠣᠰᠬᠤᠨ ᠢᠳᠡᠰᠢᠨ ᠨᠣᠭᠤᠭ᠎ᠠ ᠶᠢᠨ ᠠᠵᠤ ᠦᠢᠯᠡᠰ ᠢᠶᠠᠷ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠭᠤᠣᠯ ᠴᠢᠭᠯᠡᠯ ᠪᠤᠯᠭᠠᠨ ︽ᠰᠠᠭᠤᠷᠢᠨ ᠭᠠᠵᠠᠷ + ᠲᠠᠷᠢᠶᠠᠴᠢᠨ ᠡᠷᠦᠬᠡ + ᠵᠠᠬᠢᠶᠠᠯᠠᠭ᠎ᠠ ︾ ᠶᠢᠨ ᠥᠢᠯᠡᠳᠪᠤᠷᠢᠯᠠᠯ ᠤᠨ ᠵᠠᠭᠪᠤᠷ ᠶᠣᠰᠣᠭᠠᠷ ᠲᠠᠷᠢᠶᠠᠴᠢᠨ ᠡᠷᠦᠬᠡ ᠶᠢ ᠯᠠᠵᠤᠤ ᠪᠠ ᠭᠤᠸᠠ ᠵᠢᠮᠢᠰ ᠵᠡᠷᠭᠡ ᠵᠠᠬᠢᠶᠠᠯᠠᠭ᠎ᠠ ᠶᠢᠨ ᠲᠠᠷᠢᠶᠠᠯᠠᠩ ᠢ ᠢᠳᠡᠪᠬᠢᠲᠡᠶ ᠭᠥᠭᠵᠢᠭᠦᠯᠭᠦ ᠶᠢ ᠬᠥᠲᠥᠯᠦᠨ ᠵᠢᠯᠣᠭᠤᠳᠴᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠪᠠ ᠮᠡᠷᠭᠡᠵᠢᠯ ᠤᠨ ᠵᠢᠯᠤᠭᠤᠳᠤᠯᠭ᠎ᠠ ᠶᠢᠨ ᠡᠷᠴᠢᠮ ᠢ ᠴᠢᠩᠭᠠᠷᠠᠭᠤᠯᠤᠨ ᠲᠤᠯᠤᠭᠠᠶᠢᠯᠠᠭᠴᠢ ᠠᠵᠤ ᠠᠬᠤᠶᠢᠯᠠᠯ ᠬᠢᠭᠡᠳ ᠲᠠᠷᠢᠶᠠᠴᠢᠨ ᠡᠷᠦᠬᠡ ᠶᠢᠨ ᠬᠤᠭᠤᠷᠣᠨᠳᠣᠬᠢ ᠬᠤᠯᠪᠤᠭᠠᠳᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ ᠠᠵᠤ ᠥᠢᠯᠡᠰ ᠤᠨ ᠭᠡᠪᠴᠢᠶᠠᠵᠢᠯ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠵᠦ ᠢᠳᠡᠰᠢᠨ ᠨᠣᠭᠤᠭᠠᠨ ᠤ ᠠᠵᠤ ᠥᠢᠯᠡᠰ ᠢᠶᠠᠷ ᠮᠠᠯᠴᠢᠨ ᠲᠠᠷᠢᠶᠠᠴᠢᠨ ᠤ ᠪᠠᠶᠠᠵᠢᠯ ᠤᠨ ᠵᠠᠮ ᠢᠶᠠᠷ ᠵᠠᠮᠨᠠᠬᠤ ᠳᠤ ᠬᠦᠴᠦᠨ ᠨᠠᠮᠠᠷᠢᠯᠠᠵᠤ ᠪᠠᠶᠢᠨ᠎ᠠ᠃                    ᠰᠤᠷᠪᠤᠯᠵᠢᠯᠠᠭᠴᠢ᠄ ᠤᠶᠤᠨᠴᠢᠮᠡᠭ  ᠬᠠᠰᠪᠤᠶᠠᠨᠲᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ