ᠲᠦᠮᠡ ᠭᠠᠷᠤᠢ ᠠᠵᠢᠯᠳᠠᠳ ᠠᠵᠢᠯ ᠤᠨ ᠪᠠᠶᠢᠷᠢᠨ ᠳᠠᠭᠠᠨ ᠰᠢᠨᠡᠯᠡᠵᠦ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/2/9
      ᠮᠠᠨ ᠤ ᠬᠤᠰᠢᠭᠤᠨ ᠤ ᠡᠯ᠎ᠡ ᠨᠡᠭᠦᠷᠡᠰᠦᠨ ᠠᠭᠤᠷᠬᠠᠢ ᠶᠢᠨ ᠬᠢᠨ ᠡᠯ᠎ᠡ ᠲᠦᠷᠦᠯ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠪᠠᠷ ᠠᠵᠢᠯᠴᠢᠳ ᠤᠨ ᠢᠶᠠᠨ ᠠᠵᠢᠯ ᠤᠨ ᠪᠠᠶᠢᠷᠢᠨ ᠳᠡᠭᠡᠷ᠎ᠡ ᠪᠠᠨ ᠰᠢᠨᠡᠯᠡᠬᠦ ᠶᠢ ᠵᠤᠷᠢᠭᠵᠢᠭᠤᠯᠵᠠᠢ᠃ ᠡᠨᠡ ᠨᠢ ᠲᠤᠬᠠᠢ ᠶᠢᠨ ᠭᠠᠵᠠᠷ ᠲᠠᠭᠠᠨ ᠰᠢᠨᠡᠯᠡᠬᠦ ᠤᠷᠢᠶᠠᠯᠠᠭ᠎ᠠ  ᠲᠠᠢ ᠨᠡᠶᠢᠴᠡᠭᠰᠡᠨ ᠮᠥᠷᠳᠡᠬᠡᠨ ᠨᠡᠬᠦᠷᠡᠰᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠳᠤᠯᠠᠭᠰᠠᠨ ᠬᠤᠣᠰ ᠠᠰᠢᠭ ᠢ ᠡᠬᠦᠳᠦᠯ᠎ᠡ᠃
微信图片_20210209152411.jpg
微信图片_20210209152417.jpg
      ᠮᠧᠩ ᠳ᠋ᠡ ᠨᠡᠭᠦᠷᠡᠰᠦᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠠᠵᠢᠯ ᠤᠨ ᠪᠠᠶᠢᠷᠢᠨ ᠳᠠᠭᠠᠨ ᠦᠯᠡᠳᠡᠭᠰᠡᠳ ᠲᠤ ᠨᠦᠬᠦᠪᠤᠷᠢ ᠮᠦᠩᠬᠦ ᠤᠯᠭᠤᠬᠤ᠂ ᠪᠢᠳᠡᠬᠦᠨ ᠤ ᠬᠤᠭᠤᠯᠠ ᠪᠡᠯᠡᠳᠬᠡᠵᠦ ᠦᠭᠬᠦ ᠵᠡᠷᠬᠡ ᠰᠡᠳᠬᠢᠯ ᠢ ᠲᠤᠯᠠᠭᠠᠴᠠᠭᠤᠯᠤᠭᠰᠠᠨ ᠠᠷᠭ᠎ᠠ ᠬᠡᠮᠵᠢᠶ᠎ᠡ ᠶᠢ ᠤᠷᠢᠳᠴᠢᠯᠠᠨ ᠬᠡᠷᠡᠭᠵᠢᠬᠦᠯᠦᠭᠰᠡᠨ ᠢᠶᠠᠷ ᠠᠵᠢᠯ ᠤᠨ ᠪᠠᠶᠢᠷᠢ ᠶᠢᠨ ᠪᠠᠳᠤ ᠰᠠᠬᠢᠯᠳᠠ᠂ ᠨᠡᠭᠦᠷᠡᠰᠦᠨ ᠠᠭᠤᠷᠬᠠᠶ ᠶᠢᠨ ᠠᠶᠤᠯᠬᠦᠢ ᠦᠢᠯᠡᠳᠪᠦᠷᠢᠯᠡᠯ ᠢ ᠪᠠᠳᠤᠯᠠᠵᠤ ᠤᠳᠤᠬᠠᠨ ᠳᠤ ᠣᠳᠣ ᠡᠳᠦᠷ ᠪᠦᠷᠢ 2.5 ᠲᠦᠮᠡᠨ ᠲᠣᠨ ᠨᠡᠭᠦᠷᠡᠰᠦ ᠦᠢᠯᠡᠳᠪᠦᠷᠢᠯᠡᠵᠤ ᠪᠠᠶᠢᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ ᠡᠳᠦᠷ ᠪᠦᠷᠢ ᠬᠤᠶᠠᠷ ᠲᠦᠮᠡᠨ ᠲᠣᠨ ᠤ ᠨᠡᠭᠦᠷᠡᠰᠦ ᠶᠢ ᠭᠠᠯᠲᠤ ᠲᠡᠷᠭᠡ ᠪᠠ ᠠᠴᠢᠶᠠᠨ ᠤ ᠲᠡᠷᠭᠡ ᠪᠠᠷ ᠳᠤᠮᠳᠠᠳᠤ ᠣᠷᠣᠨ᠂ ᠨᠢᠩᠳᠦ᠋ᠩ ᠣᠷᠣᠨ ᠳᠤ ᠬᠦᠷᠭᠡᠵᠦ ᠲᠤᠰ ᠬᠤᠶᠠᠷ ᠭᠠᠵᠠᠷ ᠤᠨ ᠨᠡᠭᠦᠷᠡᠰᠦᠨ ᠤ ᠬᠡᠷᠡᠭᠴᠡᠭᠡ ᠶᠢ ᠪᠠᠲᠤᠯᠠᠨ᠎ᠠ᠃ ᠲᠤᠰ ᠨᠡᠬᠦᠷᠡᠰᠦᠨ ᠠᠭᠤᠷᠬᠠᠢ ᠶᠢᠨ ᠵᠢᠯ ᠤᠨ ᠦᠢᠯᠡᠳᠪᠤᠷᠢᠯᠠᠯ ᠤᠨ ᠴᠢᠳᠠᠮᠵᠢ 800 ᠲᠦᠮᠡᠨ ᠲᠣᠨ ᠣᠷᠴᠢᠮ ᠪᠠᠶᠢᠵᠤ ᠭᠤᠤᠯᠳᠠᠭᠤ ᠨᠢᠩᠳᠦ᠋ᠩ ᠵᠡᠷᠬᠡ ᠣᠷᠣᠨ ᠳᠤ ᠪᠣᠷᠤᠯᠠᠭᠤᠯᠲᠠᠭ ᠶᠤᠮ᠃
微信图片_20210209152420.jpg
微信图片_20210209152424.jpg
      ᠦᠦᠰᠢᠨ ᠬᠤᠰᠢᠭᠤᠨ ᠤ ᠮᠧᠩ ᠳ᠋ᠡ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠨ ᠳᠡᠳ᠋ ᠶᠡᠷᠦᠩᠬᠡᠶ ᠳᠠᠭᠠᠭᠠᠮᠠᠯ ᠯᠢ ᠶᠦᠩ᠄ ︽ᠪᠢᠳᠡ ᠦᠦᠰᠢᠨ ᠬᠤᠰᠢᠭᠤᠨ ᠤ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠢ ᠳᠠᠭᠠᠵᠤ ᠠᠵᠢᠯᠲᠠᠳ  ᠢᠶᠠᠨ ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠱᠠᠭᠠᠷᠳᠠᠵᠤ ᠪᠠᠶᠢᠨ᠎ᠠ᠂ ᠪᠢᠳᠡ ᠠᠵᠢᠯ ᠠᠮᠢᠳᠤᠷᠠᠯ ᠤᠨ ᠲᠠᠯ᠎ᠠ ᠳᠤ ᠴᠥᠮ ᠳᠡᠮᠵᠢᠯᠭᠡ ᠦᠵᠡᠭᠦᠯᠵᠦ ᠣᠯᠠᠨ ᠢᠶᠠᠷ ᠢᠶᠠᠨ ᠨᠢᠭᠡ ᠪᠠᠶᠠᠷ ᠬᠥᠷ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠨ᠎ᠠ︾ ᠬᠡᠵᠤ ᠪᠠᠶᠢᠯ᠎ᠠ ᠃
微信图片_20210209152429.jpg
微信图片_20210209152433.jpg
      ᠡᠯ᠎ᠡ ᠨᠡᠬᠦᠷᠡᠰᠦᠨ ᠠᠭᠤᠷᠬᠠᠢ ᠨᠢ ᠬᠠᠮᠢᠶ᠎ᠠ ᠪᠦᠬᠦᠢ ᠱᠠᠭᠠᠷᠳᠠᠯᠭ᠎ᠠ ᠪᠠᠷ ᠠᠵᠢᠯᠳᠠᠨ ᠠᠵᠢᠯᠴᠢᠳ ᠤᠨ ᠢᠶᠠᠨ ᠲᠤᠬᠠᠢ ᠶᠢᠨ ᠭᠠᠵᠠᠷ ᠲᠤ ᠰᠢᠨᠡᠯᠡᠬᠦ ᠶᠢ ᠵᠤᠷᠢᠭᠵᠢᠭᠤᠯᠤᠨ ᠤᠷᠢᠶᠠᠯᠠᠭᠰᠠᠨ ᠢᠶᠠᠷ ᠮᠠᠨ ᠤ ᠬᠤᠰᠢᠭᠤᠨ ᠳᠤ ᠪᠠᠶᠢᠭ᠎ᠠ ᠵᠢᠷᠭᠤᠭᠠᠨ ᠨᠡᠬᠦᠷᠡᠰᠦᠨ ᠠᠭᠤᠷᠬᠠᠢ ᠶᠢᠨ ᠲᠦᠮᠡ ᠭᠠᠷᠤᠢ ᠠᠵᠢᠯᠳᠠᠳ ᠨᠢᠭᠡᠨᠳᠡ ᠠᠵᠢᠯ ᠤᠨ ᠪᠠᠶᠢᠷᠢ ᠪᠠᠨ ᠰᠠᠬᠢᠵᠤ ᠰᠢᠨᠡᠯᠡᠬᠦ ᠪᠠᠷ ᠪᠤᠯᠵᠠᠢ᠃ ᠡᠨᠡ ᠨᠢ ᠡᠳᠦᠷ ᠪᠦᠷᠢ ᠶᠢᠨ ᠨᠡᠬᠦᠷᠡᠰᠦᠨ ᠤ ᠭᠠᠷᠭᠠᠯᠳᠠ 10 ᠲᠦᠮᠡᠨ ᠲᠣᠨ ᠪᠠᠶᠢᠬᠤ ᠶᠢ ᠪᠡᠶᠡᠯᠡᠬᠦᠯᠵᠦ ᠪᠥᠬᠦ ᠬᠤᠰᠢᠭᠤᠨ ᠤ ᠡᠯ᠎ᠡ ᠬᠢᠮᠢ ᠶᠢᠨ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠨᠡᠭᠦᠷᠡᠰᠦᠨ ᠤ ᠬᠡᠪ ᠤᠨ ᠬᠠᠩᠭᠠᠯᠭ᠎ᠠ ᠪᠠ ᠪᠥᠬᠦ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠳᠤᠯᠠᠵᠤ ᠲᠡᠶᠢᠯᠦᠨ᠎ᠠ᠃
微信图片_20210209152440.jpg
微信图片_20210209152445.jpg
      ᠮᠠᠨ ᠤ ᠬᠤᠰᠢᠭᠤ ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠤ ᠡᠯ᠎ᠡ ᠨᠡᠭᠦᠷᠡᠰᠦᠨ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠤᠨ ᠲᠤᠬᠢᠷᠠᠭᠤᠯᠤᠯᠳᠠ ᠪᠣᠯᠤᠨ ᠠᠵᠢᠯᠲᠠᠳ ᠢ ᠴᠢᠩᠭ᠎ᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ ᠭᠠᠷᠤᠯᠲᠠ ᠪᠠᠨ ᠨᠡᠮᠡᠭᠳᠡᠭᠦᠯᠬᠦ᠂ ᠬᠠᠩᠭᠠᠯᠭ᠎ᠠ ᠶᠢ ᠪᠠᠲᠤᠯᠠᠬᠤ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠦᠢᠯᠡᠳᠪᠦᠷᠢᠯᠡᠯ ᠤᠨ ᠴᠢᠳᠠᠪᠤᠷᠢ ᠶᠢ ᠵᠣᠬᠢᠰᠲᠠᠢ ᠬᠤᠪᠢᠶᠠᠷᠢᠯᠠᠬᠤ ᠵᠡᠷᠭᠡ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃                              ᠰᠤᠷᠪᠤᠯᠵᠢᠯᠠᠭᠴᠢ᠄ ᠴᠡᠩᠬᠡᠯᠳᠠᠯᠠᠢ   ᠪᠠᠯᠵᠢᠵᠢᠷᠭᠠᠯ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ