ᠦᠦᠰᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/7/22
                                                  ︵4 ᠳ᠋ᠤᠭᠡᠷ ᠲᠤᠭᠠᠲᠤ︶      ᠣᠶᠢᠷ᠎ᠠ ᠳᠤ ᠶᠦᠨᠨᠠᠨ ᠮᠤᠵᠢ᠂ ᠵᠢᠶᠠᠩᠰᠦ ᠮᠤᠵᠢ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠤᠲᠤᠯᠠᠭᠰᠠᠨ ᠡᠪᠡᠳᠴᠢᠲᠡᠨ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠵᠠᠯᠭᠠᠭ᠎ᠠ ᠪᠠᠷ ᠢᠯᠡᠷᠡᠭᠰᠡᠨ ᠪᠠᠶᠢᠨ᠎ᠠ᠃ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠶ ᠰᠠᠶᠢᠲᠤᠷ ᠬᠢᠵᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ ᠡᠳᠦᠭᠡ ᠬᠤᠯᠪᠣᠭᠳᠠᠯ ᠪᠥᠬᠦᠶ ᠤᠴᠢᠷ  ᠤᠳ ᠢ ᠳᠣᠤᠷᠠᠬᠢ ᠮᠡᠲᠦ ᠮᠡᠳᠡᠭᠳᠡᠶ᠎ᠡ᠄       ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠲᠠᠢ ᠬᠥᠮᠦᠰ ᠢ ᠪᠠᠶᠢᠴᠠᠭᠠᠨ ᠡᠵᠡᠮᠳᠡᠬᠦ ᠠᠵᠢᠯ ᠢ ᠳᠠᠷᠦ᠋ᠢᠬᠠᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠭᠤᠣᠯᠳᠠᠭᠤ ᠬᠢᠯᠢ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠪᠠ 6 ᠰᠠᠷ᠎ᠠ ᠶᠢᠨ 21 ᠤ ᠡᠳᠦᠷ ᠠᠴᠠ ᠨᠠᠰᠢ ᠶᠦᠨᠨᠠᠨ ᠮᠤᠵᠢ ᠶᠢᠨ ᠳᠤᠮᠳᠠ᠂ ᠦᠨᠳᠦᠷ ᠳᠡᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠦᠮᠦᠰ᠂ ᠢᠯᠠᠩᠭᠤᠶ᠎ᠠ 7 ᠰᠠᠷ᠎ᠠ ᠶᠢᠨ 6 ᠤ ᠡᠳᠦᠷ ᠠᠴᠠ ᠨᠠᠰᠢ ᠨᠠᠨᠵᠢᠩ ᠤᠨ ᠯᠦᠺᠸᠦ ᠣᠯᠠᠨ ᠤᠯᠤᠰ ᠤᠨ ᠨᠢᠰᠬᠡᠯ ᠤᠨ ᠪᠠᠭᠤᠳᠠᠯ ︵ᠨᠠᠨᠵᠢᠩ ᠬᠤᠲᠠ ᠶᠢᠨ ᠳᠤᠮᠳᠠ᠂ ᠦᠨᠳᠦᠷ ᠳᠡᠰ ᠤᠨ ᠲᠦᠭᠰᠢᠭᠦᠷᠢ ᠲᠠᠢ ᠭᠠᠵᠠᠷ ᠣᠷᠣᠨ ᠢ ᠪᠠᠭᠲᠠᠭᠠᠨ᠎ᠠ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠢ ᠪᠥᠬᠦ ᠲᠠᠯ᠎ᠠ ᠪᠠᠷ ᠪᠠᠶᠢᠴᠠᠭᠠᠵᠤ ᠠᠶᠠᠯᠠᠯ ᠤᠨ ᠵᠠᠮ ᠮᠦᠷ᠂ ᠣᠶᠢᠷᠠᠲᠤᠭᠰᠠᠨ ᠲᠡᠤᠬᠡ ᠵᠡᠷᠭᠡ ᠶᠢ ᠠᠯᠢ ᠲᠦᠷᠭᠡᠨ ᠢᠶᠠᠷ ᠲᠣᠳᠣᠷᠬᠠᠶ ᠪᠠᠶᠢᠴᠠᠭᠠᠨ ᠣᠶᠢᠯᠠᠭᠠᠵᠤ᠂ ᠴᠠᠭ ᠲᠠᠷᠤᠢ ᠳᠤ ᠨᠢ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠵᠦ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠠᠢ᠃      ᠬᠤᠶᠠᠷ᠂ 7 ᠰᠠᠷ᠎ᠠ ᠶᠢᠨ 6 ᠤ ᠡᠳᠦᠷ ᠠᠴᠠ ᠨᠠᠰᠢ᠂ ᠨᠠᠨᠵᠢᠩ ᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠠᠮᠢᠶ᠎ᠠ ᠪᠥᠬᠦᠶ ᠬᠥᠮᠦᠰ᠂ ᠬᠤᠶᠠᠷ ᠡᠳᠦᠷ ᠤᠨ ᠲᠤᠲᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠷᠡᠴᠢ ᠪᠤᠶᠤ ᠬᠤᠶᠠᠷ ᠡᠳᠦᠷ ᠤᠨ ᠲᠤᠲᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢ ᠠᠭᠤᠯᠤᠭᠰᠠᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠲᠠᠢ ᠪᠠᠶᠢᠪᠠᠯ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠪᠥᠭᠡᠳ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ ᠡᠳᠡᠭᠡᠷ ᠮᠡᠳᠡᠭᠡ ᠵᠠᠩᠭᠢ ᠶᠢ ᠬᠠᠩᠭᠠᠬᠤ ᠦᠭᠡᠢ ᠪᠣᠯ ᠳᠠᠷᠤᠶ ᠲᠦᠷᠭᠡᠨ ᠲᠥᠪᠯᠡᠷᠡᠭᠦᠯᠦᠨ ᠲᠤᠰᠠᠭᠠᠷᠯᠠᠬᠤ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯᠤᠭᠰᠠᠨ ᠤ ᠳᠠᠷᠠᠭ᠎ᠠ ᠰᠠᠶ᠋ᠢ ᠴᠢᠯᠥᠭᠡᠲᠡᠶ ᠪᠥᠭᠡᠳ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃      ᠭᠤᠷᠪᠠ᠂ ᠬᠤᠰᠢᠭᠤ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠠᠭᠠᠷ ᠤᠨ ᠠᠶᠠᠯᠠᠯ ᠵᠡᠷᠭᠡ ᠰᠠᠯᠠᠭ᠎ᠠ ᠮᠥᠴᠢᠷ ᠤᠳ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ ᠶᠢ ᠰᠢᠮᠳᠠᠭᠤᠯᠵᠤ ᠥᠷᠲᠡᠭᠡ ᠲᠠᠯᠠᠪᠤᠷ ᠲᠤ ᠣᠷᠣᠵᠤ ᠭᠠᠷᠬᠤ ᠬᠥᠮᠦᠰ ᠲᠤ ᠪᠡᠶ᠎ᠡ ᠶᠢᠨ ᠳᠤᠯᠠᠭᠠᠨ ᠢ ᠬᠡᠮᠵᠢᠬᠦ᠂ ᠠᠶᠠᠯᠠᠯ ᠤᠨ ᠵᠠᠮ ᠮᠥᠷ ᠢ ᠪᠠᠶᠢᠴᠠᠭᠠᠨ ᠡᠵᠡᠮᠳᠡᠬᠦ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠨ ᠬᠢᠨᠠᠬᠤ᠂ ︽ᠡᠷᠡᠭᠦᠯ ᠮᠡᠨᠳᠦ ᠶᠢᠨ ᠺᠤᠳ᠋︾ ᠢ ᠬᠢᠨᠠᠨ ᠪᠠᠶᠢᠴᠠᠭᠠᠬᠤ᠂ ᠸᠠᠺᠼᠢᠨ ᠤ ᠲᠠᠷᠢᠯᠭ᠎ᠠ ᠲᠠᠷᠢᠬᠤ ᠶᠢ ᠰᠠᠨᠠᠭᠤᠯᠬᠤ ᠵᠡᠷᠭᠡ ᠲᠦᠷᠢᠮ ᠢ ᠦᠷᠭᠦᠯᠵᠢᠯᠡᠨ ᠴᠢᠩᠭ᠎ᠠ ᠬᠡᠷᠡᠭᠵᠢᠭᠦᠯᠬᠦ ᠶᠢᠨ ᠬᠠᠮᠲᠤ ᠠᠷᠢᠭᠤᠳᠬᠠᠬᠤ᠂ ᠴᠡᠪᠡᠷᠯᠡᠨ ᠠᠷᠢᠯᠭᠠᠬᠤ ᠪᠠ ᠰᠠᠯᠬᠢ ᠨᠡᠪᠲᠡᠷᠡᠭᠦᠯᠬᠦ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠶᠢ ᠬᠠᠷᠢᠭᠤᠴᠠᠬᠤ ᠲᠦᠷᠢᠮ ᠢ ᠪᠠᠷᠢᠮᠲᠠᠯᠠᠨ ᠬᠡᠷᠡᠭᠵᠢᠭᠦᠯᠵᠦ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠣᠯᠵᠤ ᠮᠡᠳᠡᠪᠡᠯ ᠬᠠᠮᠢᠶ᠎ᠠ ᠪᠥᠬᠦᠶ ᠮᠡᠳᠡᠭᠡ ᠵᠠᠩᠭᠢ ᠶᠢ ᠨᠠᠷᠢᠨ ᠳᠠᠩᠰᠠᠯᠠᠨ ᠲᠡᠮᠳᠡᠭᠯᠡᠵᠦ ᠬᠠᠮᠢᠶ᠎ᠠ ᠪᠥᠬᠦᠶ ᠲᠠᠰ ᠳᠠᠷᠠᠭᠠᠯᠠᠯ ᠢᠶᠠᠷ ᠴᠢᠩᠭ᠎ᠠ ᠵᠢᠷᠤᠮᠵᠢᠭᠤᠯᠤᠨ ᠰᠢᠢᠳᠪᠤᠷᠢᠯᠡᠵᠦ ︽ᠬᠠᠷᠠᠭᠤᠯ ᠤᠨ ᠭᠠᠵᠠᠷ︾ ᠤᠨ ᠦᠢᠯᠡᠳᠤᠯ ᠢ ᠬᠦᠢᠴᠡᠳ ᠪᠠᠳᠠᠷᠠᠭᠤᠯᠬᠤ ᠬᠡᠷᠡᠭᠲᠡᠶ᠃      ᠳᠥᠷᠪᠡ᠂ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠳᠡᠮᠵᠢᠨ ᠬᠠᠮᠵᠢᠯᠴᠠᠵᠤ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠮᠠᠨ ᠤ ᠬᠤᠰᠢᠭᠤᠨ ᠳᠤ ᠣᠷᠣᠵᠤ ᠢᠷᠡᠭᠰᠡᠨ ᠬᠥᠮᠦᠰ ᠤᠨ ᠮᠡᠳᠡᠭᠡ ᠵᠠᠩᠭᠢ ᠶᠢ ᠡᠵᠡᠮᠰᠢᠭᠰᠡᠨ ᠪᠠᠶᠢᠪᠠᠯ ᠳᠠᠷᠦ᠋ᠢᠬᠠᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠤᠶᠤ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠢ ᠳᠤ ᠮᠡᠳᠡᠭᠦᠯᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠦ ᠢᠷᠡᠭᠰᠡᠨ ᠬᠥᠮᠦᠰ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠦᠷᠢᠮ ᠲᠣᠭᠲᠠᠭᠠᠯ ᠢ ᠡᠷᠬᠡᠪᠰᠢ ᠴᠢᠩᠭ᠎ᠠ ᠵᠢᠷᠤᠮᠯᠠᠵᠤ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠭᠡᠷᠡᠴᠢ ᠪᠠᠨ ᠬᠠᠩᠭᠠᠬᠤ ᠳᠠᠭᠠᠨ ᠦᠨᠡᠨ ᠪᠣᠳᠠᠲᠠᠶ ᠪᠥᠭᠡᠳ ᠢᠲᠡᠭᠡᠮᠵᠢᠲᠡᠶ ᠪᠠᠶᠢᠬᠤ ᠬᠡᠷᠡᠭᠲᠡᠶ᠂ ᠮᠡᠳᠡᠭᠦᠯᠬᠦ ᠥᠬᠡᠶ ᠪᠤᠶᠤ ᠬᠤᠳᠠᠯ ᠢᠶᠠᠷ ᠮᠡᠳᠡᠭᠦᠯᠦᠭᠰᠡᠨ ᠬᠥᠮᠦᠰ ᠬᠠᠷᠠᠭᠠᠯᠵᠠᠭᠰᠠᠨ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃      ᠲᠠᠪᠤ᠂ ᠬᠥᠮᠦᠰ ᠤᠨ ᠡᠪᠡᠳᠴᠢᠨ ᠦᠯᠦ ᠬᠠᠯᠳᠠᠪᠤᠷᠢᠯᠠᠬᠤ ᠴᠢᠳᠠᠪᠤᠷᠢ ᠶᠢ ᠰᠠᠶᠢᠵᠢᠷᠠᠭᠤᠯᠬᠤ ᠶᠢᠨ ᠲᠤᠰᠠᠳᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ  ᠤ ᠲᠠᠷᠢᠯᠭ᠎ᠠ ᠲᠠᠷᠢᠬᠤ ᠨᠥᠬᠦᠴᠡᠯ ᠳᠤ ᠨᠡᠶᠢᠴᠡᠭᠰᠡᠨ ᠥᠷᠭᠡᠨ ᠣᠯᠠᠨ ᠬᠤᠲᠠ ᠶᠢᠨ ᠠᠷᠠᠳ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠪᠠᠷ ᠬᠠᠷᠢᠶᠠᠲᠤ ᠣᠷᠣᠨ ᠤ ᠲᠠᠷᠢᠯᠭ᠎ᠠ ᠲᠠᠷᠢᠬᠤ ᠪᠠᠶᠢᠭᠤᠯᠤᠮᠵᠢ ᠳᠤ ᠬᠦᠷᠴᠦ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠠᠷᠢᠭᠤᠯᠬᠤ ᠬᠡᠷᠡᠭᠲᠡᠢ᠃      ᠵᠢᠷᠭᠤᠭ᠎ᠠ᠂ ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠬᠦ ᠶᠢ ᠪᠠᠷᠢᠮᠲᠠᠯᠠᠨ ᠭᠠᠷ ᠢᠶᠠᠨ ᠦᠷᠬᠦᠯᠵᠢ ᠤᠬᠢᠶᠠᠵᠤ ᠰᠠᠯᠬᠢ ᠵᠢᠪᠠᠷ ᠨᠡᠪᠲᠡᠷᠡᠭᠦᠯᠤᠨ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠴᠠᠭ ᠲᠤᠬᠠᠶ ᠳᠤᠨᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠨ ᠡᠮᠴᠢᠯᠡᠬᠦᠯᠵᠦ᠂ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃                                                              ᠦᠦᠰᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                                   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                2021 ᠣᠨ ᠤ 7 ᠰᠠᠷ᠎ᠠ ᠶᠢᠨ 21 ᠤ ᠡᠳᠣᠷ     
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ