ᠦᠦᠰᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/8/6
                                    ︵5 ᠳ᠋ᠤᠭᠠᠷ ᠲᠤᠭᠠᠲᠤ︶      ᠨᠠᠨᠵᠢᠩ ᠬᠤᠲᠠ ᠶᠢᠨ ᠯᠦᠺᠸᠤ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠲᠤᠳᠤᠯᠠᠭᠰᠠᠨ ᠡᠪᠡᠳᠴᠢᠲᠠᠨ ᠢᠯᠡᠷᠡᠭᠰᠡᠨ ᠠᠴᠠ ᠨᠠᠰᠢ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠳᠡᠯᠭᠡᠷᠡᠬᠦ ᠬᠠᠨᠳᠤᠰᠢ ᠲᠠᠢ ᠪᠣᠯᠵᠣ᠂ ᠬᠠᠯᠳᠠᠪᠤᠷᠢᠯᠠᠯ ᠤᠨ ᠬᠡᠯᠬᠢᠶ᠎ᠡ ᠲᠠᠰᠤᠷᠠᠯᠲᠠ ᠥᠬᠡᠶ ᠤᠷᠳᠤᠰᠴᠤ ᠣᠬᠤᠷᠬᠠᠨ ᠬᠤᠭᠤᠴᠠᠭᠠᠨ ᠳᠤ ᠨᠢᠭᠡᠨᠲᠡ ᠣᠯᠠᠨ ᠮᠤᠵᠢ ᠬᠤᠲᠠ ᠳᠤ ᠲᠠᠷᠬᠠᠭᠰᠠᠨ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠬᠦ ᠶᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠴᠢᠬᠤᠯᠠ ᠪᠠᠶᠢᠷᠢᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠨ ᠭᠠᠳᠠᠨ᠎ᠠ ᠠᠴᠠ ᠤᠷᠤᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠶᠢᠨ ᠲᠥᠯᠥᠭᠡ᠂ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄       ᠨᠢᠭᠡ᠂ ᠤᠯᠤᠰ ᠤᠨ ᠭᠠᠳᠠᠭᠠᠳᠤ ᠠᠴᠠ ᠣᠷᠣᠵᠤ ᠢᠷᠡᠭᠰᠡᠨ ᠬᠦᠮᠦᠰ ᠲᠤ ᠬᠢᠯᠢ ᠪᠠᠷ ᠣᠷᠣᠵᠤ ᠢᠷᠡᠬᠦ ᠬᠠᠮᠤᠭ ᠠᠩᠬᠠᠨ ᠤ ᠴᠡᠭ ᠲᠠᠬᠢ ᠲᠦᠪᠯᠡᠷᠡᠬᠦᠯᠦᠨ ᠲᠤᠰᠠᠭᠠᠷᠯᠠᠬᠤ ᠬᠤᠭᠤᠴᠠᠭ᠎ᠠ ᠲᠠᠭᠤᠰᠤᠭᠠᠳ ᠮᠠᠨ ᠤ ᠬᠤᠰᠢᠭᠤᠨ ᠳᠤ ᠪᠤᠴᠠᠵᠤ ᠢᠷᠡᠪᠡᠯ 14 ᠡᠳᠦᠷ ᠲᠦᠪᠯᠡᠷᠡᠬᠦᠯᠦᠨ ᠲᠤᠰᠠᠭᠠᠷᠯᠠᠬᠤ ᠪᠠ 7 ᠡᠳᠦᠷ ᠬᠡᠷ ᠲᠡᠭᠡᠨ ᠲᠤᠰᠠᠭᠠᠷᠯᠠᠬᠤ ︵ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠪᠤᠯ ᠴᠦᠮ ᠲᠥᠪᠯᠡᠷᠡᠭᠦᠯᠦᠨ ᠲᠤᠰᠠᠭᠠᠷᠯᠠᠬᠤ︶ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠲᠦᠪᠯᠡᠷᠡᠬᠦᠯᠦᠨ ᠲᠤᠰᠠᠭᠠᠷᠯᠠᠬᠤ ᠬᠤᠭᠤᠴᠠᠭᠠᠨ ᠤ ᠨᠢᠭᠡᠳᠦᠭᠡᠷ ᠡᠳᠦᠷ᠂ ᠲᠦᠷᠪᠡᠳᠦᠭᠡᠷ ᠡᠳᠦᠷ᠂ ᠲᠤᠯᠤᠳᠤᠭᠠᠷ ᠡᠳᠦᠷ᠂ ᠠᠷᠪᠠᠳᠤᠭᠠᠷ ᠡᠳᠦᠷ᠂ ᠠᠷᠪᠠᠨ ᠲᠦᠷᠪᠡᠳᠦᠭᠡᠷ ᠡᠳᠦᠷ ᠪᠤᠯᠤᠨ ᠬᠡᠷ ᠲᠡᠭᠡᠨ ᠲᠤᠰᠠᠭᠠᠷᠯᠠᠬᠤ ᠬᠤᠭᠤᠴᠠᠭᠠᠨ ᠤ ᠬᠤᠶᠠᠳᠤᠭᠠᠷ ᠡᠳᠦᠷ᠂ ᠲᠤᠯᠤᠳᠤᠭᠠᠷ ᠡᠳᠦᠷ ᠲᠤ ᠬᠠᠮᠠᠷ ᠪᠤᠯᠤᠨ ᠬᠤᠭᠤᠯᠠᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠢᠬᠦ ᠬᠡᠷᠡᠭᠲᠠᠢ᠃       ᠬᠤᠶᠠᠷ᠂ ᠤᠯᠤᠰ ᠤᠨ ᠳᠣᠲᠣᠭᠠᠳᠤ ᠶᠢᠨ ᠦᠨᠳᠦᠷ ᠵᠡᠷᠭᠡ ᠶᠢᠨ ᠲᠦᠭᠰᠢᠬᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠤᠨ᠎ᠠ︔ ᠤᠯᠤᠰ ᠤᠨ ᠳᠣᠲᠣᠭᠠᠳᠤ ᠶᠢᠨ ᠲᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ  ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠴᠥᠮ ︽14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ︵ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠪᠤᠯ ᠴᠦᠮ ᠲᠥᠪᠯᠡᠷᠡᠭᠦᠯᠦᠨ ᠲᠤᠰᠠᠭᠠᠷᠯᠠᠬᠤ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠦ᠂ ᠲᠤᠰᠠᠭᠠᠷᠯᠠᠬᠤ ᠬᠤᠭᠤᠴᠠᠭᠠᠨ ᠤ ᠨᠢᠭᠡᠳᠦᠭᠡᠷ ᠡᠳᠦᠷ᠂ ᠲᠦᠷᠪᠡᠳᠦᠭᠡᠷ ᠡᠳᠦᠷ᠂ ᠲᠤᠯᠤᠳᠤᠭᠠᠷ ᠡᠳᠦᠷ᠂ ᠠᠷᠪᠠᠳᠤᠭᠠᠷ ᠡᠳᠦᠷ᠂ ᠠᠷᠪᠠᠨ ᠲᠦᠷᠪᠡᠳᠦᠭᠡᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠢᠨ᠎ᠡ︔ ᠬᠠᠷᠢᠶᠠᠲᠤ ᠣᠷᠣᠨ ᠤ ᠲᠤᠳᠤᠷ᠎ᠠ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠤᠷᠤᠨ ᠲᠠᠢ ᠭᠠᠵᠠᠷ ᠤᠨ ᠲᠡᠰ ᠤᠨ ᠬᠤᠲᠠ ︵ᠪᠠᠭᠲᠠᠨ᠎ᠠ︶ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠦᠷ᠎ᠡ ᠳ᠋ᠦᠩ ᠤᠨ ᠭᠡᠷᠡᠴᠢ ᠪᠠᠨ ᠠᠪᠴᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠰᠢᠯᠵᠢᠵᠦ ᠪᠣᠯᠤᠨ᠎ᠠ᠃ ᠭᠡᠷᠡᠴᠢ ᠬᠠᠩᠭᠠᠵᠤ ᠲᠡᠶᠢᠯᠬᠦ ᠦᠭᠡᠢ ᠪᠤᠯ᠂ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠤ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷᠲᠠᠶ ᠪᠠᠶᠢᠪᠠᠯ ᠴᠢᠯᠥᠭᠡᠲᠡᠶ ᠪᠠᠷ ᠰᠢᠯᠵᠢᠵᠦ ᠪᠣᠯᠤᠨ᠎ᠠ᠃       ᠭᠤᠷᠪᠠ᠂ 7 ᠰᠠᠷ᠎ᠠ ᠶᠢᠨ 29 ᠤ ᠡᠳᠦᠷ ᠠᠴᠠ ᠨᠠᠰᠢ᠂ ᠬᠥᠯᠥᠨ ᠪᠤᠶᠢᠷ ᠬᠤᠲᠠ ᠳᠤ ᠵᠤᠭᠠᠴᠠᠭᠰᠠᠨ ᠪᠤᠶᠤ ᠰᠠᠭᠤᠵᠤ ᠦᠩᠭᠡᠷᠡᠭᠰᠡᠨ ᠡᠰᠡᠬᠦᠯ᠎ᠡ ᠬᠦᠯᠦᠨ ᠪᠤᠶᠢᠷ ᠬᠤᠲᠠ ᠪᠠᠷ ᠶᠠᠪᠤᠭᠰᠠᠨ ᠬᠦᠮᠦᠰ ᠲᠠᠢ ᠤᠶᠢᠷᠠᠳᠤᠭᠰᠠᠳ ᠳᠠᠷᠤᠶ ᠲᠦᠷᠭᠡᠨ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠪᠠᠶᠢᠭᠤᠯᠭ᠎ᠠ ᠨᠢᠭᠡᠴᠢ ᠳᠤ ᠮᠡᠳᠡᠭᠦᠯᠦᠨ ᠳᠠᠩᠰᠠᠯᠠᠭᠤᠯᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃       ᠳᠥᠷᠪᠡ᠂ ᠣᠷᠳᠣᠰ ᠬᠤᠲᠠ ᠠᠴᠠ ᠪᠤᠰᠤᠳ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠪᠤᠰᠤ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠦᠮᠦᠰ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ᠂ ᠰᠠᠨᠠᠭᠠᠴᠢᠯᠠᠭ᠎ᠠ ᠠᠴᠠ ᠪᠠᠨ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠷᠠᠢ᠃       ᠲᠠᠪᠤ᠂ ᠪᠥᠬᠦ ᠬᠤᠰᠢᠭᠤᠨ ᠤ ᠵᠣᠨ ᠤ ᠠᠮᠠᠷᠠᠯᠲᠠ ᠶᠢᠨ ᠬᠤᠭᠤᠴᠠᠭᠠᠨ ᠳᠤ ᠣᠷᠳᠣᠰ ᠬᠤᠲᠠ ᠠᠴᠠ ᠭᠠᠷᠤᠭᠰᠠᠨ ᠪᠣᠶ ᠪᠥᠬᠦᠶ ᠪᠠᠭᠰᠢ ᠰᠤᠷᠤᠭᠴᠢᠳ ᠰᠤᠷᠭᠠᠭᠤᠯᠢ ᠡᠬᠢᠯᠡᠬᠦ ᠠᠴᠠ ᠡᠮᠦᠨ᠎ᠡ 14 ᠡᠳᠦᠷ ︵8 ᠰᠠᠷ᠎ᠠ ᠶᠢᠨ 13 ᠤ ᠡᠳᠦᠷ ᠠᠴᠠ ᠡᠮᠦᠨ᠎ᠡ︶ ᠮᠠᠨ ᠤ ᠬᠤᠰᠢᠭᠤᠨ ᠳᠤ ᠪᠤᠴᠠᠵᠤ ᠢᠷᠡᠭᠰᠡᠨ ᠪᠠᠶᠢᠬᠤ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠰᠤᠷᠭᠠᠭᠤᠯᠢ ᠳᠤ ᠮᠡᠳᠡᠭᠦᠯᠦᠨ ᠳᠠᠩᠰᠠᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠲᠦᠷᠦᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠷ ᠰᠠᠶᠢᠲᠤᠷ ᠬᠢᠬᠦ ᠬᠡᠷᠡᠭᠲᠡᠶ᠃       ᠵᠢᠷᠭᠤᠭ᠎ᠠ᠂ ᠲᠣᠰ ᠡᠳᠦᠷ ᠠᠴᠠ ᠡᠬᠢᠯᠡᠨ᠂ ᠲᠣᠮᠣ ᠬᠡᠯᠪᠡᠷᠢ ᠶᠢᠨ ᠠᠵᠢᠯᠯᠠᠭ᠎ᠠ ᠶᠢ ᠵᠤᠭᠰᠤᠭᠠᠵᠤ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠰᠣᠶᠣᠯ ᠲᠠᠮᠢᠷ ᠤᠨ ᠲᠠᠯᠠᠪᠤᠷ ᠣᠷᠳᠣᠨ ᠵᠢᠴᠢ ᠨᠣᠮ ᠤᠨ ᠰᠠᠩ ᠢ ᠪᠦᠬᠦᠨ ᠢ ᠬᠠᠭᠠᠨ᠎ᠠ᠃ ᠬᠤᠷᠢᠮ ᠨᠠᠶᠢᠷ ᠢ ᠬᠤᠶᠢᠰᠢᠯᠠᠭᠤᠯᠬᠤ᠂ ᠭᠤᠮᠤᠳᠠᠯ ᠭᠠᠰᠢᠭᠤᠳᠠᠯ ᠤᠨ ᠠᠵᠢᠯᠯᠠᠭ᠎ᠠ ᠶᠢ ᠳᠥᠭᠦᠮᠴᠢᠯᠡᠬᠦ᠂ ᠳᠠᠶᠢᠯᠠᠯᠭ᠎ᠠ ᠬᠢᠬᠦ ᠦᠭᠡᠢ ᠪᠠᠶᠢᠬᠤ ᠶᠢ ᠰᠠᠨᠠᠭᠠᠴᠢᠯᠠᠨ᠎ᠠ᠃ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠢ ᠳᠠᠶᠢᠯᠠᠯᠭ᠎ᠠ ᠶᠢᠨ ᠠᠵᠢᠯᠯᠠᠭ᠎ᠠ ᠡᠷᠭᠢᠯᠡᠬᠦ ᠳᠡᠭᠡᠨ ︽ᠬᠡᠨ ᠭᠤᠤᠯᠯᠠᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠡᠷᠭᠢᠯᠡᠭᠰᠡᠨ ᠲᠠᠯ᠎ᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠵᠢᠴᠢ ᠪᠠᠴᠢᠮ ᠪᠠᠶᠢᠳᠠᠯ ᠢ ᠰᠢᠢᠳᠪᠦᠷᠢᠯᠡᠬᠦ ᠲᠥᠰᠦᠯ ᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠤᠷᠢᠳᠴᠢᠯᠠᠨ ᠭᠤᠶᠤᠴᠢᠯᠠᠵᠤ᠂ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠬᠢᠬᠦ ᠶᠢᠨ ᠬᠠᠮᠲᠤ ᠴᠢᠩᠭ᠎ᠠ ᠨᠢᠮᠪᠠᠶ ᠬᠢᠨᠠᠨ ᠵᠥᠪᠰᠢᠶᠡᠷᠡᠬᠦᠯᠦᠭᠰᠡᠨ ᠤ ᠳᠠᠷᠠᠭ᠎ᠠ ᠰᠠᠶ᠋ᠢ ᠡᠷᠭᠢᠯᠡᠵᠦ ᠪᠣᠯᠤᠨ᠎ᠠ᠃ ᠡᠯ᠎ᠡ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠬᠤᠭᠤᠯᠠ ᠢᠳᠡᠬᠦ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠬᠤ ᠶᠢᠨ ᠬᠠᠮᠲᠤ ᠪᠡᠶ᠎ᠡ ᠶᠢᠨ ᠳᠤᠯᠠᠭᠠᠨ ᠢ ᠬᠡᠮᠵᠢᠬᠦ᠂ ᠺᠤᠳ᠋ ᠰᠢᠷᠪᠢᠬᠦ᠂ ᠠᠮᠠᠪᠴᠢ ᠵᠡᠭᠦᠬᠦ᠂ ᠠᠶᠠᠯᠠᠯ ᠤᠨ ᠮᠡᠳᠡᠭᠡ ᠵᠠᠩᠭᠢ ᠶᠢ ᠲᠡᠮᠳᠡᠭᠯᠡᠬᠦ᠂ ︽ᠨᠢᠭᠡ ᠮᠧᠲᠷ ᠤᠨ ᠵᠠᠶ︾ ᠶᠢ ᠪᠠᠲᠤᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃ ᠢᠳᠡᠭᠡᠨ ᠤᠮᠳᠠᠭᠠᠨ ᠤ ᠨᠢᠭᠡᠴᠢ᠂ ᠭᠤᠤᠯᠯᠠᠨ ᠡᠷᠬᠢᠯᠡᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠤᠲᠠ ᠶᠢᠨ ᠭᠠᠳᠠᠨᠠᠬᠢ ᠬᠥᠮᠦᠰ ᠢ ᠤᠷᠢᠵᠤ ᠪᠣᠯᠬᠤ ᠥᠬᠡᠶ᠂ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠡᠳ 1 ᠰᠠᠷ᠎ᠠ ᠪᠣᠯᠤᠭᠠᠳᠤᠶ ᠬᠥᠮᠦᠰ ᠢ ᠤᠷᠢᠨ ᠣᠷᠣᠯᠴᠠᠭᠤᠯᠵᠤ ᠪᠣᠯᠬᠤ ᠥᠬᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ ᠲᠣᠭᠲᠠᠭᠠᠯ ᠢ ᠬᠡᠷᠡᠭᠵᠢᠭᠦᠯᠬᠦ ᠥᠬᠡᠶ ᠪᠤᠶᠤ ᠪᠣᠳᠠᠲᠠᠶ ᠬᠡᠷᠡᠭᠵᠢᠭᠦᠯᠦᠭᠰᠡᠨ ᠢᠶᠠᠷ ᠠᠨᠠᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠨ ᠲᠣᠷᠭᠠᠨ᠎ᠠ᠃      ᠳᠣᠯᠤᠭ᠎ᠠ᠂ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶ᠎ᠠ ᠶᠢᠨ ᠱᠦᠵᠢ᠂ ᠡᠮᠨᠡᠯᠭᠡ ᠶᠢᠨ ᠬᠤᠷᠢᠶᠠᠨ ᠤ ᠳᠠᠷᠤᠭ᠎ᠠ ᠶᠢᠨ ᠡᠮᠨᠡᠯᠭᠡ ᠶᠢᠨ ᠬᠤᠷᠢᠶᠠᠨ ᠤ ᠲᠤᠲᠤᠭᠠᠲᠤ ᠳᠤ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠬᠠᠯᠳᠠᠪᠤᠷᠢᠯᠠᠯ ᠤᠨ ᠠᠵᠢᠯ ᠤᠨ ᠲᠤᠰᠬᠠᠶ  ᠠᠵᠢᠯᠲᠠᠨ ᠪᠠ ᠡᠮᠨᠡᠯᠭᠡ ᠶᠢᠨ ᠬᠤᠷᠢᠶᠠᠨ ᠤ ᠲᠤᠲᠤᠭᠠᠲᠤ ᠳᠤ ᠬᠠᠯᠳᠠᠪᠤᠷᠢᠯᠠᠬᠤ ᠶᠢ ᠰᠢᠮᠳᠠᠭᠤᠯᠤᠨ ᠪᠠᠶᠢᠴᠠᠭᠠᠭᠴᠢ ᠳᠣᠭᠢᠷᠠᠭᠤᠯᠤᠨ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ ᠠᠩᠬ᠎ᠠ ᠣᠨᠣᠰᠢᠯᠠᠬᠤ ᠬᠠᠷᠢᠭᠤᠴᠠᠯᠭ᠎ᠠ ᠪᠠ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠠᠢ᠃ ᠬᠤᠪᠢ ᠶᠢᠨ ᠡᠮᠴᠢᠯᠡᠭᠡᠨ ᠤ ᠭᠠᠵᠠᠷ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠠᠯᠠᠭᠤᠷᠠᠯ ᠤᠨ ᠡᠭᠦᠳᠡᠨ ᠡᠮᠨᠡᠯᠭᠡ ᠬᠢᠭᠡᠳ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠶᠢ ᠲᠤᠬᠢᠷᠠᠭᠤᠯᠤᠭᠰᠠᠨ ᠦᠭᠡᠢ ᠡᠮᠴᠢᠯᠡᠭᠡᠨ ᠤ ᠪᠠᠶᠢᠭᠤᠯᠤᠮᠵᠢ ᠪᠡᠶ᠎ᠡ ᠬᠠᠯᠠᠭᠤᠷᠠᠭᠰᠠᠨ ᠡᠪᠡᠳᠴᠢᠲᠡᠨ ᠢ ᠬᠦᠯᠢᠶᠡᠨ ᠠᠪᠴᠤ ᠡᠮᠨᠡᠬᠦ ᠶᠢ ᠴᠢᠩᠭ᠎ᠠ ᠴᠠᠭᠠᠵᠠᠯᠠᠨ᠎ᠠ᠃ ᠡᠮ ᠤᠨ ᠵᠦᠢᠯᠡᠰ ᠢ ᠵᠢᠵᠢᠭᠯᠡᠨ ᠬᠤᠳᠠᠯᠳᠤᠬᠤ ᠳᠡᠯᠭᠡᠭᠦᠷ ᠤᠳ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠠᠮᠠᠪᠴᠢ ᠵᠡᠭᠦᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ ᠲᠥᠷᠥᠯ ᠤᠨ ᠡᠮ ᠢ ᠬᠤᠳᠠᠯᠳᠤᠨ ᠠᠪᠤᠭᠰᠠᠳ ᠢ ᠡᠷᠬᠡᠪᠰᠢ ᠦᠨᠡᠨ ᠨᠡᠷ᠎ᠡ ᠶᠢ ᠨᠢ ᠳᠠᠩᠰᠠᠯᠠᠬᠤ ᠬᠡᠷᠡᠭᠲᠠᠢ᠃ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠲᠡᠨ ᠢ ᠣᠯᠵᠤ ᠮᠡᠳᠡᠪᠡᠯ ᠲᠠᠷᠤᠢ ᠲᠦᠷᠭᠡᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠠᠵᠢᠯ ᠤᠨ ᠳᠤᠭᠤᠶᠢᠯᠠᠩ ᠳᠤ ᠮᠡᠳᠡᠭᠦᠯᠬᠦ ᠬᠡᠷᠡᠭᠲᠠᠢ᠃       ᠨᠠᠢᠮᠠ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ ᠨᠢ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠤ ᠥᠷᠲᠡᠭᠡ ᠲᠠᠯᠠᠪᠤᠷ ᠲᠤ ᠣᠷᠣᠵᠤ ᠭᠠᠷᠬᠤ ᠬᠥᠮᠦᠰ ᠤᠨ ᠪᠡᠶ᠎ᠡ ᠶᠢᠨ ᠳᠤᠯᠠᠭᠠᠨ ᠢ ᠬᠡᠮᠵᠢᠨ᠂ ᠠᠶᠠᠯᠠᠯ ᠤᠨ ᠵᠠᠮ ᠮᠥᠷ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠨ ᠦᠵᠡᠵᠤ᠂ ︽ᠡᠷᠡᠭᠦᠯ ᠮᠡᠨᠳᠦ ᠶᠢᠨ ᠺᠣᠳ᠋︾ ᠢ ᠬᠠᠷᠭᠤᠭᠤᠯᠤᠨ ᠪᠠᠶᠢᠴᠠᠭᠠᠵᠤ ᠠᠶᠠᠨᠴᠢᠳ ᠢ ᠬᠥᠲᠥᠯᠦᠨ ᠵᠢᠯᠣᠭᠤᠳᠴᠤ ᠪᠥᠬᠦ ᠶᠠᠪᠤᠴᠠ ᠳᠤ ᠠᠮᠠᠪᠴᠢ ᠵᠡᠭᠦᠯᠭᠡᠬᠦ ᠶᠢᠨ ᠬᠠᠮᠲᠤ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠵᠦ ᠡᠬᠢ ᠡᠬᠦᠰᠦᠯ ᠢ ᠨᠢ ᠡᠷᠢᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠠᠢ᠃       ᠶᠢᠰᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ︽ᠬᠦᠮᠦᠨ ᠤ ᠲᠤᠭ᠎ᠠ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠴᠠᠭ ᠵᠥᠷᠢᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠬᠦᠮᠦᠨ ᠤ ᠤᠷᠤᠰᠬᠠᠯ ᠤᠨ ᠬᠡᠮᠵᠢᠶᠡᠨ ᠤ ᠬᠠᠷᠢᠴᠠᠯ ᠢ ᠲᠣᠰ ᠡᠳᠦᠷ ᠤᠨ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢᠨ 50% ᠲᠤᠲᠤᠷ᠎ᠠ ᠬᠢᠵᠠᠭᠠᠷᠯᠠᠬᠤ ᠬᠡᠷᠡᠭᠲᠠᠢ᠃ ᠦᠵᠡᠮᠵᠢ ᠶᠢᠨ ᠣᠷᠣᠨ ᠳᠤ ᠣᠷᠣᠬᠤ ᠠᠴᠠ ᠡᠮᠦᠨ᠎ᠡ ᠺᠣᠳ᠋ ᠰᠢᠷᠪᠢᠵᠦ ᠲᠠᠩᠰᠠᠯᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ︽ᠨᠢᠭᠡ ᠮᠧᠲᠷ ᠤᠨ ᠵᠠᠢ︾ ᠶᠢ ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠠᠢ᠃ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠪᠦᠯᠬᠦᠮ ᠵᠣᠬᠢᠶᠠᠨ ᠪᠠᠶᠢᠭᠤᠯᠤᠨ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠳᠤ ᠵᠢᠭᠤᠯᠴᠢᠯᠠᠬᠤ ᠥᠬᠡᠶ᠂ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠨᠢᠰᠬᠡᠯ ᠤᠨ ᠪᠢᠯᠧᠲ᠂ ᠪᠠᠭᠤᠳᠠᠯ ᠤᠨ ᠵᠠᠬᠢᠶᠠᠯᠠᠭ᠎ᠠ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠥᠷᠨᠢᠭᠦᠯᠬᠦ ᠥᠬᠡᠶ ᠪᠠᠶᠢᠬᠤ ᠬᠡᠷᠡᠭᠲᠠᠢ᠃      ᠠᠷᠪᠠ᠂ ᠡᠯ᠎ᠡ ᠬᠤᠳᠠᠯᠳᠤᠭᠠᠨ ᠤ ᠲᠠᠯᠠᠪᠤᠷ᠂ ᠴᠢᠯᠦᠭᠡᠲᠤ ᠳᠡᠯᠭᠡᠭᠦᠷ ᠵᠡᠷᠭᠡ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠠᠶᠠᠯᠠᠯ ᠤᠨ ᠮᠡᠳᠡᠭᠡ ᠵᠠᠩᠭᠢ ᠶᠢ ᠲᠡᠮᠳᠡᠭᠯᠡᠬᠦ᠂ ︽ᠨᠢᠭᠡ ᠮᠧᠲᠷ ᠤᠨ ᠵᠠᠢ︾ ᠶᠢ ᠪᠠᠲᠤᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠠᠢ᠃       ᠠᠷᠪᠠᠨ ᠨᠢᠭᠡ᠂ ᠲᠣᠰ ᠡᠳᠦᠷ ᠠᠴᠠ ᠡᠬᠢᠯᠡᠨ ᠪᠥᠬᠦ ᠬᠤᠰᠢᠭᠤᠨ ᠤ ᠡᠯ᠎ᠡ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ  ᠤᠨ ᠨᠢᠭᠡᠴᠢ᠂ ᠨᠡᠶᠢᠭᠡᠮ ᠤᠨ ᠪᠦᠯᠬᠦᠮ ᠵᠡᠷᠭᠡ ᠨᠢ ᠺᠠᠳ᠋ᠷ ᠤᠨ ᠬᠠᠮᠢᠶᠠᠷᠤᠯᠲᠠ ᠪᠠᠨ ᠴᠢᠩᠭᠠᠳᠬᠠᠵᠤ ᠴᠢᠬᠤᠯᠠ ᠤᠴᠢᠷ ᠦᠭᠡᠢ ᠪᠤᠯ ᠭᠠᠳᠠᠭᠰᠢ ᠭᠠᠷᠬᠤ ᠥᠬᠡᠶ ᠪᠠᠶᠢᠵᠤ᠂ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠲᠣᠰ ᠪᠠᠶᠢᠭᠤᠯᠭ᠎ᠠ ᠨᠢᠭᠡᠴᠢ ᠵᠢᠴᠢ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠵᠤ ᠨᠢᠭᠡᠨᠲᠡ ᠭᠠᠳᠠᠭᠰᠢ ᠭᠠᠷᠤᠭᠰᠠᠨ ᠬᠥᠮᠦᠰ ᠲᠠᠷᠤᠶᠢᠬᠠᠨ ᠪᠤᠴᠠᠵᠤ ᠢᠷᠡᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ᠃ ᠡᠭᠦᠨ ᠤ ᠬᠠᠮᠲᠤ ᠵᠢᠵᠢᠭᠦᠷᠯᠡᠨ ᠰᠠᠬᠢᠬᠤ ᠶᠢ ᠦᠨᠡᠨᠬᠦ ᠴᠢᠩᠭᠠᠳᠬᠠᠵᠤ ᠪᠠᠴᠢᠮ ᠲᠦᠷᠭᠡᠨ ᠭᠡᠨᠡᠳᠲᠡ ᠶᠢᠨ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠠᠢ᠃       ᠠᠷᠪᠠᠨ ᠬᠤᠶᠠᠷ᠂ ᠪᠦᠬᠦ ᠬᠤᠰᠢᠭᠤᠨ ᠤ ᠬᠡᠪᠴᠢᠶᠡᠨ ᠳᠠᠬᠢ ᠡᠯ᠎ᠡ ᠠᠵᠤ ᠠᠬᠤᠶᠢᠯᠠᠯ ᠤᠨ ᠬᠢᠨ ᠦᠢᠯᠡᠳᠪᠦᠷᠢ ᠶᠢᠨ ᠲᠣᠭᠤᠷᠢᠭ ᠤᠨ ᠠᠵᠢᠯᠲᠠᠨ ᠠᠵᠢᠯᠴᠢᠨ ᠢᠶᠠᠨ ᠴᠢᠩᠭ᠎ᠠ ᠬᠠᠮᠢᠶᠠᠷᠤᠨ ᠡᠵᠡᠮᠳᠡᠵᠤ ᠠᠵᠢᠯᠲᠠᠨ ᠠᠵᠢᠯᠴᠢᠨ ᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠦᠢᠯᠡᠳᠪᠦᠷᠢ ᠶᠢᠨ ᠲᠣᠭᠤᠷᠢᠭ ᠲᠤ ᠳᠤᠷ᠎ᠠ ᠪᠠᠷ ᠢᠶᠠᠨ ᠣᠷᠣᠵᠤ ᠭᠠᠷᠴᠤ ᠪᠣᠯᠬᠤ ᠥᠬᠡᠶ᠂ ᠭᠠᠳᠠᠨ᠎ᠠ ᠠᠴᠠ ᠢᠷᠡᠭᠰᠡᠨ ᠬᠦᠮᠦᠰ ᠵᠠᠷᠴᠢᠮ ᠳᠡᠭᠡᠷ᠎ᠡ ᠪᠠᠨ ᠦᠢᠯᠡᠳᠪᠦᠷᠢ ᠶᠢᠨ ᠲᠣᠭᠤᠷᠢᠭ ᠲᠤ ᠣᠷᠣᠵᠤ ᠪᠣᠯᠬᠤ ᠥᠬᠡᠶ᠂ ᠦᠨᠡᠭᠡᠷ ᠤᠨᠴᠠᠭᠠᠢ ᠪᠠᠶᠢᠳᠠᠯ ᠲᠠᠢ ᠪᠤᠯᠵᠤ ᠦᠢᠯᠡᠳᠪᠦᠷᠢ ᠶᠢᠨ ᠲᠣᠭᠤᠷᠢᠭ ᠢᠶᠠᠷ ᠣᠷᠣᠵᠤ ᠭᠠᠷᠬᠤ ᠴᠢᠬᠤᠯᠠ ᠲᠠᠢ ᠪᠣᠯ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ ᠪᠡᠶ᠎ᠡ ᠶᠢᠨ ᠳᠤᠯᠠᠭᠠᠨ ᠢ ᠬᠡᠮᠵᠢᠬᠦ᠂ ᠠᠶᠠᠯᠠᠯ ᠤᠨ ᠵᠠᠮ ᠮᠥᠷ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠬᠤ᠂ ︽ᠡᠷᠡᠭᠦᠯ ᠮᠡᠨᠳᠦ ᠶᠢᠨ ᠺᠣᠳ᠋︾ ᠢ ᠬᠢᠨᠠᠨ ᠪᠠᠶᠢᠴᠠᠭᠠᠬᠤ ᠶᠢᠨ ᠬᠠᠮᠲᠤ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠬᠦ ᠬᠡᠷᠡᠭᠲᠠᠢ᠃       ᠠᠷᠪᠠᠨ ᠭᠤᠷᠪᠠ᠂ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ ᠴᠢᠬᠤᠯᠠ ᠤᠴᠢᠷ ᠦᠬᠡᠢ ᠪᠤᠯ ᠭᠠᠳᠠᠭᠰᠢ ᠭᠠᠷᠬᠤ ᠥᠬᠡᠶ᠂ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠵᠤ ᠨᠢᠭᠡᠨᠲᠡ ᠭᠠᠳᠠᠭᠰᠢ ᠭᠠᠷᠤᠭᠰᠠᠨ ᠬᠥᠮᠦᠰ ᠳᠠᠷᠦ᠋ᠢᠬᠠᠨ ᠪᠤᠴᠠᠵᠤ ᠢᠷᠡᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ᠃       ᠠᠷᠪᠠᠨ ᠲᠦᠷᠪᠡ᠂ ᠵᠠᠷᠴᠢᠮ ᠳᠡᠭᠡᠷ᠎ᠡ ᠪᠠᠨ 100 ᠬᠥᠮᠦᠨ ᠠᠴᠠ ᠳᠡᠭᠡᠭᠰᠢ ᠬᠠᠮᠲᠤ ᠬᠤᠭᠤᠯᠠᠯᠠᠬᠤ ᠠᠵᠢᠯᠯᠠᠭ᠎ᠠ ᠶᠢ ᠡᠷᠬᠢᠯᠡᠬᠦ ᠥᠭᠡᠢ᠂ ᠭᠡᠷ ᠪᠦᠯᠢ ᠶᠢᠨ ᠬᠤᠭᠤᠯᠠᠯᠠᠭ᠎ᠠ ᠴᠤᠭᠯᠠᠭᠠᠨ ᠵᠡᠷᠭᠡ ᠶᠢ 10 ᠬᠥᠮᠦᠨ ᠤ ᠲᠤᠲᠤᠷ᠎ᠠ ᠬᠢᠵᠠᠭᠠᠷᠯᠠᠵᠤ ᠠᠯᠪᠠᠨ ᠠᠵᠢᠯᠳᠠᠨ᠂ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠳᠠᠶᠢᠯᠠᠯᠭ᠎ᠠ᠂ ᠴᠤᠭᠯᠠᠭᠠᠨ ᠵᠡᠷᠭᠡ ᠠᠵᠢᠯᠯᠠᠭ᠎ᠠ ᠳᠤ ᠣᠷᠣᠯᠴᠠᠬᠤ ᠥᠭᠡᠢ ᠪᠠᠶᠢᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠳᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠳᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠵᠤ ᠣᠷᠣᠯᠴᠠᠬᠤ ᠬᠥᠮᠦᠨ ᠤ ᠲᠤᠭ᠎ᠠ ᠶᠢ ᠡᠷᠭᠢᠯᠡᠬᠦ ᠲᠠᠯᠠᠪᠠᠶ ᠶᠢᠨ ᠬᠠᠮᠤᠭ ᠤᠨ ᠶᠡᠭᠡ ᠳᠠᠭᠠᠭᠠᠬᠤ ᠴᠢᠳᠠᠪᠤᠷᠢ ᠶᠢᠨ 75% ᠠᠴᠠ ᠬᠡᠲᠦᠷᠡᠭᠦᠯᠵᠦ ᠪᠣᠯᠬᠤ ᠥᠬᠡᠶ᠃       ᠠᠷᠪᠠᠨ ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠵᠢᠷᠤᠮᠯᠠᠨ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠵᠤ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠠᠷᠢᠭᠤᠳᠬᠠᠬᠤ᠂ ᠴᠤᠭᠯᠠᠷᠠᠬᠤ ᠥᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠶ᠃ ᠳᠤᠮᠳᠠ ᠦᠨᠳᠦᠷ ᠵᠡᠷᠭᠡ ᠶᠢᠨ ᠲᠦᠭᠰᠢᠬᠦᠷᠢ ᠲᠠᠢ ᠭᠠᠵᠠᠷ ᠣᠷᠣᠨ ᠳᠤ ᠵᠤᠭᠠᠴᠠᠭᠰᠠᠨ ᠪᠤᠶᠤ ᠰᠠᠭᠤᠵᠤ ᠦᠩᠭᠡᠷᠡᠭᠰᠡᠨ ᠡᠰᠡᠬᠦᠯ᠎ᠡ ᠬᠠᠮᠢᠶ᠎ᠠ ᠪᠥᠬᠦᠶ ᠣᠶᠢᠷᠠᠲᠤᠭᠰᠠᠨ ᠦᠩᠭᠡᠷᠡᠯᠲᠡ ᠲᠠᠢ ᠪᠣᠯ ᠪᠠᠶᠢᠭ᠎ᠠ ᠪᠠᠶᠢᠭᠤᠯᠭ᠎ᠠ ᠨᠢᠭᠡᠴᠢ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠤᠭᠡᠷᠡᠢ᠂ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ ᠴᠠᠭ ᠲᠠᠷᠤᠢ ᠳᠤᠨᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠬᠦ ᠬᠡᠷᠡᠭᠲᠡᠶ᠃       ᠠᠷᠪᠠᠨ ᠵᠢᠷᠭᠤᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠡᠷᠲᠡᠬᠡᠨ ᠲᠠᠷᠢᠯᠭ᠎ᠠ ᠬᠢᠵᠦ ᠸᠠᠺᠼᠢᠨ ᠤ ᠲᠠᠷᠢᠯᠭ᠎ᠠ ᠬᠢᠭᠰᠡᠨ ᠬᠤᠲᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠭᠡᠷᠠᠢ᠃      ᠵᠢᠵᠢᠭᠦᠷᠯᠡᠬᠦ ᠤᠲᠠᠰᠤ᠄       ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477 — 7582077       ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0477 — 7581820       ᠬᠤᠰᠢᠭᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ᠄ 0477 — 7212784       ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠄ 0477 — 7219676       ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠄ 0477 — 7561153       ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ 0477 — 7582271       ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠄ 0477 — 7552161       ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠄ 0477 — 7560717       ᠭᠠᠯᠠᠭᠤᠲᠤ ᠪᠠᠯᠭᠠᠰᠤ᠄ 0477 — 7583380       ᠰᠢᠷᠬᠤᠰᠤᠨ ᠪᠠᠯᠭᠠᠰᠤ᠄ 0477 — 7560221       ᠦᠦᠰᠢᠨᠵᠤᠤ ᠪᠠᠯᠭᠠᠰᠤ᠄ 0477 — 2247988       ᠲᠤᠭ ᠪᠠᠯᠭᠠᠰᠤ᠄ 0477 — 7510072       ᠰᠦᠯᠳᠡ ᠰᠤᠮᠤ᠄ 0477 — 7520007       ᠤᠯᠠᠭᠠᠨᠲᠣᠯᠣᠭᠠᠶ ᠪᠠᠯᠭᠠᠰᠤ᠄ 0477 — 7552004                                        ᠦᠦᠰᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ                               ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                      2021 ᠣᠨ ᠤ 8 ᠰᠠᠷ᠎ᠠ ᠶᠢᠨ 5 ᠤ ᠡᠳᠦᠷ
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ