︽ᠬᠥᠰᠡᠬᠦᠢ︾ ᠡᠮᠴᠢᠯᠡᠬᠡᠨ ᠤ ᠤᠢᠢᠯᠡᠴᠢᠯᠡᠭᠡ ᠮᠠᠯᠴᠢᠳ ᠤᠨ ᠬᠥᠰᠡᠯ ᠢ ᠲᠡᠷᠬᠡᠯᠰᠢᠬᠦᠯᠤᠨ᠎ᠠ
ᠨᠡᠶᠢᠲᠡᠯᠡᠭᠰᠡᠨ ᠴᠠᠭ᠄
2021/8/3
    ᠤᠷᠴᠢᠮᠬᠠᠨ ᠮᠠᠨ ᠤ ᠬᠤᠰᠢᠭᠤᠨ ᠤ ᠲᠤᠭ ᠪᠠᠯᠭᠠᠰᠤᠨ ᠤ ᠲᠤᠪᠤᠭ ᠭᠠᠴᠠᠭᠠᠨ ᠤ ᠬᠥᠨᠴᠢᠨᠪᠥ᠋ᠷᠢᠨ ᠡᠮᠴᠢ ᠥᠪᠥᠷ ᠮᠤᠩᠭᠤᠯ ᠤᠨ ︽ᠬᠥᠰᠡᠬᠦᠢ︾ ᠮᠤᠩᠭᠤᠯ ᠡᠮᠨᠡᠯᠬᠡ ᠶᠢᠨ ᠬᠤᠷᠢᠶᠠᠨ ᠤ ᠠᠷᠪᠠᠭᠠᠳ ᠲᠤᠰᠬᠠᠢ ᠮᠡᠷᠬᠡᠵᠢᠯᠳᠡᠨ ᠢ ᠤᠷᠢᠵᠥ᠂ ᠭᠠᠴᠠᠭᠠᠨ ᠤ ᠪᠠᠨ ᠮᠠᠯᠴᠢᠳ ᠲᠠᠭᠠᠨ ᠥᠨ᠎ᠠ ᠲᠥᠯᠥᠪᠤᠷᠢ ᠥᠬᠡᠢ ᠥᠪᠡᠷᠮᠢᠴᠡ ᠤᠨᠴᠠᠯᠢᠭᠳᠤ ᠤᠯᠠᠮᠵᠢᠯᠠᠯᠳᠤ ᠮᠤᠩᠭᠤᠯ ᠡᠮᠴᠢᠯᠡᠭᠡ ᠵᠢᠴᠢ ᠡᠷᠡᠬᠦᠯ ᠡᠩᠭᠡ ᠶᠢᠨ ᠲᠤᠰᠬᠠᠢ ᠬᠢᠴᠢᠶᠡᠯᠯᠡᠭᠡ ᠶᠢᠨ ᠤᠢᠢᠯᠡᠴᠢᠯᠡᠭᠡ ᠶᠢ ᠬᠠᠨᠭ᠍ᠭᠠᠨ ᠪᠤᠳᠠᠳᠠᠢ ᠠᠵᠢᠯᠯᠠᠭ᠎ᠠ ᠪᠠᠷ ᠢᠶᠠᠨ ᠮᠠᠯᠴᠢᠳ ᠤᠨ ᠬᠥᠷᠢᠶᠡᠯᠡᠯ ᠢ ᠤᠯᠪᠠ᠃     ᠥᠪᠣᠷ ᠮᠣᠩᠭᠤᠯ ᠤᠨ ︽ᠬᠦᠰᠡᠬᠦᠢ︾ ᠮᠣᠩᠭᠤᠯ ᠡᠮᠨᠡᠯᠭᠡ ᠶᠢᠨ ᠬᠤᠷᠢᠶ᠎ᠠ ᠨᠢ ᠪᠤᠶᠢᠲᠡ ᠪᠦᠭᠯᠡᠭᠦᠥ ᠬᠦᠳᠡᠭᠡ ᠲᠤᠰᠬᠤᠨ ᠤ ᠮᠠᠯᠴᠢᠨ ᠲᠠᠷᠢᠶᠠᠴᠢᠨ ᠤ ᠭᠠᠳᠠᠭᠰᠢ ᠶᠠᠪᠣᠵᠣ ᠪᠡᠶ᠎ᠡ ᠪᠠᠨ ᠪᠠᠶᠢᠴᠠᠭᠠᠯᠭᠠᠨ ᠡᠮᠴᠢᠯᠡᠭᠡ ᠭᠢᠬᠦ ᠳᠤ ᠳᠦᠬᠦᠮ ᠦᠭᠡᠢ ᠪᠠᠶᠢᠭ᠎ᠠ ᠪᠣᠳᠠᠲᠤ ᠪᠠᠶᠢᠳᠠᠯ ᠳᠤ ᠴᠢᠭᠯᠡᠬᠦᠯᠤᠨ ᠨᠣᠳᠤᠭ ᠤᠨ ᠡᠮᠴᠢ ᠭᠦᠨᠴᠢᠨᠪᠦ᠋ᠷᠢᠨ ᠲᠠᠢ ᠬᠠᠮᠳᠤᠷᠠᠨ᠂ ᠳᠤᠭ ᠪᠠᠯᠭᠠᠰᠤᠨ ᠤ ᠲᠣᠪᠤᠭ ᠭᠠᠴᠠᠭᠠᠨ ᠳᠤ ᠮᠣᠩᠭᠤᠯ ᠤᠯᠠᠮᠵᠢᠯᠠᠯᠲᠤ ᠡᠮ ᠡᠮᠨᠡᠯᠭᠡ ᠶᠢᠨ ᠠᠷᠭ᠎ᠠ ᠪᠠᠷᠢᠯ ᠢᠶᠠᠷ ᠳᠤᠰᠬᠠᠢ ᠡᠮᠴᠢᠯᠡᠭᠡ ᠬᠢᠵᠥ᠂ ᠮᠠᠯᠴᠢᠨ ᠳᠦᠮᠡᠨ ᠳᠤ ᠳᠦᠢᠯ ᠤᠨ ᠶᠡᠭᠡ ᠲᠦᠭᠦᠮ ᠦᠵᠡᠭᠦᠯᠵᠠᠢ᠃ ᠲᠤᠪᠤᠭ ᠭᠠᠴᠠᠭᠠᠨ ᠤ ᠮᠠᠯᠴᠢᠨ ᠪᠠᠭᠠᠲᠤᠷ ᠲᠤᠰ ᠡᠮᠨᠡᠯᠬᠡ ᠶᠢᠨ ᠬᠤᠷᠢᠶᠠᠨ ᠤ ᠲᠤᠰᠬᠠᠢ ᠮᠡᠷᠬᠡᠵᠢᠯᠳᠡᠨ ᠬᠡᠳᠤ ᠤᠳᠠᠭ᠎ᠠ ᠢᠷᠡᠵᠥ ᠡᠮᠴᠢᠯᠡᠭᠡ ᠬᠢᠬᠦ ᠳᠤᠨᠢ ᠪᠡᠶ᠎ᠡ ᠪᠠᠨ ᠦᠵᠡᠭᠦᠯᠣᠨ ᠡᠮᠴᠢᠯᠡᠭᠡ ᠬᠢᠯᠬᠡᠭᠰᠡᠨ ᠠᠴᠠ ᠡᠪᠡᠳᠴᠢᠨ ᠤ ᠪᠠᠶᠢᠳᠠᠯ ᠨᠢ ᠢᠯᠡᠷᠢᠰᠢᠬᠤ ᠬᠠᠨᠳᠤᠰᠢ ᠲᠠᠢ ᠪᠤᠯᠵᠠᠢ᠃ ᠪᠠᠭᠠᠲᠤᠷ᠄ ︽ᠮᠠᠨ ᠤ ᠮᠠᠯᠴᠢᠳ ᠭᠠᠳᠠᠭᠰᠢ ᠭᠠᠷᠴᠤ ᠪᠡᠶ᠎ᠡ ᠶᠢᠨ ᠪᠠᠶᠢᠴᠠᠭᠠᠯᠲᠠ ᠬᠢᠪᠡᠯ ᠲᠠᠨᠢᠯ ᠲᠠᠰᠤᠯ ᠬᠥᠮᠤᠨ ᠥᠬᠡᠢ᠂ ᠪᠠᠶᠢᠴᠠᠭᠠᠬᠤ ᠳᠤ ᠬᠥᠴᠢᠷ ᠲᠠᠢ᠂ ᠶᠠᠪᠤᠵᠥ ᠰᠠᠭᠤᠬᠤ ᠳᠤ ᠴᠤ ᠲᠥᠪᠡᠭ ᠲᠠᠢ᠃ ᠡᠳᠡᠡ ᠤ ᠢᠢᠮᠥ ᠰᠠᠶᠢᠬᠠᠨ ᠡᠬᠦᠳᠡᠨ ᠲᠡᠬᠡᠷ ᠎ᠡ ᠤᠢᠢᠯᠡᠴᠢᠯᠡᠭᠡ ᠬᠠᠨᠭ᠍ᠭᠠᠨ᠂ ᠦᠨ᠎ᠡ ᠲᠦᠯᠦᠪᠦᠷᠢ ᠦᠭᠡᠢ ᠪᠠᠷ ᠡᠮᠨᠡᠵᠦ ᠪᠠᠶᠢᠴᠠᠭᠠᠵᠤ ᠦᠭᠭᠦᠭᠰᠡᠨ ᠳᠤᠨᠢ ᠮᠠᠰᠢ ᠲᠠᠯᠠᠷᠬᠠᠵᠤ ᠪᠠᠶᠢᠨ᠎ᠠ︾ ᠬᠡᠵᠥ ᠰᠡᠳᠬᠢᠯ ᠲᠤᠭᠳᠤᠯᠤᠨ ᠶᠠᠷᠢᠯ᠎ᠠ᠃
111.webp.jpg
222.webp.jpg
333.webp.jpg
444.webp.jpg
666.webp.jpg
     ᠭᠦᠨᠴᠢᠨᠪᠦ᠋ᠷᠢᠨ᠄ ︽ᠪᠢ ᠡᠮᠴᠢᠯᠡᠭᠡᠨ ᠤ ᠲᠠᠯ᠎ᠠ ᠪᠠᠷ ᠮᠠᠯᠴᠢᠳ ᠲᠤ ᠪᠣᠳᠠᠲᠤ ᠠᠵᠢᠯ ᠬᠢᠵᠦ ᠥᠭᠬᠦᠶ᠎ᠠ ᠬᠡᠵᠥ ᠪᠤᠳᠤᠵᠥ ᠶᠠᠪᠤᠭᠰᠠᠨ᠃ ᠶᠠᠭ ᠡᠨᠡ ᠦᠶᠡᠰ ︿ᠬᠦᠰᠡᠬᠦᠢ﹀ ᠮᠤᠩᠭᠤᠯ ᠡᠮᠨᠡᠯᠭᠡ ᠶᠢᠨ ᠬᠤᠷᠢᠶ᠎ᠠ ᠨᠢ ᠮᠠᠯᠴᠢᠳ ᠲᠤ ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ ᠦᠭᠬᠦ ᠮᠦᠷᠲᠡᠭᠡᠨ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠮᠠᠯᠴᠢᠳ ᠲᠤ ᠠᠪᠴᠢᠷᠠᠵᠤ ᠲᠠᠶᠢᠯᠪᠤᠷᠢᠯᠠᠳᠠᠭ ᠬᠡᠰᠡᠨ ᠰᠠᠶᠢᠬᠠᠨ ᠰᠤᠷᠠᠭ ᠢ ᠰᠤᠨᠤᠰᠤᠯ᠎ᠠ᠃ ᠢᠡᠭᠬᠢᠬᠡᠳ ᠮᠠᠨᠤᠰ ᠬᠠᠮᠵᠢᠯᠴᠠᠵᠤ ᠬᠢᠭᠰᠡᠨ ᠶᠤᠮ᠃ ︿ᠬᠦᠰᠡᠬᠦᠢ﹀ ᠮᠤᠩᠭᠤᠯ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠨᠢ ᠪᠤᠰᠤᠳ ᠡᠮᠨᠡᠯᠬᠡ ᠶᠢᠨ ᠬᠤᠷᠢᠶᠠᠨ ᠤ ᠪᠠᠶᠢᠴᠠᠭᠠᠯᠲᠠ ᠠᠴᠠ ᠦᠪᠡᠷᠮᠢᠴᠡ ᠣᠨᠴᠠᠯᠢᠭ ᠲᠠᠢ᠂ ᠮᠤᠩᠭᠤᠯ ᠡᠮᠨᠡᠯᠭᠡ ᠪᠤᠯᠤᠨ ᠡᠸᠦ᠋ᠷᠦᠫᠡ ᠡᠮᠨᠡᠯᠭᠡ ᠶᠢᠨ ᠣᠨᠣᠯ ᠢᠶᠠᠷ ᠡᠪᠡᠳᠴᠢᠨ ᠢ ᠶᠠᠭᠠᠬᠢᠵᠤ ᠰᠡᠷᠭᠡᠶᠢᠯᠡᠵᠦ ᠵᠠᠰᠠᠬᠤ ᠶᠢ ᠲᠠᠶᠢᠯᠪᠤᠷᠢᠯᠠᠨ ᠵᠠᠳᠠᠯᠤᠯᠲᠠ ᠬᠢᠵᠦ ᠦᠭᠳᠡᠭ︾ ᠬᠡᠯ᠎ᠠ᠃      ᠤᠢᠢᠯᠠᠭᠠᠭᠰᠠᠨ ᠢᠶᠠᠷ᠂ ᠥᠪᠣᠷ ᠮᠣᠩᠭᠤᠯ ᠤᠨ ︽ᠬᠦᠰᠡᠬᠦᠢ︾ ᠮᠣᠩᠭᠤᠯ ᠡᠮᠨᠡᠯᠭᠡ ᠶᠢᠨ ᠬᠤᠷᠢᠶ᠎ᠠ ᠨᠢ 2017 ᠣᠨ ᠠᠴᠠ ᠡᠬᠢᠯᠡᠨ ︽ᠡᠷᠡᠭᠦᠯ ᠮᠡᠨᠳᠦ ᠪᠠᠷ ᠶᠠᠳᠠᠭᠤ ᠶᠢ ᠳᠡᠳᠭᠦᠵᠥ᠂ ᠮᠠᠯᠵᠢᠬᠤ ᠣᠷᠣᠨ ᠳᠤ ᠦᠢᠯᠡᠴᠢᠯᠡᠬᠦ︾ ᠬᠥᠳᠡᠭᠡ ᠲᠤᠰᠬᠠᠨ ᠳᠤ ᠡᠷᠡᠬᠦᠯ ᠮᠡᠨᠳᠦ ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠪᠦᠬᠦ ᠣᠷᠣᠨ ᠤ ᠮᠠᠯᠴᠢᠨ ᠳᠦᠮᠡᠨ ᠳᠤ ᠦᠨ᠎ᠡ ᠲᠥᠯᠥᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠠᠯᠪᠡᠨ ᠵᠢᠷᠣᠮ ᠤᠨ ᠡᠮᠴᠢᠯᠡᠭᠡ ᠬᠢᠭᠰᠡᠭᠡᠷ ᠢᠷᠡᠵᠥ᠂ ᠤᠳᠤᠬᠠᠨ ᠪᠤᠯᠳᠠᠯ᠎ᠠ ᠪᠦᠬᠦ ᠬᠤᠰᠢᠭᠤᠨ ᠤ 2000 ᠭᠠᠷᠦᠢ ᠮᠠᠯᠴᠢᠨ ᠲᠠᠷᠢᠶᠠᠴᠢᠨ ᠳᠤ ᠣᠶᠢᠯᠡᠴᠢᠯᠡᠭᠰᠡᠨ ᠪᠠᠶᠢᠨ᠎ᠠ᠃ ᠲᠤᠰ ᠡᠮᠨᠡᠯᠬᠡ ᠶᠢᠨ ᠬᠤᠷᠢᠶ᠎ᠠ ᠨᠢ ᠮᠠᠯᠴᠢᠨ ᠲᠠᠷᠢᠶᠠᠴᠢᠨ ᠳᠤ ᠪᠡᠶ᠎ᠡ ᠶᠢᠨ ᠪᠠᠶᠢᠴᠠᠭᠠᠯᠲᠠ ᠬᠢᠬᠦ ᠶᠢᠨ ᠬᠠᠮᠳᠤ ᠪᠡᠶ᠎ᠡ ᠶᠢᠨ ᠪᠠᠶᠢᠴᠠᠭᠠᠯᠳᠠ ᠶᠢᠨ ᠦᠷ᠎ᠡ  ᠳ᠋ᠦᠩ ᠪᠤᠯᠤᠨ ᠪᠦᠷᠢᠳᠬᠡᠯ ᠢ ᠲᠤᠬᠠᠢ ᠶᠢᠨ ᠭᠠᠵᠠᠷ ᠲᠤᠨᠢ ᠬᠦᠷᠭᠡᠨ ᠦᠭᠴᠤ᠂ ᠮᠠᠯᠴᠢᠨ ᠨᠢᠭᠡ ᠪᠦᠷᠢ ᠲᠠᠢ ᠠᠭᠤᠯᠵᠠᠨ ᠡᠪᠡᠳᠴᠢᠨ ᠤ ᠲᠤᠬᠠᠢ ᠨᠠᠷᠢᠨ ᠲᠠᠶᠢᠯᠦᠮᠵᠢ ᠪᠣᠯᠣᠨ ᠡᠮᠨᠡᠨ ᠵᠠᠰᠠᠬᠤ ᠳᠦᠯᠣᠪᠯᠡᠭᠡ ᠵᠡᠷᠭᠡ ᠶᠢ ᠬᠢᠵᠦ ᠦᠭᠬᠦ ᠦᠢᠯᠡᠴᠢᠯᠡᠭᠡ ᠬᠠᠨᠭ᠍ᠭᠠᠳᠠᠭ ᠪᠠᠶᠢᠨ᠎ᠠ᠃     ᠦᠪᠦᠷ ᠮᠤᠩᠭᠤᠯ ᠤᠨ ︽ᠬᠦᠰᠡᠬᠦᠢ︾ ᠮᠤᠩᠭᠤᠯ ᠡᠮᠨᠡᠯᠭᠡ ᠶᠢᠨ ᠬᠤᠷᠢᠶᠠᠨ ᠤ ᠲᠠᠷᠤᠭ᠎ᠠ ᠪᠤᠤ ᠴᠢᠩ ᠱᠠᠨ᠄ ︽ᠮᠠᠨ ᠤ ᠤᠯᠤᠰ ᠤᠳᠤ ᠪᠦᠬᠦ ᠠᠷᠠᠳ ᠢᠶᠠᠷ ᠢᠶᠠᠨ ᠡᠷᠡᠭᠦᠯᠵᠢᠬᠦ ᠠᠵᠢᠯ ᠢ ᠨᠡᠩ ᠴᠢᠩᠭ᠎ᠠ ᠠᠳᠬᠤᠵᠤ ᠪᠠᠶᠢᠭ᠎ᠠ ᠶᠤᠮ᠃ ᠲᠡᠭᠡᠬᠦᠯᠡᠷ ᠪᠢᠳᠠ ᠮᠠᠯᠴᠢᠨ ᠲᠦᠮᠡᠨ ᠤ ᠳᠤᠮᠳᠠ ᠭᠦᠨᠵᠡᠭᠡᠶᠢᠷᠡᠵᠦ᠂ ᠲᠦᠷᠦ ᠶᠢᠨ ᠪᠣᠳᠤᠯᠭ᠎ᠠ ᠲᠠᠢ ᠨᠡᠶᠢᠴᠡᠭᠰᠡᠨ ᠪᠠ ᠠᠷᠠᠳ ᠤᠯᠠᠨ ᠤ ᠬᠦᠰᠡᠨ ᠬᠦᠯᠢᠶᠡᠭᠰᠡᠨ ᠦᠢᠯᠡᠴᠢᠯᠡᠭᠡ ᠶᠢ ᠬᠠᠨᠭ᠍ᠭᠠᠬᠤ ᠡᠨᠡ ᠬᠦ ᠪᠤᠳᠠᠳᠤ ᠠᠵᠢᠯᠯᠠᠭ᠎ᠠ ᠪᠠᠨ ᠢᠳᠡᠪᠬᠢᠳᠠᠢ ᠥᠷᠨᠢᠬᠦᠯᠥᠭᠰᠡᠭᠡᠷ ᠢᠷᠡᠵᠠᠢ᠃ ᠬᠥᠨᠴᠢᠨᠪᠥ᠋ᠷᠢᠨ ᠡᠮᠴᠢ ᠠᠷᠠᠳ ᠤᠯᠠᠨ ᠤ ᠡᠷᠡᠭᠦᠯ ᠮᠡᠨᠳᠦ ᠶᠢᠨ ᠲᠦᠯᠦᠭᠡ ᠮᠠᠰᠢ ᠰᠠᠨᠠᠭᠠᠰᠢᠷᠠᠳᠠᠭ᠃ ᠲᠡᠷᠡ ᠰᠠᠶᠢᠨ ᠳᠤᠷ᠎ᠠ ᠠᠴᠠ ᠪᠠᠨ ᠮᠠᠯᠴᠢᠳ ᠢᠶᠠᠨ ᠵᠤᠬᠢᠶᠠᠨ ᠪᠠᠶᠢᠭᠤᠯᠵᠤ ᠪᠢᠳᠠᠨ ᠲᠠᠢ ᠬᠠᠮᠲᠤᠷᠠᠵᠤ ᠠᠵᠢᠯᠯᠠᠭᠰᠠᠨ ᠶᠤᠮ︾ ᠬᠡᠵᠥ ᠪᠠᠶᠢᠯ᠎ᠠ᠃                                ᠵᠣᠬᠢᠶᠠᠭᠴᠢ᠄ ᠬᠠᠰᠪᠤᠶᠠᠨᠳᠤ  ᠠᠷᠢᠭᠤᠨ᠎ᠠ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ