| | | ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ | ᠬᠠᠷᠢᠶᠠᠯᠠᠭᠳᠠᠵᠤ᠂ ᠵᠥᠩ ᠮᠧᠢ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠬᠤᠪᠢ ᠤᠷᠤᠭᠤᠯᠤᠭᠰᠠᠨ ᠬᠠᠷᠢᠴᠠᠯ 38.75%︶᠂ ᠳᠤᠮᠳᠠᠳᠤ | ᠤᠯᠤᠰ ᠤᠨ ᠴᠢᠯᠠᠭᠤᠨ ᠲᠣᠰᠣ ᠬᠢᠮᠢ ᠶᠢᠨ ᠦᠢᠯᠡᠳᠪᠦᠷᠢ ᠶᠢᠨ ᠴᠠᠩ ᠴᠧᠩ ᠡᠨᠧᠷᠭᠢ ᠬᠢᠮᠢ ᠶᠢᠨ ᠺᠣᠮᠫᠠᠨᠢ ︵ᠬᠤᠪᠢ ᠤᠷᠤᠭᠤᠯᠤᠭᠰᠠᠨ ᠬᠠᠷᠢᠴᠠᠯ 38.75%︶ | ᠂ ᠱᠠᠩᠬᠠᠶ ᠶᠢᠨ ᠱᠧᠨ ᠨᠧᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠬᠤᠪᠢ ᠤᠷᠤᠭᠤᠯᠤᠭᠰᠠᠨ ᠬᠠᠷᠢᠴᠠᠯ 12.5%︶᠂ ᠥᠪᠥᠷ ᠮᠣᠩᠭᠤᠯ ᠤᠨ | ᠮᠠᠨ ᠱᠢ ᠪᠦᠯᠦᠭᠯᠡᠯ ᠤᠨ ᠺᠣᠮᠫᠠᠨᠢ ︵ᠬᠤᠪᠢ ᠤᠷᠤᠭᠤᠯᠤᠭᠰᠠᠨ ᠬᠠᠷᠢᠴᠠᠯ 10%︶ ᠵᠡᠷᠭᠡ ᠳᠥᠷᠪᠡᠨ ᠺᠣᠮᠫᠠᠨᠢ ᠠᠴᠠ ᠬᠠᠮᠲᠤᠷᠠᠨ ᠪᠦᠲᠦᠭᠡᠨ ᠪᠠᠶᠢᠭᠤᠯᠪᠠ᠃ | ᠺᠤᠮᠫᠠᠨᠢ ᠨᠢ ᠲᠤᠤᠷ᠎ᠠ ᠪᠠᠨ ᠨᠡᠭᠦᠷᠡᠰᠦᠨ ᠤ ᠬᠤᠪᠢᠶᠠᠷᠢ ᠺᠤᠮᠫᠠᠨᠢ ᠪᠠ ᠬᠢᠮᠢ ᠶᠢᠨ ᠦᠢᠯᠡᠳᠪᠦᠷᠢ ᠶᠢᠨ ᠬᠤᠪᠢᠶᠠᠷᠢ ᠺᠤᠮᠫᠠᠨᠢ ᠪᠠᠶᠢᠭᠤᠯᠵᠤ ᠲᠦᠷᠦᠯ ᠵᠦᠢᠯ ᠤᠨ | ᠨᠡᠬᠦᠷᠡᠰᠦ ᠪᠠ ᠨᠡᠬᠦᠷᠡᠰᠦ ᠬᠢᠮᠢ ᠶᠢᠨ ᠦᠢᠯᠡᠳᠪᠦᠷᠢ ᠶᠢᠨ ᠬᠡᠰᠡᠭ ᠤᠨ ᠪᠦᠳᠦᠭᠡᠨ ᠪᠠᠶᠢᠭᠤᠯᠤᠯᠲᠠ᠂ ᠡᠵᠡᠩᠨᠡᠯᠲᠡ ᠪᠠ ᠬᠠᠮᠢᠶᠠᠷᠤᠯᠲᠠ ᠶᠢ ᠲᠤᠰ ᠲᠤᠰ | ᠬᠠᠷᠢᠭᠤᠴᠠᠨ᠎ᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 590 ᠳ᠋ᠦᠩᠰᠢᠭᠤᠷ ᠲᠥᠭᠦᠷᠢᠭ ᠪᠠᠶᠢᠵᠤ ᠪᠥᠲᠥᠭᠡᠨ ᠪᠠᠶᠢᠭᠤᠯᠬᠤ | ᠠᠭᠤᠯᠭ᠎ᠠ ᠳᠤ ᠭᠤᠤᠯᠳᠠᠭᠤ ᠵᠢᠯ ᠤᠨ ᠭᠠᠷᠭᠠᠯᠲᠠ ᠨᠢ 2500 ᠲᠦᠮᠡᠨ ᠲᠣᠨ ᠤ ᠨᠡᠭᠦᠷᠡᠰᠦᠨ ᠠᠭᠤᠷᠬᠠᠶ ︵ᠬᠤᠯᠤᠰᠤ ᠠᠭᠤᠷᠬᠠᠶ 1300 ᠲᠦᠮᠡᠨ ᠲᠣᠨ | /ᠵᠢᠯ᠂ ᠮᠦᠩᠭᠡᠴᠢᠨ ᠠᠭᠤᠷᠬᠠᠶ 1200 ᠲᠦᠮᠡᠨ ᠲᠣᠨ / ᠵᠢᠯ︶᠂ 360 ᠲᠦᠮᠡᠨ ᠲᠣᠨ ᠮᠧᠲ᠋ᠢᠯ ᠠᠯᠺᠤᠤᠯ ᠤᠨ ᠲᠣᠨᠣᠭᠯᠠᠯ ︵ᠵᠠᠪᠰᠠᠷ ᠤᠨ | ᠦᠢᠯᠡᠳᠬᠦᠨ︶᠂ 137 ᠲᠦᠮᠡᠨ ᠲᠣᠨ ᠪᠥᠭᠡᠭᠡᠨᠡᠷᠡᠯ ᠡᠲ᠋ᠧᠨ ᠪᠥᠭᠡᠭᠡᠨᠡᠷᠡᠯ ᠫᠷᠦᠫᠧᠨ ᠤ ᠰᠦᠯᠢᠶᠣᠣ ᠦᠢᠯᠡᠳᠬᠦᠨ ᠵᠢᠴᠢ ᠲᠡᠭᠦᠨ ᠤ ᠢᠵᠢ ᠪᠥᠷᠢᠳᠦᠭᠦᠯᠦᠭᠰᠡᠨ | ᠢᠯᠴᠢ ᠴᠠᠬᠢᠯᠭᠠᠨ ᠤ ᠲᠣᠨᠣᠭᠯᠠᠯ᠂ ᠤᠰᠤ ᠳᠠᠮᠵᠢᠭᠤᠯᠬᠤ ᠬᠤᠭᠤᠯᠠᠶ ᠪᠠ ᠦᠪᠡᠷᠲᠡᠭᠡᠨ ᠬᠡᠷᠡᠭᠯᠡᠬᠦ ᠲᠡᠮᠦᠷ ᠵᠠᠮ ᠤᠨ ᠲᠤᠰᠬᠠᠢ ᠱᠤᠭᠤᠮ ᠵᠡᠷᠭᠡ ᠢᠨᠵᠧᠨᠧᠷᠢᠩ ᠢ | ᠪᠠᠭᠲᠠᠭᠠᠵᠤ ᠬᠢᠮᠢ ᠶᠢᠨ ᠠᠵᠤ ᠦᠢᠯᠡᠳᠪᠦᠷᠢ ᠶᠢᠨ ᠭᠤᠤᠯ ᠦᠢᠯᠡᠳᠪᠦᠷᠢ ᠶᠢᠨ ᠲᠣᠭᠤᠷᠢᠭ ᠤᠨ ᠡᠵᠡᠯᠡᠬᠦ ᠭᠠᠵᠠᠷ ᠨᠢ ᠪᠠᠷᠤᠭ 335 ᠾᠧᠺᠲ᠋ᠠᠷ ᠪᠣᠯᠤᠨ᠎ᠠ᠃ | ᠲᠣᠰ ᠲᠥᠷᠥᠯ ᠵᠦᠢᠯ ᠪᠣᠯ ᠤᠯᠤᠰ ᠤᠨ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠨᠡᠭᠦᠷᠡᠰᠦ ᠶᠢ ᠨᠠᠷᠢᠯᠢᠭ | ᠪᠣᠯᠪᠠᠰᠤᠷᠠᠭᠤᠯᠬᠤ ᠵᠢᠱᠢᠶᠡᠴᠢ ᠲᠥᠷᠥᠯ ᠵᠦᠢᠯ ᠮᠥᠨ᠂ ᠠᠮᠧᠷᠢᠺᠠ ᠶᠢᠨ GE ᠺᠣᠮᠫᠠᠨᠢ ᠶᠢᠨ ᠤᠰᠤ ᠨᠡᠭᠦᠷᠡᠰᠦᠨ ᠤ ᠰᠢᠩᠭᠡᠨ ᠪᠡᠶᠡᠲᠤ ᠶᠢ ᠬᠡᠶᠢᠵᠢᠭᠦᠯᠬᠦ ᠵᠡᠷᠭᠡ | ᠨᠢᠭᠡ ᠪᠦᠯᠦᠭ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠮᠡᠷᠭᠡᠵᠢᠯ ᠢ ᠬᠤᠷᠠᠮᠳᠤᠭᠤᠯᠵᠤ ᠣᠳᠣᠬᠠᠨ ᠤ ᠤᠯᠤᠰ ᠤᠨ ᠳᠣᠲᠣᠭᠠᠳᠤ ᠳᠤ | ᠬᠠᠮᠤᠭ ᠤᠨ ᠶᠡᠭᠡ ᠬᠡᠪᠴᠢᠶ᠎ᠡ ᠲᠠᠢ ᠨᠡᠭᠦᠷᠡᠰᠦ ᠪᠠᠷ ᠠᠯᠺᠧᠨ ᠦᠢᠯᠡᠳᠬᠦ ᠲᠥᠬᠦᠭᠡᠷᠦᠮᠵᠢ ᠲᠠᠢ ᠪᠣᠯᠤᠭᠰᠠᠨ ᠪᠠᠶᠢᠨ᠎ᠠ᠃ ᠲᠥᠷᠥᠯ ᠵᠦᠢᠯ ᠳᠤ ᠵᠢᠯ ᠳᠤ ᠲᠤᠬᠠᠶ ᠶᠢᠨ | ᠭᠠᠵᠠᠷ ᠲᠤᠨᠢ 800 ᠲᠦᠮᠡᠨ ᠲᠣᠨ ᠨᠡᠭᠦᠷᠡᠰᠦ ᠤᠯᠠᠷᠢᠭᠤᠯᠵᠤ᠂ ᠪᠦᠬᠦᠯᠢ ᠴᠣᠭᠴᠠ ᠶᠢᠨ ᠡᠨᠧᠷᠭᠢ ᠶᠢ ᠴᠡᠪᠡᠷᠰᠢᠭᠦᠯᠦᠨ ᠤᠯᠠᠷᠢᠭᠤᠯᠬᠤ ᠦᠷ᠎ᠡ ᠪᠦᠲᠦᠮᠵᠢ ᠨᠢ | 44% ᠶᠢ ᠳᠠᠪᠠᠨ ᠤᠰᠤᠨ ᠤ ᠬᠤᠷᠣᠭᠳᠠᠯ ᠨᠢ 3 ᠲᠣᠨ / ᠲᠣᠨ ᠪᠠᠷᠢᠮᠵᠢᠶᠠᠲᠤ ᠨᠡᠭᠦᠷᠡᠰᠦ ᠠᠴᠠ ᠳᠣᠤᠷ᠎ᠠ ᠪᠠᠶᠢᠵᠤ ᠪᠣᠬᠢᠷ ᠤᠰᠤ ᠶᠢ ᠭᠠᠳᠠᠭᠰᠢᠯᠠᠭᠤᠯᠬᠤ | ᠥᠬᠡᠶ ᠪᠠᠶᠢᠬᠤ ᠶᠢ ᠪᠡᠶᠡᠯᠡᠭᠦᠯᠵᠠᠢ᠃ ᠲᠦᠷᠦᠯ ᠵᠦᠢᠯ ᠨᠢ 2016 ᠣᠨ ᠤ 10 ᠰᠠᠷ᠎ᠠ ᠳᠤ ᠪᠦᠬᠦ ᠶᠠᠪᠤᠴᠠ ᠶᠢ ᠨᠡᠪᠲᠡᠷᠡᠭᠦᠯᠵᠦ 2017 ᠣᠨ ᠤ 9 | ᠰᠠᠷ᠎ᠠ ᠳᠤ ᠪᠦᠬᠦ ᠲᠠᠯ᠎ᠠ ᠶᠢᠨ ᠬᠤᠳᠠᠯᠳᠤᠭᠠᠨ ᠤ ᠡᠵᠡᠩᠨᠡᠯᠲᠡ ᠳᠤ ᠬᠢᠵᠤ ᠡᠬᠢᠯᠡᠪᠡ᠃ 2019 ᠣᠨ ᠳᠤ ᠪᠥᠭᠡᠭᠡᠨᠡᠷᠡᠯ ᠠᠯᠺᠧᠨ ᠢ 137.53 ᠲᠦᠮᠡᠨ ᠲᠣᠨ | ᠦᠢᠯᠡᠳᠪᠦᠷᠢᠯᠡᠨ 2020 ᠣᠨ ᠤ 1 — 5 ᠰᠠᠷ᠎ᠠ ᠳᠤ ᠪᠥᠭᠡᠭᠡᠨᠡᠷᠡᠯ ᠠᠯᠺᠧᠨ ᠢ 57.6 ᠲᠦᠮᠡᠨ ᠲᠣᠨ ᠦᠢᠯᠡᠳᠪᠦᠷᠢᠯᠡᠪᠡ᠃ |