ᠮᠠᠨ ᠤ ᠬᠤᠰᠢᠭᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2021/3/10
      2014—2016 ᠣᠨ ᠳᠤ᠂ ᠦᠦᠰᠢᠨ ᠬᠤᠰᠢᠭᠤ ᠨᠢ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠲᠦᠷᠦᠯ ᠵᠦᠢᠯ ᠳᠤ ᠪᠦᠬᠦ ᠨᠡᠶᠢᠳᠡ 18980.8 ᠲᠦᠮᠡᠨ ᠲᠦᠬᠦᠷᠢᠭ ᠪᠡᠯᠡ ᠤᠷᠤᠭᠤᠯᠵᠤ ︵ᠡᠬᠦᠨ ᠳᠤ ᠡᠳ᠋ ᠤᠨ ᠵᠠᠰᠠᠭ ᠤᠨ ᠪᠡᠯᠡ ᠮᠦᠩᠬᠦ 14472.96 ᠲᠦᠮᠡᠨ ᠲᠦᠬᠦᠷᠢᠭ᠂ ᠦᠪᠡᠷᠳᠡᠭᠡᠨ ᠬᠤᠷᠠᠮᠳᠤᠭᠤᠯᠤᠭᠰᠠᠨ ᠪᠡᠯᠡ ᠮᠦᠩᠬᠦ 4507.84 ᠲᠦᠮᠡᠨ ᠲᠦᠬᠦᠷᠢᠭ︶᠂ 3.245 ᠲᠦᠮᠡᠨ ᠮᠤ᠋ ᠶᠢᠨ ᠣᠰᠣᠯᠠᠯᠲᠠ ᠲᠠᠢ ᠬᠠᠳᠤᠯᠠᠩ ᠤᠨ ᠭᠠᠵᠠᠷ ᠭᠠᠷᠭᠠᠵᠤ ᠪᠤᠷᠳᠣᠭᠠᠨ ᠤ ᠰᠠᠭᠤᠷᠢᠨ ᠭᠠᠵᠠᠷ 2.63 ᠲᠦᠮᠡᠨ ᠮᠤ᠋ ᠪᠦᠲᠦᠭᠡᠨ ᠪᠠᠶᠢᠭᠤᠯᠤᠨ 6.38 ᠲᠦᠮᠡᠨ ᠮᠤ᠋ ᠨᠤᠲᠤᠭ ᠪᠡᠯᠴᠢᠭᠡᠷ ᠤᠨ ᠭᠠᠵᠠᠷ ᠢ ᠰᠠᠶᠢᠵᠢᠷᠠᠭᠤᠯᠵᠤ ︽ᠬᠤᠶᠠᠷ ᠰᠠᠭᠤᠷᠢᠨ ᠭᠠᠵᠠᠷ ᠤᠨ ᠵᠢᠷᠭᠤᠭ᠎ᠠ ᠶᠢ ᠲᠦᠬᠦᠷᠴᠢᠯᠡᠭᠰᠡᠨ︾ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠲᠠᠭᠤᠷᠢᠶᠠᠯ ᠦᠵᠡᠬᠦᠯᠬᠦ 420 ᠡᠷᠦᠬᠡ ᠶᠢ ᠪᠦᠲᠦᠬᠡᠨ ᠪᠠᠶᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠬᠦᠯᠦᠯᠲᠡ ᠶᠢᠨ ᠲᠤᠯᠤᠭᠠᠶᠢᠯᠠᠭᠴᠢ ᠠᠵᠤ ᠠᠬᠤᠶᠢᠯᠠᠯ᠂ ᠬᠤᠷᠰᠢᠶᠠᠵᠢᠯ᠂ ᠲᠠᠷᠢᠵᠤ ᠲᠡᠵᠢᠬᠡᠬᠦ ᠲᠤᠮᠤ ᠡᠷᠦᠬᠡ ᠶᠢ ᠭᠤᠤᠯᠳᠠᠯᠭ᠎ᠠ ᠲᠠᠢ ᠲᠡᠳᠭᠦᠨ ᠲᠤᠰᠠᠯᠠᠵᠤ ᠠᠵᠤ ᠦᠢᠯᠡᠰᠵᠢᠬᠦᠯᠦᠯᠲᠡ ᠶᠢᠨ ᠬᠦᠭᠵᠢᠯᠲᠡ ᠶᠢᠨ ᠡᠳ᠋ ᠤᠨ ᠵᠠᠰᠠᠭ ᠤᠨ ᠨᠦᠬᠦᠪᠦᠷᠢᠲᠦ ᠲᠦᠷᠦᠯ ᠵᠦᠢᠯ ᠢ 45᠂ ᠵᠢᠭᠡᠯᠡᠯᠬᠡ ᠶᠢᠨ ᠬᠦᠦ ᠮᠦᠩᠬᠦ ᠶᠢ ᠣᠷᠣᠯᠠᠨ ᠦᠭᠭᠦᠭᠰᠡᠨ ᠲᠦᠷᠦᠯ ᠵᠦᠢᠯ ᠢ 4᠂ ᠡᠯᠡᠰᠦ ᠶᠢ ᠰᠡᠷᠬᠡᠶᠢᠯᠡᠨ ᠵᠠᠰᠠᠬᠤ ᠪᠠ ᠡᠪᠡᠰᠦᠨ ᠬᠦᠷᠦᠩᠭᠡ ᠪᠤᠶᠢᠵᠢᠭᠤᠯᠬᠤ ᠰᠠᠯᠠᠭ᠎ᠠ ᠮᠦᠴᠢᠷ ᠤᠨ ᠲᠦᠷᠦᠯ ᠵᠦᠢᠯ ᠢ 2 ᠲᠤᠰ ᠲᠤᠰ ᠬᠡᠷᠡᠭᠵᠢᠬᠦᠯᠪᠡ᠃
ᠢᠷᠡᠯᠲᠡ᠄ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ