2021 ᠣᠨ ᠤ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠯᠲᠠ ᠶᠢ ᠤᠷᠮᠠᠰᠢᠭᠤᠯᠬᠤ ᠤᠷᠤᠯᠳᠤᠭᠠᠨ ᠤ ᠬᠡᠷᠡᠭᠵᠢᠬᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/9
                            ᠥᠥᠰᠢᠨ ᠵᠠᠰᠠᠭ ᠠᠯᠪᠠᠨ ᠲᠠᠷᠬᠠᠭᠠᠬᠤ ﹇2021﹈ 21 ᠳ᠋ᠦ᠋ᠭᠡᠷ ᠲᠣᠭᠠᠲᠤ         ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠠᠷᠠᠳ ᠤᠨ ᠪᠦᠯᠬᠦᠮ ᠳᠤ᠄      ᠡᠳᠦᠭᠡ ︽ᠦᠦᠰᠢᠨ ᠬᠤᠰᠢᠭᠤᠨ ᠤ 2021 ᠣᠨ ᠤ ︿ᠲᠦᠮᠡᠨ ᠠᠯᠬᠤᠮ ᠢ ᠪᠠᠷᠢᠮᠲᠠᠯᠠᠬᠤ﹀ ᠡᠷᠡᠭᠦᠯᠵᠢᠯ ᠠᠯᠬᠤᠯᠲᠠ ᠶᠢ ᠤᠷᠮᠠᠰᠢᠭᠤᠯᠬᠤ ᠤᠷᠤᠯᠳᠤᠭᠠᠨ ᠤ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠬᠦᠯᠦᠭᠡᠷᠠᠢ᠃                                                   ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                                        2021 ᠣᠨ ᠤ 5 ᠰᠠᠷ᠎ᠠ ᠶᠢᠨ 7 ᠤ ᠡᠳᠦᠷ                      ᠦᠦᠰᠢᠨ ᠬᠤᠰᠢᠭᠤᠨ ᠤ 2021 ᠣᠨ ᠤ ︽ᠲᠦᠮᠡᠨ ᠠᠯᠬᠤᠮ ᠢ ᠪᠠᠷᠢᠮᠲᠠᠯᠠᠬᠤ︾                   ᠡᠷᠡᠭᠦᠯᠵᠢᠯ ᠠᠯᠬᠤᠯᠲᠠ ᠶᠢ ᠤᠷᠮᠠᠰᠢᠭᠤᠯᠬᠤ ᠤᠷᠤᠯᠳᠤᠭᠠᠨ ᠤ ᠬᠡᠷᠡᠭᠵᠢᠭᠦᠯᠬᠦ ᠲᠥᠰᠦᠯ           ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ 2019 — 2030 ᠣᠨ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ ᠡᠷᠡᠭᠦᠯ ᠡᠩᠭᠡ ᠦᠦᠰᠢᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠦᠯᠦᠭᠡ ᠶᠡᠷᠦᠩᠬᠡᠶ ᠱᠦᠵᠢ ᠰᠢ ᠶᠢᠨ ᠫᠢᠩ ᠤᠨ ︽ᠪᠦᠬᠦ ᠠᠷᠠᠳ ᠤᠨ ᠡᠷᠡᠭᠦᠯ ᠡᠩᠭᠡ ᠪᠠᠶᠢᠬᠤ ᠦᠭᠡᠶ ᠪᠣᠯ ᠪᠦᠬᠦ ᠲᠠᠯ᠎ᠠ ᠶᠢᠨ ᠴᠢᠨᠡᠭᠡᠯᠢᠭ ᠪᠠᠶᠢᠬᠤ ᠦᠭᠡᠶ︾ ᠭᠡᠰᠡᠨ ᠱᠠᠭᠠᠷᠳᠠᠯᠭ᠎ᠠ ᠶᠣᠰᠣᠭᠠᠷ᠂ ᠣᠯᠠᠨ ᠲᠦᠮᠡᠨ ᠤ ᠡᠪᠡᠳᠴᠶᠢᠨ ᠦᠯᠦ ᠬᠠᠯᠳᠠᠪᠤᠷᠢᠯᠠᠬᠤ ᠴᠢᠳᠠᠪᠤᠷᠢ ᠶᠢ ᠰᠠᠶᠢᠵᠢᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠭᠡᠯ ᠢ ᠪᠠᠲᠤᠳᠬᠠᠨ ᠤᠳᠠᠭᠠᠨ ᠴᠢᠨᠠᠷᠲᠠᠶ ᠡᠪᠡᠳᠴᠢᠨ ᠤᠷᠤᠬᠤ ᠨᠣᠷᠮ᠎ᠠ ᠶᠢ ᠬᠢᠵᠠᠭᠠᠷᠯᠠᠵᠤ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠳᠠᠶᠢᠴᠢᠯᠠᠭᠰᠠᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠭᠦᠨᠵᠡᠭᠡᠶ ᠨᠠᠶᠢᠳᠠᠪᠤᠷᠢᠵᠢᠭᠤᠯᠬᠤ ᠡᠬᠦᠳᠡᠨ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠪᠥᠬᠦ ᠬᠤᠰᠢᠭᠤᠨ ᠤ ᠬᠡᠪᠴᠢᠶᠡᠨ ᠳᠤ 2021 ᠣᠨ ᠤ ︽ᠲᠦᠮᠡᠨ ᠠᠯᠬᠤᠮ ᠢ ᠪᠠᠷᠢᠮᠲᠠᠯᠠᠬᠤ︾ ᠡᠷᠡᠬᠦᠯᠵᠢᠯ ᠠᠯᠬᠤᠯᠲᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠃ ᠡᠷᠡᠬᠦᠯᠵᠢᠯ ᠠᠯᠬᠤᠯᠲᠠ ᠶᠢᠨ ᠤᠷᠤᠯᠳᠤᠭᠠᠨ ᠢᠶᠠᠷ ᠳᠡᠮᠵᠢᠨ ᠤᠷᠤᠯᠳᠤᠭᠠᠨ ᠳᠤ ᠣᠷᠣᠯᠴᠠᠭᠰᠠᠳ ᠲᠤ ᠰᠢᠨᠵᠢᠯᠡᠬᠦ ᠤᠬᠠᠭᠠᠨᠴᠢ ᠡᠷᠡᠬᠦᠯᠵᠢᠯ ᠠᠯᠬᠤᠯᠲᠠ ᠶᠢᠨ ᠬᠥᠳᠡᠯᠭᠡᠭᠡᠨ ᠤ ᠠᠷᠭ᠎ᠠ ᠶᠢ ᠡᠵᠡᠮᠰᠢᠭᠦᠯᠵᠦ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠤᠨ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠡᠷᠡᠭᠦᠯ ᠴᠢᠭᠢᠷᠠᠭ ᠦᠢᠯᠡ ᠠᠵᠢᠯᠯᠠᠭ᠎ᠠ ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠵᠤ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃      ᠨᠢᠭᠡ᠂ ᠠᠵᠢᠯᠯᠠᠭᠠᠨ ᠤ ᠠᠭᠤᠯᠭ᠎ᠠ      ︵ᠨᠢᠭᠡ︶ ᠡᠷᠡᠬᠦᠯᠵᠢᠯ ᠠᠯᠬᠤᠯᠲᠠ ᠶᠢᠨ ᠤᠷᠤᠯᠳᠤᠭᠠᠨ᠃ ᠪᠥᠬᠦ ᠤᠯᠤᠰ ᠤᠨ ᠤᠷᠤᠯᠳᠤᠭᠠᠨ ᠤ ᠲᠦᠷᠢᠮ ᠢᠶᠠᠷ ᠯᠠᠪᠯᠠᠯᠲᠠ ᠪᠣᠯᠭᠠᠵᠤ᠂ 100 ᠡᠳᠦᠷ ᠤᠨ ᠬᠤᠭᠤᠴᠠᠭ᠎ᠠ ᠲᠠᠢ ᠪᠦᠯᠬᠦᠮ ᠨᠡᠶᠢᠲᠡ ᠶᠢᠨ ᠡᠷᠡᠬᠦᠯᠵᠢᠯ ᠠᠯᠬᠤᠯᠲᠠ ᠶᠢᠨ ᠤᠷᠤᠯᠳᠤᠭᠠᠨ ᠢ ᠥᠷᠨᠢᠭᠦᠯᠦᠨ᠎ᠡ᠃ ᠤᠷᠤᠯᠳᠤᠭᠠᠨ ᠳᠤ ᠣᠷᠣᠯᠴᠠᠭᠰᠠᠳ ᠲᠤᠰᠬᠠᠢ ᠠᠯᠬᠤᠮ ᠲᠣᠭᠠᠯᠠᠭᠤᠷ ᠤᠨ ᠮᠠᠰᠢᠨ ᠢ ᠵᠡᠭᠦᠵᠦ ᠡᠳᠦᠷ ᠪᠦᠷᠢ ᠶᠢᠨ ᠡᠷᠡᠬᠦᠯᠵᠢᠯ ᠠᠯᠬᠤᠯᠲᠠ ᠶᠢᠨ ᠲᠤᠭ᠎ᠠ ᠪᠠᠷᠢᠮᠲᠠ ᠶᠢ ᠲᠡᠮᠳᠡᠭᠯᠡᠨ ᠲᠤᠭ᠎ᠠ ᠪᠠᠷᠢᠮᠲᠠ ᠶᠢ ᠤᠷᠤᠯᠳᠤᠭᠠᠨ ᠤ ᠰᠦᠯᠵᠢᠶᠡᠨ ᠰᠢᠰᠲ᠋ᠧᠮ ᠳᠤ ᠤᠷᠤᠭᠤᠯᠤᠨ ᠬᠤᠪᠢ ᠬᠤᠷᠠᠮᠳᠤᠭᠤᠯᠬᠤ ᠪᠠᠷ ᠳᠠᠮᠵᠢᠨ ᠬᠤᠰᠢᠭᠤᠨ ᠤ ᠡᠯ᠎ᠡ ᠪᠦᠯᠬᠦᠮ ᠨᠡᠶᠢᠲᠡ ᠶᠢᠨ ᠬᠤᠭᠤᠷᠣᠨᠳᠣ᠂ ᠲᠠᠮᠢᠷᠴᠢᠳ ᠤᠨ ᠬᠤᠭᠤᠷᠣᠨᠳᠣ ᠠᠳᠠᠯᠢᠳᠬᠠᠨ ᠰᠢᠯᠭᠠᠷᠠᠭᠤᠯᠤᠨ᠎ᠠ᠃      ︵ᠬᠤᠶᠠᠷ︶ ᠡᠷᠡᠭᠦᠯ ᠮᠡᠨᠳᠦ ᠶᠢᠨ ᠬᠦᠢᠴᠡᠳᠭᠡᠯ ᠲᠤᠭ᠎ᠠ ᠶᠢ ᠴᠤᠭᠯᠠᠭᠤᠯᠬᠤ᠃ ᠤᠷᠤᠯᠳᠤᠭᠠᠨ ᠠᠴᠠ ᠡᠮᠦᠨ᠎ᠡ ᠪᠠ ᠤᠷᠤᠯᠳᠤᠭᠠᠨ ᠤ ᠳᠠᠷᠠᠭ᠎ᠠ ᠤᠷᠤᠯᠳᠤᠭᠠᠨ ᠳᠤ ᠣᠷᠣᠯᠴᠠᠭᠰᠠᠳ ᠠᠴᠠ ᠲᠤᠰ ᠪᠦᠷᠢ ᠨᠢᠭᠡ ᠤᠳᠠᠭᠠᠨ ᠤ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ ᠴᠤᠭᠯᠠᠭᠤᠯᠤᠨ᠎ᠠ᠃ ᠤᠷᠤᠯᠳᠤᠭᠠᠨ ᠠᠴᠠ ᠡᠮᠦᠨᠡᠬᠢ ᠪᠡᠶ᠎ᠡ ᠶᠢᠨ ᠴᠢᠳᠠᠯ ᠤᠨ ᠬᠡᠮᠵᠢᠯᠲᠡ ᠶᠢᠨ ᠴᠠᠭ᠄ 2021 ᠣᠨ ᠤ 5 ᠰᠠᠷ᠎ᠠ ᠶᠢᠨ 8 ᠤ ᠡᠳᠦᠷ —15 ᠤ ᠡᠳᠦᠷ᠂ ᠤᠷᠤᠯᠳᠤᠭᠠᠨ ᠤ ᠳᠠᠷᠠᠭᠠᠬᠢ ᠪᠡᠶ᠎ᠡ ᠶᠢᠨ ᠴᠢᠳᠠᠯ ᠤᠨ ᠬᠡᠮᠵᠢᠯᠲᠡ ᠶᠢᠨ ᠴᠠᠭ᠄ 2021 ᠣᠨ ᠤ 8 ᠰᠠᠷ᠎ᠠ ᠶᠢᠨ 10 ᠤ ᠡᠳᠦᠷ — 9 ᠰᠠᠷ᠎ᠠ ᠶᠢᠨ 5 ᠤ ᠡᠳᠦᠷ       ᠴᠤᠭᠯᠠᠭᠤᠯᠬᠤ ᠠᠭᠤᠯᠭ᠎ᠠ᠄ ᠡᠷᠡᠭᠦᠯ ᠮᠡᠨᠳᠦ ᠶᠢᠨ ᠠᠰᠠᠭᠤᠯᠲᠠ ᠶᠢᠨ ᠬᠠᠭᠤᠳᠠᠰᠤ᠂ ᠪᠡᠶ᠎ᠡ ᠶᠢᠨ ᠥᠨᠳᠥᠷ ︵ᠵᠥᠪᠬᠡᠨ ᠤᠷᠤᠯᠳᠤᠭᠠᠨ ᠠᠴᠠ ᠡᠮᠦᠨ᠎ᠡ︶᠂ ᠪᠡᠶ᠎ᠡ ᠶᠢᠨ ᠬᠦᠨᠳᠦ᠂ ᠥᠭᠡᠬᠦ ᠶᠢᠨ ᠬᠡᠮᠵᠢᠶ᠎ᠡ᠂ ᠪᠦᠰᠡᠯᠡᠭᠦᠷ᠂ ᠥᠭᠡᠵᠡᠭ ᠤᠨ ᠪᠦᠰᠡᠯᠡᠭᠦᠷ᠂ ᠴᠢᠰᠤᠨ ᠳᠠᠷᠤᠯᠲᠠ᠃ ᠬᠠᠮᠤᠭ ᠡᠴᠦᠰ ᠲᠤ ᠤᠷᠤᠯᠳᠤᠭᠠᠨ ᠳᠤ ᠣᠷᠣᠯᠴᠠᠭᠰᠠᠳ ᠤᠨ ᠤᠷᠤᠯᠳᠤᠭᠠᠨ ᠠᠴᠠ ᠡᠮᠦᠨ᠎ᠡ ᠪᠠ ᠤᠷᠤᠯᠳᠤᠭᠠᠨ ᠤ ᠲᠠᠷᠠᠭᠠᠬᠢ ᠡᠷᠡᠭᠦᠯ ᠮᠡᠨᠳᠦ ᠶᠢᠨ ᠬᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠪᠠ ᠡᠷᠡᠬᠦᠯᠵᠢᠯ ᠠᠯᠬᠤᠯᠲᠠ ᠶᠢᠨ ᠪᠠᠶᠢᠳᠠᠯ ᠢ ᠦᠨᠳᠦᠰᠦᠯᠡᠨ ᠡᠷᠡᠭᠦᠯ ᠴᠢᠭᠢᠷᠠᠭ ᠤᠨ ᠬᠢᠷᠢ ᠲᠦᠪᠰᠢᠨ ᠪᠠ ᠡᠷᠡᠬᠦᠯᠵᠢᠯ ᠠᠯᠬᠤᠯᠲᠠ ᠶᠢᠨ ᠦᠷ᠎ᠡ ᠪᠦᠲᠦᠮᠵᠢ ᠶᠢ ᠵᠠᠳᠠᠯᠤᠨ᠎ᠠ᠃      ︵ᠭᠤᠷᠪᠠ︶ ᠣᠷᠣᠯᠴᠠᠬᠤ ᠬᠡᠯᠪᠡᠷᠢ᠃ ᠡᠷᠡᠬᠦᠯᠵᠢᠯ ᠠᠯᠬᠤᠯᠲᠠ ᠶᠢᠨ ᠤᠷᠤᠯᠳᠤᠭᠠᠨ ᠳᠤ ᠣᠷᠣᠯᠴᠠᠬᠤ ᠶᠢᠨ ᠬᠠᠮᠲᠤ ᠰᠦᠯᠵᠢᠶᠡᠨ ᠲᠡᠭᠡᠷ᠎ᠡ ᠪᠠ ᠲᠤᠬᠠᠢ  ᠶᠢᠨ ᠭᠠᠵᠠᠷ ᠲᠤ ᠣᠷᠣᠯᠴᠠᠬᠤ ᠬᠡᠯᠪᠡᠷᠢ ᠶᠢᠨ ᠠᠵᠢᠯᠯᠠᠭ᠎ᠠ ᠶᠢ ᠨᠢᠭᠡᠳᠦᠯᠲᠡᠶ ᠥᠷᠨᠢᠭᠦᠯᠵᠦ ᠡᠯ᠎ᠡ ᠲᠥᠯᠥᠭᠡᠯᠡᠭᠴᠢᠳ ᠤᠨ ᠠᠩᠭᠢ ᠠᠴᠠ ᠠᠮᠢᠳᠤᠯᠢᠭ ᠢᠶᠠᠷ ᠵᠣᠬᠢᠶᠠᠨ ᠪᠠᠶᠢᠭᠤᠯᠵᠤ ᠡᠬᠢᠯᠡᠭᠦᠯᠦᠨ᠎ᠡ᠂ ᠡᠬᠢᠯᠡᠯᠲᠡ ᠶᠢᠨ ᠶᠣᠰᠣᠯᠠᠯ᠂ ᠲᠤᠬᠠᠶ ᠶᠢᠨ ᠭᠠᠵᠠᠷ ᠲᠤ ᠡᠷᠡᠬᠦᠯᠵᠢᠯ ᠠᠯᠬᠤᠯᠲᠠ ᠶᠢᠨ ᠠᠵᠢᠯᠯᠠᠭ᠎ᠠ ᠶᠢ ᠦᠷᠨᠢᠬᠦᠯᠬᠦ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠰᠢᠯᠢᠳᠡᠭ ᠠᠩᠭᠢ ᠶᠢᠨ ᠳᠠᠷᠤᠭ᠎ᠠ ᠶᠢ ᠬᠥᠮᠦᠵᠢᠭᠦᠯᠬᠦ᠂ ᠵᠣᠬᠢᠶᠠᠯ ᠡᠯᠰᠡᠬᠦ᠂ ᠠᠵᠢᠯᠯᠠᠭᠠᠨ ᠤ ᠪᠣᠯᠪᠠᠰᠤᠷᠠᠯ ᠬᠢᠬᠦ᠂ ᠪᠡᠶ᠎ᠡ ᠪᠠᠨ ᠳᠠᠭᠠᠭᠠᠵᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠵᠡᠷᠭᠡ ᠪᠠᠭᠲᠠᠨ᠎ᠠ᠃      ᠬᠤᠶᠠᠷ᠂ ᠤᠷᠤᠯᠳᠤᠭᠠᠨ ᠳᠤ ᠣᠷᠣᠯᠴᠠᠬᠤ ᠬᠦᠮᠦᠰ ᠵᠢᠴᠢ ᠱᠠᠭᠠᠷᠳᠠᠯᠭ᠎ᠠᠪᠥᠬᠦ ᠬᠤᠰᠢᠭᠤᠨ ᠤ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠴᠥᠮ ᠳᠤᠭᠤᠶᠢᠯᠠᠩ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠵᠤ ᠪᠣᠯᠤᠨ᠎ᠠ᠂ ᠪᠠᠶᠢᠭᠤᠯᠭ᠎ᠠ ᠨᠢᠭᠡᠴᠢ ᠪᠤᠯᠭᠠᠨ ᠬᠡᠳᠦᠨ ᠳᠤᠭᠤᠶᠢᠯᠠᠩ ᠵᠣᠬᠢᠶᠠᠨ ᠪᠠᠶᠢᠭᠤᠯᠵᠤ ᠪᠣᠯᠤᠨ᠎ᠠ᠂ ᠳᠤᠭᠤᠶᠢᠯᠠᠩ ᠪᠦᠷᠢ ᠳᠤ ᠨᠠᠭᠠᠳᠤ ᠵᠠᠬ᠎ᠠ ᠳᠠᠭᠠᠨ 10 ᠬᠥᠮᠦᠨ ᠪᠠᠶᠢᠵᠤ᠂ ᠵᠠᠷᠴᠢᠮ ᠳᠡᠭᠡᠷ᠎ᠡ ᠪᠠᠨ 20 ᠬᠥᠮᠦᠨ ᠠᠴᠠ ᠬᠡᠲᠦᠷᠡᠵᠦ ᠪᠣᠯᠬᠤ ᠥᠬᠡᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠠᠴᠠ ᠤᠷᠤᠯᠳᠤᠭᠠᠨ ᠳᠤ ᠤᠷᠤᠯᠴᠠᠭᠰᠠᠳ ᠨᠢ ᠪᠥᠬᠦ ᠬᠥᠮᠦᠨ ᠤ ᠲᠤᠭᠠᠨ ᠤ 30% ᠠᠴᠠ ᠬᠡᠲᠦᠷᠡᠵᠦ ᠪᠣᠯᠬᠤ ᠥᠬᠡᠶ᠂ ᠤᠷᠤᠯᠳᠤᠭᠠᠨ ᠳᠤ ᠣᠷᠣᠯᠴᠠᠬᠤ ᠪᠥᠬᠦ ᠬᠥᠮᠦᠨ ᠤ ᠲᠤᠭ᠎ᠠ 500 ᠠᠴᠠ ᠳᠤᠲᠠᠭᠤ ᠪᠠᠶᠢᠵᠤ ᠪᠣᠯᠬᠤ ᠥᠬᠡᠶ᠃ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠤ ᠪᠥᠲᠥᠭᠡᠨ ᠪᠠᠶᠢᠭᠤᠯᠤᠯᠲᠠ ᠶᠢᠨ ᠪᠦᠷᠢᠯᠳᠦᠬᠦᠨ ᠨᠢᠭᠡᠴᠢ ᠡᠷᠬᠡᠪᠰᠢ ᠳᠤᠭᠤᠶᠢᠯᠠᠩ ᠪᠠᠶᠢᠭᠤᠯᠵᠤ ᠤᠷᠤᠯᠳᠤᠭᠠᠨ ᠳᠤ ᠣᠷᠣᠯᠴᠠᠨ᠎ᠠ᠃      ᠲᠦᠮᠡᠨ ᠠᠯᠬᠤᠮ ᠤᠨ ᠰᠣᠳᠣᠨ ᠢ ᠰᠢᠯᠭᠠᠷᠠᠭᠤᠯᠬᠤ ᠤᠷᠤᠯᠳᠤᠭᠠᠨ ᠨᠢ ᠠᠵᠢᠯᠴᠢᠨ ᠠᠵᠢᠯᠲᠠᠳ ᠤᠨ ᠤᠳᠠᠭᠠᠨ ᠰᠠᠭᠤᠬᠤ ᠪᠠ ᠲᠠᠮᠢᠷ ᠤᠨ ᠬᠥᠳᠡᠯᠭᠡᠭᠡᠨ ᠳᠤᠲᠠᠮᠠᠭ ᠪᠠᠶᠢᠬᠤ ᠡᠷᠡᠭᠦᠯ ᠪᠤᠰᠤ ᠠᠮᠢᠳᠤᠷᠠᠯ ᠤᠨ ᠳᠠᠳᠬᠠᠯ ᠢ ᠰᠠᠶᠢᠵᠢᠷᠠᠭᠤᠯᠵᠤ ︽ᠡᠳᠦᠷ ᠪᠦᠷᠢ ᠲᠦᠮᠡᠨ ᠠᠯᠬᠤᠮ ᠶᠠᠪᠤᠵᠤ ᠰᠢᠨᠵᠢᠯᠡᠬᠦ ᠤᠬᠠᠭᠠᠨᠴᠢ ᠪᠠᠷ ᠡᠷᠡᠭᠦᠯᠵᠢᠯ ᠠᠯᠬᠤᠯᠲᠠ ᠬᠢᠬᠦ︾ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠪᠠᠷ ᠴᠢᠷᠮᠠᠶᠢᠵᠤ ᠪᠠᠶᠢᠨ᠎ᠠ᠃ ᠡᠩ ᠲᠡᠷᠢᠭᠦᠨ ᠳᠤ ᠲᠠᠮᠢᠷ ᠤᠨ ᠬᠥᠳᠡᠯᠭᠡᠭᠡᠨ ᠤ ᠳᠠᠳᠬᠠᠯ ᠢ ᠬᠥᠮᠦᠵᠢᠭᠦᠯᠬᠦ ᠴᠢᠬᠤᠯᠠᠲᠠᠶ ᠬᠥᠮᠦᠰ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠭᠤᠯᠬᠤ ᠶᠢ ᠰᠠᠨᠠᠭᠤᠯᠤᠶ᠎ᠠ᠃ ᠤᠷᠤᠯᠳᠤᠭᠠᠨ ᠳᠤ ᠣᠷᠣᠯᠴᠠᠭᠰᠠᠳ ᠨᠡᠯᠢᠶᠡᠳ ᠴᠢᠩᠭ᠎ᠠ ᠪᠦᠯᠬᠦᠮ ᠨᠡᠶᠢᠲᠡ ᠶᠢᠨ ᠤᠬᠠᠮᠰᠠᠷ ᠲᠠᠢ ᠪᠠᠶᠢᠵᠤ᠂ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠤᠷᠤᠯᠳᠤᠭᠠᠨ ᠤ ᠲᠤᠰᠬᠠᠢ ᠠᠯᠬᠤᠮ ᠲᠣᠭᠠᠯᠠᠭᠤᠷ ᠤᠨ ᠮᠠᠰᠢᠨ ᠢ ᠬᠡᠷᠡᠭᠯᠡᠵᠤ᠂ ᠡᠳᠦᠷ ᠪᠦᠷᠢ 23 ᠴᠠᠭ ᠠᠴᠠ ᠡᠮᠦᠨ᠎ᠡ ᠡᠷᠡᠭᠦᠯᠵᠢᠯ ᠠᠯᠬᠤᠯᠲᠠ ᠶᠢᠨ ᠲᠤᠭ᠎ᠠ ᠪᠠᠷᠢᠮᠲᠠ ᠪᠠᠨ ᠰᠦᠯᠵᠢᠶᠡᠨ ᠳᠤ ᠤᠷᠤᠭᠤᠯᠤᠨ᠎ᠠ᠃ ᠡᠯ᠎ᠡ ᠪᠠᠶᠢᠭᠤᠯᠭ᠎ᠠ ᠨᠢᠭᠡᠴᠢ ᠪᠡᠶ᠎ᠡ ᠪᠠᠨ ᠴᠢᠭᠢᠷᠠᠭᠵᠢᠭᠤᠯᠬᠤ ᠳᠠᠳᠬᠠᠯ ᠢᠶᠠᠷ ᠰᠠᠶᠢᠨ᠂ ᠥᠪᠡᠷ ᠢ ᠪᠠᠨ ᠡᠵᠡᠮᠳᠡᠬᠦ ᠬᠦᠴᠦᠨ ᠢᠶᠠᠷ ᠴᠢᠩᠭ᠎ᠠ ᠺᠠᠳ᠋ᠷ ᠪᠣᠯᠤᠨ ᠠᠵᠢᠯᠲᠠᠨ ᠠᠵᠢᠯᠴᠢᠨ ᠢ ᠢᠳᠡᠪᠬᠢᠲᠡᠶ ᠵᠣᠬᠢᠶᠠᠨ ᠪᠠᠶᠢᠭᠤᠯᠵᠤ ᠤᠷᠤᠯᠳᠤᠭᠠᠨ ᠳᠤ ᠨᠡᠷ᠎ᠡ ᠮᠡᠳᠡᠭᠦᠯᠤᠨ ᠤᠷᠤᠯᠴᠠᠭᠤᠯᠤᠨ᠎ᠠ᠃ ᠤᠷᠤᠯᠳᠤᠭᠠᠨ ᠳᠤ ᠣᠷᠣᠯᠴᠠᠬᠤ ᠪᠠᠶᠢᠭᠤᠯᠭ᠎ᠠ ᠨᠢᠭᠡᠴᠢ ᠪᠤᠶᠤ ᠤᠷᠤᠯᠳᠤᠭᠠᠨ ᠳᠤ ᠣᠷᠣᠯᠴᠠᠭᠰᠠᠳ ᠴᠥᠮ ᠪᠠᠭ᠎ᠠ ᠰᠠᠯᠪᠤᠷᠢ ᠳᠤᠭᠤᠶᠢᠯᠠᠩ ᠪᠠᠶᠢᠭᠤᠯᠵᠤ ᠳᠤᠭᠤᠶᠢᠯᠠᠩ ᠪᠤᠯᠭᠠᠨ ᠳᠤ 10 — 20 ᠬᠦᠮᠦᠨ ᠲᠤᠬᠢᠷᠠᠭᠤᠯᠵᠤ᠂ ᠳᠤᠭᠤᠶᠢᠯᠠᠩ ᠪᠤᠯᠭᠠᠨ ᠠᠴᠠ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠵᠣᠬᠢᠶᠠᠨ ᠪᠠᠶᠢᠭᠤᠯᠬᠤ ᠴᠢᠳᠠᠪᠤᠷᠢ ᠪᠠᠷ ᠰᠠᠶᠢᠨ ᠨᠢᠭᠡ ᠬᠥᠮᠦᠨ ᠢ ᠰᠣᠩᠭᠤᠨ ᠳᠠᠭᠠᠭᠤᠯᠤᠭᠴᠢ ᠪᠤᠯᠭᠠᠵᠤ ᠤᠷᠤᠯᠳᠤᠭᠠᠨ ᠳᠤ ᠣᠷᠣᠯᠴᠠᠭᠰᠠᠳ ᠢ ᠳᠠᠭᠠᠭᠤᠯᠤᠨ ᠤᠷᠤᠯᠳᠤᠭᠠᠨ ᠤ ᠲᠦᠷᠢᠮ ᠶᠣᠰᠣᠭᠠᠷ᠂ ᠵᠣᠬᠢᠶᠠᠨ ᠪᠠᠶᠢᠭᠤᠯᠬᠤ᠂ ᠬᠠᠷᠢᠯᠴᠠᠬᠤ᠂ ᠵᠣᠬᠢᠴᠠᠭᠤᠯᠬᠤ᠂ ᠰᠢᠨᠵᠢᠯᠡᠬᠦ ᠤᠬᠠᠭᠠᠨᠴᠢ ᠪᠠᠷ ᠠᠯᠬᠤᠬᠤ᠂ ᠥᠨᠳᠥᠷ ᠪᠦᠲᠦᠮᠵᠢᠲᠡᠶ ᠪᠠᠷ ᠬᠤᠪᠢ ᠬᠤᠷᠠᠮᠳᠤᠭᠤᠯᠬᠤ ᠶᠢ ᠬᠠᠷᠢᠭᠤᠴᠠᠭᠤᠯᠵᠤ ᠪᠥᠬᠦ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠲᠤ ᠱᠠᠩᠨᠠᠯ ᠤᠯᠬᠤ ᠪᠠᠷ ᠬᠦᠴᠦᠯᠡᠨ ᠴᠢᠷᠮᠠᠶᠢᠨ᠎ᠠ᠃      ᠠᠩᠬᠠᠷᠬᠤ ᠵᠦᠢᠯ᠄ ᠬᠦᠨᠳᠦ ᠨᠤᠴᠢᠲᠠᠢ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠮᠡᠳᠡᠷᠡᠯ ᠤᠨ ᠡᠪᠡᠳᠴᠢᠨ᠂ ᠪᠡᠶ᠎ᠡ ᠮᠠᠬᠠᠪᠣᠳ ᠰᠠᠭᠠᠳ ᠲᠠᠢ ᠵᠡᠷᠭᠡ ᠬᠥᠳᠡᠯᠭᠡᠭᠡᠨ ᠬᠢᠬᠦ ᠳᠤ ᠲᠣᠬᠢᠷᠠᠮᠵᠢ ᠦᠭᠡᠢ ᠬᠥᠮᠦᠰ ᠵᠢᠴᠢ ᠵᠢᠷᠮᠦᠰᠦᠯᠡᠵᠦ ᠬᠥᠩᠭᠡᠵᠢᠬᠦ ᠬᠤᠭᠤᠴᠠᠭᠠᠨ ᠤ ᠡᠮᠡᠭᠲᠡᠶᠢᠴᠦᠳ ᠤᠷᠤᠯᠳᠤᠭᠠᠨ ᠳᠤ ᠣᠷᠣᠯᠴᠠᠬᠤ ᠶᠢ ᠰᠠᠨᠠᠭᠠᠴᠢᠯᠠᠬᠤ ᠦᠭᠡᠢ᠃      ᠭᠤᠷᠪᠠ᠂ ᠠᠵᠢᠯᠯᠠᠭᠠᠨ ᠤ ᠴᠠᠭ      ︵ᠨᠢᠭᠡ︶ ᠠᠵᠢᠯᠯᠠᠭᠠᠨ ᠠᠴᠠ ᠡᠮᠦᠨᠡᠬᠢ ᠪᠡᠯᠡᠳᠬᠡᠯ᠄ 2021 ᠣᠨ ᠤ 5 ᠰᠠᠷ᠎ᠠ︔      ︵ᠬᠤᠶᠠᠷ︶ ᠡᠬᠢᠯᠡᠯᠲᠡ ᠶᠢᠨ ᠶᠣᠰᠣᠯᠠᠯ᠄ 2021 ᠣᠨ ᠤ 5 ᠰᠠᠷ᠎ᠠ᠂ ᠪᠣᠳᠠᠲᠠᠶ ᠴᠠᠭ ᠢ ᠠᠰ ᠲᠤᠨᠢ ᠮᠡᠳᠡᠭᠳᠡᠨ᠎ᠡ︔      ︵ᠭᠤᠷᠪᠠ︶ ᠪᠡᠯᠡᠳᠬᠡᠯ ᠤᠷᠤᠯᠳᠤᠭᠠᠨ᠄ 2021 ᠣᠨ ᠤ 5 ᠰᠠᠷ᠎ᠠ ᠶᠢᠨ 8 ᠤ ᠡᠳᠦᠷ — 10 ᠤ ᠡᠳᠦᠷ︔      ︵ᠳᠥᠷᠪᠡ︶ ᠵᠢᠩᠬᠢᠨᠢ ᠤᠷᠤᠯᠳᠤᠭᠠᠨ᠄ 2021 ᠣᠨ ᠤ 5 ᠰᠠᠷ᠎ᠠ ᠶᠢᠨ 11 ᠤ ᠡᠳᠦᠷ — 8 ᠰᠠᠷ᠎ᠠ ᠶᠢᠨ 18 ᠤ ᠡᠳᠦᠷ︔      ︵ᠲᠠᠪᠤ︶ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ᠄ 2021 ᠣᠨ ᠤ 9 ᠰᠠᠷ᠎ᠠ — 10 ᠰᠠᠷ᠎ᠠ᠃      ︵ᠵᠢᠷᠭᠤᠭ᠎ᠠ︶ ᠨᠡᠷ᠎ᠡ ᠮᠡᠳᠡᠭᠦᠯᠬᠦ ᠠᠷᠭ᠎ᠠ᠄ ᠡᠯ᠎ᠡ ᠪᠠᠶᠢᠭᠤᠯᠭ᠎ᠠ ᠨᠢᠭᠡᠴᠢ 5 ᠰᠠᠷ᠎ᠠ ᠶᠢᠨ 8 ᠤ ᠡᠳᠦᠷ ᠤᠨ ᠦᠳᠡ ᠶᠢᠨ 12 ᠴᠠᠭ ᠠᠴᠠ ᠡᠮᠦᠨ᠎ᠡ ︽ᠪᠥᠬᠦ ᠤᠯᠤᠰ ᠤᠨ ᠵᠢᠷᠭᠤᠳᠤᠭᠠᠷ ᠬᠤᠭᠤᠴᠠᠭᠠᠨ ᠤ ︿ᠲᠦᠮᠡᠨ ᠠᠯᠬᠤᠮ ᠢ ᠪᠠᠷᠢᠮᠲᠠᠯᠠᠬᠤ﹀ ᠦᠦᠰᠢᠨ ᠬᠤᠰᠢᠭᠤᠨ ᠤ ᠡᠷᠡᠭᠦᠯᠵᠢᠯ ᠠᠯᠬᠤᠯᠲᠠ ᠶᠢ ᠤᠷᠮᠠᠰᠢᠭᠤᠯᠬᠤ ᠤᠷᠤᠯᠳᠤᠭᠠᠨ ᠤ ᠨᠡᠷ᠎ᠡ ᠮᠡᠳᠡᠭᠦᠯᠬᠦ ᠬᠦᠰᠦᠨᠦᠭᠲᠦ︾ ᠶᠢ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠦᠨ᠎ᠡ᠃      ᠬᠠᠷᠢᠯᠴᠠᠬᠤ ᠬᠥᠮᠦᠨ᠄ ᠼᠤᠤ ᡁᠢ ᠭᠥᠸᠧ ︵ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ 7581825 13847714449      ᠳᠡᠭᠵᠢᠨ ︵ᠬᠤᠰᠢᠭᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ︶ 15147779411      ᠢᠮᠧᠯ᠄ wsqcdcmbk@163.com      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠲᠣᠰ ᠤᠳᠠᠭᠠᠨ ᠤ ᠤᠷᠤᠯᠳᠤᠭᠠᠨ ᠢ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠤᠰᠢᠭᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠠᠴᠠ ᠪᠣᠳᠠᠲᠠᠶ ᠨᠠᠶᠢᠳᠠᠪᠤᠷᠢᠵᠢᠭᠤᠯᠤᠨ᠎ᠠ᠂ ᠲᠣᠰ ᠤᠳᠠᠭᠠᠨ ᠤ ᠠᠵᠢᠯᠯᠠᠭ᠎ᠠ ᠶᠢ ᠤᠷᠤᠭᠰᠢᠲᠠᠶ ᠥᠷᠨᠢᠭᠦᠯᠬᠦ ᠶᠢᠨ ᠬᠠᠮᠲᠤ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ ᠬᠤᠰᠢᠭᠤ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠯᠲᠠ ᠶᠢᠨ ᠤᠷᠤᠯᠳᠤᠭᠠᠨ ᠤ ᠬᠠᠮᠢᠶᠠᠷᠤᠯᠲᠠ ᠶᠢᠨ ᠺᠤᠮᠢᠰ ᠢ ᠪᠠᠶᠢᠭᠤᠯᠪᠠ᠂ ᠪᠦᠷᠢᠯᠳᠦᠬᠦᠨ ᠨᠢ ᠳᠣᠤᠷᠠᠬᠢ ᠮᠡᠲᠦ᠄      ᠡᠷᠬᠢᠯᠡᠭᠴᠢ᠄       ᠶᠤᠸᠠᠢ ᠵᠧᠨ ᠷᠦᠩ      ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠳᠡᠳ᠋ ᠡᠷᠬᠢᠯᠡᠭᠴᠢ᠄  ᠵᠠᠩ ᠽᠢ ᠷᠦᠩ        ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ                        ᠰᠡᠴᠡᠨᠲᠤᠨᠠᠯ           ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠪᠦᠷᠢᠯᠳᠦᠬᠦᠨ᠄     ᠮᠡᠷᠭᠡᠨ               ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ                        ᠭᠤᠤ ᠴᠢᠶᠠᠩ ᠶᠢᠩ     ᠬᠤᠰᠢᠭᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ                        ᠺᠦᠢ ᠬᠤᠸᠠ           ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ                        ᠰᠢᠶᠧ ᠹᠧᠢ ᠵᠢᠶᠦ᠋ᠨ     ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ                        ᠶᠠᠩ ᠰᠢᠶᠤᠤ ᠮᠢᠩ      ᠬᠤᠰᠢᠭᠤ ᠡᠪᠯᠡᠯ ᠤᠨ ᠬᠤᠷᠢᠶᠠᠨ ᠤ ᠱᠦᠵᠢ᠂ ᠦᠦᠰᠢᠨᠵᠤᠤ ᠪᠠᠯᠭᠠᠰᠤᠨ ᠤ ᠣᠷᠣᠯᠠᠭᠴᠢ ᠳᠠᠷᠤᠭ᠎ᠠ                        ᠵᠤᠤ ᠰᠢᠩ            ᠬᠤᠰᠢᠭᠤ ᠲᠤᠭ᠎ᠠ ᠪᠦᠷᠢᠳᠬᠡᠯ ᠤᠨ ᠲᠤᠪᠴᠢᠶᠠᠨ ᠤ ᠳᠠᠷᠤᠭ᠎ᠠ                        ᠤᠯᠠᠭᠠᠨᠪᠠᠭᠠᠲᠤᠷ       ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ                        ᠰᠤᠶᠤᠯᠵᠢᠷᠭᠠᠯ         ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ                        ᠦ᠋ ᠵᠢᠶᠠᠨ ᠭᠥᠸᠧ      ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ                        ᠪᠠᠶ ᠯᠢ ᠫᠢᠩ         ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ                        ᠲᠠᠪᠰᠢᠬᠴᠢ           ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ                        ᠠᠯᠳ᠋ᠬᠠᠤᠯᠤᠰ          ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ                        ᠰᠢᠶᠧ ᠰᠢᠶᠣᠣ ᠵᠢᠶᠦ᠋ᠨ  ᠬᠤᠰᠢᠭᠤ ᠰᠤᠷᠭᠠᠨ ᠬᠥᠮᠦᠵᠢᠯ ᠪᠠ ᠪᠡᠶ᠎ᠡ ᠲᠠᠮᠢᠷ ᠤᠨ ᠲᠣᠪᠴᠢᠶᠠᠨ ᠤ ᠳᠠᠷᠤᠭ᠎ᠠ                        ᠶᠠᠩ ᡁᠢ ᠶᠤᠸᠠᠨ       ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ                        ᠬᠤᠷᠢᠶᠠᠯᠲᠤ           ᠬᠤᠰᠢᠭᠤ ᠵᠠᠮ ᠬᠠᠷᠢᠯᠴᠠᠭ᠎ᠠ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ                        ᠦᠨᠢᠷ              ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ                        ᠤᠳᠬᠤᠨ            ᠬᠤᠰᠢᠭᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ                        ᠤᠳᠪᠠᠯ᠎ᠠ            ᠭᠠᠯᠠᠭᠤᠲᠤ ᠪᠠᠯᠭᠠᠰᠤᠨ ᠤ ᠳᠠᠷᠤᠭ᠎ᠠ                        ᠰᠡᠯᠡᠩᠭᠡ            ᠰᠢᠷᠬᠤᠰᠤᠨ ᠪᠠᠯᠭᠠᠰᠤᠨ ᠤ ᠣᠷᠣᠯᠠᠭᠴᠢ ᠳᠠᠷᠤᠭ᠎ᠠ                        ᠴᠧᠨ ᠬᠠᠶ ᠵᠢᠶᠦ᠋ᠨ     ᠰᠦᠯᠳᠡ ᠰᠤᠮᠤᠨ ᠤ ᠤᠷᠤᠯᠠᠭᠴᠢ ᠳᠠᠷᠤᠭ᠎ᠠ                        ᠰᠢᠤᠢ ᠺᠠᠩ ᠰᠢᠶᠠᠩ    ᠤᠯᠠᠭᠠᠨᠲᠣᠯᠣᠭᠠᠶ ᠪᠠᠯᠭᠠᠰᠤᠨ ᠤ ᠣᠷᠣᠯᠠᠭᠴᠢ ᠳᠠᠷᠤᠭ᠎ᠠ                        ᠮᠠᠨᠳᠠ              ᠲᠤᠭ ᠪᠠᠯᠭᠠᠰᠤᠨ ᠤ ᠣᠷᠣᠯᠠᠭᠴᠢ ᠳᠠᠷᠤᠭ᠎ᠠ                        ᠵᠣᠣ ᠵᠧᠩ ᠶᠠᠨ       ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ                        ᠳ᠋ᠠᠶ ᠰᠢᠶᠤᠤ ᠳ᠋ᠦᠩ     ᠬᠤᠰᠢᠭᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ      ᠤᠷᠤᠯᠳᠤᠭᠠᠨ ᠤ ᠬᠠᠮᠢᠶᠠᠷᠤᠯᠲᠠ ᠶᠢᠨ ᠺᠤᠮᠢᠰ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠭᠢᠷᠠᠭᠤᠯᠤᠨ᠎ᠠ᠃ ᠪᠥᠬᠦ ᠬᠤᠰᠢᠭᠤᠨ ᠤ ᠤᠷᠤᠯᠳᠤᠭᠠᠨ ᠳᠤ ᠤᠷᠤᠯᠴᠠᠭᠰᠠᠳ ᠤᠨ ᠨᠡᠷ᠎ᠡ ᠮᠡᠳᠡᠭᠦᠯᠬᠦ᠂ ᠮᠡᠳᠡᠭᠡ ᠵᠠᠩᠭᠢ ᠴᠤᠭᠯᠠᠭᠤᠯᠬᠤ ᠪᠠ ᠲᠥᠬᠦᠭᠡᠷᠦᠮᠵᠢ ᠭᠤᠶᠤᠴᠢᠯᠠᠬᠤ ᠲᠠᠷᠬᠠᠭᠠᠬᠤ᠂ ᠳᠡᠭᠡᠳᠦ ᠱᠠᠲᠤᠨ ᠤ ᠤᠷᠤᠯᠳᠤᠭᠠᠨ ᠤ ᠬᠠᠮᠢᠶᠠᠷᠤᠯᠲᠠ ᠶᠢᠨ ᠺᠣᠮᠢᠰ ᠲᠠᠢ ᠬᠠᠷᠢᠯᠴᠠᠬᠤ᠂ ᠤᠷᠤᠯᠳᠤᠭᠠᠨ ᠤ ᠬᠤᠯᠪᠣᠭᠳᠠᠯ ᠪᠦᠬᠦᠢ ᠮᠡᠳᠡᠭᠳᠡᠯ᠂ ᠲᠥᠷᠥ ᠶᠢᠨ ᠪᠣᠳᠣᠯᠭ᠎ᠠ᠂ ᠤᠷᠤᠯᠳᠤᠭᠠᠨ ᠤ ᠪᠠᠶᠢᠳᠠᠯ ᠵᠡᠷᠭᠡ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠵᠤ ᠲᠤᠷᠤᠭᠰᠢ ᠪᠠᠭᠤᠯᠭᠠᠬᠤ ᠠᠵᠢᠯ ᠢ ᠪᠤᠲᠠᠲᠠᠢ ᠬᠠᠷᠢᠭᠤᠴᠠᠨ᠎ᠠ︔ ᠪᠥᠬᠦ ᠬᠤᠰᠢᠭᠤᠨ ᠤ ᠤᠷᠤᠯᠳᠤᠭᠠᠨ ᠳᠤ ᠤᠷᠤᠯᠴᠠᠭᠰᠠᠳ ᠤᠨ ᠮᠡᠷᠭᠡᠵᠢᠯ ᠤᠨ ᠵᠢᠯᠣᠭᠤᠳᠣᠯᠭ᠎ᠠ᠂ ᠪᠣᠯᠪᠠᠰᠤᠷᠠᠯ᠂ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠪᠦᠯᠬᠦᠮ ᠨᠡᠶᠢᠲᠡ ᠶᠢᠨ ᠤᠷᠤᠯᠳᠤᠭᠠᠨ ᠳᠤ ᠢᠯᠡᠷᠡᠭᠰᠡᠨ ᠠᠰᠠᠭᠤᠳᠠᠯ ᠪᠠ ᠮᠠᠷᠭᠤᠯᠳᠤᠭᠠᠨ ᠢ ᠬᠥᠨᠳᠡᠯᠡᠨ ᠠᠴᠠ ᠲᠡᠰᠦᠯᠦᠨ᠂ ᠪᠦᠯᠬᠦᠮ ᠨᠡᠶᠢᠲᠡ ᠶᠢᠨ ᠤᠷᠤᠯᠳᠤᠭᠠᠨ ᠢ ᠥᠷᠨᠢᠭᠦᠯᠬᠦ᠂ ᠱᠠᠩᠨᠠᠵᠤ ᠲᠣᠷᠭᠠᠬᠤ ᠲᠣᠭᠲᠠᠴᠠ ᠵᠡᠷᠭᠡ ᠭᠤᠭᠴᠤᠭ᠎ᠠ ᠶᠢᠨ ᠡᠷᠬᠡ ᠲᠡᠭᠰᠢ᠂ ᠲᠥᠪ ᠭᠤᠤᠯᠴᠢ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃      ᠲᠠᠪᠤ᠂ ᠲᠣᠭᠲᠠᠴᠠ ᠶᠢᠨ ᠰᠢᠨ᠎ᠡ ᠡᠬᠦᠳᠦᠯᠲᠡ      ᠤᠯᠤᠰ ᠤᠨ ︽ᠵᠢᠷᠭᠤᠳᠤᠭᠠᠷ ᠬᠤᠭᠤᠴᠠᠭᠠᠨ ᠤ ︿ᠲᠦᠮᠡᠨ ᠠᠯᠬᠤᠮ ᠢ ᠪᠠᠷᠢᠮᠲᠠᠯᠠᠬᠤ﹀ ᠡᠷᠡᠬᠦᠯᠵᠢᠯ ᠠᠯᠬᠤᠯᠲᠠ ᠶᠢ ᠤᠷᠮᠠᠰᠢᠭᠤᠯᠬᠤ ᠤᠷᠤᠯᠳᠤᠭᠠᠨ ᠤ ᠱᠠᠩᠨᠠᠯ ᠤᠨ ᠲᠦᠷᠦᠯ ᠤᠨ ᠲᠣᠬᠢᠷᠠᠭᠤᠯᠤᠯᠲᠠ︾ ᠪᠠᠷ ᠯᠠᠪᠯᠠᠯᠲᠠ ᠪᠣᠯᠭᠠᠵᠤ ᠡᠷᠡᠬᠦᠯᠵᠢᠯ ᠠᠯᠬᠤᠯᠲᠠ ᠶᠢ ᠤᠷᠮᠠᠰᠢᠭᠤᠯᠬᠤ ᠤᠷᠤᠯᠳᠤᠭᠠᠨ ᠤ ᠱᠠᠩᠨᠠᠯ ᠤᠨ ᠠᠷᠭ᠎ᠠ ᠶᠢ ᠲᠣᠭᠲᠠᠭᠠᠨ ᠪᠥᠬᠦ ᠬᠤᠰᠢᠭᠤᠨ ᠤ ᠤᠷᠤᠯᠳᠤᠭᠠᠨ ᠳᠤ ᠣᠷᠣᠯᠴᠠᠭᠰᠠᠳ ᠤᠨ ᠢᠳᠡᠪᠬᠢᠵᠢᠯ ᠢ ᠳᠡᠭᠡᠭᠰᠢᠯᠡᠭᠦᠯᠵᠦ ᠤᠷᠤᠯᠳᠤᠭᠠᠨ ᠳᠤ ᠣᠷᠣᠯᠴᠠᠬᠤ ᠡᠯ᠎ᠡ ᠪᠦᠯᠬᠦᠮ ᠪᠠ ᠬᠤᠪᠢ ᠬᠥᠮᠦᠨ ᠤ ᠤᠷᠤᠯᠳᠤᠭᠠᠨ ᠢ ᠪᠡᠶᠡᠯᠡᠭᠦᠯᠬᠦ ᠶᠢ ᠠᠬᠢᠭᠤᠯᠤᠨ᠎ᠠ᠃ ᠪᠠᠶᠠᠷ ᠳᠤᠷᠠᠰᠬᠠᠯ ᠤᠨ ᠡᠳᠦᠷ᠂ ᠨᠠᠮ ᠤᠨ ᠡᠳᠦᠷᠯᠢᠭ ᠤᠨ ᠠᠵᠢᠯᠯᠠᠭ᠎ᠠ ᠵᠡᠷᠭᠡ ᠲᠠᠢ ᠤᠶᠠᠯᠳᠤᠭᠤᠯᠤᠨ ᠬᠠᠮᠲᠤ ᠶᠢᠨ ᠡᠷᠡᠬᠦᠯᠵᠢᠯ ᠠᠯᠬᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠨᠢᠭᠡ ᠬᠥᠮᠦᠨ ᠨᠢ ᠨᠢᠭᠡ ᠬᠡᠷ ᠪᠦᠯᠢ ᠪᠠᠨ ᠳᠠᠶᠢᠴᠢᠯᠠᠬᠤ ᠠᠵᠢᠯᠯᠠᠭ᠎ᠠ ᠶᠢ ᠥᠷᠨᠢᠭᠦᠯᠵᠦ ᠪᠥᠬᠦ ᠬᠡᠷ ᠪᠦᠯᠢ ᠪᠠᠷ ᠢᠶᠠᠨ ᠳᠤᠮᠳᠠ ᠵᠡᠷᠭᠡ ᠶᠢᠨ ᠬᠦᠴᠦᠯᠡᠴᠡ ᠲᠠᠢ ᠲᠠᠮᠢᠷ ᠪᠣᠯᠪᠠᠰᠤᠷᠠᠯ ᠤᠨ ᠠᠵᠢᠯᠯᠠᠭ᠎ᠠ ᠳᠤ ᠤᠷᠤᠯᠴᠠᠬᠤ ᠶᠢ ᠢᠳᠡᠪᠬᠢᠲᠡᠶ ᠳᠡᠯᠭᠡᠷᠡᠭᠦᠯᠦᠨ᠎ᠡ᠃      ᠵᠢᠷᠭᠤᠭ᠎ᠠ᠂ ᠤᠷᠤᠯᠳᠤᠭᠠᠨ ᠳᠤ ᠣᠷᠣᠯᠴᠠᠬᠤ ᠲᠣᠳᠣᠷᠬᠠᠶᠢᠯᠠᠯᠲᠠ      ︵ᠨᠢᠭᠡ︶ ᠠᠯᠬᠤᠮ ᠲᠣᠭᠠᠯᠠᠭᠤᠷ ᠤᠨ ᠮᠠᠰᠢᠨ ᠢ ᠵᠢᠭᠡᠯᠡᠵᠦ ᠬᠡᠷᠡᠭᠯᠡᠬᠦ᠃ ᠪᠥᠬᠦ ᠬᠤᠰᠢᠭᠤᠨ ᠤ ᠬᠢᠨ ᠰᠦᠢᠳᠬᠡᠯ ᠬᠤᠷᠢᠶᠠᠬᠤ ᠥᠬᠡᠶ ᠪᠠᠷ ᠤᠷᠤᠯᠳᠤᠭᠠᠨ ᠤ ᠲᠤᠰᠬᠠᠶ ᠲᠠᠮᠢᠷ ᠤᠨ ᠬᠥᠳᠡᠯᠭᠡᠭᠡᠨ ᠤ ᠠᠯᠬᠤᠮ ᠲᠣᠭᠠᠯᠠᠭᠤᠷ ᠤᠨ ᠮᠠᠰᠢᠨ ᠢ ᠨᠢᠭᠡᠳᠦᠯᠲᠡᠶ ᠵᠢᠭᠡᠯᠡᠨ ᠬᠡᠷᠡᠭᠯᠡᠨ᠎ᠡ᠃ ᠤᠷᠤᠯᠳᠤᠭᠠᠨ ᠳᠤ ᠣᠷᠣᠯᠴᠠᠭᠰᠠᠳ᠂ ᠪᠠᠶᠢᠭ᠎ᠠ ᠪᠠᠶᠢᠭᠤᠯᠭ᠎ᠠ ᠨᠢᠭᠡᠴᠢ ᠬᠢᠭᠡᠳ ᠬᠤᠰᠢᠭᠤ ᠤᠷᠤᠯᠳᠤᠭᠠᠨ ᠤ ᠬᠠᠮᠢᠶᠠᠷᠤᠯᠲᠠ ᠶᠢᠨ ᠺᠤᠮᠢᠰ ᠤᠨ ᠠᠯᠪᠠᠨ ᠬᠡᠷ ᠨᠢ ᠱᠠᠲᠤ ᠱᠠᠲᠤ ᠪᠠᠷ ︽ᠠᠯᠬᠤᠮ ᠲᠣᠭᠠᠯᠠᠭᠤᠷ ᠤᠨ ᠮᠠᠰᠢᠨ ᠢ ᠵᠢᠭᠡᠯᠡᠨ ᠬᠡᠷᠡᠭᠯᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠨ᠎ᠠ᠃ ᠤᠷᠤᠯᠳᠤᠭᠠᠨ ᠤ ᠠᠵᠢᠯᠯᠠᠭ᠎ᠠ ᠵᠢᠩᠬᠢᠨᠢ ᠳᠠᠭᠤᠰᠤᠭᠰᠠᠨ ᠤ ᠳᠠᠷᠠᠭ᠎ᠠ ᠠᠯᠬᠤᠮ ᠲᠣᠭᠠᠯᠠᠭᠤᠷ ᠤᠨ ᠮᠠᠰᠢᠨ ᠢᠯᠡᠷᠬᠡᠶ ᠡᠪᠳᠡᠷᠡᠭᠰᠡᠨ ᠥᠬᠡᠶ ᠮᠥᠷᠲᠡᠭᠡᠨ ᠬᠡᠪ ᠤᠨ ᠪᠠᠶᠢᠳᠠᠯ ᠢᠶᠠᠷ ᠬᠡᠷᠡᠭᠯᠡᠵᠦ ᠪᠣᠯᠬᠤ ᠳᠤ ᠭᠦᠷᠪᠡᠯ ᠵᠢᠭᠡᠯᠡᠨ ᠬᠡᠷᠡᠭᠯᠡᠬᠦ ᠬᠤᠭᠤᠴᠠᠭ᠎ᠠ ᠨᠢ ᠬᠦᠷᠦᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠪᠤᠴᠠᠭᠠᠨ᠎ᠠ︔ ᠬᠡᠷᠪᠡ ᠠᠯᠬᠤᠮ ᠲᠣᠭᠠᠯᠠᠭᠤᠷ  ᠤᠨ ᠮᠠᠰᠢᠨ ᠢ ᠭᠡᠭᠡᠭᠰᠡᠨ ᠪᠤᠶᠤ ᠡᠪᠲᠡᠯᠡᠭᠰᠡᠨ ᠪᠠᠶᠢᠪᠠᠯ ᠤᠷᠤᠯᠳᠤᠭᠠᠨ ᠳᠤ ᠣᠷᠣᠯᠴᠠᠭᠰᠠᠳ ᠥᠪᠡᠷ ᠢᠶᠠᠨ ᠲᠦᠯᠦᠨ᠎ᠡ᠃      ︵ᠬᠤᠶᠠᠷ︶ ︽ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ︾ ᠲᠤ ᠭᠠᠷ ᠤᠨ ᠦᠰᠦᠭ ᠵᠢᠷᠤᠨ᠎ᠠ᠃ ᠲᠣᠰ ᠤᠳᠠᠭᠠᠨ ᠤ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠪᠠ  ᠪᠠᠶᠢᠭᠤᠯᠭ᠎ᠠ ᠨᠢᠭᠡᠴᠢ ᠠᠴᠠ ᠵᠣᠬᠢᠶᠠᠨ ᠪᠠᠶᠢᠭᠤᠯᠬᠤ ᠬᠡᠯᠪᠡᠷᠢ ᠪᠠᠷ ᠣᠷᠣᠯᠴᠠᠵᠤ ᠤᠷᠤᠯᠳᠤᠭᠠᠨ ᠳᠤ ᠣᠷᠣᠯᠴᠠᠭᠰᠠᠳ ᠤᠷᠤᠯᠳᠤᠭᠠᠨ ᠠᠴᠠ ᠡᠮᠦᠨ᠎ᠡ ︽︿ᠲᠦᠮᠡᠨ ᠠᠯᠬᠤᠮ ᠢ ᠪᠠᠷᠢᠮᠲᠠᠯᠠᠬᠤ﹀ ᠡᠷᠡᠬᠦᠯᠵᠢᠯ ᠠᠯᠬᠤᠯᠲᠠ ᠶᠢ ᠤᠷᠮᠠᠰᠢᠭᠤᠯᠬᠤ ᠲᠣᠮᠣ ᠱᠠᠩᠨᠠᠯᠲᠤ ᠤᠷᠤᠯᠳᠤᠭᠠᠨ ᠤ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ︾ ᠲᠤ ᠭᠠᠷ ᠤᠨ ᠥᠰᠥᠭ ᠵᠢᠷᠤᠨ᠎ᠠ᠃      ︵ᠭᠤᠷᠪᠠ︶ ᠪᠤᠰᠤᠳ ᠤᠴᠢᠷ ᠶᠠᠪᠤᠳᠠᠯ᠃ ᠲᠣᠰ ᠤᠳᠠᠭᠠᠨ ᠤ ᠠᠵᠢᠯᠯᠠᠭ᠎ᠠ ᠶᠢ ᠨᠢᠭᠡᠨᠲᠡ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠤ ᠪᠥᠲᠥᠭᠡᠨ ᠪᠠᠶᠢᠭᠤᠯᠤᠯᠲᠠ ᠶᠢᠨ ᠣᠨ ᠤ ᠰᠢᠯᠭᠠᠨ ᠬᠢᠨᠠᠯᠲᠠ ᠶᠢᠨ ᠬᠠᠷᠠᠯᠲᠠ ᠳᠤ ᠣᠷᠣᠭᠤᠯᠵᠠᠶ᠂ ᠡᠯ᠎ᠡ ᠪᠠᠶᠢᠭᠤᠯᠭ᠎ᠠ ᠨᠢᠭᠡᠴᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ ᠤᠷᠤᠯᠳᠤᠭᠠᠨ ᠳᠤ ᠣᠷᠣᠯᠴᠠᠭᠰᠠᠳ ᠢ ᠱᠠᠭᠠᠷᠳᠠᠵᠤ ᠪᠠᠶᠢᠭᠠᠳ ᠠᠵᠢᠯᠯᠠᠭᠠᠨ ᠤ ᠲᠦᠷᠢᠮ ᠢ ᠠᠯᠢ ᠲᠦᠷᠭᠡᠨ ᠢᠶᠠᠷ ᠣᠶᠢᠯᠠᠭᠠᠭᠤᠯᠵᠤ ᠤᠷᠤᠯᠳᠤᠭᠠᠨ ᠠᠴᠠ ᠡᠮᠦᠨᠡᠬᠢ ᠪᠣᠯᠪᠠᠰᠤᠷᠠᠯ ᠤᠨ ᠰᠢᠯᠭᠠᠨ ᠬᠢᠨᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠪᠡᠶᠡᠯᠡᠭᠦᠯᠤᠨ ᠤᠷᠤᠯᠳᠤᠭᠠᠨ ᠠᠴᠠ ᠡᠮᠦᠨ᠎ᠡ ᠪᠠ ᠤᠷᠤᠯᠳᠤᠭᠠᠨ ᠤ ᠲᠠᠷᠠᠭ᠎ᠠ ᠴᠥᠮ ᠪᠡᠶ᠎ᠡ ᠶᠢᠨ ᠴᠢᠳᠠᠯ ᠤᠨ ᠰᠢᠯᠭᠠᠨ ᠬᠡᠮᠵᠢᠯᠲᠡ ᠳᠤ ᠣᠷᠣᠯᠴᠠᠭᠤᠯᠬᠤ ᠶᠢᠨ ᠬᠠᠮᠲᠤ ᠡᠷᠡᠭᠦᠯ ᠮᠡᠨᠳᠦ ᠶᠢᠨ ᠬᠦᠢᠴᠡᠳᠭᠡᠯ ᠲᠤᠭ᠎ᠠ ᠶᠢ ᠬᠤᠷᠢᠶᠠᠨ ᠴᠤᠭᠯᠠᠭᠤᠯᠬᠤ ᠶᠢ ᠬᠠᠮᠵᠢᠯᠴᠠᠨ ᠪᠡᠶᠡᠯᠡᠭᠦᠯᠤᠨ᠎ᠡ︔ ᠪᠦᠯᠬᠦᠮ ᠨᠢᠭᠡᠪᠦᠷᠢ ᠨᠠᠭᠠᠳᠤ ᠵᠠᠬ᠎ᠠ ᠳᠠᠭᠠᠨ ᠨᠢᠭᠡ ᠬᠤᠪᠢ ᠡᠷᠡᠭᠦᠯᠵᠢᠯ ᠠᠯᠬᠤᠯᠲᠠ ᠶᠢᠨ ᠳᠤᠮᠳᠠᠬᠢ ᠦᠵᠡᠵᠦ ᠰᠣᠨᠣᠰᠤᠭᠰᠠᠨ ᠵᠦᠢᠯ᠂ ᠡᠷᠡᠬᠦᠯᠵᠢᠯ ᠠᠯᠬᠤᠯᠲᠠ ᠬᠢᠭᠰᠡᠨ ᠣᠯᠤᠯᠲᠠ ᠲᠦᠷᠦᠭᠳᠡᠯ ᠵᠡᠷᠭᠡ ᠵᠣᠬᠢᠶᠠᠯ ᠢ ᠲᠤᠰᠢᠶᠠᠨ᠎ᠠ︔ ᠲᠤᠬᠠᠶ ᠶᠢᠨ ᠭᠠᠵᠠᠷ ᠲᠤ ᠡᠷᠡᠬᠦᠯᠵᠢᠯ ᠠᠯᠬᠤᠯᠲᠠ ᠶᠢᠨ ᠠᠵᠢᠯᠯᠠᠭ᠎ᠠ ᠶᠢ ᠦᠷᠨᠢᠬᠦᠯᠬᠦ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠡᠳᠦᠷ ᠪᠦᠷᠢ ᠨᠢᠭᠡ ᠤᠳᠠᠭ᠎ᠠ ᠡᠷᠡᠬᠦᠯᠵᠢᠯ ᠠᠯᠬᠤᠯᠲᠠ ᠶᠢᠨ ᠲᠤᠭ᠎ᠠ ᠪᠠᠷᠢᠮᠲᠠ ᠶᠢ ᠰᠦᠯᠵᠢᠶᠡᠨ ᠳᠤ ᠤᠷᠤᠭᠤᠯᠤᠨ᠎ᠠ᠃ ᠠᠵᠢᠯᠯᠠᠭᠠᠨ ᠤ ᠵᠠᠷᠤᠳᠠᠯ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠤᠰᠢᠭᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠠᠴᠠ ᠳᠠᠭᠠᠭᠠᠨ᠎ᠠ᠃      ᠵᠢᠩᠬᠢᠨᠢ ᠤᠷᠤᠯᠳᠤᠭᠠᠨ ᠡᠬᠢᠯᠡᠭᠰᠡᠨ ᠤ ᠳᠠᠷᠠᠭ᠎ᠠ ᠶᠠᠮᠠᠷᠪᠠ ᠪᠦᠯᠬᠦᠮ ᠨᠡᠶᠢᠲᠡ ᠤᠬᠤᠷᠢᠨ ᠭᠠᠷᠴᠤ ᠪᠣᠯᠬᠤ ᠥᠬᠡᠶ᠂ ᠵᠠᠷᠴᠢᠮ ᠳᠡᠭᠡᠷ᠎ᠡ ᠪᠠᠨ ᠬᠤᠪᠢ ᠬᠥᠮᠦᠨ ᠤ ᠤᠬᠤᠷᠢᠨ ᠭᠠᠷᠬᠤ ᠶᠢ ᠳᠡᠮᠵᠢᠬᠦ ᠥᠬᠡᠶ ︵ᠬᠤᠪᠢ ᠬᠥᠮᠦᠨ ᠦᠨᠡᠬᠡᠷ ᠣᠨᠴᠠᠭᠠᠶ ᠪᠠᠶᠢᠳᠠᠯ ᠠᠴᠠ ᠪᠣᠯᠵᠣ ᠤᠬᠤᠷᠢᠨ ᠭᠠᠷᠪᠠᠯ ᠪᠦᠯᠬᠦᠮ ᠤᠨ ᠬᠢᠷᠢ ᠪᠦᠲᠦᠮᠵᠢ ᠶᠢ ᠨᠥᠯᠥᠭᠡᠯᠡᠨ᠎ᠡ︶᠂ ᠶᠠᠮᠠᠷᠪᠠ ᠰᠢᠯᠲᠠᠭᠠᠨ ᠠᠴᠠ ᠪᠣᠯᠤᠭᠰᠠᠨ ᠴᠤ ᠬᠠᠮᠢᠶ᠎ᠠ ᠥᠬᠡᠶ᠂ ᠲᠤᠭ᠎ᠠ ᠪᠠᠷᠢᠮᠲᠠ ᠶᠢ ᠤᠷᠤᠯᠳᠤᠭᠠᠨ ᠤ ᠲᠠᠪᠴᠠᠩ ᠳᠤ ᠤᠷᠤᠭᠤᠯᠤᠭᠰᠠᠨ ᠥᠬᠡᠶ ᠪᠣᠯ ᠬᠦᠴᠦᠨ ᠥᠬᠡᠶ ᠲᠤᠭ᠎ᠠ ᠪᠠᠷᠢᠮᠲᠠ ᠪᠠᠷ ᠲᠤᠭᠠᠴᠠᠨ᠎ᠠ᠃                 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ