ᠦᠣᠰᠢᠨ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠬᠤᠣᠰ ᠬᠡᠯᠡᠨ ᠤ ᠰᠢᠯᠦᠭ ᠤᠨ ᠤᠷᠤᠯᠳᠤᠭᠠᠨ ᠦᠷᠨᠢᠭᠦᠯᠣᠯ᠎ᠡ
ᠨᠡᠶᠢᠲᠡᠯᠡᠭᠰᠡᠨ ᠴᠠᠭ᠄
2021/5/10
      ᠣᠶᠢᠷ᠎ᠠ ᠶᠢᠨ ᠡᠳᠣᠷ ᠬᠤᠰᠢᠭᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠬᠡᠤᠬᠡᠳ ᠪᠠᠭᠠᠴᠣᠣᠨ ᠤᠨ ᠬᠡᠯᠡ ᠶᠡᠷᠢᠶ᠎ᠠ ᠶᠢ ᠪᠠᠶᠠᠯᠢᠭᠵᠢᠭᠤᠯᠣᠨ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠶᠢᠨ ᠳᠦᠯᠣᠭᠡ ︽ᠨᠠᠮ ᠢᠶᠠᠨ ᠬᠠᠶᠢᠷᠠᠯᠠᠬᠤ ᠰᠡᠳᠬᠢᠯ ᠤᠨ ᠴᠤᠤᠷᠢᠶ᠎ᠠ︾  ᠬᠡᠮᠡᠬᠦ ᠬᠡᠤᠬᠡᠳ ᠤᠨ ᠬᠤᠣᠰ ᠬᠡᠯᠡᠨ ᠤ ᠰᠢᠯᠦᠭ ᠤᠨ ᠤᠷᠤᠯᠳᠤᠭᠠᠨ ᠢ ᠦᠷᠨᠢᠭᠦᠯᠣᠯ᠎ᠡ᠃
微信图片_20210508092537.jpg
微信图片_20210508092545.jpg
      ᠲᠤᠰ ᠤᠳᠠᠭᠠᠨ ᠤ ᠤᠷᠤᠯᠳᠤᠭᠠᠨ ᠨᠢ ᠦᠣᠰᠢᠨ ᠬᠤᠰᠢᠭᠤᠨ ᠤ ᠮᠣᠩᠭᠤᠯ ᠴᠡᠴᠡᠷᠯᠢᠭ ᠤᠨ ᠪᠠᠭ᠎ᠠ᠂ ᠳᠤᠮᠳᠠ᠂ ᠶᠡᠭᠡ ᠠᠩᠭᠢ ᠪᠠᠷ ᠨᠢᠭᠡᠴᠢᠯᠡᠨ ᠶᠠᠪᠤᠭᠳᠠᠵᠤ᠂ ᠨᠠᠶᠢᠲᠡ 22 ᠠᠩᠭᠢ ᠶᠢᠨ ᠬᠡᠤᠬᠡᠳ ᠤᠳ ᠣᠷᠣᠯᠴᠠᠯ᠎ᠠ᠃ ᠪᠠᠭᠰᠢ᠂ ᠭᠡᠷ ᠤᠨ ᠠᠬᠠᠮᠠᠳ ᠤᠨ ᠬᠠᠮᠲᠣ ᠶᠢᠨ ᠴᠢᠷᠮᠠᠶᠢᠯᠭ᠎ᠠ ᠪᠠᠷ ᠬᠤᠪᠴᠠᠰᠤ ᠬᠤᠨᠠᠷ᠂ ᠪᠠᠭᠠᠵᠢ ᠬᠡᠷᠡᠭᠰᠡᠯ᠂ ᠵᠠᠰᠠᠯ ᠴᠢᠮᠡᠭᠯᠡᠯ᠂ ᠲᠠᠶᠢᠰᠠᠨ ᠤ ᠦᠭᠡ ᠶᠠᠷᠢᠶ᠎ᠠ ᠵᠡᠷᠭᠡ ᠲᠠᠯ᠎ᠠ ᠪᠠᠷ ᠪᠦᠷᠢᠨ ᠭᠦᠢᠴᠡᠳ ᠪᠡᠯᠡᠳᠭᠡᠵᠥ ᠴᠢᠳᠠᠭᠰᠠᠨ ᠠᠴᠠ ᠭᠡᠣᠭᠡᠳ ᠪᠠᠭᠠᠴᠣᠣᠨ ᠢᠳᠡᠭᠡᠯ ᠵᠤᠷᠢᠭ ᠲᠠᠢ᠂ ᠵᠢᠪᠬᠤᠭ᠎ᠠ ᠲᠡᠭᠦᠯᠳᠡᠷ ᠢᠶᠠᠷ ᠡᠬᠡ ᠤᠯᠤᠰ ᠢᠶᠠᠨ ᠮᠠᠭᠳᠠᠨ ᠤᠶᠠᠩᠭᠠᠯᠠᠭᠰᠠᠨ ᠰᠢᠯᠦᠭ ᠳᠠᠭᠤᠯᠠᠯ ᠢᠶᠠᠷ ᠢᠶᠠᠨ ᠦᠭᠡ ᠬᠡᠯᠡᠨ ᠤ ᠠᠪᠢᠶᠠᠰ ᠴᠢᠳᠠᠪᠤᠷᠢ ᠪᠠᠨ ᠭᠠᠶᠢᠬᠠᠭᠤᠯᠤᠭᠰᠠᠨ ᠪᠠᠶᠢᠨ᠎ᠠ᠃
微信图片_20210508092558.jpg
微信图片_20210508092607.jpg
微信图片_20210508092633.jpg
      ᠡᠨ᠋ᠨ ᠤᠳᠠᠭᠠᠨ ᠤ ᠠᠵᠢᠯᠯᠠᠭᠠᠨ ᠨᠢ ᠬᠡᠦᠬᠡᠳ ᠪᠠᠭᠠᠴᠣᠣᠨ ᠤᠨ ᠬᠡᠯᠡ ᠶᠠᠷᠢᠶᠠᠨ ᠤ ᠢᠯᠡᠳᠭᠡᠬᠦ ᠴᠢᠳᠠᠪᠤᠷᠢ ᠶᠢ ᠳᠡᠭᠡᠭᠰᠢᠯᠡᠭᠦᠯᠵᠥ ᠲᠠᠶᠢᠰᠠᠨ ᠳᠡᠭᠡᠷ᠎ᠡ ᠵᠣᠷᠢᠭᠲᠠᠢ ᠪᠠᠷ ᠥᠪᠡᠷ ᠢ ᠪᠠᠨ ᠢᠯᠡᠷᠡᠭᠦᠯᠦᠨ ᠨᠠᠮ᠂ ᠡᠬᠡ ᠤᠯᠤᠰ ᠢᠶᠠᠨ ᠬᠠᠶᠢᠷᠠᠯᠠᠨ᠂ ᠦᠨᠳᠦᠰᠦᠲᠡᠨ ᠢᠶᠠᠨ ᠬᠠᠶᠢᠷᠠᠯᠠᠨ᠂ ᠦᠨᠳᠦᠰᠦᠳᠡᠨ ᠤ ᠪᠦᠯᠬᠦᠮᠳᠡᠯ ᠢ ᠳᠡᠭᠡᠳᠦᠯᠡᠬᠦ ᠵᠤᠷᠢᠭ ᠰᠠᠨᠠᠭ᠎ᠠ ᠶᠢ ᠨᠢᠯᠬ᠎ᠠ ᠪᠠᠶᠢᠭ᠎ᠠ ᠤᠶᠤᠨ ᠳᠤ ᠨᠢ ᠰᠤᠶᠤᠭᠠᠯᠠᠭᠤᠯᠤᠭᠰᠠᠨ ᠪᠠᠶᠢᠨ᠎ᠠ ᠃
微信图片_20210508092638.jpg
微信图片_20210508092809.jpg
                                      ᠰᠤᠷᠪᠤᠯᠵᠢᠯᠠᠭᠴᠢ᠄ ᠠᠯᠤᠰ   ᠭᠦᠸᠧ ᠵᠢᠶᠠ ᠳ᠋ᠥᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ