| | | ᠦᠤᠰᠢᠨ ᠵᠠᠰᠠᠭ ᠠᠯᠪᠠᠨ ᠲᠠᠷᠬᠠᠭᠠᠬᠤ ﹇2021﹈ 1 ᠳ᠋ᠤᠭᠡᠷ ᠲᠤᠭᠠᠲᠤ | | ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ | ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ ᠵᠢᠴᠢ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ | ᠶᠣᠰᠣᠭᠠᠷ᠂ ᠡᠳᠦᠭᠡ ︽︿ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ ᠳᠡᠩᠰᠡᠯᠡᠨ | ᠮᠡᠳᠡᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ︹ 2020 | ︺17 ᠳ᠋ᠤᠭᠠᠷ ᠲᠣᠭᠠᠲᠤ︶ ᠢ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠤᠭᠡᠷᠠᠢ᠃ | | | ᠳᠠᠭᠠᠯᠳᠤᠭᠤᠯᠤᠯ᠄ ︽︿ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ | ᠳᠡᠩᠰᠡᠯᠡᠨ ᠮᠡᠳᠡᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹ | 2020 ︺ 17 ᠳ᠋ᠤᠭᠠᠷ ᠲᠣᠭᠠᠲᠤ︶ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠣᠨ ᠤ 1 ᠰᠠᠷ᠎ᠠ ᠶᠢᠨ 10 ᠤ ᠡᠳᠦᠷ | | | | | | | | | | ᠥᠪᠥᠷ ᠨᠠᠮ ᠠᠯᠪᠠᠨ ᠲᠠᠷᠬᠠᠭᠠᠭᠰᠠᠨ ﹇2020﹈ 17 ᠳ᠋ᠤᠭᠠᠷ ᠲᠣᠭᠠᠲᠤ | | ︽ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ ᠲᠠᠩᠰᠠᠯᠠᠨ ᠮᠡᠳᠡᠭᠦᠯᠬᠦ | ᠠᠷᠭ᠎ᠠ︾ ᠶᠢ ᠲᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠯᠪᠠᠨ ᠲᠢᠩᠭᠢᠮ ᠤᠨ ᠮᠡᠳᠡᠭᠳᠡᠯ | | ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ | ᠬᠡᠯᠲᠡᠰ᠂ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠪᠠ | ᠡᠯ᠎ᠡ ᠠᠷᠠᠳ ᠤᠨ ᠪᠦᠯᠬᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠳᠤ᠄ | ︽ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ ᠳᠡᠩᠰᠡᠯᠡᠨ ᠮᠡᠳᠡᠭᠦᠯᠬᠦ | ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠤᠭᠡᠷᠡᠢ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠷᠢᠶ᠎ᠠ ᠶᠢᠨ ᠠᠯᠪᠠᠨ ᠲᠢᠩᠭᠢᠮ | 2020 ᠣᠨ ᠤ 12 ᠰᠠᠷ᠎ᠠ ᠶᠢᠨ 14 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ ᠳᠠᠩᠰᠠᠯᠠᠨ ᠮᠡᠳᠡᠭᠦᠯᠬᠦ ᠠᠷᠭ᠎ᠠ | ︵2020 ᠣᠨ ᠤ 12 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠬᠢᠨᠠᠨ | ᠵᠦᠪᠰᠢᠶᠡᠷᠡᠭᠦᠯᠦᠭᠡᠳ 2020 ᠣᠨ ᠤ 12 ᠰᠠᠷ᠎ᠠ ᠶᠢᠨ 14 ᠤ ᠡᠳᠦᠷ ᠳᠤᠮᠳᠠᠳᠤ ᠤᠯᠤᠰ ᠤᠨ ᠡᠪ ᠬᠠᠮᠲᠤ | ᠨᠠᠮ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠠᠯᠪᠠᠨ ᠲᠢᠩᠭᠢᠮ ᠠᠴᠠ ᠨᠡᠶᠢᠲᠡᠯᠡᠪᠡ︶ | | ᠨᠢᠭᠡᠳᠦᠭᠡᠷ ᠵᠤᠷᠪᠤᠰ ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠠᠵᠢᠯᠯᠠᠭ᠎ᠠ ᠶᠢ | ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ ᠠᠯᠪᠠᠨ ᠲᠤᠰᠢᠶᠠᠯᠲᠠᠨ ᠢ ᠱᠠᠭᠠᠷᠳᠠᠨ ᠵᠢᠯᠣᠭᠤᠳᠴᠤ | ᠪᠠᠶᠢᠭᠠᠳ ᠬᠠᠤᠯᠢ ᠲᠣᠭᠲᠠᠭᠠᠯ ᠶᠣᠰᠣᠭᠠᠷ ᠠᠵᠢᠯᠯᠠᠭᠤᠯᠵᠤ ᠲᠥᠪ ᠭᠤᠤᠯᠴᠢ ᠠᠷᠢᠭᠤᠨ ᠴᠢᠬᠡᠴᠢ ᠪᠠᠶᠢᠬᠤ ᠶᠢ | ᠪᠠᠲᠤᠯᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠳᠬᠡᠯ ᠥᠭᠬᠦ ᠬᠠᠤᠯᠢ︾ ᠵᠡᠷᠭᠡ ᠨᠠᠮ ᠤᠨ | ᠳᠣᠲᠣᠭᠠᠳᠤ ᠶᠢᠨ ᠬᠠᠤᠯᠢ ᠲᠦᠷᠢᠮ ᠪᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠤᠷᠪᠤᠰ ᠲᠣᠰ ᠠᠷᠭ᠎ᠠ ᠶᠢ ᠪᠥᠬᠦ ᠣᠷᠣᠨ ᠤ ᠠᠯᠪᠠᠨ ᠠᠵᠢᠯᠲᠠᠨ ᠤ ᠠᠵᠤ ᠠᠬᠤᠶᠢᠯᠠᠯ ᠲᠠᠢ | ᠬᠤᠯᠪᠣᠭᠳᠠᠬᠤ ᠵᠦᠢᠯᠡᠰ ᠢ ᠳᠡᠩᠰᠡᠯᠡᠨ ᠮᠡᠳᠡᠭᠦᠯᠬᠦ ᠠᠵᠢᠯ ᠳᠤ ᠬᠡᠷᠡᠭᠯᠡᠨ᠎ᠡ᠃ | ᠭᠤᠷᠪᠠᠳᠤᠭᠠᠷ ᠵᠤᠷᠪᠤᠰ ᠲᠤᠰ ᠠᠷᠭ᠎ᠠ ᠳᠤ ᠬᠡᠯᠡᠵᠦ ᠪᠠᠶᠢᠭ᠎ᠠ ᠠᠯᠪᠠᠨ ᠲᠤᠰᠢᠶᠠᠯᠲᠠᠨ ᠳᠤ ᠳᠣᠣᠷᠠᠬᠢ | ᠬᠥᠮᠦᠰ ᠪᠠᠭᠲᠠᠨ᠎ᠠ᠄ | ︵ᠨᠢᠭᠡ︶ ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ | ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ | ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳᠴᠢᠯᠠᠭᠰᠠᠨ ᠨᠠᠮ ᠪᠦᠯᠦᠭ ᠤᠨ | ᠪᠠᠶᠢᠭᠤᠯᠭ᠎ᠠ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠭᠤᠯᠭ᠎ᠠ ᠶᠢᠨ ᠠᠯᠪᠠᠲᠠᠨ ᠵᠢᠴᠢ ᠠᠯᠪᠠᠲᠠᠨ ᠤ | ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠬᠥᠮᠦᠰ︔ | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠪᠤᠶᠤ ᠲᠦᠷᠦ ᠶᠢᠨ | ᠪᠠᠶᠢᠭᠤᠯᠭ᠎ᠠ ᠶᠢᠨ ᠬᠠᠤᠯᠢ ᠶᠣᠰᠣᠨ ᠤ ᠨᠠᠶᠢᠳᠠᠯᠭ᠎ᠠ ᠪᠠᠷ ᠤᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠴᠤ ᠪᠠᠶᠢᠭ᠎ᠠ | ᠵᠣᠬᠢᠶᠠᠨ ᠪᠠᠶᠢᠭᠤᠯᠤᠯᠲᠠ ᠳᠤ ᠠᠯᠪᠠᠨ ᠠᠵᠢᠯ ᠲᠠᠢ ᠬᠥᠮᠦᠰ︔ | ︵ᠭᠤᠷᠪᠠ︶ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠭᠴᠢ︔ | ︵ᠲᠦᠷᠪᠡ︶ ᠠᠯᠪᠠᠨ ᠠᠴᠠ ᠡᠷᠬᠢᠯᠡᠭᠰᠡᠨ ᠰᠤᠷᠭᠠᠨ ᠬᠥᠮᠦᠵᠢᠯ᠂ ᠰᠤᠳᠤᠯᠭᠠᠨ᠂ ᠰᠣᠶᠣᠯ᠂ ᠡᠮ ᠡᠮᠨᠡᠯᠭᠡ | ᠡᠷᠡᠭᠦᠯ ᠬᠠᠮᠠᠭᠠᠯᠠᠯ᠂ ᠪᠡᠶ᠎ᠡ ᠲᠠᠮᠢᠷ ᠵᠡᠷᠭᠡ ᠨᠢᠭᠡᠴᠢ ᠶᠢᠨ ᠬᠠᠮᠢᠶᠠᠷᠤᠭᠴᠢ ᠬᠥᠮᠦᠰ︔ | ︵ᠲᠠᠪᠤ︶ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠳᠤ ᠬᠠᠮᠢᠶᠠᠷᠤᠯᠲᠠ ᠶᠢᠨ ᠠᠵᠢᠯ ᠬᠢᠵᠦ ᠪᠠᠶᠢᠭ᠎ᠠ ᠬᠥᠮᠦᠰ︔ | ︵ᠵᠢᠷᠭᠤᠭ᠎ᠠ︶ ᠬᠠᠤᠯᠢ ᠶᠣᠰᠣᠭᠠᠷ ᠠᠯᠪᠠᠨ ᠲᠤᠰᠢᠶᠠᠯ ᠭᠦᠢᠴᠡᠳᠬᠡᠵᠦ ᠪᠠᠶᠢᠭ᠎ᠠ ᠪᠤᠰᠤᠳ ᠬᠥᠮᠦᠰ᠃ | ᠳᠡᠭᠡᠷ᠎ᠡ ᠳᠤᠷᠠᠳᠤᠭᠰᠠᠨ ᠬᠡᠪᠴᠢᠶᠡᠨ ᠳᠤ ᠲᠤᠰᠢᠶᠠᠯ ᠠᠴᠠ ᠪᠠᠨ ᠨᠢᠭᠡᠨᠲᠡ ᠪᠠᠭᠤᠵᠤ᠂ ᠠᠵᠢᠯ ᠠᠴᠠ ᠪᠠᠨ | ᠪᠠᠭᠤᠵᠤ ᠠᠮᠠᠷᠠᠬᠤ ᠭᠠᠷᠳᠠᠮ ᠬᠦᠢᠴᠡᠳᠭᠡᠭᠰᠡᠨ ᠦᠭᠡᠢ ᠬᠥᠮᠦᠰ ᠲᠣᠰ ᠠᠷᠭ᠎ᠠ ᠳᠤ ᠬᠡᠯᠡᠵᠦ ᠪᠠᠶᠢᠭ᠎ᠠ ᠠᠯᠪᠠᠨ | ᠲᠤᠰᠢᠶᠠᠯᠲᠠᠨ ᠳᠤ ᠬᠠᠷᠢᠶᠠᠯᠠᠭᠳᠠᠨ᠎ᠠ᠃ | ᠠᠯᠪᠠᠨ ᠲᠤᠰᠢᠶᠠᠯᠲᠠᠨ ᠵᠥᠪᠰᠢᠶᠡᠷᠡᠯ ᠢᠶᠠᠷ ᠳᠡᠮᠵᠢᠨ ᠠᠯᠪᠠᠨ ᠲᠤᠰᠢᠶᠠᠯ ᠠᠴᠠ ᠪᠠᠨ ᠪᠠᠭᠤᠵᠤ᠂ ᠠᠯᠪᠠᠲᠠᠨ ᠪᠤᠶᠤ | ᠤᠷᠢᠵᠤ ᠬᠡᠷᠡᠭᠯᠡᠬᠦ ᠬᠦᠳᠡᠯᠮᠦᠷᠢ ᠶᠢᠨ ᠭᠡᠷ᠎ᠡ ᠶᠢ ᠬᠠᠤᠯᠢ ᠶᠣᠰᠣᠭᠠᠷ ᠬᠦᠴᠦᠨ ᠥᠬᠡᠶ ᠪᠣᠯᠭᠠᠭᠰᠠᠨ ᠪᠠᠶᠢᠪᠠᠯ ᠲᠣᠰ | ᠠᠷᠭ᠎ᠠ ᠳᠤ ᠬᠡᠯᠡᠵᠦ ᠪᠠᠶᠢᠭ᠎ᠠ ᠠᠯᠪᠠᠨ ᠲᠤᠰᠢᠶᠠᠯᠲᠠᠨ ᠳᠤ ᠬᠠᠷᠢᠶᠠᠯᠠᠭᠳᠠᠬᠤ ᠥᠬᠡᠶ᠃ | ᠳᠥᠷᠪᠡᠳᠦᠭᠡᠷ ᠵᠤᠷᠪᠤᠰ ᠲᠣᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠲᠠᠢ ᠬᠤᠯᠪᠣᠭᠳᠠᠬᠤ | ᠵᠦᠢᠯᠡᠰ ᠲᠤ ᠳᠣᠤᠷᠠᠬᠢ ᠪᠠᠶᠢᠳᠠᠯ ᠤᠳ ᠪᠠᠭᠲᠠᠨ᠎ᠠ᠄ | ︵ᠨᠢᠭᠡ︶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ᠂ ᠬᠤᠪᠢ ᠬᠥᠮᠦᠨ ᠤ ᠭᠠᠭᠴᠠᠭᠠᠷ ᠪᠡᠯᠠ | ᠣᠷᠣᠭᠤᠯᠤᠭᠰᠠᠨ ᠠᠵᠤ ᠠᠬᠤᠶᠢᠯᠠᠯ ᠪᠤᠶᠤ ᠬᠤᠷᠰᠢᠬᠰᠡᠠ ᠠᠵᠤ ᠠᠬᠤᠶᠢᠯᠠᠯ ᠢ ᠳᠠᠩᠰᠠᠯᠠᠭᠤᠯᠬᠤ᠂ ᠵᠠᠬ᠎ᠠ | ᠳᠡᠯᠭᠡᠭᠦᠷ ᠲᠤ ᠤᠢᠯᠦ ᠭᠠᠷᠭᠠᠬᠤ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠂ ᠬᠢᠵᠠᠭᠠᠷᠲᠤ ᠬᠠᠷᠢᠭᠤᠴᠠᠯᠭᠠᠲᠤ | ᠺᠤᠮᠫᠠᠨᠢ ᠪᠤᠶᠤ ᠠᠵᠤ ᠠᠬᠤᠶᠢᠯᠠᠯ ᠳᠤ ᠪᠡᠯᠠ ᠣᠷᠣᠭᠤᠯᠬᠤ᠂ ᠤᠯᠤᠰ ︵ᠬᠢᠯᠢ︶ ᠤᠨ ᠭᠠᠳᠠᠨ᠎ᠠ ᠺᠤᠮᠫᠠᠨᠢ | ᠳᠠᠩᠰᠠᠯᠠᠭᠤᠯᠬᠤ ᠪᠤᠶᠤ ᠺᠤᠮᠫᠠᠨᠢ ᠳᠤ ᠪᠡᠯᠠ ᠣᠷᠣᠭᠤᠯᠤᠨ ᠬᠤᠪᠢ ᠣᠷᠣᠬᠤ︔ | ︵ᠬᠤᠶᠠᠷ︶ ᠵᠠᠬ᠎ᠠ ᠳᠡᠯᠭᠡᠭᠦᠷ ᠲᠤ ᠦᠯᠦ ᠭᠠᠷᠭᠠᠬᠤ ᠺᠣᠮᠫᠠᠨᠢ ︵ᠠᠵᠤ ᠠᠬᠤᠶᠢᠯᠠᠯ︶ ᠳᠤ ᠬᠤᠪᠢ | ᠤᠷᠤᠭᠤᠯᠤᠭᠰᠠᠨ ᠪᠤᠶᠤ ᠦᠨᠡᠲᠦ ᠲᠡᠮᠳᠡᠭᠲᠦ ᠲᠠᠢ ᠪᠠᠶᠢᠬᠤ︔ | ︵ᠭᠤᠷᠪᠠ︶ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ | ᠪᠠᠶᠢᠭᠤᠯᠭ᠎ᠠ ᠨᠢᠭᠡᠴᠢ ᠳᠤ ᠲᠤᠰᠢᠶᠠᠯ ᠬᠠᠪᠰᠤᠷᠭᠠᠨ ᠬᠠᠷᠢᠭᠤᠴᠠᠭᠰᠠᠨ ᠡᠰᠡᠬᠦᠯ᠎ᠡ ᠵᠥᠪᠰᠢᠶᠡᠷᠡᠯ ᠢᠶᠠᠷ ᠲᠤᠰᠢᠶᠠᠯ | ᠬᠠᠪᠰᠤᠷᠭᠠᠨ ᠬᠠᠷᠢᠭᠤᠴᠠᠭᠰᠠᠨ ᠪᠣᠯᠪᠠᠴᠤ ᠴᠠᠯᠢᠩ ᠬᠥᠯᠥᠰᠥ᠂ ᠱᠠᠩᠨᠠᠯ ᠤᠨ ᠮᠥᠩᠭᠦ᠂ ᠨᠥᠬᠦᠪᠥᠷᠢ ᠮᠥᠩᠭᠦ ᠵᠡᠷᠭᠡ | ᠨᠡᠮᠡᠭᠳᠡᠯ ᠠᠰᠢᠭ ᠤᠯᠬᠤ︔ | ︵ᠲᠦᠷᠪᠡ︶ ᠣᠨᠴᠠ ᠬᠠᠷᠢᠴᠠᠭ᠎ᠠ ᠲᠠᠢ ᠬᠥᠮᠦᠨ ᠪᠤᠶᠤ ᠣᠨᠴᠠ ᠬᠠᠷᠢᠴᠠᠭ᠎ᠠ ᠲᠠᠢ ᠬᠥᠮᠦᠨ ᠠᠴᠠ ᠭᠠᠳᠠᠨᠠᠬᠢ | ᠪᠤᠰᠤᠳ ᠬᠥᠮᠦᠨ ᠤ ᠨᠡᠷ᠎ᠡ ᠪᠠᠷ ᠬᠤᠪᠢ ᠣᠷᠣᠬᠤ ᠬᠡᠯᠪᠡᠷᠢ ᠪᠠᠷ ᠬᠤᠳᠠᠯᠳᠤᠭ᠎ᠠ ᠬᠢᠵᠦ ᠠᠵᠤ ᠠᠬᠤᠶᠢᠯᠠᠯ ᠡᠷᠬᠢᠯᠡᠬᠦ︔ | | ︵ᠲᠠᠪᠤ︶ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠤᠷᠢᠭᠳᠠᠬᠤ ᠵᠡᠷᠭᠡ ᠠᠷᠭ᠎ᠠ ᠮᠠᠶ᠋ᠢᠭ ᠢᠶᠠᠷ | ᠬᠤᠳᠠᠯᠳᠤᠭᠠᠨ ᠤ ᠠᠵᠢᠯᠯᠠᠭ᠎ᠠ ᠬᠢᠬᠦ︔ | ︵ᠵᠢᠷᠭᠤᠭ᠎ᠠ︶ ᠲᠤᠰ ᠬᠥᠮᠦᠨ ᠪᠤᠶᠤ ᠪᠤᠰᠤᠳ ᠬᠥᠮᠦᠨ ᠳᠤ ᠨᠠᠶᠢᠳᠠᠵᠤ ᠲᠥᠯᠥᠪᠦᠷᠢ ᠲᠠᠢ ᠵᠠᠭᠤᠴᠢ ᠶᠢᠨ | ᠠᠵᠢᠯᠯᠠᠭ᠎ᠠ ᠬᠢᠬᠦ︔ | ︵ᠲᠤᠯᠤᠭ᠎ᠠ︶ ᠠᠵᠤ ᠠᠬᠤᠶᠢᠯᠠᠯ ᠠᠴᠠ ᠠᠰᠢᠭ ᠣᠯᠤᠭᠰᠠᠨ ᠪᠤᠰᠤᠳ ᠠᠵᠢᠯᠯᠠᠭ᠎ᠠ ᠨᠤᠭᠤᠳ᠃ | ᠲᠠᠪᠤᠳᠤᠭᠠᠷ ᠵᠤᠷᠪᠤᠰ ᠠᠯᠪᠠᠨ ᠲᠤᠰᠢᠶᠠᠯᠲᠠᠨ ᠵᠢᠯ ᠪᠦᠷᠢ ᠨᠢᠭᠡ ᠤᠳᠠᠭ᠎ᠠ ᠳᠡᠭᠡᠷ᠎ᠡ ᠨᠢᠭᠡ ᠵᠢᠯ ᠤᠨ ᠠᠵᠤ | ᠠᠬᠤᠶᠢᠯᠠᠯ ᠲᠠᠢ ᠬᠤᠯᠪᠣᠭᠳᠠᠭᠰᠠᠨ ᠵᠦᠢᠯᠡᠰ ᠢ ᠲᠥᠪᠯᠡᠷᠡᠭᠦᠯᠦᠨ ᠮᠡᠳᠡᠭᠦᠯᠬᠦ ᠶᠢᠨ ᠬᠠᠮᠲᠤ ᠮᠡᠳᠡᠭᠦᠯᠦᠯᠲᠡ ᠶᠢᠨ | ᠠᠭᠤᠯᠭ᠎ᠠ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠨ᠎ᠠ᠃ | ᠵᠢᠷᠭᠤᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ | ᠡᠯ᠎ᠡ ᠪᠠᠶᠢᠭᠤᠯᠭ᠎ᠠ ᠨᠢᠭᠡᠴᠢ ᠲᠣᠰ ᠰᠠᠯᠠᠭ᠎ᠠ ᠮᠥᠴᠢᠷ ᠲᠣᠰ ᠪᠠᠶᠢᠭᠤᠯᠭ᠎ᠠ ᠨᠢᠭᠡᠴᠢ ᠵᠢᠴᠢ ᠬᠠᠷᠢᠶ᠎ᠠ ᠪᠠᠶᠢᠭᠤᠯᠭ᠎ᠠ | ᠨᠢᠭᠡᠴᠢ ᠶᠢᠨ ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ ᠳᠡᠩᠰᠡᠯᠡᠨ ᠮᠡᠳᠡᠭᠦᠯᠬᠦ | ᠠᠵᠢᠯ ᠢ ᠬᠠᠷᠢᠭᠤᠴᠠᠵᠤ ᠡᠯ᠎ᠡ ᠠᠶᠢᠮᠠᠭ ᠬᠤᠲᠠ ᠨᠢ ᠲᠣᠰ ᠭᠠᠵᠠᠷ ᠣᠷᠣᠨ ᠤ ᠡᠯ᠎ᠡ ᠱᠠᠲᠤᠨ ᠤ ᠠᠯᠪᠠᠨ | ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ ᠳᠡᠩᠰᠡᠯᠡᠨ ᠮᠡᠳᠡᠭᠦᠯᠬᠦ ᠠᠵᠢᠯ ᠢ ᠬᠠᠷᠢᠭᠤᠴᠠᠨ | ᠮᠡᠳᠡᠭᠦᠯᠬᠦ ᠶᠣᠰᠣᠲᠠᠶ ᠶᠢ ᠨᠢ ᠪᠦᠬᠦᠨ ᠢ ᠮᠡᠳᠡᠭᠦᠯᠵᠦ ᠨᠢᠭᠡ ᠬᠦᠮᠦᠨ ᠢ ᠴᠦ ᠣᠷᠬᠢᠭᠳᠠᠭᠤᠯᠬᠤ ᠥᠬᠡᠶ ᠪᠠᠶᠢᠯᠭᠠᠨ᠎ᠠ᠃ | ᠳᠣᠯᠣᠳᠤᠭᠠᠷ ᠵᠤᠷᠪᠤᠰ ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠢ | ᠲᠠᠩᠰᠠᠯᠠᠨ ᠮᠡᠳᠡᠬᠦᠯᠬᠦ ᠵᠢᠴᠢ ᠬᠢᠨᠠᠨ ᠬᠠᠷᠭᠤᠭᠤᠯᠵᠤ ᠰᠢᠢᠳᠪᠦᠷᠢᠯᠡᠬᠦ ᠳᠤ ᠳᠣᠤᠷᠠᠬᠢ ᠮᠡᠲᠦ ᠲᠠᠰ ᠳᠠᠷᠠᠭᠠᠯᠠᠯ ᠢᠶᠠᠷ | ᠶᠠᠪᠤᠭᠳᠠᠭᠤᠯᠤᠨ᠎ᠠ᠄ | ︵ᠨᠢᠭᠡ︶ ᠬᠤᠪᠢ ᠬᠥᠮᠦᠨ ᠮᠡᠳᠡᠭᠦᠯᠬᠦ᠃ ᠠᠯᠪᠠᠨ ᠲᠤᠰᠢᠶᠠᠯᠲᠠᠨ ᠵᠢᠯ ᠪᠦᠷᠢ ᠶᠢᠨ 3 ᠰᠠᠷ᠎ᠠ ᠶᠢᠨ | ᠰᠡᠭᠦᠯᠴᠢ ᠠᠴᠠ ᠡᠮᠦᠨ᠎ᠡ ᠲᠠᠩᠰᠠᠯᠠᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠵᠤ᠂ ᠲᠣᠰ ᠬᠥᠮᠦᠨ ᠤ | ᠳᠡᠭᠡᠷ᠎ᠡ ᠨᠢᠭᠡ ᠵᠢᠯ ᠤᠨ ᠠᠵᠤ ᠠᠬᠤᠶᠢᠯᠠᠯ ᠲᠠᠢ ᠬᠤᠯᠪᠣᠭᠳᠠᠭᠰᠠᠨ ᠵᠦᠢᠯᠡᠰ ᠤᠨ ᠬᠠᠮᠢᠶ᠎ᠠ ᠪᠥᠬᠦᠶ ᠪᠠᠶᠢᠳᠠᠯ ᠢᠶᠠᠨ | ᠮᠡᠳᠡᠭᠦᠯᠦᠨ᠎ᠡ᠃ ᠣᠨ ᠤ ᠲᠥᠪᠯᠡᠷᠡᠭᠦᠯᠦᠨ ᠮᠡᠳᠡᠭᠦᠯᠦᠭᠰᠡᠨ ᠤ ᠳᠠᠷᠠᠭ᠎ᠠ᠂ ᠲᠣᠰ ᠠᠷᠭ᠎ᠠ ᠶᠢᠨ ᠳᠥᠷᠪᠡᠳᠦᠭᠡᠷ ᠵᠤᠷᠪᠤᠰ | ᠲᠤ ᠵᠢᠭᠰᠠᠭᠠᠭᠰᠠᠨ ᠪᠠᠶᠢᠳᠠᠯ ᠰᠢᠨ᠎ᠡ ᠪᠠᠷ ᠡᠬᠦᠰᠦᠭᠰᠡᠨ ᠪᠠᠶᠢᠪᠠᠯ᠂ ᠡᠭᠦᠰᠦᠭᠰᠡᠨ ᠡᠳᠦᠷ ᠠᠴᠠ ᠡᠬᠢᠯᠡᠨ 30 | ᠡᠳᠦᠷ ᠤᠨ ᠳᠣᠲᠣᠷ᠎ᠠ ᠮᠡᠳᠡᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠤᠯᠲᠠ ᠠᠴᠠ ᠬᠦᠯᠢᠶᠡᠨ ᠠᠪᠴᠤ ᠰᠢᠢᠳᠪᠦᠷᠢᠯᠡᠬᠦ᠃ ᠠᠯᠪᠠᠨ ᠲᠤᠰᠢᠶᠠᠯᠲᠠᠨ ᠤ | ᠲᠠᠩᠰᠠᠯᠠᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ | ᠵᠣᠬᠢᠬᠤ ᠵᠣᠬᠢᠶᠠᠨ ᠪᠠᠶᠢᠭᠤᠯᠤᠯᠲᠠ ︵ᠠᠵᠢᠯᠲᠠᠨ ᠤ ᠶᠠᠪᠤᠳᠠᠯ︶ ᠶᠢᠨ ᠰᠠᠯᠠᠭ᠎ᠠ ᠮᠥᠴᠢᠷ ᠬᠠᠷᠢᠭᠤᠴᠠᠨ ᠭᠥᠯᠢᠶᠡᠨ | ᠠᠪᠴᠤ ᠰᠢᠢᠳᠪᠦᠷᠢᠯᠡᠨ᠎ᠡ᠃ ᠲᠤᠰ ᠪᠠᠶᠢᠭᠤᠯᠭ᠎ᠠ ᠶᠢᠨ ᠬᠠᠮᠢᠶᠠᠷᠤᠯᠲᠠ ᠳᠤ ᠬᠠᠷᠢᠶᠠᠯᠠᠭᠳᠠᠬᠤ ᠠᠯᠪᠠᠨ ᠲᠤᠰᠢᠶᠠᠯᠲᠠᠨ ᠤ | ᠮᠡᠳᠡᠭᠦᠯᠦᠯᠲᠡ ᠶᠢᠨ ᠬᠦᠰᠦᠨᠦᠭᠲᠦ ᠶᠢ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠢ ᠶᠢᠨ ᠬᠤᠪᠢᠶᠠᠷᠢᠯᠠᠨ ᠬᠠᠮᠢᠶᠠᠷᠬᠤ | ᠤᠳᠤᠷᠢᠳᠤᠯᠭ᠎ᠠ ᠠᠴᠠ ᠭᠠᠷ ᠤᠨ ᠦᠰᠦᠭ ᠵᠢᠷᠤᠭᠰᠠᠨ ᠤ ᠳᠠᠷᠠᠭ᠎ᠠ ᠲᠤᠰ ᠪᠠᠶᠢᠭᠤᠯᠭ᠎ᠠ ᠨᠢᠭᠡᠴᠢ ᠶᠢᠨ ᠢᠶᠠᠨ ᠵᠣᠬᠢᠶᠠᠨ | ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠲᠤ ᠮᠡᠳᠡᠬᠦᠯᠦᠨ᠎ᠡ︔ ᠳᠡᠭᠡᠷ᠎ᠡ ᠨᠢᠭᠡ ᠱᠠᠲᠤᠨ ᠤ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠠᠮᠢᠶᠠᠷᠤᠯᠲᠠ ᠳᠤ ᠬᠠᠷᠢᠶᠠᠯᠠᠭᠳᠠᠬᠤ ᠠᠯᠪᠠᠨ | ᠲᠤᠰᠢᠶᠠᠯᠲᠠᠨ ᠢ ᠪᠣᠯ ᠳᠡᠭᠡᠷ᠎ᠡ ᠨᠢᠭᠡ ᠱᠠᠲᠤᠨ ᠳᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠵᠣᠬᠢᠶᠠᠨ ᠪᠠᠶᠢᠭᠤᠯᠬᠤ ︵ᠠᠵᠢᠯᠳᠠᠨ ᠤ ᠶᠠᠪᠤᠳᠠᠯ︶ ᠰᠠᠯᠠᠭ᠎ᠠ ᠮᠥᠴᠢᠷ ᠲᠤ ᠮᠡᠳᠡᠬᠦᠯᠵᠤ᠂ ᠲᠠᠩᠰᠠᠯᠠᠯᠲᠠ ᠶᠢᠨ | ᠮᠡᠳᠡᠭᠦᠯᠦᠯᠲᠡ ᠶᠢᠨ ᠬᠦᠰᠦᠨᠦᠭᠲᠦ ᠶᠢ ᠪᠠᠶᠢᠭ᠎ᠠ ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠭᠠᠷ ᠤᠨ | ᠦᠰᠦᠭ ᠵᠢᠷᠤᠭᠰᠠᠨ ᠤ ᠳᠠᠷᠠᠭ᠎ᠠ᠂ ᠪᠠᠶᠢᠭ᠎ᠠ ᠪᠠᠶᠢᠭᠤᠯᠭ᠎ᠠ ᠨᠢᠭᠡᠴᠢ ᠶᠢᠨ ᠵᠣᠬᠢᠶᠠᠨ ᠪᠠᠶᠢᠭᠤᠯᠬᠤ ︵ᠠᠵᠢᠯᠲᠠᠨ ᠤ | ᠶᠠᠪᠤᠳᠠᠯ︶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠨ᠎ᠠ᠃ | ︵ᠭᠤᠷᠪᠠ︶ ᠢᠯᠭᠠᠨ ᠲᠤᠳᠤᠯᠠᠵᠤ ᠰᠤᠳᠤᠯᠤᠨ ᠮᠠᠭᠠᠳᠯᠠᠬᠤ᠃ ᠵᠣᠬᠢᠶᠠᠨ ᠪᠠᠶᠢᠭᠤᠯᠬᠤ ︵ᠠᠵᠢᠯᠲᠠᠨ ᠤ | ᠶᠠᠪᠤᠳᠠᠯ︶ ᠰᠠᠯᠠᠭ᠎ᠠ ᠮᠥᠴᠢᠷ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ ᠠᠵᠤ ᠠᠬᠤᠶᠢᠯᠠᠯ ᠳᠤ | ᠬᠤᠯᠪᠣᠭᠳᠠᠬᠤ ᠵᠦᠢᠯᠡᠰ ᠤᠷᠤᠰᠢᠵᠤ ᠪᠠᠶᠢᠭ᠎ᠠ ᠠᠯᠪᠠᠨ ᠲᠤᠰᠢᠶᠠᠯᠲᠠᠨ ᠲᠠᠢ ᠨᠢᠭᠡᠳ ᠨᠢᠭᠡ ᠪᠠᠷ ᠶᠠᠷᠢᠯᠴᠠᠵᠤ᠂ ᠠᠯᠪᠠᠨ | ᠲᠤᠰᠢᠶᠠᠯᠲᠠᠨ ᠤ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠴᠤ ᠠᠵᠤ ᠠᠬᠤᠶᠢᠯᠠᠯ ᠳᠤ ᠬᠤᠯᠪᠤᠭᠳᠠᠬᠤ | ᠵᠦᠢᠯᠡᠰ ᠤᠨ ᠬᠤᠯᠪᠣᠭᠳᠠᠯ ᠪᠥᠬᠦᠶ ᠬᠢᠨᠠᠨ ᠵᠥᠪᠰᠢᠶᠡᠷᠡᠵᠦ ᠳᠠᠩᠰᠠᠯᠠᠭᠤᠯᠬᠤ᠂ ᠤᠷᠢᠵᠤ ᠬᠡᠷᠡᠭᠯᠡᠬᠦ ᠭᠡᠷ᠎ᠡ ᠵᠡᠷᠭᠡ ᠶᠢ | ᠬᠢᠨᠠᠨ ᠬᠠᠷᠭᠤᠭᠤᠯᠵᠤ ᠬᠠᠮᠢᠶ᠎ᠠ ᠪᠥᠬᠦᠶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠦᠨᠳᠦᠰᠦᠯᠡᠨ ᠠᠯᠪᠠᠨ | ᠲᠤᠰᠢᠶᠠᠯᠲᠠᠨ ᠤ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠤᠨ ᠪᠣᠳᠠᠲᠠᠶ ᠪᠠᠶᠢᠳᠠᠯ ᠢ ᠢᠯᠭᠠᠨ ᠳᠣᠲᠣᠯᠠᠵᠤ | ᠰᠤᠳᠤᠯᠤᠨ ᠮᠠᠭᠠᠳᠯᠠᠵᠤ ᠠᠩᠬ᠎ᠠ ᠠᠯᠬᠤᠮ ᠤᠨ ᠰᠤᠳᠤᠯᠤᠨ ᠮᠠᠭᠠᠳᠯᠠᠭᠰᠠᠨ ᠰᠠᠨᠠᠭᠤᠯᠭ᠎ᠠ ᠪᠠᠨ ᠲᠤᠷᠠᠳᠴᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ ᠮᠡᠳᠡᠭᠦᠯᠦᠨ ᠰᠤᠳᠤᠯᠵᠤ ᠲᠤᠭᠲᠠᠭᠠᠯᠭᠠᠨ᠎ᠠ᠃ | ︵ᠲᠦᠷᠪᠡ︶ ᠮᠠᠭᠠᠳᠯᠠᠨ ᠲᠣᠭᠲᠠᠭᠠᠵᠤ ᠰᠢᠢᠳᠪᠦᠷᠢᠯᠡᠬᠦ᠃ ᠮᠠᠭᠠᠳᠯᠠᠨ ᠲᠤᠭᠲᠠᠭᠠᠬᠤ ᠪᠠᠷ ᠲᠠᠮᠵᠢᠭᠠᠳ᠂ | ᠤᠯᠤᠰ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠪᠣᠯᠪᠠᠴᠤ ᠬᠢᠨᠠᠨ ᠵᠦᠪᠰᠢᠶᠡᠷᠡᠬᠦᠯᠵᠤ ᠲᠠᠩᠰᠠᠯᠠᠭᠤᠯᠬᠤ | ᠶᠠᠪᠤᠴᠠ ᠶᠢ ᠭᠦᠢᠴᠡᠳᠬᠡᠭᠰᠡᠨ ᠦᠭᠡᠶ ᠠᠵᠤ ᠠᠬᠤᠶᠢᠯᠠᠯ ᠳᠤ ᠬᠤᠯᠪᠤᠭᠳᠠᠬᠤ ᠵᠦᠢᠯᠡᠰ ᠢ ᠵᠣᠬᠢᠶᠠᠨ ᠪᠠᠶᠢᠭᠤᠯᠬᠤ ︵ | ᠠᠵᠢᠯᠳᠠᠨ ᠤ ᠶᠠᠪᠤᠳᠠᠯ︶ ᠰᠠᠯᠠᠭ᠎ᠠ ᠮᠥᠴᠢᠷ ᠠᠴᠠ ᠲᠤᠰ ᠠᠯᠪᠠᠨ ᠲᠤᠰᠢᠶᠠᠯᠲᠠᠨ ᠢ 3 ᠰᠠᠷ᠎ᠠ ᠶᠢᠨ ᠳᠣᠲᠣᠷ᠎ᠠ ᠭᠠᠷ | ᠭᠦᠢᠴᠡᠳᠬᠡᠯ ᠢᠶᠠᠨ ᠨᠥᠬᠦᠵᠦ ᠬᠢᠬᠦ ᠶᠢ ᠱᠠᠭᠠᠷᠳᠠᠨ᠎ᠠ᠂ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ | ᠲᠤᠰ ᠠᠯᠪᠠᠨ ᠲᠤᠰᠢᠶᠠᠯᠲᠠᠨ ᠢ ᠱᠠᠭᠠᠷᠳᠠᠨ ᠴᠠᠭ ᠲᠤᠬᠠᠢ ᠳᠤ ᠨᠢ ᠬᠠᠯᠠᠨ ᠵᠠᠯᠠᠷᠠᠭᠤᠯᠤᠨ᠎ᠠ᠃ ᠰᠠᠬᠢᠯᠭ᠎ᠠ ᠪᠠᠲᠤ ᠶᠢ | ᠵᠦᠷᠢᠴᠡᠭᠰᠡᠨ ᠤᠴᠢᠷ ᠲᠤ ᠬᠤᠯᠪᠤᠭᠳᠠᠪᠠᠯ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠰᠢᠯᠵᠢᠬᠦᠯᠦᠨ ᠦᠭᠴᠦ | ᠰᠢᠳᠪᠦᠷᠢᠯᠡᠬᠦᠯᠦᠨᠡ᠃ | ᠨᠠᠢᠮᠠᠳᠤᠭᠠᠷ ᠵᠤᠷᠪᠤᠰ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠤᠳ | ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ ᠲᠣᠰ ᠪᠠᠶᠢᠭᠤᠯᠭ᠎ᠠ᠂ ᠲᠣᠰ ᠨᠢᠭᠡᠴᠢ ᠶᠢᠨ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠬᠤᠯᠪᠣᠭᠳᠠᠯ ᠪᠥᠬᠦᠶ ᠠᠯᠪᠠᠨ ᠲᠤᠰᠢᠶᠠᠯᠲᠠᠨ ᠤ ᠠᠵᠤ ᠠᠬᠤᠶᠢᠯᠠᠯ ᠳᠤ | ᠬᠤᠯᠪᠣᠭᠳᠠᠬᠤ ᠵᠦᠢᠯᠡᠰ ᠤᠨ ᠳᠡᠩᠰᠡᠯᠡᠯᠲᠡ ᠶᠢᠨ ᠮᠡᠳᠡᠭᠦᠯᠦᠯᠲᠡ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ ᠪᠣᠯᠤᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ | ᠶᠣᠰᠣᠭᠠᠷ ᠲᠣᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠬᠤᠯᠪᠣᠭᠳᠠᠯ ᠪᠥᠬᠦᠶ ᠠᠯᠪᠠᠨ | ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠤᠨ ᠳᠡᠩᠰᠡᠯᠡᠯᠲᠡ ᠶᠢᠨ ᠮᠡᠳᠡᠭᠦᠯᠦᠯᠲᠡ ᠶᠢᠨ | ᠮᠠᠲ᠋ᠧᠷᠢᠶᠠᠯ ᠢ ᠪᠠᠶᠢᠴᠠᠭᠠᠨ ᠦᠵᠡᠵᠦ ᠪᠣᠯᠤᠨ᠎ᠠ᠃ | ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠲᠣᠭᠤᠷᠢᠨ ᠪᠠᠶᠢᠴᠠᠭᠠᠬᠤ ᠠᠵᠢᠯ ᠤᠨ ᠬᠤᠭᠤᠴᠠᠭᠠᠨ ᠳᠤ | ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ | ᠬᠤᠯᠪᠣᠭᠳᠠᠯ ᠪᠥᠬᠦᠶ ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠤᠨ | ᠳᠡᠩᠰᠡᠯᠡᠯᠲᠡ ᠶᠢᠨ ᠮᠡᠳᠡᠭᠦᠯᠦᠯᠲᠡ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ ᠪᠣᠯᠤᠨ᠎ᠠ᠃ | ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠭ᠎ᠠ ᠨᠢ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ | ᠠᠵᠢᠯ ᠤᠨ ᠬᠤᠭᠤᠴᠠᠭᠠᠨ ᠳᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠤᠷᠢᠨ ᠪᠠᠶᠢᠴᠠᠭᠠᠬᠤ ᠴᠠᠭᠳᠠᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ | ᠬᠤᠯᠪᠣᠭᠳᠠᠯ ᠪᠥᠬᠦᠶ ᠠᠯᠪᠠᠨ ᠲᠤᠰᠢᠶᠠᠯᠲᠠᠨ ᠤ ᠠᠵᠤ ᠠᠬᠤᠶᠢᠯᠠᠯ ᠲᠠᠢ ᠬᠤᠯᠪᠣᠭᠳᠠᠬᠤ ᠵᠦᠢᠯᠡᠰ ᠤᠨ | ᠳᠡᠩᠰᠡᠯᠡᠯᠲᠡ ᠶᠢᠨ ᠮᠡᠳᠡᠭᠦᠯᠦᠯᠲᠡ ᠶᠢᠨ ᠮᠠᠲ᠋ᠧᠷᠢᠶᠠᠯ ᠢ ᠪᠠᠶᠢᠴᠠᠭᠠᠨ ᠦᠵᠡᠵᠦ ᠪᠣᠯᠤᠨ᠎ᠠ᠃ | ᠶᠢᠰᠦᠳᠦᠭᠡᠷ ᠵᠤᠷᠪᠤᠰ ᠠᠯᠪᠠᠨ ᠲᠤᠰᠢᠶᠠᠯᠲᠠᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠬᠠᠨᠢ ᠨᠦᠬᠦᠷ | ᠂ ᠦᠷ᠎ᠡ ᠬᠡᠦᠬᠡᠳ ᠵᠢᠴᠢ ᠲᠡᠭᠦᠨ ᠤ ᠬᠠᠨᠢ ᠨᠦᠬᠦᠷ ᠤᠨ ᠠᠷᠠᠯᠵᠢᠶ᠎ᠠ ᠮᠠᠶᠢᠮᠠᠢ ᠬᠢᠵᠦ ᠠᠵᠤ ᠠᠬᠤᠶᠢᠯᠠᠯ ᠡᠷᠬᠢᠯᠡᠭᠰᠡᠨ | ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠰᠢᠶᠠᠨ ᠭᠠᠵᠠᠷ ᠤᠨ ᠲᠠᠰ ᠤᠨ ᠳᠡᠳ᠋ ᠲᠤᠰᠢᠶᠠᠯ ᠠᠴᠠ ᠳᠡᠭᠡᠭᠰᠢᠬᠢ ᠺᠠᠳ᠋ᠷ ︵ | ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠠᠴᠠ ᠳᠡᠭᠡᠭᠰᠢᠬᠢ ᠲᠤᠰᠢᠶᠠᠯ ᠲᠠᠢ ᠺᠠᠳ᠋ᠷ ᠪᠠᠭᠲᠠᠨ᠎ᠠ︶᠂ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠤᠳᠤᠷᠢᠳᠬᠤ ᠪᠠᠭ ᠤᠨ ᠪᠦᠷᠢᠯᠳᠦᠬᠦᠨ ᠨᠠᠷ ᠤᠳᠤᠷᠢᠳᠤᠯᠭ᠎ᠠ ᠺᠠᠳ᠋ᠷ ᠬᠤᠪᠢ ᠬᠥᠮᠦᠨ ᠤ ᠬᠤᠯᠪᠣᠭᠳᠠᠯ | ᠪᠥᠬᠦᠶ ᠤᠴᠢᠷ ᠶᠠᠪᠤᠳᠠᠯ ᠢᠶᠠᠨ ᠮᠡᠳᠡᠬᠦᠯᠬᠦ ᠲᠣᠭᠲᠠᠭᠠᠯ ᠶᠣᠰᠣᠭᠠᠷ ᠬᠤᠪᠢ ᠬᠥᠮᠦᠨ ᠤ ᠬᠤᠯᠪᠣᠭᠳᠠᠯ ᠪᠥᠬᠦᠶ ᠤᠴᠢᠷ | ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠳᠤ ᠬᠠᠨᠢ ᠨᠦᠬᠦᠷ᠂ ᠦᠷ᠎ᠡ ᠬᠡᠤᠬᠡᠳ ᠵᠢᠴᠢ ᠲᠡᠭᠦᠨ ᠤ ᠬᠠᠨᠢ | ᠨᠦᠬᠦᠷ ᠤᠨ ᠠᠷᠠᠯᠵᠢᠶ᠎ᠠ ᠮᠠᠶᠢᠮᠠᠢ ᠬᠢᠵᠦ ᠠᠵᠤ ᠠᠬᠤᠶᠢᠯᠠᠯ ᠡᠷᠭᠢᠯᠡᠭᠰᠡᠨ ᠪᠠᠶᠢᠳᠠᠯ ᠢ ᠲᠠᠭᠯᠠᠨ ᠪᠢᠴᠢᠨ᠎ᠡ︔ ᠪᠤᠰᠤᠳ | ᠠᠯᠪᠠᠨ ᠲᠤᠰᠢᠶᠠᠯᠲᠠᠨ ᠤ ᠳᠣᠲᠣᠷᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠵᠢᠯ ᠪᠦᠷᠢ | ᠠᠷᠠᠳᠴᠢᠯᠠᠭᠰᠠᠨ ᠠᠮᠢᠳᠤᠷᠠᠯ ᠤᠨ ᠬᠤᠷᠠᠯ ᠪᠤᠶᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠡᠭᠡᠷ᠎ᠡ | ᠬᠠᠨᠢ ᠨᠦᠬᠦᠷ᠂ ᠦᠷ᠎ᠡ ᠬᠡᠦᠬᠡᠳ ᠵᠢᠴᠢ ᠲᠡᠭᠦᠨ ᠤ ᠬᠠᠨᠢ ᠨᠦᠬᠦᠷ ᠤᠨ ᠠᠷᠠᠯᠵᠢᠶ᠎ᠠ ᠮᠠᠶᠢᠮᠠᠶ ᠬᠢᠵᠦ ᠠᠵᠤ ᠠᠬᠤᠶᠢᠯᠠᠯ | ᠡᠷᠬᠢᠯᠡᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠬᠦ ᠬᠡᠷᠡᠭᠲᠡᠶ︔ ᠪᠤᠰᠤᠳ ᠠᠯᠪᠠᠨ | ᠲᠤᠰᠢᠶᠠᠯᠲᠠᠨ ᠤ ᠳᠣᠲᠣᠷᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠤᠰᠤ ᠭᠡᠰᠢᠭᠦᠨ ᠤ ᠬᠠᠨᠢ | ᠨᠦᠬᠦᠷ᠂ ᠦᠷ᠎ᠡ ᠬᠡᠤᠬᠡᠳ ᠵᠢᠴᠢ ᠲᠡᠭᠦᠨ ᠤ ᠬᠠᠨᠢ ᠨᠦᠬᠦᠷ ᠨᠢ ᠲᠣᠰ ᠠᠷᠭ᠎ᠠ ᠶᠢᠨ ᠳᠥᠷᠪᠡᠳᠦᠭᠡᠷ ᠵᠦᠢᠯ ᠳᠤ | ᠵᠢᠭᠰᠠᠭᠠᠭᠰᠠᠨ ᠪᠠᠶᠢᠳᠠᠯ ᠲᠠᠢ ᠪᠤᠯᠪᠠᠯ 30 ᠡᠳᠦᠷ ᠤᠨ ᠳᠣᠲᠣᠷ᠎ᠠ ᠪᠠᠶᠢᠭ᠎ᠠ ᠪᠠᠶᠢᠭᠤᠯᠭ᠎ᠠ ᠨᠢᠭᠡᠴᠢ ᠶᠢᠨ ᠢᠶᠠᠨ | ᠵᠣᠬᠢᠶᠠᠨ ᠪᠠᠶᠢᠭᠤᠯᠤᠯᠲᠠ ︵ᠠᠵᠢᠯᠲᠠᠨ ᠤ ᠶᠠᠪᠤᠳᠠᠯ︶ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠶ | ᠃ | ᠠᠷᠪᠠᠳᠤᠭᠠᠷ ᠵᠤᠷᠪᠤᠰ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠭᠠᠵᠠᠷ ᠣᠷᠣᠨ ᠲᠤᠰ ᠰᠠᠯᠠᠭ᠎ᠠ | ᠮᠥᠴᠢᠷ ᠲᠤᠰ ᠨᠢᠭᠡᠴᠢ ᠶᠢᠨ ᠢᠶᠠᠨ ᠠᠯᠪᠠᠨ ᠲᠤᠰᠢᠶᠠᠯᠲᠠᠨ ᠳᠤ ᠬᠢᠬᠦ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠪᠠᠨ | ᠴᠢᠩᠭᠠᠳᠬᠠᠵᠤ ᠠᠯᠪᠠᠨ ᠲᠤᠰᠢᠶᠠᠯᠲᠠᠨ ᠢ ᠱᠠᠭᠠᠷᠳᠠᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠭᠦᠨ ᠤ ᠬᠠᠨᠢ | ᠨᠦᠬᠦᠷ ᠤᠨ ᠠᠷᠠᠯᠵᠢᠶ᠎ᠠ ᠮᠠᠶᠢᠮᠠᠢ ᠬᠢᠵᠦ ᠠᠵᠤ ᠠᠬᠤᠶᠢᠯᠠᠯ ᠡᠷᠬᠢᠯᠡᠬᠦ ᠦᠢᠯᠡ ᠠᠵᠢᠯᠯᠠᠭ᠎ᠠ ᠶᠢ ᠴᠢᠩᠭ᠎ᠠ | ᠵᠢᠷᠤᠮᠵᠢᠭᠤᠯᠬᠤ ᠬᠡᠷᠡᠭᠲᠡᠢ᠃ | ᠠᠷᠪᠠᠨ ᠨᠢᠭᠡᠳᠤᠭᠡᠷ ᠵᠤᠷᠪᠤᠰ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ᠂ | ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ | ᠪᠠ ᠬᠢᠨᠠᠨ ᠪᠤᠳᠤᠬᠤ ᠪᠠᠶᠢᠭᠤᠯᠭ᠎ᠠ ᠨᠤᠭᠤᠳ ᠺᠠᠳ᠋ᠷ ᠢ ᠬᠢᠨᠠᠨ ᠪᠠᠶᠢᠴᠠᠭᠠᠵᠤ ᠬᠢᠨᠠᠨ ᠰᠢᠯᠭᠠᠬᠤ᠂ ᠣᠳᠣᠷᠢᠳᠬᠤ ᠺᠠᠳ᠋ᠷ | ᠬᠤᠪᠢ ᠬᠥᠮᠦᠨ ᠤ ᠬᠠᠮᠢᠶ᠎ᠠ ᠪᠦᠬᠦᠢ ᠤᠴᠢᠷ ᠶᠠᠪᠤᠳᠠᠯ ᠤᠨ ᠮᠡᠳᠡᠭᠦᠯᠦᠯᠲᠡ ᠶᠢ ᠪᠠᠶᠢᠴᠠᠭᠠᠨ ᠬᠠᠷᠭᠤᠭᠤᠯᠬᠤ᠂ ᠬᠡᠷᠡᠭ ᠢ | ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠠᠵᠢᠯ ᠪᠤᠶᠤ ᠺᠠᠳ᠋ᠷ ᠤᠨ | ᠡᠳᠦᠷ ᠲᠤᠲᠤᠮ ᠤᠨ ᠬᠠᠮᠢᠶᠠᠷᠤᠯᠲᠠ ᠬᠢᠨᠠᠯᠲᠠ ᠶᠢᠨ ᠳᠤᠮᠳᠠ ᠠᠯᠪᠠᠨ ᠲᠤᠰᠢᠶᠠᠯᠲᠠᠨ ᠠᠵᠤ ᠠᠬᠤᠶᠢᠯᠠᠯ ᠲᠠᠢ | ᠬᠤᠯᠪᠣᠭᠳᠠᠬᠤ ᠤᠴᠢᠷ ᠶᠠᠪᠤᠳᠠᠯ ᠢᠶᠠᠨ ᠦᠨᠡᠨ ᠢᠶᠠᠷ ᠨᠢ ᠮᠡᠳᠡᠭᠦᠯᠦᠭᠰᠡᠨ ᠦᠭᠡᠢ ᠪᠠᠶᠢᠬᠤ ᠶᠢ ᠣᠯᠵᠤ ᠮᠡᠳᠡᠪᠡᠯ | ᠰᠢᠭᠦᠮᠵᠢᠯᠡᠨ ᠰᠤᠷᠭᠠᠵᠦ ᠵᠠᠷᠯᠢᠭᠳᠠᠨ ᠪᠢᠴᠢᠭ ᠢᠶᠠᠷ ᠪᠠᠶᠢᠴᠠᠭᠠᠯᠳᠠ ᠬᠢᠯᠬᠡᠬᠦ᠂ ᠰᠡᠷᠡᠮᠵᠢᠯᠡᠬᠦᠯᠦᠨ ᠢᠳᠬᠠᠬᠤ ᠵᠡᠷᠭᠡ | ᠠᠷᠭ᠎ᠠ ᠪᠠᠷ ᠰᠢᠢᠳᠪᠤᠷᠢᠯᠡᠨ᠎ᠡ︔ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠪᠠᠯ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠰᠢᠢᠳᠪᠤᠷᠢᠯᠡᠨ᠎ᠡ᠃ | ᠠᠷᠪᠠᠨ ᠬᠤᠶᠠᠳᠤᠭᠠᠷ ᠵᠤᠷᠪᠤᠰ ᠲᠣᠰ ᠠᠷᠭ᠎ᠠ ᠶᠢᠨ ᠶᠣᠰᠣᠭᠠᠷ ᠠᠯᠪᠠᠨ ᠲᠤᠰᠢᠶᠠᠯᠲᠠᠨ ᠢ ᠵᠣᠬᠢᠶᠠᠨ | ᠪᠠᠶᠢᠭᠤᠯᠤᠨ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠤᠨ ᠳᠡᠩᠰᠡᠯᠡᠯᠲᠡ ᠶᠢᠨ ᠮᠡᠳᠡᠭᠦᠯᠦᠯᠲᠡ ᠬᠢᠯᠭᠡᠭᠰᠡᠨ | ᠥᠬᠡᠶ ᠪᠤᠶᠤ ᠵᠣᠬᠢᠶᠠᠨ ᠪᠠᠶᠢᠭᠤᠯᠤᠯᠲᠠ ᠶᠢ ᠭᠥᠯᠢᠶᠡᠨ ᠠᠪᠴᠤ ᠰᠢᠢᠳᠪᠤᠷᠢᠯᠡᠬᠦ᠂ ᠬᠢᠨᠠᠨ ᠳᠣᠲᠣᠯᠠᠵᠤ ᠰᠤᠳᠤᠯᠤᠨ | ᠮᠠᠭᠠᠳᠯᠠᠬᠤ᠂ ᠮᠠᠭᠠᠳᠯᠠᠨ ᠲᠣᠭᠲᠠᠭᠠᠵᠤ ᠰᠢᠢᠳᠪᠤᠷᠢᠯᠡᠬᠦ ᠵᠡᠷᠭᠡ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠬᠦᠢᠴᠡᠳᠭᠡᠭᠰᠡᠨ ᠥᠬᠡᠶ ᠭᠠᠵᠠᠷ ᠣᠷᠣᠨ ᠪᠠ ᠰᠠᠯᠠᠭ᠎ᠠ ᠮᠥᠴᠢᠷ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠵᠣᠬᠢᠶᠠᠨ ᠪᠠᠶᠢᠭᠤᠯᠤᠯᠳᠠ ︵ᠠᠵᠢᠯᠲᠠᠨ ᠤ ᠶᠠᠪᠤᠳᠠᠯ | ︶ ᠶᠢᠨ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠠᠷᠪᠠᠨ ᠭᠤᠷᠪᠠᠳᠤᠭᠠᠷ ᠵᠤᠷᠪᠤᠰ ᠵᠣᠬᠢᠶᠠᠨ ᠪᠠᠶᠢᠭᠤᠯᠤᠯᠳᠠ ︵ᠠᠵᠢᠯᠳᠠᠨ ᠤ ᠶᠠᠪᠤᠳᠠᠯ︶ ᠶᠢᠨ ᠰᠠᠯᠠᠭ᠎ᠠ | ᠮᠥᠴᠢᠷ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠲᠤᠰ ᠠᠷᠭ᠎ᠠ ᠶᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ | ᠳ᠋ᠦᠩ ᠢᠶᠠᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ ᠴᠠᠭ ᠲᠤᠬᠠᠶ ᠳᠤᠨᠢ ᠬᠠᠷᠢᠭᠤ | ᠮᠡᠳᠡᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠤᠷᠪᠤᠰ ᠲᠣᠰ ᠠᠷᠭ᠎ᠠ ᠶᠢᠨ ᠲᠠᠶᠢᠯᠪᠤᠷᠢᠯᠠᠯᠲᠠ ᠶᠢ ᠬᠦᠢᠴᠡᠳᠭᠡᠭᠦ ᠠᠵᠢᠯ ᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠬᠠᠷᠢᠭᠤᠴᠠᠨ᠎ᠠ᠃ | ᠠᠷᠪᠠᠨ ᠲᠠᠪᠤᠳᠤᠭᠠᠷ ᠵᠤᠷᠪᠤᠰ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | | | | | | |