ᠮᠠᠨ ᠤ ᠬᠤᠰᠢᠭᠤ ᠲᠠᠯᠠᠪᠠᠢ ᠶᠢ ᠲᠤᠭᠲᠠᠪᠤᠷᠢᠵᠢᠭᠤᠯᠤᠨ ᠪᠦᠳᠦᠴᠡ ᠶᠢ ᠰᠢᠯᠢᠳᠡᠭᠵᠢᠭᠦᠯᠵᠤ ᠣᠨᠠᠯᠲᠠ ᠶᠢ ᠨᠡᠮᠡᠭᠳᠡᠬᠦᠯᠦᠨ ᠰᠢᠨᠵᠢᠯᠡᠬᠦ ᠣᠬᠠᠭᠠᠨᠴᠢ ᠪᠠᠷ | ᠠᠰᠢᠭᠯᠠᠵᠤ ᠬᠦᠭᠵᠢᠯᠲᠡ ᠶᠢ ᠠᠬᠢᠭᠤᠯᠬᠤ ᠵᠠᠷᠴᠢᠮ ᠢ ᠪᠠᠷᠢᠮᠲᠠᠯᠠᠨ ᠲᠡᠵᠢᠭᠡᠯ ᠡᠪᠡᠰᠣ ᠪᠤᠷᠳᠤᠭᠠᠨ ᠤ ᠰᠠᠭᠤᠷᠢᠨ ᠭᠠᠵᠠᠷ ᠲᠤ ᠴᠢᠨᠠᠷ ᠰᠠᠶᠢᠨ ᠤᠯᠠᠨ ᠨᠠᠰᠣᠲᠣ | ᠲᠡᠵᠢᠭᠡᠯ ᠡᠪᠡᠰᠣ᠂ ᠨᠤᠭᠤᠭᠠᠨ ᠪᠤᠷᠳᠤᠭᠠᠨ ᠤ ᠡᠷᠳᠡᠨᠢ ᠰᠢᠰᠢ᠂ ᠴᠢᠨᠠᠷ ᠰᠠᠶᠢᠨ ᠲᠡᠵᠢᠭᠡᠯ ᠪᠤᠲᠠᠯᠢᠭ ᠡᠪᠡᠰᠣ ᠲᠠᠷᠢᠬᠤ ᠶᠢ ᠭᠤᠤᠯᠴᠢᠯᠠᠨ ᠠᠳᠬᠤᠵᠤ ᠮᠠᠯᠴᠢᠨ | ᠲᠠᠷᠢᠶᠠᠴᠢᠨ ᠳᠤ ᠦᠨ᠎ᠡ ᠲᠦᠯᠦᠪᠦᠷᠢ ᠦᠭᠡᠢ ᠪᠠᠷ ᠴᠢᠨᠠᠷ ᠰᠠᠶᠢᠨ ᠡᠪᠡᠰᠦᠨ ᠦᠷ᠎ᠡ ᠶᠢ ᠬᠤᠪᠢᠶᠠᠵᠤ ᠱᠠᠳᠣ ᠦᠶᠡᠴᠢ ᠴᠢᠨᠠᠷ ᠲᠠᠢ ᠠᠵᠢᠯ ᠤᠨ ᠡᠬᠦᠷᠭᠡ ᠶᠢ | ᠡᠪᠡᠰᠦᠨ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ ᠲᠠᠢ ᠣᠶᠠᠯᠳᠣᠭᠤᠯᠤᠨ ᠰᠢᠯᠢᠳᠡᠭ ᠳᠦᠷᠦᠯ ᠤᠨ ᠲᠡᠵᠢᠭᠡᠯ ᠡᠪᠡᠰᠦᠨ ᠤ ᠨᠦᠬᠦᠪᠦᠷᠢ ᠶᠢᠨ | ᠲᠦᠷᠦᠯ ᠵᠦᠢᠯ ᠢ ᠪᠦᠬᠦ ᠬᠦᠴᠦᠨ ᠢᠶᠠᠷ ᠬᠡᠷᠡᠭᠵᠢᠬᠦᠯᠵᠦ ᠬᠦᠮᠦᠨ ᠤ ᠬᠦᠴᠦ ᠪᠠᠷ ᠲᠠᠷᠢᠬᠤ ᠬᠦᠴᠦᠯᠡᠴᠡ ᠪᠠᠨ ᠴᠢᠩᠭᠠᠷᠠᠭᠤᠯᠤᠨ ᠦᠨᠳᠦᠷ ᠣᠨᠠᠯᠲᠠᠲᠤ ᠴᠢᠨᠠᠷ | ᠰᠠᠶᠢᠨ ᠡᠪᠡᠰᠦᠨ ᠤ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠵᠦ ᠪᠡᠯᠴᠢᠭᠡᠷ ᠤᠨ ᠲᠠᠷᠣᠯᠲᠠ ᠶᠢ ᠬᠦᠩᠭᠡᠯᠡᠨ ᠮᠦ ᠪᠦᠷᠢ ᠶᠢᠨ ᠬᠤᠷᠢᠶᠠᠯᠲᠠ ᠶᠢ ᠲᠤᠮᠳᠠᠴᠢ ᠪᠠᠷ | 20% ᠪᠠᠷ ᠲᠡᠭᠡᠭᠰᠢᠯᠡᠬᠦᠯᠵᠦ ᠲᠡᠵᠢᠭᠡᠯ ᠡᠪᠡᠰᠦᠨ ᠤ ᠠᠰᠢᠭᠯᠠᠮᠵᠢ ᠶᠢᠨ ᠨᠤᠷᠮ᠎ᠠ ᠶᠢ 30% ᠪᠠᠷ ᠲᠡᠭᠡᠭᠰᠢᠯᠡᠭᠦᠯᠦᠭᠡᠳ ᠠᠮᠢ ᠠᠬᠤᠢ ᠤᠷᠴᠢᠨ ᠲᠤᠭᠤᠷᠢᠨ | ᠢᠯᠡᠷᠬᠡᠢ ᠰᠠᠶᠢᠵᠢᠷᠠᠭᠰᠠᠨ ᠪᠠᠶᠢᠨ᠎ᠡ᠃ ᠤᠷᠢᠳᠴᠢᠯᠠᠨ ᠰᠡᠷᠭᠡᠶᠢᠯᠡᠬᠦ ᠪᠠᠷ ᠭᠤᠤᠯᠯᠠᠭᠤᠯᠵᠦ ᠶᠡᠷᠦᠩᠬᠡᠶᠢᠯᠡᠨ ᠰᠡᠷᠭᠡᠶᠢᠯᠡᠬᠦ ᠪᠠᠷ ᠵᠢᠯᠤᠭᠤᠳᠤᠭᠤᠯᠬᠤ ᠴᠢᠭᠯᠡᠯᠲᠡ | ᠶᠤᠰᠣᠭᠠᠷ ᠲᠡᠵᠢᠭᠡᠯ ᠡᠪᠡᠰᠤᠨ ᠤ ᠡᠪᠡᠳᠴᠢᠨ ᠬᠤᠷᠤᠬᠠᠢ ᠶᠢᠨ ᠬᠥᠨᠥᠭᠡᠯ ᠢ ᠰᠡᠷᠭᠡᠶᠢᠯᠡᠬᠦ ᠠᠵᠢᠯ ᠢ ᠴᠢᠩᠭ᠎ᠠ ᠠᠳᠬᠤᠵᠤ ᠡᠪᠡᠳᠴᠢᠨ᠂ ᠬᠤᠯᠤᠭᠠᠨ᠎ᠠ᠂ | ᠬᠤᠷᠤᠬᠠᠢ ᠶᠢᠨ ᠬᠦᠨᠦᠭᠡᠯ ᠢ ᠠᠮᠵᠢᠯᠲᠠ ᠲᠠᠢ ᠰᠡᠷᠭᠡᠶᠢᠯᠡᠵᠦ ᠴᠢᠳᠠᠪᠠ᠃ | | | | | | | | | |