ᠤᠶᠢᠷ᠎ᠠ ᠶᠢᠨ ᠡᠳᠤᠷ᠂ ᠰᠦᠯᠳᠡ ᠰᠤᠮᠤᠨ ᠤ ᠠᠷᠡᠳ ᠲᠤ ᠠᠰᠢᠭ ᠬᠦᠷᠳᠡᠭᠡᠭᠦ ᠲᠦᠷᠥᠯ ᠵᠦᠢᠯ ᠤᠨ ᠨᠢᠭᠡᠨ ᠪᠤᠯᠬᠤ ᠰᠢᠭᠤᠳ ᠪᠤᠷᠤᠯᠠᠭᠤᠯᠭ᠎ᠠ ᠶᠢᠨ | ᠦᠨᠡᠲᠦ ᠮᠠᠯ ᠤᠨ ᠡᠮ ᠤᠨ ᠲᠡᠯᠭᠡᠭᠦᠷ ᠡᠭᠦᠳᠡ ᠪᠠᠨ ᠨᠡᠭᠡᠭᠡᠵᠦ ᠮᠠᠯᠴᠢᠳ ᠤᠨ ᠮᠠᠯ ᠡᠮᠨᠡᠯᠭᠡ ᠶᠢᠨ ᠵᠠᠷᠤᠳᠠᠯ ᠢ ᠪᠠᠭᠠᠰᠬᠠᠨ ᠮᠠᠯᠴᠢᠳ ᠲᠤ ᠪᠣᠳᠠᠳᠣ ᠠᠰᠢᠭ | ᠬᠦᠷᠳᠡᠭᠡᠵᠦ ᠪᠠᠶᠢᠨ᠎ᠠ᠃ | ᠡᠨᠡᠬᠦ ᠮᠠᠯ ᠤᠨ ᠡᠮ ᠤᠨ ᠲᠡᠯᠭᠡᠭᠦᠷ ᠪᠤᠯ ᠰᠦᠯᠳᠡ ᠰᠤᠮᠤᠨ ᠤ ᠠᠷᠡᠳ ᠤᠨ ᠲᠦᠯᠥᠭᠡᠯᠡᠭᠴᠢᠳ ᠪᠢᠯᠧᠲ ᠦᠭᠴᠤ ᠲᠤᠭᠳᠠᠭᠠᠭᠰᠠᠨ ᠡᠨᠡ ᠵᠢᠯ ᠤᠨ | ᠠᠷᠡᠳ ᠲᠤ ᠠᠰᠢᠭ ᠬᠦᠷᠳᠡᠭᠡᠭᠦ ᠲᠦᠷᠥᠯ ᠵᠦᠢᠯ ᠤᠨ ᠨᠢᠭᠡ ᠨᠢ ᠪᠠᠶᠢᠵᠤ ᠮᠠᠯᠴᠢᠳ ᠡᠮ ᠤᠨ ᠤᠶᠢᠯᠡᠳᠪᠤᠷᠢ ᠶᠢᠨ ᠰᠢᠭᠤᠳ ᠪᠤᠷᠤᠯᠠᠭᠤᠯᠭ᠎ᠠ ᠶᠢᠨ ᠦᠨ᠎ᠡ ᠪᠠᠷ | ᠮᠠᠯ ᠤᠨ ᠡᠮ ᠬᠤᠳᠠᠯᠳᠤᠨ ᠠᠪᠴᠤ ᠵᠦᠷᠢᠶ᠎ᠡ ᠦᠨ᠎ᠡ ᠶᠢ ᠰᠦᠯᠳᠡ ᠰᠤᠮᠤᠨ ᠤ ᠵᠠᠰᠠᠭ ᠤᠨ ᠤᠷᠳᠤᠨ ᠠᠴᠠ ᠨᠦᠭᠦᠪᠦᠷᠢᠯᠡᠨ ᠦᠭᠭᠦ ᠪᠤᠯᠬᠤᠷ ᠮᠠᠯᠴᠢᠳ ᠤᠨ ᠮᠠᠯ | ᠠᠵᠤ ᠠᠬᠤᠢ ᠲᠡᠭᠡᠷ᠎ᠡ ᠵᠠᠷᠤᠴᠠᠭᠤᠯᠬᠤ ᠵᠠᠷᠤᠳᠠᠯ ᠢ ᠶᠡᠭᠡᠭᠡᠨ ᠪᠠᠭᠠᠰᠬᠠᠭᠰᠠᠨ ᠪᠠᠶᠢᠨ᠎ᠠ᠃ | ᠨᠠᠮ ᠤᠨ ᠲᠡᠤᠭᠡ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠵᠥ ᠡᠬᠢᠯᠡᠭᠰᠡᠨ ᠠᠴᠠ ᠨᠠᠰᠢ ᠰᠦᠯᠳᠡ ᠰᠤᠮᠤ ᠨᠠᠮ ᠤᠨ ᠲᠡᠤᠭᠡ ᠶᠢ ᠰᠤᠷᠤᠯᠴᠠᠵᠤ ᠠᠷᠡᠳ | ᠲᠦᠮᠡᠨ ᠳᠤ ᠪᠤᠳᠠᠳᠤ ᠠᠵᠢᠯ ᠬᠢᠭᠦ ᠶᠢ ᠠᠵᠢᠯ ᠤᠨ ᠭᠤᠤᠯᠳᠠᠯᠭ᠎ᠠ ᠪᠤᠯᠭᠠᠨ ᠠᠳᠬᠤᠵᠤ ᠤᠳᠣᠬᠠᠨ ᠪᠤᠯᠳᠠᠯ᠎ᠠ ᠰᠢᠭᠤᠳ ᠪᠤᠷᠤᠯᠠᠭᠤᠯᠭ᠎ᠠ ᠶᠢᠨ ᠦᠨᠡᠲᠦ ᠮᠠᠯ ᠤᠨ | ᠡᠮ ᠤᠨ ᠲᠡᠯᠭᠡᠭᠦᠷ ᠮᠡᠳᠤ ᠶᠢᠨ ᠠᠷᠡᠳ ᠲᠤ ᠲᠦᠭᠦᠮ ᠦᠵᠡᠭᠦᠯᠭᠦ 19 ᠲᠦᠷᠥᠯ ᠤᠨ ᠠᠵᠢᠯ ᠤᠨ 90% ᠠᠴᠠ ᠲᠡᠭᠡᠭᠰᠢᠭᠢ ᠶᠢ ᠪᠠᠶᠠᠯᠡᠭᠦᠯᠵᠦ ᠦᠷᠭᠡᠨ | ᠤᠯᠠᠨ ᠠᠷᠡᠳ ᠲᠦᠮᠡᠨ ᠳᠤ ᠪᠤᠳᠠᠳᠤ ᠠᠵᠢᠯ ᠬᠢᠵᠦ ᠲᠡᠳᠡᠨ ᠳᠤ ᠦᠨᠡᠡᠭᠦ ᠠᠰᠢᠭ ᠬᠦᠷᠳᠡᠭᠡᠵᠦ ᠪᠠᠶᠢᠨ᠎ᠠ᠃ | ᠰᠦᠯᠳᠡ ᠰᠤᠮᠤᠨ ᠤ ᠲᠡᠳ᠋ ᠰᠤᠮᠤᠨ ᠲᠠᠷᠤᠭ᠎ᠠ ᠶᠢᠨ ᠵᠢᠱᠢᠭᠳᠡᠭᠴᠢ ᠲᠡᠷᠭᠡᠯ᠄ ︽ᠰᠦᠯᠳᠡ ᠰᠤᠮᠤ ᠨᠢ ᠦᠤᠰᠢᠨ ᠬᠤᠰᠢᠭᠤᠨ ᠳᠤ ᠠᠪᠴᠦ ᠭᠡᠯᠡᠪᠡᠯ | ᠴᠤᠷ ᠤᠨ ᠭᠠᠭᠴᠠ ᠮᠠᠯᠵᠢᠬᠤ ᠰᠤᠮᠤ ᠪᠤᠯᠤᠨ᠎ᠠ᠂ ᠮᠠᠨ ᠤ ᠰᠦᠯᠳᠡ ᠰᠤᠮᠤᠨ ᠤ ᠮᠠᠯ ᠤᠨ ᠲᠤᠭ᠎ᠠ ᠲᠤᠯᠤᠭᠠᠢ ᠪᠠᠷᠤᠭ 32 ᠲᠦᠮᠨ ᠤᠷᠴᠢᠮ ᠬᠦᠷᠴᠦ ᠮᠠᠨ ᠤ | ᠮᠠᠯᠴᠢᠳ ᠤᠨ ᠪᠥᠭᠦ ᠵᠢᠯ ᠤᠨ ᠮᠠᠯ ᠤᠨ ᠡᠮ ᠠᠪᠬᠤ ᠵᠠᠷᠤᠳᠠᠯ ᠨᠠᠯᠢᠶᠠᠳ ᠶᠡᠭᠡ ᠪᠠᠶᠢᠨ᠎ᠠ᠃ ᠰᠢᠭᠤᠳ ᠪᠤᠷᠤᠯᠠᠭᠤᠯᠭ᠎ᠠ ᠶᠢᠨ ᠦᠨᠡᠲᠦ ᠮᠠᠯ ᠤᠨ ᠡᠮ ᠤᠨ | ᠲᠡᠯᠭᠡᠭᠦᠷ ᠭᠠᠷᠭᠠᠳᠠᠭ ᠤᠨ ᠵᠣᠷᠢᠯᠭ᠎ᠠ ᠨᠢ ᠴᠤ ᠮᠠᠯᠴᠢᠨ ᠲᠦᠮᠡᠨ ᠤ ᠵᠠᠷᠤᠳᠠᠯ ᠢ ᠪᠠᠭᠠᠰᠬᠠᠵᠤ ᠤᠷᠤᠯᠭ᠎ᠠ ᠶᠢ ᠨᠡᠮᠡᠭᠳᠡᠭᠦᠯᠭᠦ ᠶᠢᠨ ᠲᠦᠯᠥᠭᠡ ᠶᠤᠮ︾ ᠭᠡᠵᠤ ᠪᠠᠶᠢᠯ᠎ᠠ | ᠃ | | ᠰᠤᠷᠪᠤᠯᠵᠢᠯᠠᠭᠴᠢ᠄ ᠪᠤᠶᠠᠨᠳᠤ | |