ᠡᠷᠳᠡᠨᠢᠪᠢᠯᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠨᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2021/5/21
      5 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠠᠯᠠᠭ᠎ᠠ ᠮᠥᠴᠢᠷ ᠲᠤ ᠭᠦᠨᠵᠡᠭᠡᠶᠢᠷᠡᠨ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠨᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠡᠠ ᠭᠡᠷ ᠤᠨ ᠡᠷᠬᠢᠯᠡᠭᠴᠢ ᠮᠠ ᠶᠠ ᠳ᠋ᠦᠩ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
微信图片_20210520160038.jpg     
微信图片_20210520160045.jpg
      ᠡᠷᠳᠡᠨᠢᠪᠢᠯᠢᠭ ᠨᠠᠷ ᠤᠷᠢᠳ ᠬᠤᠵᠢᠳ ᠬᠤᠰᠢᠭᠤᠨ ᠤ ᠰᠢᠭᠦᠬᠦ ᠬᠤᠷᠢᠶ᠎ᠠ᠂ ᠪᠠᠶᠢᠴᠡᠭᠠᠬᠤ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠰᠠᠯᠠᠭ᠎ᠠ ᠮᠥᠴᠢᠷ‌‍ᠲ᠋ᠤ ᠬᠦᠷᠴᠦ ᠳᠠᠩᠰᠠ ᠮᠠᠲ᠋ᠧᠷᠢᠶᠠᠯ᠂ ᠪᠠᠭᠢᠯᠠᠯᠳᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠡᠮᠵᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠨᠠᠷᠢᠨ ᠣᠶᠢᠯᠠᠭᠠᠪᠠ᠃ ᠡᠷᠳᠡᠨᠢᠪᠢᠯᠢᠭ ᠵᠢᠭᠠᠵᠤ ᠭᠠᠷᠭᠠᠬᠤ ᠳᠠᠭᠠᠨ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ ᠡᠨᠡ ᠬᠤᠶᠠᠷ ᠵᠦᠢᠯ ᠤᠨ ᠠᠵᠢᠯ ᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ ᠵᠢᠱᠢᠭᠰᠡᠨ ᠦᠷ᠎ᠡ ᠪᠦᠲᠦᠮᠵᠢ ᠤᠯᠬᠤ ᠬᠡᠷᠡᠭᠲᠡᠶ ᠭᠡᠵᠡᠢ᠃ ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ ︽ᠳᠥᠷᠪᠡᠨ ᠤᠬᠠᠮᠰᠠᠷ︾ ᠢ ᠴᠢᠩᠭᠠᠳᠬᠠᠨ ︽ᠳᠥᠷᠪᠡᠨ ᠢᠲᠡᠭᠡᠯ︾ ᠢ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠡᠯ᠎ᠡ ᠲᠠᠯ᠎ᠠ ᠪᠠ ᠪᠥᠬᠦ ᠶᠠᠪᠤᠴᠠ ᠳᠤ ᠨᠠᠶᠢᠳᠠᠪᠤᠷᠢᠵᠢᠭᠤᠯᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ ︽ᠥᠪᠡᠷ ᠢᠶᠠᠨ ᠪᠠᠶᠢᠴᠠᠭᠠᠭᠰᠠᠨ ᠢ ᠠᠭᠤᠴᠢᠯᠠᠨ᠂ ᠪᠠᠶᠢᠴᠠᠭᠠᠭᠳᠠᠭᠰᠠᠳ ᠢ ᠴᠢᠩᠭ᠎ᠠ ᠰᠢᠳᠬᠡᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠲᠤᠰᠬᠠᠶ ᠲᠥᠷᠤᠯ ᠢᠶᠠᠷ ᠴᠡᠭᠴᠡᠯᠡᠨ ᠵᠠᠰᠠᠬᠤ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ ᠦᠵᠡᠯ ᠰᠠᠨᠠᠭᠠᠨ ᠤ ᠳᠠᠶᠢᠴᠢᠯᠠᠯᠲᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠰᠠᠶᠢᠨ ᠬᠢᠵᠦ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠶᠢᠨ ᠲᠠᠨᠢᠯᠲᠠ ᠪᠠᠨ ᠳᠡᠭᠡᠭᠰᠢᠯᠡᠭᠦᠯᠵᠦ ᠣᠪᠣᠷ ᠢᠶᠠᠨ ᠲᠥᠪ ᠪᠣᠯᠭᠠᠬᠤ ᠶᠢ ᠬᠦᠳᠦᠯᠦᠨ ᠵᠢᠯᠣᠭᠤᠳᠴᠤ ᠥᠪᠡᠷ ᠶᠢ ᠪᠠᠨ ᠰᠠᠶᠢᠵᠢᠷᠠᠭᠤᠯᠤᠨ ᠳᠡᠭᠡᠭᠰᠢᠯᠡᠬᠦᠯᠬᠦ ᠵᠣᠷᠢᠭ ᠰᠠᠨᠠᠭ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ ᠠᠰᠠᠭᠤᠳᠠᠯ ᠢ ᠣᠨᠣᠪᠴᠢᠲᠠᠢ ᠡᠮᠬᠢᠯᠡᠨ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠲᠣᠳᠣᠷᠬᠠᠢ ᠶᠠᠷᠢᠵᠤ ᠤᠬᠠᠮᠰᠠᠷ ᠠᠴᠠ ᠪᠠᠨ ᠠᠰᠠᠭᠤᠳᠠᠯ ᠳᠤ ᠵᠠᠰᠠᠪᠤᠷᠢ ᠣᠷᠣᠭᠤᠯᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠶᠢᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠵᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠠᠵᠢᠯ ᠢ ᠤᠷᠤᠭᠰᠢᠲᠠᠢ ᠠᠬᠢᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠡᠢ᠃
微信图片_20210520160048.jpg                       
                                          ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ