ᠥᠥᠰᠢᠨ ᠵᠠᠰᠠᠭ ᠠᠯᠪᠠᠨ ᠲᠠᠷᠬᠠᠭᠠᠬᠤ ﹇2021﹈ 19 ᠳ᠋ᠦ᠋ᠭᠡᠷ ᠲᠣᠭᠠᠲᠤ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ᠄ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠤᠨ | ᠥᠭᠡᠷᠡᠴᠢᠯᠡᠯᠲᠡ ᠶᠢᠨ ᠡᠭᠦᠷᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠳᠠ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ︽ᠦᠦᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾ | ᠢ ᠲᠠᠨᠠᠷ ᠲᠤ ᠳᠠᠷᠤᠮᠠᠯᠯᠠᠨ ᠲᠠᠷᠬᠠᠭᠠᠪᠡ᠂ ᠬᠢᠨᠠᠮᠠᠭᠠᠶ ᠵᠢᠷᠤᠮᠯᠠᠨ ᠬᠡᠷᠡᠭᠵᠢᠭᠦᠯᠤᠭᠡᠷᠡᠢ᠃ | | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 4 ᠰᠠᠷ᠎ᠠ ᠶᠢᠨ 29 ᠤ ᠡᠳᠦᠷ | | | | | | | | | | | ᠦᠦᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠪᠠᠶᠢᠭᠤᠯᠣᠯ ᠤᠨ ᠦᠬᠡᠷᠡᠴᠢᠯᠡᠯᠳᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ | | | ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ | ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠬᠦ ᠲᠤᠷᠰᠢᠯᠲᠠ ᠶᠢᠨ ᠴᠡᠭ ᠤᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠵᠠᠮ | ᠬᠠᠷᠢᠯᠴᠠᠭ᠎ᠠ ᠵᠠᠰᠠᠮᠠᠯ ᠵᠠᠮ ᠵᠠᠬᠢᠳᠠᠯ ﹇2020﹈ 686 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠬᠦ | ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠵᠠᠮ ᠲᠠᠷᠬᠠᠭᠠᠬᠤ ﹇ | 2021﹈ 220 ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠᠷ ᠦᠦᠰᠢᠨ ᠬᠤᠰᠢᠭᠤ ᠪᠥᠬᠦ ᠤᠯᠤᠰ ᠤᠨ ᠬᠥᠳᠡᠭᠡ | ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠷᠰᠢᠯᠲᠠ ᠶᠢᠨ ᠨᠢᠭᠡᠴᠢ ᠪᠠᠷ ᠲᠤᠭᠲᠠᠭᠠᠭᠳᠠᠪᠠ᠃ ᠥᠭᠡᠷᠡᠴᠢᠯᠡᠯᠲᠡ ᠶᠢᠨ ᠡᠭᠦᠷᠭᠡ ᠶᠢ ᠦᠨᠡᠨᠬᠦ | ᠨᠠᠶᠢᠳᠠᠪᠤᠷᠢᠵᠢᠭᠤᠯᠵᠤ ᠲᠤᠷᠰᠢᠯᠲᠠ ᠶᠢᠨ ᠴᠡᠭ ᠤᠨ ᠨᠡᠶᠢᠲᠡᠯᠢᠭ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠤᠨ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠵᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠳᠠ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ | ᠲᠣᠰᠬᠤᠨ ᠤ ᠳᠥᠷᠪᠡᠨ ᠰᠠᠶᠢᠲᠠᠶ ᠵᠠᠮ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠢᠢᠳᠪᠤᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ ᠠᠷᠠᠳ ᠣᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠪᠠᠷ ᠬᠠᠷᠠᠯᠲᠠ ᠪᠣᠯᠭᠠᠵᠦ ᠵᠣᠬᠢᠶᠠᠨ ᠪᠠᠶᠢᠭᠤᠯᠤᠯᠲᠠ ᠶᠢᠨ | ᠲᠤᠭᠲᠠᠯᠴᠠᠭ᠎ᠠ ᠶᠢ ᠲᠡᠭᠦᠯᠳᠡᠷᠵᠢᠭᠦᠯᠣᠨ ᠪᠡᠯᠡ ᠮᠥᠩᠭᠦ ᠶᠢᠨ ᠬᠠᠩᠭᠠᠯᠭ᠎ᠠ ᠶᠢ ᠴᠢᠩᠭᠠᠳᠬᠠᠬᠤ ᠪᠠᠷ ᠭᠤᠣᠯᠳᠠᠯᠭ᠎ᠠ | ᠪᠣᠯᠭᠠᠵᠤ ᠶᠠᠰᠤ ᠴᠢᠨᠠᠷ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠳᠡᠭᠡᠳᠦᠯᠡᠬᠦ᠂ ᠡᠶ᠎ᠡ ᠵᠣᠬᠢᠴᠠᠯ ᠲᠠᠢ᠂ | ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠳᠠᠷᠤᠭ᠎ᠠ ᠶᠢᠨ ᠲᠦᠷᠢᠮ ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠡᠭᠦᠷᠭᠡ ᠶᠢ ᠪᠥᠬᠦ | ᠬᠦᠴᠦᠨ ᠢᠶᠠᠷ ᠢᠶᠠᠨ ᠠᠬᠢᠭᠤᠯᠵᠤ ᠡᠭᠦᠷᠭᠡ ᠬᠠᠷᠠᠯᠲᠠ ᠶᠢ ᠲᠣᠳᠣᠷᠬᠠᠶᠢᠯᠠᠨ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠨᠠᠶᠢᠳᠠᠪᠤᠷᠢᠵᠢᠭᠤᠯᠵᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ ᠲᠤᠷᠰᠢᠯᠲᠠ ᠶᠢᠨ | ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ ᠪᠥᠬᠦ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠬᠥᠳᠡᠭᠡ ᠠᠵᠤ ᠠᠬᠤᠶ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ᠬᠤᠶᠠᠷ᠂ ᠲᠤᠷᠰᠢᠯᠲᠠ ᠶᠢᠨ ᠴᠡᠭ ᠤᠨ ᠭᠤᠤᠯ ᠰᠡᠳᠦᠪ | ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢ ᠨᠡᠶᠢᠳᠡᠮᠵᠢᠬᠦᠯᠦᠨᠡ᠃ | ᠭᠤᠷᠪᠠ᠂ ᠶᠡᠷᠦᠩᠬᠡᠶ ᠬᠠᠷᠠᠯᠲᠠ | ᠵᠠᠰᠠᠭ ᠤᠨ ᠣᠷᠳᠣᠨ ᠭᠤᠣᠯᠯᠠᠬᠤ᠂ ᠬᠠᠷᠢᠶ᠎ᠠ ᠣᠷᠣᠨ ᠠᠴᠠ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ | ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠵᠠᠷᠴᠢᠮ ᠶᠣᠰᠣᠭᠠᠷ ᠬᠤᠰᠢᠭᠤ᠂ | ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠵᠠᠮ ᠤᠨ ᠳᠠᠷᠤᠭ᠎ᠠ ᠶᠢᠨ ᠳᠦᠷᠢᠮ ᠤᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠱᠠᠲᠤ ᠬᠤᠪᠢᠶᠠᠨ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠤᠨ ᠨᠢᠭᠡᠳᠬᠡᠵᠤ᠂ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ᠂ ᠵᠠᠮ ᠤᠨ ᠬᠦᠷᠦᠩᠭᠡ ᠵᠠᠮ ᠤᠨ ᠡᠷᠬᠡ ᠶᠢᠨ | ᠬᠠᠮᠠᠭᠠᠯᠠᠯᠲᠠ᠂ ᠵᠠᠮ ᠤᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠴᠢᠩᠭᠠᠳᠬᠠᠵᠤ | ᠪᠦᠬᠦ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠳᠠ ᠬᠠᠮᠠᠭᠠᠯᠠᠯᠲᠠ ᠶᠢᠨ ᠨᠣᠷᠮ᠎ᠠ ᠶᠢ 100% ᠳᠤ ᠬᠦᠷᠭᠡᠬᠦ ᠶᠢ | ᠪᠠᠲᠤᠯᠠᠵᠤ ᠰᠢᠯᠢᠳᠡᠭ᠂ ᠰᠠᠶᠢᠨ᠂ ᠳᠤᠮᠳᠠ ᠵᠡᠷᠭᠡ ᠶᠢᠨ ᠵᠠᠮ ᠤᠨ ᠨᠣᠷᠮ᠎ᠠ ᠶᠢ 80% ᠳᠤ ᠬᠦᠷᠭᠡᠵᠦ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠰᠠᠶᠢᠲᠤᠷ ᠦᠢᠯᠡᠴᠢᠯᠡᠬᠦᠯᠵᠦ ᠬᠥᠳᠡᠭᠡ ᠲᠣᠰᠬᠤᠨ ᠤ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠵᠦ ︽ᠬᠥᠳᠡᠭᠡ ᠲᠣᠰᠬᠤᠨ ᠤ ᠳᠥᠷᠪᠡᠨ ᠰᠠᠶᠢᠲᠠᠶ ᠵᠠᠮ︾ ᠤᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ ᠵᠠᠰᠠᠮᠠᠯ ᠵᠠᠮ ᠤᠨ ᠬᠠᠮᠢᠶᠠᠷᠤᠯᠳᠠ ᠬᠠᠮᠠᠭᠠᠯᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠵᠠᠮ ᠤᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠰᠢᠰᠲ᠋ᠧᠮᠵᠢ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 2023 ᠣᠨ | ᠪᠣᠯᠬᠤ ᠳᠤ ᠦᠦᠰᠢᠨ ᠬᠤᠰᠢᠭᠤ ᠶᠢ ︽ᠤᠶᠤᠨᠲᠤ ᠵᠠᠮ ᠬᠠᠷᠢᠯᠴᠠᠭ᠎ᠠ︾ ︽ᠲᠣᠭᠠᠴᠠᠯᠠᠭᠰᠠᠨ ᠵᠠᠮ ᠬᠠᠷᠢᠯᠴᠠᠭ᠎ᠠ︾ | ᠪᠠ ᠵᠠᠮ ᠤᠨ ᠳᠠᠷᠤᠭ᠎ᠠ ᠶᠢᠨ ᠲᠦᠷᠢᠮ ᠤᠨ ︽APP︾ ᠬᠠᠮᠢᠶᠠᠷᠤᠯᠲᠠ ᠶᠢᠨ ᠲᠠᠪᠴᠠᠩ ᠪᠥᠬᠦᠶ ᠪᠥᠬᠦ ᠤᠯᠤᠰ ᠤᠨ | ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠳᠠ ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠨᠢᠭᠡᠴᠢ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | ᠳᠥᠷᠪᠡ᠂ ᠭᠤᠤᠯ ᠡᠭᠦᠷᠭᠡ | ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠨ᠎ᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠭᠰᠠᠨ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠤᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ ᠠᠵᠢᠯ ᠶᠠᠪᠤᠳᠠᠯ ᠤᠨ ᠡᠷᠬᠡ ᠶᠢ ᠤᠯᠠᠮ ᠨᠢᠭᠡ ᠠᠯᠬᠤᠮ ᠢᠯᠭᠠᠵᠦ ᠱᠠᠳᠤ ᠬᠤᠪᠢᠶᠠᠨ | ᠬᠠᠷᠢᠭᠤᠴᠠᠬᠤ ᠶᠢ ᠪᠡᠶᠡᠯᠡᠭᠦᠯᠦᠨ ᠲᠡᠰ ᠳᠠᠪᠬᠤᠷᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ ᠪᠠᠶᠢᠭᠤᠯᠤᠮᠵᠢ ᠶᠢ | ᠲᠡᠭᠦᠯᠳᠡᠷᠵᠢᠭᠦᠯᠦᠭᠰᠡᠨ᠂ ᠠᠵᠢᠯᠳᠠᠨ ᠢ ᠤᠷᠤᠨᠵᠢᠭᠤᠯᠤᠭᠰᠠᠨ᠂ ᠪᠡᠯᠡ ᠮᠥᠩᠭᠦ ᠶᠢ ᠪᠠᠲᠤᠯᠠᠭᠰᠠᠨ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠤᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠬᠦᠯᠵᠦ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠤᠨ ᠬᠡᠷᠡᠭᠯᠡᠬᠦ ᠵᠢᠯ ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠤᠷᠳᠤᠳᠬᠠᠵᠦ᠂ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ | ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠬᠠᠮᠢᠶᠠᠷᠴᠤ ᠬᠠᠮᠠᠭᠠᠯᠠᠬᠤ ᠵᠠᠷᠴᠢᠮ ᠶᠣᠰᠣᠭᠠᠷ ᠬᠤᠰᠢᠭᠤ ᠠᠷᠠᠳ ᠤᠨ | ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠡᠷᠦᠩᠬᠡᠶ ᠵᠠᠮ ᠤᠨ ᠳᠠᠷᠤᠭ᠎ᠠ ᠶᠢ ᠡᠭᠦᠷᠭᠡᠯᠡᠬᠦ᠂ ᠬᠤᠰᠢᠭᠤ | ᠱᠠᠲᠤᠨ ᠤ ᠵᠠᠮ ᠬᠠᠷᠢᠯᠴᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠰᠢᠶᠠᠨ ᠤ ᠵᠠᠮ ᠤᠨ ᠳᠠᠷᠤᠭ᠎ᠠ ᠶᠢ ᠡᠭᠦᠷᠭᠡᠯᠡᠬᠦ᠂ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠠ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠤᠤᠯ ᠬᠠᠷᠢᠭᠤᠴᠠᠯᠭᠠᠲᠠᠨ ᠲᠣᠰ ᠲᠣᠰ ᠬᠠᠷᠢᠶᠠᠲᠤ ᠣᠷᠣᠨ ᠤ | ᠳᠣᠲᠣᠷᠠᠬᠢ ᠰᠢᠶᠠᠩ ᠤᠨ ᠵᠠᠮ ᠤᠨ ᠳᠠᠷᠤᠭ᠎ᠠ᠂ ᠲᠣᠰᠬᠤᠨ ᠤ ᠵᠠᠮ ᠤᠨ ᠳᠠᠷᠤᠭ᠎ᠠ ᠶᠢ ᠡᠭᠦᠷᠭᠡᠯᠡᠬᠦ ᠭᠤᠷᠪᠠᠨ ᠱᠠᠲᠤᠨ | ᠤ ᠵᠠᠮ ᠤᠨ ᠳᠠᠷᠤᠭ᠎ᠠ ᠶᠢᠨ ᠲᠦᠷᠢᠮ ᠢ ᠪᠠᠶᠢᠭᠤᠯᠤᠨ ᠡᠯ᠎ᠡ ᠱᠠᠲᠤᠨ ᠤ ᠵᠠᠮ ᠤᠨ ᠬᠠᠷᠢᠭᠤᠴᠠᠯᠭᠠᠳᠠᠨ ᠢ | ᠲᠣᠳᠣᠷᠬᠠᠶᠢᠯᠠᠵᠦ ᠬᠠᠷᠢᠶᠠᠲᠤ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠯ᠎ᠡ | ᠲᠦᠷᠦᠯ ᠤᠨ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠶᠢ ᠬᠠᠷᠢᠭᠤᠴᠠᠨ᠎ᠠ᠃ | ︵ᠬᠤᠶᠠᠷ︶ ᠵᠠᠰᠠᠮᠠᠯ ᠵᠠᠮ ᠤᠨ ᠬᠠᠮᠢᠶᠠᠷᠴᠤ ᠬᠠᠮᠠᠭᠠᠯᠠᠬᠤ ᠡᠷᠬᠡ ᠪᠠ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠲᠣᠳᠣᠷᠬᠠᠶᠢᠯᠠᠨ᠎ᠠ᠃ ᠦᠦᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ ᠬᠤᠰᠢᠭᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠤᠰᠢᠭᠤ ᠵᠠᠰᠠᠭ ᠤᠨ ᠣᠷᠳᠣᠨ ᠤ ᠬᠤᠪᠢᠶᠠᠷᠢᠯᠠᠨ | ᠬᠠᠮᠢᠶᠠᠷᠬᠤ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠪᠢᠶᠠᠷᠢ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠵᠡᠷᠭᠡ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ | ᠪᠦᠷᠢᠯᠳᠦᠬᠦᠨ ᠤ ᠲᠤᠰᠢᠶᠠᠯ ᠡᠭᠦᠷᠭᠡᠯᠡᠨ᠎ᠡ᠃ ᠡᠯ᠎ᠡ ᠪᠦᠷᠢᠯᠳᠦᠬᠦᠨ ᠨᠢᠭᠡᠴᠢ ︽ᠵᠠᠮ ᠤᠨ ᠳᠠᠷᠤᠭ᠎ᠠ ᠶᠢᠨ ᠲᠦᠷᠢᠮ︾ | ᠤᠨ ᠡᠷᠬᠢᠯᠳᠡ ᠶᠢ ᠪᠥᠬᠦ ᠬᠦᠴᠦᠨ ᠢᠶᠠᠷ ᠢᠶᠠᠨ ᠳᠡᠮᠵᠢᠵᠦ ᠵᠠᠮ ᠤᠨ ᠶᠡᠷᠦᠩᠬᠡᠶ ᠳᠠᠷᠤᠭ᠎ᠠ ᠶᠢᠨ ᠵᠣᠬᠢᠴᠠᠭᠤᠯᠭ᠎ᠠ ᠪᠠ | ᠬᠠᠮᠢᠶᠠᠷᠤᠯᠲᠠ ᠶᠢ ᠤᠬᠠᠮᠰᠠᠷ ᠠᠴᠠ ᠪᠠᠨ ᠳᠠᠭᠠᠵᠤ ᠵᠠᠮ ᠤᠨ ᠬᠠᠮᠢᠶᠠᠷᠤᠯᠲᠠ ᠶᠢᠨ ᠠᠵᠢᠯᠲᠠᠨ ᠤ ᠠᠵᠢᠯ ᠢᠶᠠᠨ | ᠥᠷᠨᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ ᠵᠠᠮ ᠤᠨ ᠬᠡᠰᠡᠭ ᠬᠢᠭᠡᠳ | ᠵᠠᠮ ᠤᠨ ᠭᠡᠰᠡᠭ ᠤᠨ ᠬᠤᠭᠤᠷᠣᠨᠳᠣ᠂ ᠵᠠᠮ ᠤᠨ ᠬᠡᠰᠡᠭ ᠬᠢᠭᠡᠳ ᠥᠮᠴᠢᠯᠡᠬᠦ ᠡᠷᠬᠡ ᠶᠢᠨ ᠨᠢᠭᠡᠴᠢ ᠶᠢᠨ ᠬᠤᠭᠤᠷᠣᠨᠳᠣ | ᠵᠠᠮ ᠤᠨ ᠳᠠᠷᠤᠭ᠎ᠠ ᠶᠢᠨ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ ᠬᠠᠷᠢᠯᠴᠠᠨ ᠨᠡᠪᠲᠡᠷᠡᠯᠴᠡᠵᠦ᠂ | ᠬᠠᠷᠢᠯᠴᠠᠨ ᠬᠠᠮᠵᠢᠯᠴᠠᠵᠤ᠂ ᠵᠠᠮ ᠤᠨ ᠳᠠᠷᠤᠭ᠎ᠠ ᠶᠢᠨ ᠬᠠᠮᠢᠶᠠᠷᠤᠯᠳᠠ ᠶᠢ ᠨᠡᠶᠢᠳᠡᠮᠵᠢᠬᠦᠯᠵᠦ᠂ ᠬᠥᠨᠳᠡᠯᠡᠨ ᠢᠶᠠᠷ | ᠬᠥᠪᠡᠭᠡ ᠳᠤᠨᠢ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ ᠵᠠᠮ ᠤᠨ ᠳᠠᠷᠤᠭ᠎ᠠ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ᠃ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠲᠤᠬᠢᠷᠠᠭᠤᠯᠤᠨ ᠠᠯᠪᠠᠨ ᠬᠡᠷ ᠤᠨ ᠡᠷᠬᠢᠯᠡᠭᠴᠢ ᠶᠢ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠬᠠᠪᠰᠤᠷᠭᠠᠨ ᠬᠠᠷᠢᠭᠤᠴᠠᠵᠤ ︽ᠵᠠᠮ ᠤᠨ | ᠳᠠᠷᠤᠭ᠎ᠠ ᠶᠢᠨ ᠲᠦᠷᠢᠮ︾ ᠢ ᠬᠡᠷᠡᠭᠵᠢᠭᠦᠯᠬᠦ ᠬᠠᠮᠢᠶ᠎ᠠ ᠪᠥᠬᠦᠶ ᠠᠵᠢᠯ ᠢ ᠪᠣᠳᠠᠲᠠᠶ ᠬᠠᠷᠢᠭᠤᠴᠠᠨ ︽ᠵᠠᠮ ᠤᠨ | ᠳᠠᠷᠤᠭ᠎ᠠ ᠶᠢᠨ ᠲᠦᠷᠢᠮ︾ ᠢ ᠬᠡᠷᠡᠭᠵᠢᠭᠦᠯᠬᠦ ᠠᠵᠢᠯ ᠤᠨ ᠳᠤᠮᠳᠠᠬᠢ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ | ᠰᠢᠢᠳᠪᠤᠷᠢᠯᠡᠵᠦ ᠬᠤᠯᠪᠤᠭᠳᠠᠯ ᠪᠥᠬᠦᠶ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ ᠪᠠ ᠬᠠᠷᠢᠭᠤ ᠲᠤᠰᠬᠠᠨ᠎ᠠ︔ | ᠬᠠᠮᠢᠶᠠᠷᠤᠯᠲᠠ ᠶᠢᠨ ᠪᠠᠷᠢᠮᠵᠢᠶ᠎ᠠ᠂ ᠲᠦᠷᠢᠮ ᠪᠠ ᠬᠢᠨᠠᠨ ᠰᠢᠯᠭᠠᠬᠤ ᠠᠷᠭ᠎ᠠ ᠶᠢ ᠲᠣᠭᠲᠠᠭᠠᠨ᠎ᠠ︔ ᠠᠵᠢᠯ ᠤᠨ | ᠲᠣᠭᠲᠠᠮᠠᠯ ᠬᠤᠷᠠᠯ ᠤᠨ ᠲᠦᠷᠢᠮ ᠢ ᠪᠠᠶᠢᠭᠤᠯᠵᠤ ᠲᠤᠰᠢᠶᠠᠨ ᠬᠦᠢᠴᠡᠳᠬᠡᠬᠦ ᠡᠭᠦᠷᠭᠡ ᠪᠠᠭᠤᠯᠭᠠᠵᠤ ᠡᠳᠦᠷ | ᠲᠤᠲᠤᠮ ᠤᠨ ᠲᠣᠭᠤᠷᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠡᠯ᠎ᠡ ᠱᠠᠲᠤᠨ ᠤ ᠵᠠᠮ ᠤᠨ ᠳᠠᠷᠤᠭ᠎ᠠ ᠪᠣᠯᠤᠨ | ᠬᠠᠷᠢᠭᠤᠴᠠᠯᠭᠠᠲᠤ ᠨᠢᠭᠡᠴᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠬᠦ ᠶᠢ | ᠰᠢᠮᠳᠠᠭᠤᠯᠤᠨ᠎ᠠ︔ ᠤᠯᠠᠷᠢᠯ᠂ ᠰᠠᠷ᠎ᠠ ᠪᠠᠷ ᠡᠯ᠎ᠡ ᠱᠠᠲᠤᠨ ᠤ ᠵᠠᠰᠠᠮᠠᠯ ᠵᠠᠮ ᠤᠨ ᠬᠠᠮᠢᠶᠠᠷᠤᠯᠳᠠ ᠬᠠᠮᠠᠭᠠᠯᠠᠯᠲᠠ ᠶᠢᠨ | ᠪᠠᠶᠢᠳᠠᠯ ᠢ ᠬᠤᠷᠢᠶᠠᠩᠭᠤᠶᠢᠯᠠᠵᠤ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ | ᠡᠯ᠎ᠡ ᠱᠠᠲᠤᠨ ᠤ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠣᠯ ᠢ ᠰᠢᠯᠭᠠᠨ ᠬᠢᠨᠠᠬᠤ ᠶᠢᠨ ᠬᠠᠮᠲᠤ ᠰᠢᠯᠭᠠᠨ | ᠬᠢᠨᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠃ ︽ᠵᠠᠮ ᠤᠨ ᠳᠠᠷᠤᠭ᠎ᠠ ᠶᠢᠨ ᠳᠦᠷᠢᠮ︾ ᠢ | ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠢ ᠶᠡᠷᠦᠩᠬᠡᠶ ᠳᠤᠨᠢ ᠬᠠᠷᠢᠭᠤᠴᠠᠨ᠎ᠠ︔ ᠰᠢᠶᠠᠨ ᠤ ᠳᠡᠰ ᠤᠨ ᠵᠠᠰᠠᠮᠠᠯ | ᠵᠠᠮ ᠢ ᠬᠠᠲᠠᠭᠤᠷᠠᠭᠤᠯᠤᠨ ᠭᠤᠶᠤᠵᠢᠭᠤᠯᠵᠤ ᠰᠢᠶᠠᠨ ᠤ ᠳᠡᠰ ᠤᠨ ᠵᠠᠰᠠᠮᠠᠯ ᠵᠠᠮ ᠤᠨ ᠡᠳᠦᠷ ᠲᠤᠲᠤᠮ ᠤᠨ | ᠬᠠᠮᠢᠶᠠᠷᠤᠯᠳᠠ ᠬᠠᠮᠠᠭᠠᠯᠠᠯᠲᠠ᠂ ᠰᠡᠯᠪᠢᠨ ᠵᠠᠰᠠᠯᠳᠠ᠂ ᠵᠠᠮ ᠤᠨ ᠬᠦᠷᠦᠩᠬᠡ ᠵᠠᠮ ᠤᠨ ᠡᠷᠬᠡ᠂ ᠠᠮᠤᠷ ᠲᠦᠪᠰᠢᠨ ᠤ | ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ | ᠰᠠᠶᠢᠲᠤᠷ ᠬᠢᠨ᠎ᠡ᠃ | ᠬᠤᠰᠢᠭᠤ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠤᠨ ᠲᠣᠭᠤᠷᠢᠭ᠃ ᠬᠢᠯᠢ ᠶᠢᠨ ᠳᠣᠲᠣᠷᠠᠬᠢ ᠤᠯᠤᠰ᠂ | ᠮᠤᠵᠢ ᠶᠢᠨ ᠳᠡᠰ ᠤᠨ ᠭᠤᠤᠯ ᠵᠠᠮ ᠢ ᠡᠪᠳᠡᠭᠰᠡᠨ᠂ ᠵᠠᠮ ᠤᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ︔ ᠤᠯᠤᠰ᠂ ᠮᠤᠵᠢ ᠶᠢᠨ ᠭᠤᠤᠯ ᠵᠠᠮ ︵ᠰᠦᠢᠳᠬᠡᠯ ᠬᠤᠷᠢᠶᠠᠬᠤ | ᠵᠠᠰᠠᠮᠠᠯ ᠵᠠᠮ ᠠᠴᠠ ᠪᠤᠰᠤᠳ︶᠂ ᠦᠨᠳᠦᠷ ᠬᠤᠷᠳᠤᠴᠠᠲᠤ ᠵᠠᠰᠠᠮᠠᠯ ᠵᠠᠮ ᠤᠨ ᠬᠤᠯᠪᠣᠯᠳᠠ ᠱᠤᠭᠤᠮ ᠤᠨ ᠤᠰᠤᠨ ᠳᠤ | ᠡᠪᠳᠡᠭᠳᠡᠭᠰᠡᠨ ᠵᠢᠴᠢ ᠵᠠᠮ ᠤᠨ ᠰᠠᠭᠤᠷᠢ ᠵᠠᠮ ᠤᠨ ᠭᠠᠳᠠᠷᠭᠤ ᠶᠢᠨ ᠡᠪᠳᠡᠭᠳᠡᠯ ᠢ ᠴᠠᠭ ᠲᠤᠬᠠᠶ ᠳᠤᠨᠢ ᠰᠡᠯᠪᠢᠨ ᠵᠠᠰᠠᠵᠤ | ᠰᠢᠢᠳᠪᠤᠷᠢᠯᠡᠨ᠎ᠡ︔ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ ᠶᠢ ᠵᠣᠬᠢᠴᠠᠭᠤᠯᠵᠤ ᠪᠠᠶᠢᠭᠠᠳ ᠤᠯᠤᠰ᠂ | ᠮᠤᠵᠢ ᠶᠢᠨ ᠭᠤᠤᠯ ᠵᠠᠮ ᠤᠨ ᠣᠭᠵᠣᠮ ᠮᠤᠷᠤᠶ ᠡᠭᠴᠡ ᠬᠥᠲᠥᠯ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ | ᠭᠤᠤᠯᠳᠠᠯᠭ᠎ᠠ ᠲᠠᠢ ᠵᠠᠮ ᠤᠨ ᠬᠡᠰᠡᠭ ᠪᠠ ᠠᠳᠡᠯ ᠣᠯᠠᠨ ᠭᠠᠷᠳᠠᠭ ᠵᠠᠮ ᠤᠨ ᠬᠡᠰᠡᠭ ᠢ ᠲᠥᠪᠯᠡᠷᠡᠭᠦᠯᠦᠨ ᠴᠡᠭᠴᠡᠯᠡᠨ | ᠵᠠᠰᠠᠨ᠎ᠠ᠃ | ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︵ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ︶᠃ ᠵ᠊ᠠᠰᠠᠮᠠᠯ ᠵᠠᠮ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ | ᠬᠠᠷᠢᠭᠤᠴᠠᠨ᠎ᠠ︔ ᠲᠡᠷᠭᠡᠨ ᠴᠣᠩᠬᠤ ᠪᠠᠷ ᠬᠤᠭ ᠬᠠᠶᠠᠬᠤ ᠪᠠ ᠬᠤᠷᠳᠤᠴᠠ ᠬᠡᠲᠦᠷᠡᠭᠦᠯᠬᠦ᠂ ᠰᠥᠷᠴᠦ ᠶᠠᠪᠤᠬᠤ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠦ ᠵᠠᠮ ᠬᠠᠷᠢᠯᠴᠠᠭᠠᠨ ᠤ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢᠨ ᠬᠠᠮᠲᠤ ᠴᠠᠭ ᠲᠤᠬᠠᠶ ᠳᠤᠨᠢ ᠴᠡᠭᠴᠡᠯᠡᠨ ᠵᠠᠰᠠᠬᠤ ᠪᠤᠶᠤ | ᠳᠡᠭᠡᠭᠰᠢ ᠮᠡᠳᠡᠭᠦᠯᠵᠦ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠦᠬᠦᠬᠡᠷᠤᠮᠵᠢ ᠶᠢᠨ ᠲᠤᠬᠢᠷᠠᠭᠤᠯᠤᠯᠲᠠ ᠶᠢ | ᠲᠡᠭᠦᠯᠳᠡᠷᠵᠢᠭᠦᠯᠬᠦ ᠶᠢᠨ ᠬᠠᠮᠲᠤ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠨ᠎ᠠ᠃ | ᠬᠤᠰᠢᠭᠤ ᠡᠳ᠋ ᠤᠨ ᠵᠠᠰᠠᠭ ᠤᠨ ᠲᠣᠪᠴᠢᠶ᠎ᠠ᠃ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠲᠤᠰᠬᠠᠶ ᠲᠦᠷᠦᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠬᠦᠢᠴᠡᠳ ᠲᠤᠭ᠎ᠠ ᠪᠠᠷ ᠨᠠᠶᠢᠳᠠᠪᠤᠷᠢᠵᠢᠭᠤᠯᠬᠤ ᠶᠢ | ᠨᠢᠭᠡᠳᠦᠯᠲᠡᠶ ᠲᠥᠯᠥᠪᠯᠡᠨ ᠳᠣᠭᠢᠷᠠᠭᠤᠯᠵᠤ ︽ᠵᠠᠮ ᠤᠨ ᠳᠠᠷᠤᠭ᠎ᠠ ᠶᠢᠨ ᠲᠦᠷᠢᠮ︾ ᠪᠠ ᠵᠠᠮ ᠤᠨ ᠪᠦᠰᠡ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠨᠢᠬᠦᠯᠬᠦ ᠶᠢ | ᠦᠷᠬᠦᠯᠵᠢᠯᠡᠨ ᠳᠡᠮᠵᠢᠨ᠎ᠡ᠃ | ᠬᠤᠰᠢᠭᠤ ᠡᠨᠧᠷᠭᠢ ᠶᠢᠨ ᠲᠣᠪᠴᠢᠶ᠎ᠠ᠃ ᠲᠡᠭᠡᠭᠡᠪᠦᠷᠢ ᠶᠢᠨ ᠲᠡᠷᠭᠡ ᠶᠢᠨ ᠡᠬᠢᠯᠡᠯᠲᠡ ᠶᠢᠨ ᠴᠡᠭ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ ᠲᠡᠭᠡᠭᠡᠪᠦᠷᠢ ᠶᠢᠨ ᠲᠡᠷᠭᠡ ᠶᠢᠨ ᠳᠠᠭᠠᠭᠠᠴᠠ ᠶᠢᠨ ᠬᠡᠮᠵᠢᠶ᠎ᠡ ᠠᠴᠠ ᠭᠡᠲᠤᠷᠡᠲᠡᠯᠡ | ᠠᠴᠢᠶᠠᠯᠠᠬᠤ ᠪᠠᠭᠤᠯᠭᠠᠬᠤ ᠪᠠᠶᠢᠳᠠᠯ ᠡᠬᠦᠰᠬᠦ ᠥᠬᠡᠶ ᠪᠠᠶᠢᠬᠤ ᠶᠢᠨ ᠬᠠᠮᠲᠤ ᠪᠦᠷᠬᠦᠭᠦᠯ ᠪᠦᠷᠬᠦᠬᠦ ᠠᠵᠢᠯ ᠢ | ᠰᠢᠮᠳᠠᠭᠤᠯᠵᠦ ᠲᠣᠭᠤᠰᠣ ᠳᠡᠭᠳᠡᠬᠦ ᠪᠠ ᠬᠤᠭ ᠬᠠᠶᠠᠬᠤ ᠶᠢ ᠪᠦᠲᠦᠮᠵᠢᠲᠡᠶ ᠰᠡᠷᠭᠡᠶᠢᠯᠡᠨ᠎ᠡ︔ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ ᠬᠠᠮᠵᠢᠯᠴᠠᠨ ᠬᠢᠯᠢ ᠶᠢᠨ ᠳᠣᠲᠣᠷᠠᠬᠢ ᠲᠤᠰᠬᠠᠶ ᠬᠡᠷᠡᠭᠯᠡᠭᠡᠨ ᠤ ᠵᠠᠰᠠᠮᠠᠯ | ᠵᠠᠮ ᠤᠨ ᠵᠠᠮ ᠤᠨ ᠳᠠᠷᠤᠭ᠎ᠠ ᠶᠢᠨ ᠲᠦᠷᠢᠮ ᠢ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠨ᠎ᠠ᠃ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃ ᠵᠠᠮ ᠬᠠᠷᠢᠯᠴᠠᠭ᠎ᠠ᠂ ᠵᠠᠰᠠᠮᠠᠯ ᠵᠠᠮ ᠤᠨ ᠰᠠᠯᠠᠭ᠎ᠠ | ᠮᠥᠴᠢᠷ ᠲᠠᠢ ᠬᠠᠮᠵᠢᠯᠴᠠᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢ ᠡᠵᠡᠮᠳᠡᠬᠦ ᠣᠷᠣᠨ ᠤ ᠬᠡᠪᠴᠢᠶᠡᠨ | ᠳᠣᠲᠣᠷᠠᠬᠢ ᠪᠥᠳᠥᠭᠡᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠡᠵᠡᠮᠳᠡᠬᠦ ᠣᠷᠣᠨ ᠤ ᠬᠡᠪᠴᠢᠶᠡᠨ ᠳᠣᠲᠣᠷᠠᠬᠢ | ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠪᠠᠶᠢᠴᠠᠭᠠᠨ ᠰᠢᠢᠳᠪᠤᠷᠢᠯᠡᠬᠦ ᠡᠷᠴᠢᠮ ᠢᠶᠠᠨ ᠨᠡᠮᠡᠭᠳᠡᠭᠦᠯᠵᠦ ᠵᠠᠰᠠᠮᠠᠯ | ᠵᠠᠮ ᠤᠨ ᠬᠤᠶᠠᠷ ᠬᠠᠵᠠᠭᠤ ᠶᠢᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠶᠢ | ᠴᠢᠩᠭ᠎ᠠ ᠬᠢᠵᠠᠭᠠᠷᠯᠠᠨ᠎ᠠ᠃ | ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ᠃ ᠵᠠᠰᠠᠮᠠᠯ ᠵᠠᠮ ᠳᠠᠭᠠᠤ ᠶᠢᠨ ᠤᠰᠤᠯᠠᠯᠲᠠ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠵᠠᠰᠠᠮᠠᠯ ᠵᠠᠮ ᠤᠨ ᠬᠤᠶᠠᠷ ᠬᠠᠵᠠᠭᠤ ᠶᠢᠨ ᠣᠷᠣᠨ ᠤ | ᠦᠶᠡᠷ ᠤᠨ ᠤᠰᠤ ᠶᠢ ᠠᠰᠢᠭᠯᠠᠨ ᠤᠰᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠵᠠᠰᠠᠮᠠᠯ ᠵᠠᠮ ᠳᠠᠭᠠᠤ ᠶᠢᠨ | ᠤᠰᠤᠨ ᠴᠥᠭᠦᠷᠥᠮ ᠳᠤ ᠠᠮᠢ ᠠᠬᠤᠶ ᠶᠢᠨ ᠰᠡᠷᠭᠦᠭᠡᠯᠲᠡ ᠬᠢᠬᠦ ᠶᠢ ᠵᠣᠷᠢᠭᠵᠢᠭᠤᠯᠤᠨ᠎ᠠ︔ ᠵᠠᠰᠠᠮᠠᠯ ᠵᠠᠮ ᠳᠠᠭᠠᠤ ᠶᠢᠨ | ᠨᠣᠭᠤᠭᠠᠷᠠᠭᠤᠯᠤᠯᠲᠠ ᠶᠢᠨ ᠪᠦᠰᠡ ᠶᠢᠨ ᠤᠰᠤᠯᠠᠯᠲᠠ ᠶᠢᠨ ᠤᠰᠤᠨ ᠰᠤᠷᠪᠤᠯᠵᠢ ᠶᠢᠨ ᠪᠠᠲᠤᠯᠠᠭ᠎ᠠ ᠶᠢᠨ ᠠᠵᠢᠯ ᠢ | ᠬᠠᠮᠵᠢᠨ ᠰᠠᠶᠢᠲᠤᠷ ᠬᠢᠨ᠎ᠠ᠃ | ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠃ ᠡᠳᠦᠷ ᠲᠤᠲᠤᠮ ᠤᠨ ᠲᠣᠭᠤᠷᠢᠨ | ᠪᠠᠶᠢᠴᠠᠭᠠᠯᠲᠠ ᠪᠠᠨ ᠴᠢᠩᠭᠠᠳᠬᠠᠵᠤ ᠵᠠᠰᠠᠮᠠᠯ ᠵᠠᠮ ᠤᠨ ᠬᠤᠶᠠᠷ ᠬᠠᠵᠠᠭᠤ ᠶᠢᠨ ᠣᠶᠢᠲᠤ ᠭᠠᠵᠠᠷ᠂ ᠡᠪᠡᠰᠤ | ᠪᠡᠯᠴᠢᠭᠡᠷ ᠤᠨ ᠬᠠᠮᠢᠶᠠᠷᠤᠯᠲᠠ ᠶᠢ ᠴᠢᠩᠳᠠᠯᠠᠨ ᠣᠶ ᠮᠣᠳᠣ ᠶᠢ ᠳᠤᠷ᠎ᠠ ᠪᠠᠷ ᠢᠶᠠᠨ ᠣᠭᠲᠣᠯᠬᠤ᠂ ᠣᠶᠢᠲᠤ ᠭᠠᠵᠠᠷ᠂ | ᠡᠪᠡᠰᠤ ᠪᠡᠯᠴᠢᠭᠡᠷ ᠢ ᠵᠥᠪᠰᠢᠶᠡᠷᠡᠬᠦ ᠠᠴᠠ ᠡᠮᠦᠨ᠎ᠡ ᠡᠵᠡᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ︔ ᠡᠯ᠎ᠡ ᠨᠣᠭᠤᠭᠠᠷᠠᠭᠤᠯᠤᠯᠲᠠ ᠶᠢᠨ ᠭᠤᠤᠯ ᠴᠣᠭᠴᠠ ᠶᠢᠨ | ᠬᠠᠷᠢᠭᠤᠴᠠᠯᠭᠠᠲᠤ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠵᠠᠰᠠᠮᠠᠯ ᠵᠠᠮ ᠳᠠᠭᠠᠤ ᠶᠢᠨ | ᠨᠣᠭᠤᠭᠠᠷᠠᠭᠤᠯᠤᠯᠲᠠ ᠶᠢᠨ ᠬᠤᠭᠤᠰᠤᠨ ᠭᠡᠰᠡᠭ ᠢ ᠨᠥᠬᠦᠪᠥᠷᠢᠯᠡᠵᠦ ᠲᠤᠬᠠᠢ ᠶᠢᠨ ᠭᠠᠵᠠᠷ ᠲᠤ ᠨᠢ ᠲᠤᠬᠢᠷᠠᠭᠤᠯᠤᠨ | ᠳᠠᠷᠢᠵᠤ ᠨᠣᠭᠤᠭᠠᠷᠠᠭᠤᠯᠤᠯᠲᠠ ᠶᠢᠨ ᠪᠠᠭᠲᠠᠭᠠᠮᠵᠢ ᠪᠠ ᠨᠣᠭᠤᠭᠠᠷᠠᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ ᠵᠠᠰᠠᠮᠠᠯ ᠵᠠᠮ ᠳᠠᠭᠠᠤ ᠶᠢᠨ ᠨᠤᠭᠤᠭᠠᠷᠠᠭᠤᠯᠤᠯᠲᠠ ᠭᠤᠶᠤᠵᠢᠭᠤᠯᠤᠯᠲᠠ ᠶᠢᠨ ᠱᠠᠭᠠᠷᠳᠠᠯᠭ᠎ᠠ ᠳᠤ | ᠬᠦᠷᠭᠡᠨ᠎ᠡ᠃ | ᠬᠤᠰᠢᠭᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠃ | ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠣᠷᠣᠨ ᠢᠶᠠᠷ ᠦᠩᠭᠡᠷᠡᠬᠦ ᠵᠠᠰᠠᠮᠠᠯ ᠵᠠᠮ ᠤᠨ ᠬᠤᠶᠠᠷ ᠬᠠᠵᠠᠭᠤ ᠶᠢᠨ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ ᠵᠠᠰᠠᠮᠠᠯ ᠵᠠᠮ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ᠂ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠳᠠᠯᠳᠠ ᠬᠡᠮ | ᠰᠤᠭᠤᠭ ᠢ ᠵᠠᠰᠠᠬᠤ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠤᠭᠤᠳᠬᠠᠵᠤ ᠬᠢᠨᠠᠨ | ᠵᠥᠪᠰᠢᠶᠡᠷᠡᠬᠦ ᠶᠠᠪᠤᠴᠠ ᠶᠢ ᠲᠦᠬᠦᠮᠴᠢᠯᠡᠨ᠎ᠡ᠃ | ᠬᠤᠰᠢᠭᠤ ᠰᠤᠶᠤᠯ ᠪᠠ ᠵᠢᠭᠤᠯᠴᠢᠯᠠᠯ ᠤᠨ ᠲᠣᠪᠴᠢᠶ᠎ᠠ᠃ ᠵᠠᠰᠠᠮᠠᠯ ᠵᠠᠮ ᠤᠨ ᠵᠢᠭᠤᠯᠴᠢᠯᠠᠯ ᠤᠨ ᠫᠠᠶᠢᠰᠠ | ᠲᠡᠮᠳᠡᠭ ᠢ ᠨᠢᠭᠡᠳᠦᠯᠲᠡᠶ ᠵᠢᠷᠤᠭᠯᠠᠨ ᠲᠥᠯᠥᠪᠯᠡᠵᠦ ᠵᠢᠷᠤᠮᠵᠢᠭᠤᠯᠤᠨ ᠪᠠᠶᠢᠷᠢᠯᠠᠭᠤᠯᠤᠨ᠎ᠠ︔ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠵᠠᠰᠠᠮᠠᠯ ᠵᠠᠮ ᠳᠠᠭᠠᠤ ᠵᠢᠭᠤᠯᠴᠢᠯᠠᠯ ᠤᠨ ᠥᠷᠲᠡᠭᠡ ᠵᠡᠷᠭᠡ ᠦᠢᠯᠡᠴᠢᠯᠡᠬᠡᠨ ᠤ ᠲᠦᠬᠦᠭᠡᠷᠦᠮᠵᠢ ᠶᠢ | ᠳᠣᠭᠢᠷᠠᠭᠤᠯᠤᠨ᠎ᠠ᠃ | ᠪᠠᠭᠠᠨ᠎ᠠ ᠵᠢᠶᠠᠰᠠ᠂ ᠬᠤᠭᠤᠯᠠᠢ ᠲᠤᠤᠷ ᠤᠨ ᠦᠢᠯᠡᠴᠢᠯᠡᠬᠡᠨ ᠤ ᠨᠢᠭᠡᠴᠢ᠃ ᠡᠯ᠎ᠡ ᠪᠠᠭᠠᠨ᠎ᠠ ᠵᠢᠶᠠᠰᠠ᠂ | ᠬᠤᠭᠤᠯᠠᠢ ᠲᠤᠤᠷ ᠤᠨ ᠦᠢᠯᠡᠴᠢᠯᠡᠬᠡᠨ ᠤ ᠨᠢᠭᠡᠴᠢ ︵ᠴᠠᠬᠢᠯᠭᠠᠨ ᠬᠦᠴᠦᠨ᠂ ᠴᠠᠬᠢᠯᠭᠠᠨ ᠬᠤᠯᠪᠣᠭ᠎ᠠ᠂ ᠰᠢᠯᠵᠢᠮᠡᠯ | ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠷᠠᠳᠢᠣ᠋ ᠲᠧᠯᠸᠢᠰ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠡᠷᠡᠯᠯᠢᠭ | ᠳᠡᠭᠡᠰᠦ᠂ ᠲᠦᠭᠡᠭᠡᠯ ᠤᠰᠤ᠂ ᠰᠢᠲᠠᠮᠠᠬᠠᠶ ᠬᠡᠶ ᠵᠢᠴᠢ ᠡᠯ᠎ᠡ ᠬᠤᠰᠢᠭᠤᠨ ᠳᠤ ᠰᠠᠭᠤᠭ᠎ᠠ ᠵᠠᠰᠠᠮᠠᠯ ᠵᠠᠮ ᠤᠨ ᠲᠤᠰᠬᠠᠶ | ᠬᠡᠷᠡᠭᠯᠡᠭᠡᠨ ᠤ ᠡᠷᠬᠡ ᠶᠢᠨ ᠬᠠᠷᠢᠶᠠᠲᠤ ᠠᠵᠤ ᠠᠬᠤᠶᠢᠯᠠᠯ ᠵᠡᠷᠭᠡ ᠨᠢᠭᠡᠴᠢ︶ ᠨᠢ ᠵᠠᠰᠠᠮᠠᠯ ᠵᠠᠮ ᠤᠨ ᠭᠠᠵᠠᠷ ᠬᠡᠷᠡᠭᠯᠡᠬᠦ | ᠬᠡᠪᠴᠢᠶᠡᠨ ᠳᠤ ᠵᠢᠶᠠᠰᠠ ᠪᠤᠰᠬᠠᠵᠤ᠂ ᠬᠤᠭᠤᠯᠠᠶ ᠲᠤᠤᠷ ᠢ ᠲᠠᠲᠠᠵᠤ ᠪᠤᠯᠠᠪᠠᠯ ᠤᠷᠢᠳᠠᠪᠠᠷ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ | ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ ︵ᠨᠡᠶᠢᠲᠡ ᠶᠢᠨ ᠠᠰᠠᠷᠠᠮᠵᠢ ᠶᠢᠨ | ᠦᠢᠯᠡᠰ ᠢ ᠭᠤᠶᠤᠴᠢᠯᠠᠬᠤ ᠪᠠᠷ ᠳᠡᠮᠵᠢᠨ ᠬᠠᠰᠤᠵᠤ ᠭᠡᠯᠳᠦᠷᠢᠭᠦᠯᠬᠦ ᠪᠤᠶᠤ ᠬᠡᠰᠡᠭ ᠢ ᠨᠢ ᠬᠠᠰᠤᠵᠤ ᠭᠡᠯᠳᠦᠷᠢᠭᠦᠯᠦᠨ᠎ᠡ︶ | ᠃ | ︵ᠭᠤᠷᠪᠠ︶ ᠵᠠᠮ ᠤᠨ ᠳᠠᠷᠤᠭ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ | ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠥᠨ᠎ᠡ᠃ ᠬᠤᠰᠢᠭᠤ᠂ ᠰᠤᠮᠤ ᠪᠠᠯᠭᠠᠰᠤ᠂ ᠭᠠᠴᠠᠭ᠎ᠠ | ᠲᠣᠰᠬᠤᠨ ᠭᠤᠷᠪᠠᠨ ᠱᠠᠲᠤᠨ ᠤ ᠵᠠᠮ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠥᠬᠦ | ᠲᠠᠯ᠎ᠠ ᠪᠠᠷ ᠲᠦᠯᠬᠢᠨ ᠠᠬᠢᠭᠤᠯᠵᠤ ︽ᠬᠤᠰᠢᠭᠤᠨ ᠳᠤ ᠰᠠᠯᠪᠤᠷᠢ ᠲᠠᠢ᠂ ᠰᠤᠮᠤ ᠪᠠᠯᠭᠠᠰᠤᠨ ᠳᠤ ᠥᠷᠲᠡᠭᠡ ᠲᠠᠢ᠂ | ᠭᠠᠴᠠᠭ᠎ᠠ ᠲᠣᠰᠬᠤᠨ ᠳᠤ ᠡᠩᠨᠡᠭᠡ ᠲᠠᠢ︾ ᠱᠠᠲᠤ ᠬᠤᠪᠢᠶᠠᠨ ᠬᠠᠮᠢᠶᠠᠷᠬᠤ ᠪᠠᠶᠢᠭᠤᠯᠤᠯ ᠢ ᠪᠤᠢ ᠪᠤᠯᠭᠠᠨ᠎ᠠ᠃ ᠡᠭᠦᠨ ᠤ | ᠬᠠᠮᠲᠤ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠨᠤᠭᠤᠳ ᠵᠣᠬᠢᠬᠤ ︽ᠵᠠᠮ ᠤᠨ ᠳᠠᠷᠤᠭ᠎ᠠ ᠶᠢᠨ ᠲᠦᠷᠢᠮ︾ | ᠤᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠬᠦᠯᠵᠤ ᠵᠠᠮ ᠤᠨ ᠬᠡᠰᠡᠭ ᠬᠢᠭᠡᠳ ᠵᠠᠮ ᠤᠨ ᠬᠡᠰᠡᠭ ᠤᠨ | ᠬᠤᠭᠤᠷᠣᠨᠳᠣ᠂ ᠵᠠᠮ ᠤᠨ ᠬᠡᠰᠡᠭ ᠬᠢᠭᠡᠳ ᠥᠮᠴᠢᠯᠡᠬᠦ ᠡᠷᠬᠡ ᠶᠢᠨ ᠨᠢᠭᠡᠴᠢ ᠶᠢᠨ ᠬᠤᠭᠤᠷᠣᠨᠳᠣ ᠵᠠᠮ ᠤᠨ | ᠳᠠᠷᠤᠭ᠎ᠠ ᠶᠢᠨ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠬᠤ ᠶᠢ ᠱᠠᠭᠠᠷᠳᠠᠵᠤ ᠬᠠᠷᠢᠯᠴᠠᠨ ᠨᠡᠪᠲᠡᠷᠡᠯᠴᠡᠵᠦ᠂ | ᠬᠠᠷᠯᠴᠠᠨ ᠬᠠᠮᠵᠢᠯᠴᠠᠨ ᠵᠠᠮ ᠤᠨ ᠳᠠᠷᠤᠭ᠎ᠠ ᠶᠢᠨ ᠲᠦᠷᠢᠮ ᠢ ᠨᠡᠶᠢᠲᠡᠮᠵᠢᠬᠦᠯᠵᠤ ᠬᠥᠨᠳᠡᠯᠡᠨ ᠢᠶᠠᠷ ᠬᠥᠪᠡᠭᠡ ᠳᠤ ᠨᠢ | ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ ᠵᠠᠮ ᠤᠨ ᠳᠠᠷᠤᠭ᠎ᠠ ᠶᠢᠨ ᠬᠢᠨᠠᠨ ᠬᠠᠮᠢᠶᠠᠷᠬᠤ ᠰᠢᠰᠲ᠋ᠧᠮᠵᠢ ᠶᠢ | ᠪᠦᠷᠢᠯᠳᠦᠭᠦᠯᠬᠦ ᠶᠢ ᠱᠠᠭᠠᠷᠳᠠᠨ᠎ᠠ᠃ | ︵ᠳᠥᠷᠪᠡ︶ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠵᠠᠮ ᠤᠨ | ᠳᠠᠷᠤᠭ᠎ᠠ ᠶᠢᠨ ᠳᠦᠷᠢᠮ ᠤᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ︽ᠨᠢᠭᠡ ᠵᠠᠮ ᠨᠢᠭᠡ | ᠳᠠᠷᠤᠭ᠎ᠠ︾ ᠶᠢᠨ ᠱᠠᠭᠠᠷᠳᠠᠯᠭ᠎ᠠ ᠶᠣᠰᠣᠭᠠᠷ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ | ᠱᠠᠲᠤᠨ ᠤ ᠵᠠᠮ ᠤᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ ᠵᠠᠮ ᠤᠨ | ᠳᠠᠷᠤᠭ᠎ᠠ ᠶᠢᠨ ᠲᠦᠷᠢᠮ ᠤᠨ APP ᠲᠠᠪᠴᠠᠩ ᠤᠨ ᠪᠠᠶᠢᠭᠤᠯᠤᠯᠲᠠ ᠵᠢᠴᠢ ᠪᠣᠳᠠᠲᠠᠶ ᠬᠡᠷᠡᠭᠯᠡᠭᠡᠨ ᠤ ᠠᠵᠢᠯ ᠢ | ᠰᠠᠶᠢᠲᠤᠷ ᠬᠢᠬᠦ ᠶᠢᠨ ᠬᠠᠮᠲᠤ ᠮᠡᠳᠡᠭᠡ ᠵᠠᠩᠭᠢᠴᠢᠯᠠᠯᠲᠠ ᠶᠢᠨ ᠲᠠᠪᠴᠠᠩ ᠳᠤ ᠭᠤᠷᠪᠠᠨ ᠱᠠᠲᠤᠨ ᠤ ᠵᠠᠮ ᠤᠨ | ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠵᠠᠮ ᠤᠨ ᠳᠠᠷᠤᠭ᠎ᠠ ᠶᠢᠨ ᠲᠦᠷᠢᠮ ᠤᠨ | ᠬᠠᠮᠢᠶᠠᠷᠤᠯᠲᠠ ᠶᠢᠨ ᠰᠢᠰᠲ᠋ᠧᠮᠵᠢ ᠲᠠᠢ ᠤᠶᠠᠯᠳᠤᠭᠤᠯᠵᠤ ᠮᠡᠳᠡᠭᠡ ᠵᠠᠩᠭᠢᠴᠢᠯᠠᠯᠲᠠ ᠶᠢᠨ ᠵᠠᠭᠪᠤᠷ ᠢ ᠬᠡᠷᠡᠭᠯᠡᠨ ᠵᠠᠰᠠᠮᠠᠯ | ᠵᠠᠮ ᠢ ᠬᠠᠮᠢᠶᠠᠷᠴᠤ ᠵᠠᠰᠠᠬᠤ ᠠᠵᠢᠯ ᠤᠨ ᠶᠠᠪᠤᠴᠠ ᠳᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠬᠢᠵᠤ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠵᠠᠰᠠᠮᠠᠯ ᠵᠠᠮ | ᠤᠨ ᠰᠠᠭᠤᠷᠢ ᠲᠦᠬᠦᠭᠡᠷᠦᠮᠵᠢ ᠶᠢᠨ ᠲᠣᠭᠤᠷᠢᠨ ᠪᠠᠶᠢᠴᠠᠭᠠᠯᠲᠠ ᠶᠢᠨ ᠠᠵᠢᠯ ᠢ ᠮᠡᠳᠡᠭᠡ ᠵᠠᠩᠭᠢᠴᠢᠯᠠᠬᠤ᠂ ᠠᠵᠢᠯ ᠤᠨ | ᠶᠠᠪᠤᠴᠠ ᠳᠤ ᠬᠠᠮᠠᠭᠠᠯᠠᠯᠲᠠ ᠶᠢᠨ ᠳᠤᠬᠠᠶᠢᠯᠠᠭᠰᠠᠨ ᠠᠵᠢᠯ ᠢ ᠤᠷᠤᠭᠤᠯᠵᠤ ᠲᠤᠭᠤᠷᠢᠨ ᠪᠠᠶᠢᠴᠠᠭᠠᠯᠲᠠ ᠶᠢᠨ ᠵᠠᠮ | ᠮᠥᠷ ᠢ ᠲᠡᠮᠳᠡᠭᠯᠡᠬᠦ᠂ ᠡᠪᠳᠡᠷᠡᠭᠰᠡᠨ ᠢ ᠣᠯᠵᠤ ᠮᠡᠳᠡᠪᠡᠯ ᠳᠡᠭᠡᠭᠰᠢ ᠮᠡᠳᠡᠭᠦᠯᠬᠦ᠂ ᠲᠣᠭᠤᠷᠢᠨ ᠪᠠᠶᠢᠴᠠᠭᠠᠯᠲᠠ ᠶᠢᠨ | ᠡᠯᠧᠺᠲᠷᠣᠨ ᠲᠠᠩᠰᠠ ᠡᠪᠬᠡᠮᠡᠯ ᠪᠠᠶᠢᠭᠤᠯᠬᠤ ᠵᠡᠷᠭᠡ ᠮᠡᠳᠡᠭᠡ ᠵᠠᠩᠭᠢᠴᠢᠯᠠᠯᠲᠠ ᠶᠢᠨ ᠠᠵᠢᠯ ᠢ ᠪᠠᠭᠲᠠᠭᠠᠨ᠎ᠠ᠃ | ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠡᠯᠡ | ᠮᠥᠩᠭᠦ ᠶᠢᠨ ᠲᠣᠭᠲᠠᠭᠤᠨ ᠠᠷᠭ᠎ᠠ ᠵᠠᠮ ᠢ ᠪᠦᠷᠢᠯᠳᠦᠬᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ | ᠤᠨ ᠬᠠᠮᠢᠶᠠᠷᠤᠯᠲᠠ ᠬᠠᠮᠠᠭᠠᠯᠠᠯᠲᠠ ᠶᠢᠨ ᠪᠡᠯᠡ ᠮᠦᠩᠭᠦᠨ ᠤ ᠣᠷᠣᠭᠤᠯᠤᠯᠲᠠ ᠬᠢᠭᠡᠳ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠪᠡᠯᠡ ᠮᠥᠩᠭᠦ ᠶᠢ ᠴᠤᠭᠯᠠᠭᠤᠯᠬᠤ ᠪᠠ ᠬᠠᠮᠢᠶᠠᠷᠬᠤ ᠳᠤ ︽ᠵᠠᠰᠠᠭ ᠤᠨ ᠣᠷᠳᠣᠨ ᠤ ᠪᠡᠯᠡ ᠤᠷᠤᠭᠤᠯᠤᠯᠲᠠ ᠪᠠᠷ | ᠭᠤᠣᠯ ᠪᠣᠯᠭᠠᠬᠤ᠂ ᠤᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ | ᠲᠤᠰᠬᠠᠶ ᠡᠷᠦᠭᠡ ᠪᠠᠷ ᠬᠠᠳᠠᠭᠠᠯᠠᠭᠤᠯᠬᠤ᠂ ᠲᠤᠰᠬᠠᠶ ᠵᠣᠭᠤᠰ ᠢ ᠲᠤᠰᠬᠠᠶ ᠲᠦᠷᠦᠯ ᠳᠤ ᠬᠡᠷᠡᠭᠯᠡᠬᠦ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ︾ ᠵᠠᠷᠴᠢᠮ ᠢ ᠵᠢᠷᠤᠮᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠪᠠᠯᠠ ᠮᠥᠩᠭᠦ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠲᠦᠷᠦᠯ | ᠤᠨ ᠪᠠᠯᠠ ᠣᠷᠣᠭᠤᠯᠤᠯᠲᠠ ᠶᠢᠨ ᠨᠥᠬᠦᠪᠥᠷᠢ ᠠᠴᠠ ᠪᠤᠰᠤᠳ ᠢ ᠪᠦᠬᠦᠨ ᠢ ᠬᠤᠰᠢᠭᠤ ᠠᠷᠠᠳ ᠤᠨ ᠵᠠᠰᠠᠭ ᠤᠨ | ᠣᠷᠳᠣᠨ ᠠᠴᠠ ᠬᠠᠷᠢᠭᠤᠴᠠᠨ ᠴᠤᠭᠯᠠᠭᠤᠯᠬᠤ ᠶᠢᠨ ᠬᠠᠮᠲᠤ ᠬᠤᠰᠢᠭᠤ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠤᠨ᠎ᠠ᠃ ᠲᠤᠬᠠᠶᠢᠯᠠᠪᠠᠯ᠄ ᠰᠢᠶᠠᠨ ᠤ ᠳᠡᠰ ᠤᠨ ᠪᠠᠷᠤᠭᠰᠢᠨ ︵ᠱᠦᠢᠨᠢ︶ ᠪᠧᠲ᠋ᠤᠨ ᠵᠠᠮ ᠳᠤ | ᠵᠢᠯ ᠪᠤᠯᠭᠠᠨ ᠺᠢᠯᠤᠮᠧᠲᠷ ᠪᠦᠷᠢ 10000 ᠲᠥᠭᠦᠷᠢᠭ ᠤᠨ ᠬᠠᠮᠠᠭᠠᠯᠠᠯᠲᠠ ᠶᠢᠨ ᠪᠡᠯᠡ ᠮᠥᠩᠭᠦ ᠣᠷᠣᠭᠤᠯᠵᠤ᠂ | ᠰᠢᠶᠠᠩ ᠤᠨ ᠳᠡᠰ ᠤᠨ ᠪᠠᠷᠤᠭᠰᠢᠨ ︵ᠱᠦᠢᠨᠢ︶ ᠪᠧᠲ᠋ᠤᠨ ᠵᠠᠮ ᠳᠤ ᠵᠢᠯ ᠪᠤᠯᠭᠠᠨ ᠺᠢᠯᠤᠮᠧᠲᠷ ᠪᠦᠷᠢ 5000 | ᠲᠥᠭᠦᠷᠢᠭ ᠤᠨ ᠬᠠᠮᠠᠭᠠᠯᠠᠯᠲᠠ ᠶᠢᠨ ᠪᠡᠯᠡ ᠮᠥᠩᠭᠦ ᠣᠷᠣᠭᠤᠯᠵᠤ᠂ ᠲᠣᠰᠬᠤᠨ ᠤ ᠳᠡᠰ ᠤᠨ ᠪᠠᠷᠤᠭᠰᠢᠨ ︵ᠱᠦᠢᠨᠢ︶ | ᠪᠧᠲ᠋ᠤᠨ ᠵᠠᠮ ᠳᠤ ᠵᠢᠯ ᠪᠤᠯᠭᠠᠨ ᠺᠢᠯᠤᠮᠧᠲᠷ ᠪᠦᠷᠢ 3000 ᠲᠥᠭᠦᠷᠢᠭ ᠤᠨ ᠬᠠᠮᠠᠭᠠᠯᠠᠯᠲᠠ ᠶᠢᠨ ᠪᠡᠯᠡ ᠮᠥᠩᠭᠦ | ᠣᠷᠣᠭᠤᠯᠵᠤ᠂ ᠬᠠᠶᠢᠷ ᠴᠢᠯᠠᠭᠤᠨ ᠵᠠᠮ ᠳᠤ ᠵᠢᠯ ᠪᠤᠯᠭᠠᠨ ᠺᠢᠯᠤᠮᠧᠲᠷ ᠪᠦᠷᠢ 500 ᠲᠥᠭᠦᠷᠢᠭ ᠤᠨ ᠬᠠᠮᠠᠭᠠᠯᠠᠯᠲᠠ | ᠶᠢᠨ ᠪᠡᠯᠡ ᠮᠥᠩᠭᠦ ᠣᠷᠣᠭᠤᠯᠤᠨ᠎ᠠ᠃ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠠᠭᠠᠯᠠᠬᠤ ᠲᠤᠰᠬᠠᠶ ᠪᠠᠯᠠ ᠮᠥᠩᠭᠦ ᠶᠢᠨ ᠲᠠᠩᠰᠠᠨ ᠡᠷᠦᠬᠡ ᠪᠠᠶᠢᠭᠤᠯᠵᠤ | ᠬᠠᠮᠠᠭᠠᠯᠠᠬᠤ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠨ ᠲᠤᠰᠬᠠᠶ ᠵᠣᠭᠤᠰ ᠢ ᠲᠤᠰᠬᠠᠶ ᠲᠦᠷᠦᠯ ᠳᠤ ᠬᠡᠷᠡᠭᠯᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠠᠭᠠᠯᠠᠬᠤ ᠪᠠᠯᠠ ᠮᠥᠩᠭᠦ ᠶᠢᠨ ᠬᠡᠷᠡᠭᠯᠡᠯᠲᠡ ᠶᠢ ᠬᠤᠰᠢᠭᠤ | ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠠᠴᠠ ᠬᠢᠨᠠᠯᠲᠠ ᠳᠡᠯᠪᠢᠨ ᠵᠢᠯᠣᠭᠤᠳᠤᠨ᠎ᠠ᠃ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠪᠡᠯᠡᠳᠬᠡᠯ ᠱᠠᠲᠤ ᠦᠶ᠎ᠡ ︵2021 ᠣᠨ ᠤ 4 ᠳ᠋ᠤᠭᠡᠷ ᠰᠠᠷ᠎ᠠ︶᠃ ᠦᠦᠰᠢᠨ ᠬᠤᠰᠢᠭᠤᠨ ᠤ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ ᠢ ᠲᠣᠭᠲᠠᠭᠠᠵᠤ ᠡᠭᠦᠷᠭᠡ ᠬᠠᠷᠠᠯᠲᠠ ᠶᠢ | ᠲᠣᠳᠣᠷᠬᠠᠶᠢᠯᠠᠨ ᠠᠵᠢᠯ ᠤᠨ ᠠᠬᠢᠴᠠ ᠶᠢ ᠳᠣᠭᠢᠷᠠᠭᠤᠯᠵᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠶᠢᠳᠠᠪᠤᠷᠢᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠬᠡᠷᠡᠭᠵᠢᠭᠦᠯᠬᠦ ᠶᠢ ᠴᠢᠩᠭᠠᠳᠬᠠᠵᠤ | ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠎ᠠ | ᠃ | ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ ᠦᠶ᠎ᠡ ︵2021 ᠣᠨ ᠤ 5 ᠳ᠋ᠤᠭᠠᠷ ᠰᠠᠷ᠎ᠠ | — 2023 ᠣᠨ ᠤ 8 ᠳ᠋ᠤᠭᠠᠷ ᠰᠠᠷ᠎ᠠ︶᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ ᠳᠤ | ᠲᠣᠭᠲᠠᠭᠠᠭᠰᠠᠨ ᠬᠠᠷᠠᠯᠲᠠ ᠡᠭᠦᠷᠭᠡ᠂ ᠠᠵᠢᠯ ᠤᠨ ᠠᠬᠢᠴᠠ ᠵᠡᠷᠭᠡ ᠶᠢᠨ ᠶᠣᠰᠣᠭᠠᠷ ᠲᠤᠷᠰᠢᠯᠲᠠ ᠶᠢᠨ ᠴᠡᠭ ᠤᠨ | ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠨᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠠᠵᠢᠯ ᠤᠨ ᠡᠭᠦᠷᠭᠡ ᠶᠢᠨ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠥᠬᠦ | ᠲᠠᠯ᠎ᠠ ᠪᠠᠷ ᠭᠦᠨᠵᠡᠭᠡᠶ ᠥᠷᠨᠢᠭᠦᠯᠬᠦ ᠶᠢᠨ ᠬᠠᠮᠲᠤ ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ ᠲᠤᠬᠠᠶ ᠳᠤᠨᠢ | ᠮᠡᠳᠡᠭᠦᠯᠤᠨ᠎ᠡ᠃ | ︵ᠭᠤᠷᠪᠠ︶ ᠳ᠋ᠦᠩᠨᠡᠯᠲᠡ ᠬᠢᠵᠤ ᠭᠦᠨᠵᠡᠭᠡᠶᠢᠷᠡᠭᠦᠯᠬᠦ ᠱᠠᠲᠤ ᠦᠶ᠎ᠡ ︵2023 ᠣᠨ ᠤ 8 ᠳ᠋ᠤᠭᠠᠷ ᠰᠠᠷ᠎ᠠ | — 2023 ᠣᠨ ᠤ 12 ᠳ᠋ᠤᠭᠠᠷ ᠰᠠᠷ᠎ᠠ︶᠃ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ ᠳ᠋ᠦᠩᠨᠡᠬᠦ ᠪᠠ ᠦᠨᠡᠯᠡᠨ ᠵᠢᠱᠢᠵᠦ | ᠲᠤᠷᠰᠢᠯᠭ᠎ᠠ ᠪᠠᠨ ᠳ᠋ᠦᠩᠨᠡᠨ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠵᠦ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠵᠤ | ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠠᠬᠢᠵᠢᠭᠦᠯᠦᠨ᠎ᠡ᠃ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ ᠠᠵᠢᠯ ᠤᠨ ᠡᠭᠦᠷᠭᠡ ᠪᠠᠨ ᠬᠤᠪᠢᠶᠠᠷᠢᠯᠠᠵᠤ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠪᠠᠨ | ᠨᠠᠷᠢᠯᠢᠬᠵᠢᠭᠤᠯᠵᠤ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠤᠨ᠎ᠡ᠃ ᠬᠤᠰᠢᠭᠤ ᠡᠳ᠋ ᠤᠨ ᠵᠠᠰᠠᠭ᠂ ᠣᠷᠣᠨ | ᠲᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠪᠠᠯᠠ ᠮᠥᠩᠭᠦ᠂ ᠪᠠᠶᠢᠭᠤᠯᠤᠮᠵᠢ ᠪᠠ ᠠᠵᠢᠯᠲᠠᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠡᠯ᠎ᠡ ᠲᠦᠷᠦᠯ ᠤᠨ ᠬᠠᠷᠠᠯᠲᠠ ᠶᠢ ᠤᠷᠤᠭᠰᠢᠲᠠᠶ | ᠪᠡᠶᠡᠯᠡᠭᠦᠯᠬᠦ ᠶᠢ ᠪᠠᠲᠤᠯᠠᠨ ᠠᠷᠠᠳ ᠣᠯᠠᠨ ᠳᠤ ᠪᠣᠳᠠᠲᠤ ᠦᠷ᠎ᠡ ᠪᠦᠲᠦᠮᠵᠢ ᠦᠵᠡᠭᠦᠯᠵᠦ ᠪᠣᠳᠠᠲᠤ ᠠᠰᠢᠭ | ᠬᠦᠷᠲᠡᠭᠡᠨ᠎ᠡ᠃ | ︵ᠬᠤᠶᠠᠷ︶ ᠪᠠᠯᠠ ᠮᠦᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠡᠳ᠋ ᠤᠨ | ᠵᠠᠰᠠᠭ ᠤᠨ ᠱᠠᠳᠤ ᠬᠤᠪᠢᠶᠠᠨ ᠪᠡᠯᠡ ᠤᠷᠤᠭᠤᠯᠬᠤ ᠪᠠᠷ ᠭᠤᠣᠯ ᠪᠣᠯᠭᠠᠭᠰᠠᠨ᠂ ᠤᠯᠠᠨ ᠠᠷᠭ᠎ᠠ ᠵᠠᠮ ᠢᠶᠠᠷ ᠪᠡᠯᠡ | ᠴᠤᠭᠯᠠᠭᠤᠯᠬᠤ ᠪᠠᠷ ᠬᠠᠪᠰᠤᠷᠤᠮᠵᠢ ᠪᠣᠯᠭᠠᠭᠰᠠᠨ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ ᠬᠠᠮᠠᠭᠠᠯᠠᠬᠤ ᠪᠡᠯᠡ | ᠮᠥᠩᠭᠦ ᠶᠢ ᠴᠤᠭᠯᠠᠭᠤᠯᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠤᠨ᠎ᠠ᠃ ᠬᠤᠰᠢᠭᠤ ᠠᠷᠠᠳ ᠤᠨ ᠵᠠᠰᠠᠭ ᠤᠨ | ᠣᠷᠳᠣᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠠᠭᠠᠯᠠᠬᠤ ᠪᠡᠯᠡ ᠮᠥᠩᠭᠦ ᠶᠢ ᠣᠷᠣᠨ ᠨᠤᠲᠤᠭ ᠤᠨ | ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ ᠬᠤᠰᠢᠭᠤ ᠡᠳ᠋ ᠤᠨ ᠵᠠᠰᠠᠭ ᠤᠨ ᠵᠢᠯ ᠪᠦᠷᠢ ᠶᠢᠨ | ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠵᠢᠴᠢ ᠣᠯᠠᠨ ᠨᠡᠶᠢᠲᠡ ᠶᠢᠨ ᠲᠥᠬᠦᠭᠡᠷᠦᠮᠵᠢ ᠶᠢᠨ | ᠡᠳᠦᠷ ᠲᠤᠲᠤᠮ ᠤᠨ ᠬᠠᠮᠠᠭᠠᠯᠠᠯᠲᠠ ᠶᠢᠨ ᠵᠠᠷᠤᠳᠠᠯ ᠠᠴᠠ ᠵᠣᠬᠢᠬᠤ ᠪᠠᠯᠠ ᠮᠥᠩᠭᠦ ᠭᠠᠷᠭᠠᠨ ᠠᠪᠴᠤ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ ᠪᠠᠷᠠᠭᠠᠨ ᠤ ᠦᠨ᠎ᠡ ᠶᠢᠨ | ᠨᠡᠮᠡᠭᠳᠡᠯ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠮ ᠤᠨ ᠣᠷᠳᠣ ᠪᠠ ᠡᠳ᠋ ᠤᠨ ᠬᠦᠴᠦᠨ ᠤ ᠨᠡᠮᠡᠭᠳᠡᠯ | ᠵᠡᠷᠭᠡ ᠬᠦᠴᠦᠨ ᠵᠦᠢᠯ ᠢ ᠦᠨᠳᠦᠰᠦᠯᠡᠨ ᠬᠠᠮᠢᠶᠠᠷᠤᠯᠲᠠ ᠬᠠᠮᠠᠭᠠᠯᠠᠯᠲᠠ ᠶᠢᠨ ᠪᠠᠯᠠ ᠮᠦᠩᠭᠦᠨ ᠤ ᠣᠷᠣᠭᠤᠯᠤᠯᠲᠠ ᠶᠢ | ᠨᠡᠮᠡᠭᠳᠡᠭᠦᠯᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠬᠠᠮᠠᠭᠠᠯᠠᠬᠤ ᠬᠡᠷᠡᠭᠴᠡᠭᠡ | ᠱᠠᠭᠠᠷᠳᠠᠯᠭ᠎ᠠ ᠶᠢᠨ ᠪᠣᠳᠠᠲᠤ ᠪᠠᠶᠢᠳᠠᠯ ᠢ ᠦᠨᠳᠦᠰᠦᠯᠡᠨ ᠴᠢᠬᠤᠯᠠ ᠪᠥᠬᠦᠶ ᠡᠳ᠋ ᠤᠨ ᠵᠠᠰᠠᠭ ᠤᠨ ᠪᠠᠯᠠ ᠮᠥᠩᠭᠦ ᠶᠢ | ᠵᠦᠶ ᠵᠣᠬᠢᠰᠲᠠᠶ ᠳᠣᠭᠢᠷᠠᠭᠤᠯᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠡᠪ ᠤᠨ ᠦᠢᠯᠡᠴᠢᠯᠡᠭᠡ ᠶᠢ | ᠪᠠᠲᠤᠯᠠᠨ᠎ᠠ᠃ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ | ︽ᠨᠢᠭᠡ ᠬᠡᠷᠡᠭ ᠢ ᠨᠢᠭᠡ ᠵᠥᠪᠯᠡᠬᠦ︾ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢᠨ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠳᠠᠬᠢ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠡᠯ᠎ᠡ ᠲᠦᠷᠦᠯ ᠤᠨ | ᠶᠠᠳᠠᠭᠤ ᠶᠢ ᠲᠡᠳᠬᠦᠬᠦ ᠪᠠ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠴᠢᠷᠮᠠᠶᠢᠨ᠎ᠠ᠃ ᠠᠵᠤ ᠠᠬᠤᠶᠢᠯᠠᠯ ᠪᠣᠯᠤᠨ ᠬᠤᠪᠢ | ᠬᠥᠮᠦᠨ ᠤ ᠵᠣᠭᠤᠰ ᠬᠠᠨᠳᠢᠪᠯᠠᠬᠤ ᠶᠢ ᠵᠣᠷᠢᠭᠵᠢᠭᠤᠯᠬᠤ ᠵᠢᠴᠢ ᠵᠠᠮ ᠤᠨ ᠨᠡᠷ᠎ᠡ ᠬᠠᠳᠠᠬᠤ ᠡᠷᠬᠡ᠂ ᠵᠠᠮ ᠤᠨ | ᠬᠠᠵᠠᠭᠤ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠷᠬᠡ᠂ ᠨᠣᠭᠤᠭᠠᠷᠠᠭᠤᠯᠬᠤ ᠡᠷᠬᠡ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢ ᠠᠰᠢᠭᠯᠠᠨ ᠨᠡᠶᠢᠭᠡᠮ ᠤᠨ ᠪᠠᠯᠠ ᠮᠥᠩᠭᠦ ᠶᠢ ᠴᠤᠭᠯᠠᠭᠤᠯᠵᠤ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ | ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠠᠵᠢᠯ ᠢ ᠬᠤᠰᠢᠭᠤᠨ ᠤ ᠰᠤᠮᠤ ᠪᠠᠯᠭᠠᠰᠤ ᠶᠢᠨ ᠣᠨ ᠤ ᠪᠣᠳᠠᠲᠤ ᠬᠢᠷᠢ ᠪᠦᠲᠦᠮᠵᠢ ᠶᠢ ᠰᠢᠯᠭᠠᠨ ᠬᠢᠨᠠᠬᠤ | ᠠᠵᠢᠯ ᠳᠤ ᠣᠷᠣᠭᠤᠯᠵᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠢ ᠬᠢᠨᠠᠨ ᠵᠢᠯᠣᠭᠤᠳᠬᠤ ᠪᠠᠨ ᠴᠢᠩᠭᠠᠳᠬᠠᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠬᠥᠭᠵᠢᠯᠲᠡ ᠳᠠᠬᠢ ᠦᠨᠳᠦᠰᠦᠨ ᠱᠠᠲᠤᠨ ᠤ ᠵᠠᠰᠠᠭ ᠤᠨ ᠣᠷᠳᠣᠨ ᠪᠣᠯᠤᠨ ᠵᠣᠬᠢᠶᠠᠨ ᠪᠠᠶᠢᠭᠤᠯᠤᠯᠲᠠ ᠶᠢᠨ | ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠡᠯ᠎ᠡ ᠪᠦᠷᠢᠯᠳᠦᠬᠦᠨ ᠨᠢᠭᠡᠴᠢ ᠬᠢᠨᠠᠯᠲᠠ ᠲᠠᠯᠪᠢᠵᠤ ᠰᠢᠯᠭᠠᠨ | ᠬᠢᠨᠠᠬᠤ ᠪᠠᠨ ᠴᠢᠩᠭᠠᠳᠬᠠᠵᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠶᠠᠰᠤ | ᠴᠢᠨᠠᠷ᠂ ᠠᠵᠢᠯ ᠤᠨ ᠠᠬᠢᠴᠠ᠂ ᠪᠠᠯᠠ ᠮᠥᠩᠭᠦ ᠶᠢᠨ ᠪᠣᠳᠠᠲᠠᠶᠢᠵᠢᠭᠤᠯᠤᠯᠲᠠ ᠵᠡᠷᠭᠡ ᠪᠠᠶᠢᠳᠠᠯ ᠢ | ᠭᠤᠤᠯᠳᠠᠯᠭ᠎ᠠ ᠲᠠᠢ ᠪᠠᠷ ᠪᠠᠶᠢᠴᠠᠭᠠᠨ ᠵᠢᠯᠣᠭᠤᠳᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠵᠠᠰᠠᠮᠠᠯ ᠵᠠᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠨᠢᠭᠡᠴᠢ ᠳᠤ ᠮᠡᠳᠡᠭᠳᠡᠵᠦ ᠣᠷᠣᠰᠢᠵᠤ ᠪᠠᠶᠢᠭ᠎ᠠ ᠠᠰᠠᠭᠤᠳᠠᠯ ᠢ ᠰᠢᠮᠳᠠᠭᠤᠯᠤᠨ ᠵᠠᠯᠠᠷᠠᠭᠤᠯᠬᠤ ᠪᠠ | ᠰᠢᠢᠳᠪᠦᠷᠢᠯᠡᠨ᠎ᠡ᠃ ᠡᠭᠦᠨ ᠤ ᠬᠠᠮᠲᠤ᠂ ᠰᠢᠯᠭᠠᠨ ᠬᠢᠨᠠᠯᠲᠠ ᠶᠢᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ ᠴᠠᠭ ᠲᠤᠨᠢ ᠳᠣᠭᠢᠷᠠᠭᠤᠯᠤᠨ ᠪᠥᠬᠦ ᠬᠤᠰᠢᠭᠤᠨ ᠤ ᠬᠡᠪᠴᠢᠶᠡᠨ ᠳᠤ ᠬᠠᠮᠲᠤᠷᠠᠨ ᠪᠠᠶᠢᠴᠠᠭᠠᠵᠤ | ᠬᠠᠮᠲᠤᠷᠠᠨ ᠦᠨᠡᠯᠡᠬᠦ᠂ ᠰᠢᠯᠢᠳᠡᠭ ᠢ ᠱᠠᠩᠨᠠᠵᠤ ᠮᠠᠭᠤ ᠶᠢ ᠲᠣᠷᠭᠠᠵᠤ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠤ | ᠬᠤᠶᠢᠰᠢᠳᠠ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢ | ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ᠂ ᠣᠳᠣᠨ ᠲᠠᠰ ᠤᠨ ᠪᠣᠯᠪᠠᠰᠤᠨ ᠡᠷᠦᠬᠡ ᠶᠢ ᠰᠢᠯᠭᠠᠷᠠᠭᠤᠯᠬᠤ᠂ | ᠮᠥᠩᠭᠦᠨ ᠬᠦᠢᠯᠭᠡᠭᠡᠨ ᠤ ᠢᠲᠡᠭᠡᠮᠵᠢᠲᠦ ᠵᠢᠭᠡᠯᠡᠯᠭᠡ᠂ ᠴᠡᠷᠢᠭ ᠲᠤ ᠣᠷᠣᠬᠤ ᠲᠠᠨᠢᠯᠴᠠᠭᠤᠯᠭ᠎ᠠ ᠵᠢᠴᠢ ᠶᠣᠰᠣ | ᠰᠤᠷᠲᠠᠬᠤᠨ ᠤ ᠦᠨᠡᠨᠴᠢ ᠢᠲᠡᠭᠡᠮᠵᠢ ᠶᠢ ᠦᠨᠡᠯᠡᠨ ᠲᠣᠭᠲᠠᠭᠠᠬᠤ ᠵᠡᠷᠭᠡ ᠲᠠᠢ ᠬᠤᠯᠪᠣᠭᠳᠠᠭᠤᠯᠤᠨ᠎ᠠ᠃ | ︵ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠧᠯᠸᠢᠰ᠂ ᠷᠠᠳᠢᠤ᠋ ᠨᠡᠪᠲᠡᠷᠡᠭᠦᠯᠭᠡ᠂ | ᠢᠨᠲ᠋ᠧᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠪᠠᠷ ᠳᠠᠮᠵᠢᠭᠤᠯᠤᠨ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ ᠬᠥᠮᠦᠨ ᠪᠦᠬᠦᠨ ᠣᠷᠣᠯᠴᠠᠭᠰᠠᠨ ᠵᠠᠮ ᠢᠶᠠᠨ ᠬᠠᠮᠠᠭᠠᠯᠠᠵᠤ ᠵᠠᠮ ᠢᠶᠠᠨ ᠬᠠᠶᠢᠷᠠᠯᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠮᠡᠳᠡᠭᠡᠯᠡᠵᠦ | ᠲᠤᠷᠰᠢᠯᠭ᠎ᠠ ᠪᠠᠨ ᠲᠠᠨᠢᠯᠴᠠᠭᠤᠯᠤᠨ ᠳᠡᠯᠭᠡᠷᠡᠭᠦᠯᠵᠦ ︽ᠵᠠᠮ ᠤᠨ ᠳᠠᠷᠤᠭ᠎ᠠ ᠶᠢᠨ ᠲᠦᠷᠢᠮ︾ ᠤᠨ ᠬᠠᠮᠢᠶᠠᠷᠤᠯᠲᠠ ᠶᠢᠨ | ᠠᠵᠢᠯ ᠤᠨ ᠨᠡᠶᠢᠭᠡᠮ ᠤᠨ ᠣᠷᠣᠯᠴᠠᠯᠭ᠎ᠠ ᠶᠢ ᠳᠡᠭᠡᠭᠰᠢᠯᠡᠭᠦᠯᠤᠨ᠎ᠡ᠃ ᠡᠭᠦᠨ ᠤ ᠬᠠᠮᠲᠤ᠂ ᠵᠠᠮ ᠢ ᠡᠪᠳᠡᠬᠦ ᠠᠵᠢᠯᠯᠠᠭ᠎ᠠ ᠶᠢ | ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠢᠯᠡᠴᠢᠯᠡᠬᠦ ᠡᠷᠴᠢᠮ ᠢ ᠴᠢᠩᠭᠠᠷᠠᠭᠤᠯᠵᠤ ᠶᠠᠷᠢᠶ᠎ᠠ ᠬᠡᠯᠡᠯᠴᠡᠭᠡᠨ ᠤ | ᠬᠢᠨᠠᠯᠲᠠ ᠪᠠᠷ ᠳᠠᠮᠵᠢᠭᠤᠯᠤᠨ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠥᠷᠭᠡᠨ ᠣᠯᠠᠨ ᠠᠷᠠᠳ ᠲᠦᠮᠡᠨ ᠤ | ᠰᠠᠨᠠᠭᠠᠴᠢᠯᠠᠭ᠎ᠠ ᠠᠴᠠ ᠪᠠᠨ ᠠᠵᠢᠯᠯᠠᠬᠤ ᠰᠤᠷᠲᠠᠯ ᠪᠠ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠠᠵᠢᠯᠯᠠᠭ᠎ᠠ ᠶᠢ | ᠰᠢᠮᠳᠠᠭᠤᠯᠤᠨ ᠱᠠᠭᠠᠷᠳᠠᠵᠤ ᠪᠥᠬᠦ ᠬᠤᠰᠢᠭᠤᠨ ᠤ ︽ᠵᠠᠮ ᠤᠨ ᠳᠠᠷᠤᠭ᠎ᠠ ᠶᠢᠨ ᠲᠦᠷᠢᠮ︾ ᠤᠨ ᠬᠠᠮᠢᠶᠠᠷᠤᠯᠲᠠ ᠶᠢᠨ | ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | | | | | | | | | | | | | | | | | | | | | | | | | | | | | | | |