ᠤᠶᠢᠷ᠎ᠠ ᠶᠢᠨ ᠡᠳᠦᠷ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ︽ᠨᠠᠮ ᠤᠨ ᠲᠡᠦᠬᠡ ᠶᠢ ᠰᠤᠷᠤᠯᠴᠠᠵᠤ ᠠᠷᠠᠳ ᠲᠤ ᠪᠤᠳᠠᠳᠤ | ᠶᠠᠪᠤᠳᠠᠯ ᠬᠢᠬᠦ︾ ᠦᠢᠯᠡᠳᠦᠯᠭᠡᠵᠢᠬᠦᠯᠭᠡ ᠶᠢᠨ ᠠᠵᠢᠯᠯᠠᠭ᠎ᠠ ᠦᠷᠨᠢᠬᠦᠯᠵᠤ 20 ᠭᠠᠷᠤᠢ ᠡᠮᠴᠢ ᠠᠵᠢᠯᠲᠠᠨ ᠢᠶᠠᠨ ᠵᠤᠭᠢᠶᠠᠨ ᠪᠠᠶᠢᠭᠤᠯᠵᠤ ᠦᠦᠰᠢᠨᠵᠤᠤ | ᠪᠠᠯᠭᠠᠰᠤᠨ ᠤ ᠪᠦᠷᠢᠳᠤ ᠭᠠᠴᠠᠭᠠᠨ ᠳᠤ ᠬᠦᠷᠴᠤ ᠰᠦᠢᠳᠭᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠳᠠ ᠬᠢᠭᠰᠡᠨ ᠪᠠᠶᠢᠨ᠎ᠠ᠃ | ᠲᠤᠰ ᠤᠳᠠᠭᠠᠨ ᠤ ᠪᠡᠶ᠎ᠡ ᠶᠢᠨ ᠪᠠᠶᠢᠴᠠᠭᠠᠯᠳᠠ ᠳᠤ ᠪᠡᠶ᠎ᠡ ᠶᠢᠨ ᠥᠨᠳᠥᠷ᠂ ᠪᠡᠶ᠎ᠡ ᠶᠢᠨ ᠬᠦᠨᠳᠦ᠂ ᠴᠢᠰᠤᠨ ᠤ ᠳᠠᠷᠤᠯᠲᠠ᠂ ᠰᠢᠭᠡᠰᠤ᠂ ᠵᠢᠷᠦᠬᠡᠨ ᠤ | ᠯᠤᠭᠰᠢᠯᠳᠠ ᠵᠡᠷᠭᠡ 18 ᠵᠦᠢᠯ ᠤᠨ ᠪᠠᠶᠢᠴᠠᠭᠠᠯᠳᠠ ᠶᠢ ᠪᠠᠭᠲᠠᠭᠠᠵᠤ᠂ ᠪᠠᠶᠢᠴᠠᠭᠠᠯᠲᠠ ᠶᠢᠨ ᠠᠵᠢᠯᠯᠠᠭ᠎ᠠ ᠨᠢ ᠲᠦᠷᠪᠡᠨ ᠡᠳᠦᠷ ᠤᠨ ᠬᠤᠭᠤᠴᠠᠭ᠎ᠠ ᠲᠠᠢ | ᠶᠠᠪᠤᠭᠳᠠᠨ ᠮᠠᠯᠴᠢᠳ ᠤᠨ ᠡᠪᠡᠳᠴᠢᠨ ᠢᠶᠠᠨ ᠡᠷᠲᠡ ᠢᠯᠡᠷᠡᠭᠦᠯᠦᠨ ᠡᠷᠲᠡ ᠡᠮᠨᠡᠨ ᠵᠠᠰᠠᠬᠤ ᠳᠤ ᠨᠢ ᠲᠠᠮᠵᠢᠯᠭᠡ ᠪᠤᠯᠵᠤ ᠲᠡᠳᠡᠨ ᠤ ᠠᠮᠢᠳᠤᠷᠠᠯ ᠤᠨ ᠳᠠᠷᠤᠭᠠᠰᠤ ᠶᠢ | ᠬᠦᠩᠭᠡᠯᠡᠨ ᠥᠷᠭᠡᠨ ᠣᠯᠠᠨ ᠮᠠᠯᠴᠢᠨ ᠲᠠᠷᠢᠶᠠᠴᠢᠨ ᠳᠤ ᠡᠷᠡᠭᠦᠯ ᠮᠡᠨᠳᠦ ᠶᠢᠨ ᠪᠠᠲᠤᠯᠠᠭ᠎ᠠ ᠬᠠᠩᠭᠠᠵᠤ ᠠᠷᠠᠳ ᠲᠤ ᠠᠰᠢᠭ ᠬᠦᠷᠲᠡᠭᠡᠬᠦ ᠶᠠᠪᠤᠳᠠᠯ ᠢ | ᠨᠠᠶᠢᠳᠠᠪᠤᠷᠢᠵᠢᠭᠤᠯᠤᠨ ᠮᠠᠯᠴᠢᠨ ᠲᠠᠷᠢᠶᠠᠴᠢᠨ ᠤ ᠰᠡᠳᠬᠢᠯ ᠢ ᠳᠤᠯᠠᠭᠠᠴᠠᠭᠤᠯᠤᠭᠰᠠᠨ ᠪᠠᠶᠢᠨ᠎ᠠ᠃ | ᠠᠵᠢᠯᠯᠠᠭ᠎ᠠ ᠶᠢᠨ ᠳᠠᠷᠠᠭ᠎ᠠ᠂ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠨᠢ ᠭᠠᠴᠠᠭ᠎ᠠ ᠲᠠᠢ ᠬᠠᠮᠳᠤᠷᠠᠯᠴᠠᠨ ᠭᠠᠴᠠᠭᠠᠨ ᠤ ᠠᠷᠠᠳ ᠲᠤ ᠨᠢᠭᠡ | ᠲᠠᠰᠤᠯᠭ᠎ᠠ ︽ᠡᠷᠡᠭᠦᠯ ᠮᠡᠨᠳᠦ ᠶᠢᠨ ᠵᠢᠵᠢᠭ ᠪᠠᠶᠢᠰᠢᠩ︾ ᠭᠠᠷᠭᠠᠵᠤ ᠦᠪᠡᠷᠳᠡᠭᠡᠨ ᠪᠡᠶ᠎ᠡ ᠪᠠᠶᠢᠴᠠᠭᠠᠬᠤ ᠮᠠᠰᠢᠨ᠂ ᠣᠯᠠᠨ ᠴᠢᠳᠠᠮᠵᠢᠲᠤ ᠪᠡᠶ᠎ᠡ ᠴᠢᠭᠢᠷᠠᠭᠵᠢᠭᠤᠯᠬᠤ | ᠪᠠᠭᠠᠵᠢ ᠵᠡᠷᠭᠡ ᠲᠥᠬᠦᠭᠡᠷᠦᠮᠵᠢ ᠶᠢ ᠲᠣᠬᠢᠷᠠᠭᠤᠯᠤᠨ ᠮᠠᠯᠴᠢᠨ ᠲᠠᠷᠢᠶᠠᠴᠢᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠳᠤ ᠨᠢ ᠨᠥᠭᠦᠴᠠᠯ | ᠪᠥᠷᠢᠯᠳᠥᠭᠦᠯᠥᠭᠰᠠᠨ ᠪᠠᠶᠢᠨ᠎ᠠ᠃ | | ᠰᠤᠷᠪᠤᠯᠵᠢᠯᠠᠭᠴᠢ᠄ ᠠᠯᠤᠰ ᠭᠦᠸᠧ ᠵᠢᠶᠠ ᠳ᠋ᠦᠩ | | | | |