ᠵᠦᠩ ᠮᠸᠢ ᠪᠦᠯᠦᠭᠯᠡᠯ ᠤᠨ ᠤᠷᠳᠤᠰ ᠡᠨᠧᠷᠭᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠨᠢ ᠤᠯᠤᠰ ᠤᠨ ᠥᠮᠴᠢᠯᠡᠯᠲᠤ ᠠᠵᠤ | ᠠᠬᠤᠶᠢᠯᠠᠯ ᠳᠤ ᠬᠠᠷᠢᠶᠠᠯᠠᠭᠳᠠᠨ᠎ᠠ᠂ ᠵᠦᠩ ᠮᠸᠢ ᠪᠦᠯᠦᠭᠯᠡᠯ ᠤᠨ ᠡᠨᠧᠷᠭᠢ ᠶᠢᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠪᠦᠷᠢᠨ ᠪᠡᠯᠡᠳᠦ | ᠬᠤᠪᠢᠶᠠᠷᠢ ᠺᠣᠮᠫᠠᠨᠢ ᠪᠣᠯᠤᠨ᠎ᠠ᠂ 2011 ᠣᠨ ᠤ 4 ᠰᠠᠷ᠎ᠠ ᠶᠢᠨ 27 ᠤ ᠡᠳᠦᠷ ᠳᠠᠩᠰᠠᠯᠠᠭᠤᠯᠤᠨ ᠪᠠᠶᠢᠭᠤᠯᠵᠤ ᠭᠤᠤᠯᠳᠠᠭᠤ ᠨᠡᠭᠦᠷᠡᠰᠦ ᠪᠠᠷ ᠰᠢᠭᠡᠰᠦᠯᠢᠭ ᠡᠳ᠋ | ᠦᠢᠯᠡᠳᠦᠨ᠎ᠡ᠃ ᠲᠦᠰᠦᠪᠯᠡᠭᠰᠡᠨ ᠬᠡᠪᠴᠢᠶᠡᠵᠢᠯ ᠨᠢ 200 ᠲᠦᠮᠡᠨ ᠲᠣᠨ ᠨᠡᠶᠢᠯᠡᠯᠭᠡ ᠰᠢᠪᠲᠦᠷ᠂ 350 ᠲᠦᠮᠡᠨ ᠲᠣᠨ ᠰᠢᠭᠡᠰᠦᠯᠢᠭ ᠡᠳ᠋ ᠪᠠᠶᠢᠵᠤ᠂ | ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠳᠤ 100 ᠲᠦᠮᠡᠨ ᠲᠣᠨ ᠨᠡᠶᠢᠯᠡᠯᠭᠡ ᠰᠢᠪᠲᠦᠷ᠂ 175 ᠲᠦᠮᠡᠨ ᠲᠣᠨ ᠰᠢᠭᠡᠰᠦᠯᠢᠭ ᠡᠳ᠋ ᠪᠠᠶᠢᠵᠤ᠂ | ᠭᠤᠤᠯ ᠳᠠᠭᠠᠯᠲᠠ ᠦᠢᠯᠡᠳᠬᠦᠨ ᠨᠢ ᠰᠢᠩᠭᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠶ ᠬᠡᠶ ᠪᠠᠶᠢᠵᠤ ᠬᠤᠯᠢᠮᠠᠭ ᠬᠥᠩᠭᠡᠨ ᠨᠡᠭᠦᠷᠦᠭᠴᠢ᠂ ᠬᠤᠯᠢᠮᠠᠭ ᠦᠨᠦᠷᠲᠦ | ᠨᠡᠭᠦᠷᠦᠭᠴᠢ ᠵᠡᠷᠭᠡ ᠪᠤᠰᠤᠳ ᠳᠠᠭᠠᠯᠲᠠ ᠦᠢᠯᠡᠳᠬᠦᠨ ᠲᠠᠢ᠂ ᠶᠡᠷᠦᠩᠬᠡᠶ ᠪᠠᠯᠠ ᠣᠷᠣᠭᠤᠯᠤᠯᠲᠠ ᠨᠢ 95 ᠳ᠋ᠦᠩᠰᠢᠭᠤᠷ ᠲᠥᠭᠦᠷᠢᠭ᠂ 2011 ᠣᠨ ᠤ 6 | ᠰᠠᠷ᠎ᠠ ᠳᠤ ᠪᠠᠷᠢᠯᠭ᠎ᠠ ᠡᠬᠢᠯᠡᠭᠦᠯᠦᠨ᠂ 2014 ᠣᠨ ᠤ 2 ᠰᠠᠷ᠎ᠠ ᠳᠤ ᠪᠥᠬᠦ ᠶᠠᠪᠤᠴᠠ ᠶᠢ ᠨᠡᠪᠲᠡᠷᠡᠭᠦᠯᠦᠨ ᠬᠢᠷᠢ ᠲᠡᠩᠴᠡᠭᠰᠡᠨ ᠲᠣᠮᠣ ᠮᠥᠬᠦᠯᠢᠭᠲᠦ ᠰᠢᠭᠡᠰᠦᠯᠢᠭ | ᠡᠳ᠋ ᠢ ᠦᠢᠯᠡᠳᠪᠦᠷᠢᠯᠡᠨ ᠭᠠᠷᠭᠠᠵᠤ ᠵᠢᠯ ᠳᠤ ᠬᠤᠪᠢᠷᠠᠭᠤᠯᠵᠤ ᠪᠣᠯᠬᠤ ᠨᠡᠭᠦᠷᠡᠰᠦᠨ ᠤ ᠬᠡᠮᠵᠢᠶ᠎ᠡ ᠨᠢ ᠪᠠᠷᠤᠭ 300 ᠲᠦᠮᠡᠨ ᠲᠣᠨ ᠪᠣᠯᠤᠨ᠎ᠠ᠃ ᠲᠤᠰ ᠲᠥᠷᠥᠯ | ᠵᠦᠢᠯ ᠪᠣᠯ ᠣᠳᠣᠬᠠᠨ ᠤ ᠤᠯᠤᠰ ᠤᠨ ᠳᠣᠲᠣᠭᠠᠳᠤ ᠶᠢᠨ ᠲᠣᠨᠣᠭᠯᠠᠯ ᠤᠨ ᠬᠡᠪᠴᠢᠶᠡᠵᠢᠯ ᠢᠶᠠᠷ ᠬᠠᠮᠤᠭ ᠤᠨ ᠶᠡᠭᠡ᠂ ᠪᠥᠲᠥᠭᠡᠨ ᠪᠠᠶᠢᠭᠤᠯᠤᠭᠰᠠᠨ ᠴᠠᠭ ᠢᠶᠠᠷ | ᠬᠠᠮᠤᠭ ᠤᠨ ᠣᠬᠤᠷ᠂ ᠠᠰᠢᠭᠯᠠᠯᠲᠠ ᠳᠤ ᠣᠷᠣᠭᠤᠯᠤᠭᠰᠠᠨ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠬᠢᠷᠢ ᠬᠡᠮᠵᠢᠶ᠎ᠡ ᠪᠠᠷ ᠬᠠᠮᠤᠭ ᠤᠨ ᠲᠡᠷᠢᠭᠦᠨ ᠤ ᠨᠡᠭᠦᠷᠡᠰᠦ ᠪᠠᠷ ᠰᠢᠭᠡᠰᠦᠯᠢᠭ ᠡᠳ᠋ ᠦᠢᠯᠡᠳᠬᠦ ᠲᠦᠷᠦᠯ ᠵᠦᠢᠯ ᠪᠤᠯᠤᠨ᠎ᠠ᠃ 2019 ᠣᠨ ᠳᠤ | 199.14 ᠲᠦᠮᠡᠨ ᠲᠣᠨ ᠰᠢᠭᠡᠰᠦᠯᠢᠭ ᠡᠳ᠋᠂ 13.12 ᠲᠦᠮᠡᠨ LNG ᠲᠣᠨ ᠦᠢᠯᠡᠳᠪᠦᠷᠢᠯᠡᠪᠡ᠃ 2020 ᠣᠨ ᠤ 1 — 5 ᠰᠠᠷ᠎ᠠ ᠳᠤ 85. | 58 ᠲᠦᠮᠡᠨ ᠲᠣᠨ ᠰᠢᠭᠡᠰᠦᠯᠢᠭ ᠡᠳ᠋᠂ 6.02 ᠲᠦᠮᠡᠨ ᠲᠣᠨ LNG ᠦᠢᠯᠡᠳᠪᠦᠷᠢᠯᠡᠪᠡ᠃ | | | | | | ᠬᠤᠶᠠᠳᠤᠭᠠᠷ ᠬᠤᠭᠤᠴᠠᠭᠠᠨ ᠤ ᠨᠡᠶᠢᠯᠡᠯᠭᠡ ᠬᠡᠢ ᠪᠠᠷ ᠵᠢᠯ ᠤᠨ 100 ᠲᠦᠮᠡᠨ ᠲᠣᠨ ᠮᠧᠲ᠋ᠢᠯ ᠠᠯᠺᠣᠣᠯ ᠦᠢᠯᠡᠳᠪᠦᠷᠢᠯᠡᠬᠦ ᠮᠡᠷᠭᠡᠵᠢᠯ ᠤᠨ | ᠥᠭᠡᠷᠡᠴᠢᠯᠡᠯᠲᠡ ᠶᠢᠨ ᠲᠦᠷᠦᠯ ᠵᠦᠢᠯ ᠪᠣᠯ ᠲᠤᠭ ᠬᠢᠮᠢ ᠶᠢᠨ ᠪᠤᠷᠳᠤᠭᠤᠷ ᠤᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠰᠠᠭᠤᠷᠢᠨ | ᠳᠡᠭᠡᠷ᠎ᠡ᠂ ᠵᠦᠩ ᠮᠸᠢ ᠪᠦᠯᠦᠭᠯᠡᠯ ᠤᠨ ᠬᠢᠨ ᠥᠪᠥᠷ ᠮᠣᠩᠭᠤᠯ ᠱᠠᠨᠰᠢ ᠣᠷᠣᠨ ᠤ ᠨᠡᠭᠦᠷᠡᠰᠦ ᠬᠢᠮᠢ ᠶᠢᠨ ᠦᠢᠯᠡᠳᠪᠦᠷᠢ ᠶᠢᠨ ᠬᠥᠭᠵᠢᠯᠲᠡ ᠶᠢᠨ ᠪᠦᠬᠦ ᠠᠵᠤ | ᠦᠢᠯᠡᠰ ᠤᠨ ᠬᠡᠯᠬᠢᠶᠡᠵᠢᠯ ᠢ ᠪᠠᠶᠢᠭᠤᠯᠵᠤ ᠤᠯᠠᠮᠵᠢᠯᠠᠯᠲᠤ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠪᠡᠶᠡᠯᠡᠭᠦᠯᠦᠭᠰᠡᠨ ᠣᠨᠴᠠ ᠲᠤᠮᠤ ᠬᠡᠯᠪᠡᠷᠢ ᠶᠢᠨ ᠨᠡᠭᠦᠷᠡᠰᠦ ᠬᠢᠮᠢ ᠶᠢᠨ ᠦᠢᠯᠡᠳᠪᠦᠷᠢ ᠶᠢᠨ ᠲᠦᠷᠦᠯ ᠵᠦᠢᠯ ᠪᠣᠯᠤᠨ᠎ᠠ᠃ ᠲᠦᠷᠦᠯ ᠵᠦᠢᠯ ᠨᠢ ᠵᠢᠯ ᠳᠤ 126. | 32 ᠲᠦᠮᠡᠨ ᠲᠣᠨ MTO ᠳᠡᠰ ᠤᠨ ᠮᠧᠲ᠋ᠢᠯ ᠠᠯᠺᠣᠣᠯ ᠦᠢᠯᠡᠳᠪᠦᠷᠢᠯᠡᠵᠦ᠂ 13.67 ᠲᠦᠮᠡᠨ ᠲᠣᠨ LNG᠂ 3.26 ᠲᠦᠮᠡᠨ ᠲᠣᠨ ᠬᠦᠬᠦᠷ᠂ 3. | 11 ᠲᠦᠮᠡᠨ ᠲᠣᠨ ᠬᠦᠬᠦᠷ ᠠᠮᠮᠣᠨᠢ ᠵᠡᠷᠭᠡ 7 ᠵᠦᠢᠯ ᠤᠨ ᠦᠢᠯᠡᠳᠬᠦᠨ ᠢ ᠳᠠᠭᠠᠯᠳᠤᠭᠤᠯᠤᠨ ᠦᠢᠯᠡᠳᠪᠦᠷᠢᠯᠡᠵᠦ᠂ ᠮᠧᠲ᠋ᠢᠯ ᠠᠯᠺᠣᠣᠯ ᠢᠶᠠᠷ ᠵᠢᠯ ᠳᠤ 50 | ᠲᠦᠮᠡᠨ ᠲᠣᠨ ᠪᠠᠷᠢᠯᠭ᠎ᠠ ᠶᠢᠨ ᠰᠦᠯᠢᠶᠣᠣ ᠶᠢᠨ ᠲᠥᠷᠥᠯ ᠵᠦᠢᠯ ᠤᠨ ᠲᠦᠭᠦᠬᠡᠶ ᠮᠠᠲ᠋ᠧᠷᠢᠶᠠᠯ ᠪᠣᠯᠭᠠᠨ᠎ᠠ᠃ ᠲᠤᠰ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠨᠢ 50.12 ᠳ᠋ᠦᠩᠰᠢᠭᠤᠷ ᠲᠥᠭᠦᠷᠢᠭ ᠪᠠᠶᠢᠵᠤ 39 ᠾᠧᠺᠲ᠋ᠠᠷ ᠭᠠᠵᠠᠷ ᠡᠵᠡᠯᠡᠨ᠎ᠡ᠃ 2018 ᠣᠨ ᠤ 10 ᠰᠠᠷ᠎ᠠ ᠳᠤ ᠵᠢᠩᠬᠢᠨᠢ ᠪᠠᠷ | ᠪᠠᠷᠢᠯᠭ᠎ᠠ ᠡᠬᠢᠯᠡᠭᠦᠯᠵᠦ᠂ 2021 ᠣᠨ ᠤ 4 ᠰᠠᠷ᠎ᠠ ᠳᠤ ᠮᠠᠲ᠋ᠧᠷᠢᠶᠠᠯ ᠣᠷᠣᠭᠤᠯᠵᠤ ᠲᠡᠷᠭᠡ ᠲᠤᠷᠰᠢᠬᠤ ᠪᠠᠷ ᠲᠥᠯᠥᠪᠯᠡᠵᠦ ᠠᠰᠢᠭᠯᠠᠯᠲᠠ ᠳᠤ ᠣᠷᠣᠭᠤᠯᠬᠤ | ᠨᠥᠬᠦᠴᠡᠯ ᠢ ᠪᠦᠷᠢᠳᠦᠭᠦᠯᠦᠨ ᠶᠡᠷᠦᠩᠬᠡᠶ ᠠᠵᠢᠯ ᠤᠨ ᠬᠤᠭᠤᠴᠠᠭ᠎ᠠ ᠨᠢ 30 ᠰᠠᠷ᠎ᠠ ᠪᠣᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ | ᠳᠠᠷᠠᠭ᠎ᠠ ᠵᠢᠱᠢᠯᠲᠡ ᠪᠠᠷ ᠵᠢᠯ ᠪᠦᠷᠢ 240 ᠲᠦᠮᠡᠨ ᠲᠣᠨ ᠨᠡᠭᠦᠷᠡᠰᠦ ᠶᠢ ᠬᠤᠪᠢᠷᠠᠭᠤᠯᠵᠤ᠂ 22 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ᠂ | 7 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠡᠶᠡᠯᠡᠭᠦᠯᠦᠨ᠎ᠡ᠃ ᠨᠢᠭᠡᠳᠦᠭᠡᠷ ᠬᠤᠶᠠᠳᠤᠭᠠᠷ ᠬᠤᠭᠤᠴᠠᠭᠠᠨ ᠤ ᠲᠤᠨᠤᠭ ᠲᠥᠬᠦᠭᠡᠷᠦᠮᠵᠢ ᠶᠢᠨ ᠵᠡᠷᠭᠡᠪᠡᠷ | ᠶᠠᠪᠤᠭᠳᠠᠬᠤ ᠶᠢ ᠳᠠᠭᠠᠯᠳᠤᠨ᠂ ᠲᠤᠭ ᠬᠢᠮᠢ ᠶᠢᠨ ᠪᠤᠷᠳᠤᠭᠤᠷ ᠤᠨ ᠲᠦᠷᠦᠯ ᠵᠦᠢᠯ ᠵᠢᠱᠢᠯᠲᠡ ᠪᠠᠷ ᠵᠢᠯ ᠪᠦᠷᠢ 500 ᠲᠦᠮᠡᠨ ᠲᠣᠨ ᠨᠡᠭᠦᠷᠡᠰᠦ ᠶᠢ | ᠬᠤᠪᠢᠷᠠᠭᠤᠯᠵᠤ 50 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ 10 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠡᠶᠡᠯᠡᠭᠦᠯᠤᠨ᠎ᠠ | ᠃ |