ᠪᠤᠷᠤᠬᠦ᠋ᠳᠡᠭᠡ ᠭᠠᠴᠠᠭ᠎ᠠ ᠶᠢᠨ ᠰᠡᠳᠬᠢᠯ ᠢ ᠲᠣᠯᠠᠭᠠᠴᠠᠭᠤᠯᠣᠭᠰᠠᠨ ᠪᠤᠳᠠᠳᠤ ᠶᠠᠪᠤᠳᠠᠯ
ᠨᠡᠶᠢᠲᠡᠯᠡᠭᠰᠡᠨ ᠴᠠᠭ᠄
2021/8/11
      ᠳᠣᠮᠳᠠᠳᠣ ᠣᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠪᠡᠯᠭᠡᠯᠡᠵᠥ ᠰᠦᠯᠳᠡ ᠰᠣᠮᠣᠨ ᠤ ᠪᠤᠷᠤᠬᠦ᠋ᠳᠡᠭᠡ ᠭᠠᠴᠠᠭ᠎ᠠ ᠨᠢ ᠳᠠᠭᠠᠭᠠᠴᠢᠯᠠᠨ ᠳᠡᠳᠭᠦᠵᠥ ᠪᠠᠶᠢᠭ᠎ᠠ ᠦᠤᠰᠢᠨ ᠬᠤᠰᠢᠭᠤᠨ ᠤ ᠡᠨᠧᠷᠬᠢ ᠶᠢᠨ ᠳᠣᠪᠴᠢᠶᠠᠨ ᠤ ᠨᠠᠮ ᠤᠨ ᠡᠭᠦᠷ ᠲᠠᠢ ᠬᠠᠮᠲᠣᠷᠠᠨ ︽ᠢᠷᠡᠭᠰᠡᠨ ᠵᠠᠮ ᠢᠶᠠᠨ ᠦᠯᠦ ᠮᠠᠷᠲᠠᠨ᠂ ᠡᠭᠦᠷᠢᠳᠡ ᠨᠠᠮ ᠢᠶᠠᠨ ᠳᠠᠭᠠᠵᠤ᠂ ᠨᠠᠮ ᠪᠠᠶᠢᠭᠤᠯᠤᠭᠳᠠᠭᠰᠠᠨ 100 ᠵᠢᠯ ᠢᠶᠠᠨ ᠤᠭᠲᠤᠨ᠂ ᠦᠢᠯᠡᠳᠦᠯᠭᠡ ᠶᠢᠨ ᠰᠢᠨ᠎ᠡ ᠵᠢᠷᠤᠭᠯᠠᠯ ᠢᠶᠠᠨ ᠳᠡᠯᠭᠡᠬᠦ︾ ᠭᠤᠣᠯ ᠰᠡᠲᠤᠪᠲᠤ ᠠᠵᠢᠯᠯᠠᠭ᠎ᠠ ᠦᠷᠨᠢᠭᠦᠯᠣᠭ᠍ᠰᠡᠨ ᠪᠠᠶᠢᠨ᠎ᠠ᠃      ᠪᠤᠷᠤᠬᠦ᠋ᠳᠡᠭᠡ ᠭᠠᠴᠠᠭ᠎ᠠ ᠪᠤᠯᠤᠨ ᠦᠤᠰᠢᠨ ᠬᠤᠰᠢᠭᠤᠨ ᠤ ᠡᠨᠧᠷᠬᠢ ᠶᠢᠨ ᠳᠣᠪᠴᠢᠶᠠᠨ ᠤ ᠨᠠᠮ ᠤᠨ ᠭᠡᠰᠢᠭᠦᠳ ᠠᠴᠠ ᠨᠠᠮ ᠤᠨ ᠲᠡᠣᠭᠡ᠂ ᠭᠠᠴᠠᠭᠠᠨ ᠤ ᠭᠦᠭᠵᠢᠯᠳᠡ᠂ ᠮᠠᠯᠴᠢᠳ ᠤᠨ ᠠᠮᠢᠳᠣᠷᠠᠯ ᠤᠨ ᠳᠣᠭᠤᠷᠢᠨ ᠳᠤ ᠶᠠᠷᠢᠯᠴᠠᠭ᠎ᠠ ᠦᠷᠨᠢᠭᠦᠯᠣᠭ᠍ᠰᠡᠨ ᠤ ᠬᠠᠮᠲᠣ ᠡᠪᠡᠣᠡᠴᠢᠨ ᠵᠣᠪᠠᠯᠠᠩ ᠠᠴᠠ ᠪᠤᠯᠵᠤ ᠠᠮᠢᠳᠣᠷᠠᠯ ᠨᠢ ᠭᠦᠴᠢᠷᠳᠡᠯᠳᠠᠢ ᠪᠣᠯᠣᠭᠰᠠᠨ ᠠᠬᠠᠮᠠᠳ ᠨᠠᠮ ᠤᠨ ᠭᠡᠰᠢᠭᠦᠨ ᠪᠤᠯᠤᠨ ᠦᠷᠡᠭᠳᠡᠭᠰᠡᠨ ᠪᠠᠭᠠᠳᠤᠷ ᠤᠨ ᠬᠤᠶᠢᠴᠢᠰ ᠢ ᠪᠣᠯᠭᠤᠭᠠᠨ ᠳᠣᠬᠤᠨᠢᠭᠤᠯᠵᠥ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠭᠦᠷᠲᠡᠭᠡᠭᠰᠡᠨ ᠪᠠᠶᠢᠨ᠎ᠠ᠃      ᠪᠤᠷᠦᠭᠦ᠋ᠳᠡᠭᠡ ᠭᠠᠴᠠᠭᠠᠨ ᠤ ᠡᠨ᠋ᠨ ᠵᠢᠯ 78 ᠨᠠᠰᠣᠳᠠᠢ ᠠᠬᠠᠮᠠᠳ ᠨᠠᠮ ᠤᠨ ᠭᠡᠰᠢᠭᠦᠨ ᠲᠠᠮᠣᠷ ᠵᠢᠷᠣᠭᠡᠨ ᠡᠪᠡᠳᠴᠢᠨ ᠪᠠ ᠰᠢᠬᠢᠷ ᠰᠢᠵᠢᠩ ᠡᠪᠡᠳᠴᠢᠨ᠂ ᠴᠢᠰᠣᠨ ᠳᠠᠷᠣᠯᠲᠠ ᠦᠨᠳᠤᠷ ᠡᠪᠡᠣᠡᠴᠢᠨ ᠳᠤ ᠨᠡᠷᠪᠡᠭᠳᠡᠭᠡᠳ ᠨᠠᠯᠢᠶᠠᠳ ᠤᠳᠠᠵᠠᠢ᠃ ᠲᠡᠮᠤᠷ ᠵᠠᠯᠠᠭᠤ ᠨᠠᠰᠤᠨ ᠳᠠᠭᠠᠨ ᠭᠠᠴᠠᠭᠠᠨ ᠤ ᠨᠠᠮ ᠤᠨ ᠡᠭᠦᠷ ᠤᠨ ᠱᠦᠵᠢ ᠂ ᠭᠠᠴᠠᠭᠠᠨ ᠳᠠᠷᠤᠭ᠎ᠠ ᠶᠢᠨ ᠠᠵᠢᠯ ᠢ 20 ᠭᠠᠷᠤᠢ ᠵᠢᠯ ᠬᠠᠷᠢᠭᠤᠴᠠᠨ ᠬᠢᠵᠡᠢ᠃ ᠡᠨ᠋ᠨ ᠣᠳᠠᠭᠠᠨ ᠤ ᠠᠵᠢᠯᠯᠠᠭ᠎ᠠ ᠳᠡᠭᠡᠷ᠎ᠡ ᠬᠤᠶᠠᠷ ᠪᠠᠶᠢᠭᠤᠯᠭ᠎ᠠ ᠶᠢᠨ ᠨᠠᠮ ᠤᠨ ᠭᠡᠰᠢᠭᠦᠳ ᠰᠠᠶᠢᠨ ᠲᠣᠷ᠎ᠠ ᠠᠴᠠ ᠵᠣᠬᠢᠶᠠᠨ ᠪᠠᠶᠢᠭᠤᠯᠣᠨ ᠵᠤᠭᠤᠰ ᠮᠦᠩᠭᠦ ᠴᠣᠭᠯᠠᠭᠤᠯᠵᠤ ᠲᠡᠭᠦᠨ ᠢ 2700 ᠭᠠᠷᠤᠢ ᠲᠦᠭᠦᠷᠢᠭ ᠢᠶᠠᠷ ᠲᠣᠰᠠᠯᠠᠨ ᠳᠡᠮᠵᠢᠭᠰᠡᠨ ᠪᠠᠶᠢᠨ᠎ᠠ᠃ ︽ᠨᠠᠮ ᠵᠠᠰᠠᠭ ᠠᠴᠠ ᠪᠢᠳᠡᠨ ᠰᠢᠬ ᠡᠶᠢᠮᠤ ᠡᠪᠡᠳᠴᠢᠨ ᠵᠤᠪᠠᠯᠠᠩ ᠳᠤ ᠤᠷᠢᠶᠠᠬᠳᠠᠬᠰᠠᠨ ᠦᠳᠡᠯᠦᠭᠰᠡᠨ ᠬᠦᠮᠦᠨ ᠳᠤ ᠡᠯ᠎ᠠ ᠲᠠᠯ᠎ᠠ ᠶᠢᠨ ᠲᠤᠰᠠᠯᠠᠮᠵᠢ ᠦᠵᠡᠭᠦᠯᠦᠭᠰᠡᠨ ᠳᠤ ᠪᠢ ᠲᠦᠢᠯ ᠤᠨ ᠶᠡᠭᠡ ᠪᠠᠷ ᠪᠠᠶᠠᠷᠯᠠᠵᠤ ᠪᠠᠶᠢᠨ᠎ᠠ︾ ᠭᠡᠵᠤ ᠲᠡᠮᠤᠷ ᠶᠠᠷᠢᠨ᠎ᠠ᠃      ᠪᠤᠷᠦᠭᠦ᠋ᠳᠡᠭᠡ ᠭᠠᠴᠠᠭᠠᠨ ᠤ ᠮᠠᠯᠴᠢᠨ ᠬᠠᠰᠪᠢᠯᠢᠭ᠌᠄ ︽ᠨᠠᠮ ᠤᠨ ᠭᠡᠰᠢᠭᠦᠨ ᠪᠤᠯᠤᠭᠰᠠᠨ ᠤ ᠬᠤᠪᠢ ᠳᠤ ᠬᠢᠭᠦ ᠶᠤᠰᠤᠳᠠᠢ ᠵᠦᠢᠯᠡᠰ ᠢᠶᠠᠨ ᠬᠢᠵᠤ᠂ ᠤᠯᠠᠨ ᠲᠦᠮᠡᠨ ᠳᠤ ᠲᠠᠭᠤᠷᠢᠶᠠᠯ ᠤᠨ ᠦᠢᠯᠡᠳᠤᠯ ᠦᠵᠡᠭᠦᠯᠵᠤ᠂ ᠤᠭ ᠰᠠᠨᠠᠭ᠎ᠠ ᠪᠠᠨ ᠪᠠᠳᠤ ᠴᠡᠭᠡᠵᠢᠯᠡᠵᠤ᠂ ᠤᠯᠠᠨ ᠲᠦᠮᠡᠨ ᠳᠤ ᠪᠤᠳᠠᠳᠤ ᠶᠠᠪᠤᠳᠠᠯ ᠰᠠᠶᠢᠨ ᠶᠠᠪᠤᠳᠠᠯ ᠢ ᠢᠯᠡᠭᠦᠦ ᠬᠢᠨ᠎ᠠ︾ ᠭᠡᠵᠤ ᠪᠠᠶᠢᠯ᠎ᠠ᠃                                                ᠵᠣᠬᠢᠶᠠᠭᠴᠢ᠄ ᠠᠯᠤᠰ
ᠢᠷᠡᠯᠲᠡ᠄ ᠣᠷᠳᠣᠰ ᠮᠤᠩᠭᠤᠯ ᠰᠦᠯᠵᠢᠶ᠎ᠡ