ᠦᠤᠰᠢᠨ ᠵᠠᠰᠠᠭ ᠠᠯᠪᠠᠨ ᠲᠠᠷᠬᠠᠭᠠᠬᠤ ﹇2021﹈ 24 ᠳ᠋ᠤᠭᠡᠷ ᠲᠤᠭᠠᠲᠤ | | ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠪᠥᠬᠦ | ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠢᠮᠵᠢᠬᠦᠯᠦᠨ ᠡᠵᠡᠩᠨᠡᠬᠦᠯᠬᠦ ᠵᠠᠭᠤᠨ | ᠡᠳᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠭᠡᠷ | 2021 ᠣᠨ ᠤ 5 ᠰᠠᠷ᠎ᠠ ᠶᠢᠨ 17 ᠤ ᠡᠳᠦᠷ | | ᠪᠥᠬᠦ ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠢᠮᠵᠢᠬᠦᠯᠦᠨ ᠡᠵᠡᠩᠨᠡᠬᠦᠯᠬᠦ | ᠵᠠᠭᠤᠨ ᠡᠳᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ | | | ᠮᠠᠨ ᠤ ᠬᠤᠰᠢᠭᠤᠨ ᠤ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠨᠠᠭᠰᠢᠳᠠ | ᠳᠦᠷᠢᠮᠵᠢᠭᠦᠯᠤᠨ ᠬᠠᠤᠯᠢ ᠪᠤᠰᠤ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ ᠬᠠᠤᠯᠢ ᠶᠣᠰᠣᠨ ᠤ | ᠡᠵᠡᠩᠨᠡᠯᠲᠡ ᠶᠢᠨ ᠥᠮᠴᠢᠲᠡᠨ ᠤ ᠡᠵᠡᠩᠨᠡᠯᠲᠡ ᠶᠢᠨ ᠡᠷᠬᠡ ᠠᠰᠢᠭ ᠢ ᠬᠠᠮᠠᠭᠠᠯᠠᠨ ᠥᠷᠭᠡᠨ ᠣᠯᠠᠨ ᠠᠷᠠᠳ ᠲᠦᠮᠡᠨ ᠤ | ᠠᠶᠠᠯᠠᠵᠦ ᠵᠠᠮᠨᠠᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠱᠠᠭᠠᠷᠳᠠᠯᠭ᠎ᠠ ᠶᠢ | ᠦᠨᠳᠦᠰᠦᠯᠡᠨ ᠰᠤᠳᠤᠯᠬᠤ ᠪᠠᠷ ᠳᠡᠮᠵᠢᠨ ᠪᠥᠬᠦ ᠬᠤᠰᠢᠭᠤᠨ ᠤ ᠬᠡᠪᠴᠢᠶᠡᠨ ᠳᠤ ᠠᠶᠠᠨᠴᠢᠳ ᠤᠨ ᠲᠡᠭᠡᠭᠡᠪᠦᠷᠢ ᠶᠢ | ᠲᠦᠷᠢᠮᠵᠢᠬᠦᠯᠦᠨ ᠡᠵᠡᠩᠨᠡᠬᠦᠯᠬᠦ ᠵᠠᠭᠤᠨ ᠡᠳᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ | ᠲᠣᠭᠲᠠᠪᠠ᠂ ᠡᠳᠦᠭᠡ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠣᠨ᠎ᠠ᠃ ︽ᠶᠡᠷᠦᠩᠬᠡᠶᠢᠯᠡᠨ ᠵᠠᠰᠠᠬᠤ᠂ ᠥᠩᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠬᠠᠤᠯᠢ ᠶᠣᠰᠣᠭᠠᠷ ᠬᠢᠨᠠᠨ ᠬᠠᠮᠢᠶᠠᠷᠬᠤ︾ ᠠᠵᠢᠯ ᠤᠨ ᠵᠠᠷᠴᠢᠮ | ᠶᠣᠰᠣᠭᠠᠷ ᠲᠡᠷᠭᠡ ᠮᠠᠰᠢᠨ ᠢ ᠬᠠᠤᠯᠢ ᠪᠤᠰᠤ ᠪᠠᠷ ᠡᠵᠡᠩᠨᠡᠬᠦ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ | ᠦᠷᠭᠦᠯᠵᠢᠯᠡᠨ ᠴᠢᠩᠭᠠᠳᠬᠠᠵᠦ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠮᠬᠢ ᠳᠢᠭᠯᠢᠮ ᠢ ᠲᠠᠰᠤᠷᠠᠯᠲᠠ | ᠥᠬᠡᠶ ᠰᠠᠶᠢᠵᠢᠷᠠᠭᠤᠯᠤᠨ ᠬᠠᠤᠯᠢ ᠰᠠᠬᠢᠳᠠᠭ ᠡᠵᠡᠩᠨᠡᠭᠴᠢᠳ ᠲᠤ ᠰᠠᠶᠢᠨ ᠰᠠᠶᠢᠬᠠᠨ ᠡᠵᠡᠩᠨᠡᠯᠲᠡ ᠶᠢᠨ ᠣᠷᠴᠢᠨ ᠢ | ᠴᠢᠷᠮᠠᠶᠢᠨ ᠪᠦᠷᠢᠯᠳᠤᠭᠦᠯᠵᠦ᠂ ᠪᠥᠬᠦ ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠲᠣᠰ ᠤᠳᠠᠭᠠᠨ ᠤ ᠠᠵᠢᠯᠯᠠᠭ᠎ᠠ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠪᠥᠬᠦ | ᠬᠤᠰᠢᠭᠤᠨ ᠤ ᠬᠠᠤᠯᠢ ᠪᠤᠰᠤ ᠪᠠᠷ ᠲᠡᠷᠭᠡ ᠮᠠᠰᠢᠨ ᠡᠵᠡᠩᠨᠡᠵᠦ ᠪᠠᠶᠢᠭ᠎ᠠ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠷᠢᠯᠳᠦᠬᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠵᠧᠦ ᠱᠤᠸᠠᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠷᠧᠨ ᠵᠢᠶᠧ ᠬᠤᠰᠢᠭᠤ ᠠᠷᠠᠳ ᠤᠨ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠱᠠ ᠵᠢᠶᠠᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠡᠷᠬᠢᠯᠡᠭᠴᠢ | ᠬᠥ᠋ ᠽᠢ ᠵᠧᠩ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ | ᠡᠦ ᠭᠦᠸᠧ ᠴᠦᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | | ᠬᠤᠷᠢᠶᠠᠯᠲᠤ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠶᠠᠩ ᡁᠢ ᠶᠤᠸᠠᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠫᠧᠩ ᠯᠢᠨ ᠯᠢᠶᠠᠩ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠰᠡᠴᠡᠨᠪᠠᠭᠠᠲᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠦᠦᠰᠢᠨ ᠬᠤᠰᠢᠭᠤᠨ ᠤ ᠶᠡᠭᠡ ᠠᠩᠭᠢ ᠶᠢᠨ | ᠬᠠᠷᠢᠭᠤᠴᠠᠯᠭᠠᠲᠠᠨ | ᠶᠠᠨ ᠭᠤᠸᠠᠨ ᠽᠧᠩ ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ | ᠬᠠᠷᠢᠭᠤᠴᠠᠯᠭᠠᠲᠠᠨ | ᠵᠠᠩ ᠷᠦᠢ ᠹᠧᠩ ᠬᠤᠰᠢᠭᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠤᠨ | ᠡᠷᠬᠢᠯᠡᠭᠴᠢ | ᠨᠤᠷᠪᠤ ᠬᠤᠰᠢᠭᠤ ᠨᠠᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠲᠠᠰᠤᠭ ᠤᠨ | ᠬᠠᠷᠢᠭᠤᠴᠠᠯᠭᠠᠲᠠᠨ | ᠭᠤᠷᠪᠠ᠂ ᠬᠠᠷᠢᠭᠤᠴᠠᠯᠭ᠎ᠠ ᠶᠢᠨ ᠬᠤᠪᠢᠶᠠᠷᠢᠯᠠᠯ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠵᠢᠯᠴᠠᠵᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ | ᠲᠤᠰᠬᠠᠶ ᠠᠩᠭᠢ ᠪᠠᠶᠢᠭᠤᠯᠵᠤ ᠴᠠᠭ ᠲᠣᠭᠲᠠᠭᠠᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠶᠢ ᠬᠠᠷᠢᠯᠴᠠᠨ | ᠤᠶᠠᠯᠳᠤᠭᠤᠯᠬᠤ᠂ ᠠᠵᠢᠯᠯᠠᠵᠦ ᠪᠠᠶᠢᠭ᠎ᠠ ᠴᠠᠭ ᠲᠤ ᠢᠯᠡ ᠪᠠᠷ ᠪᠠᠶᠢᠴᠠᠭᠠᠬᠤ ᠪᠠ ᠠᠵᠢᠯ ᠤᠨ ᠪᠤᠰᠤ ᠴᠠᠭ ᠲᠤ | ᠳᠠᠯᠳᠠᠭᠤᠷ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ᠂ ᠰᠠᠯᠠᠭ᠎ᠠ ᠮᠥᠴᠢᠷ ᠠᠴᠠ ᠪᠠᠶᠢᠴᠠᠭᠠᠬᠤ ᠪᠠ ᠬᠠᠮᠲᠤᠷᠠᠨ | ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠶᠢ ᠠᠪᠴᠤ ᠬᠠᠮᠲᠤᠷᠠᠨ ᠬᠠᠤᠯᠢ ᠬᠡᠷᠡᠭᠵᠢᠭᠦᠯᠤᠨ | ᠴᠡᠭᠴᠡᠯᠡᠨ ᠵᠠᠰᠠᠵᠦ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ︵ᠨᠢᠭᠡ︶ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠲᠤᠰᠬᠠᠶ ᠠᠵᠢᠯᠯᠠᠭ᠎ᠠ ᠶᠢ | ᠲᠦᠷᠦᠭᠦᠯᠡᠨ ᠬᠢᠬᠦ᠂ ᠵᠣᠬᠢᠶᠠᠨ ᠪᠠᠶᠢᠭᠤᠯᠬᠤ᠂ ᠳᠣᠭᠢᠷᠠᠭᠤᠯᠬᠤ᠂ ᠪᠠᠶᠢᠷᠢᠯᠠᠭᠤᠯᠬᠤ᠂ ᠵᠣᠬᠢᠴᠠᠭᠤᠯᠬᠤ ᠪᠠ ᠪᠠᠲᠤᠯᠠᠬᠤ | ᠠᠵᠢᠯ ᠢ ᠬᠠᠷᠢᠭᠤᠴᠠᠨ᠎ᠠ᠃ | ︵ᠬᠤᠶᠠᠷ︶ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠷᠠᠳᠢᠣ᠋ ᠲᠧᠯᠸᠢᠰ᠂ ᠰᠦᠯᠵᠢᠶ᠎ᠡ᠂ | ᠰᠣᠨᠢᠨ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠤᠬᠠᠭᠤᠯᠬᠤ ᠡᠷᠴᠢᠮ ᠢᠶᠠᠨ | ᠴᠢᠩᠭᠠᠷᠠᠭᠤᠯᠬᠤ ᠶᠢ ᠬᠠᠷᠢᠭᠤᠴᠠᠵᠤ ᠲᠤᠰᠬᠠᠶ ᠴᠡᠭᠴᠡᠯᠡᠨ ᠵᠠᠰᠠᠬᠤ ᠠᠵᠢᠯᠯᠠᠭᠠᠨ ᠤ ᠠᠵᠢᠯ ᠤᠨ ᠪᠠᠶᠢᠳᠠᠯ ᠪᠠ | ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠴᠠᠭ ᠲᠤᠬᠠᠶ ᠳᠤᠨᠢ ᠮᠡᠳᠡᠭᠡᠯᠡᠨ ᠬᠠᠤᠯᠢ ᠪᠤᠰᠤ ᠡᠵᠡᠩᠨᠡᠯᠳᠡ ᠶᠢᠨ ᠦᠢᠯᠡ | ᠠᠵᠢᠯᠯᠠᠭ᠎ᠠ ᠶᠢ ᠢᠯᠡᠴᠢᠯᠡᠵᠦ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠡᠷᠭᠡ ᠮᠠᠰᠢᠨ ᠢ | ᠬᠠᠤᠯᠢ ᠪᠤᠰᠤ ᠪᠠᠷ ᠡᠵᠡᠩᠨᠡᠵᠦ ᠪᠠᠶᠢᠭ᠎ᠠ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠭᠤᠯᠤᠨᠠ︔ ᠲᠡᠷᠭᠡ | ᠨᠡᠶᠢᠯᠡᠭᠦᠯᠬᠦ᠂ ︽ᠬᠠᠷ᠎ᠠ ᠲᠡᠷᠭᠡ︾ ᠶᠢᠨ ᠮᠡᠳᠡᠭᠡ ᠵᠠᠩᠭᠢ ᠶᠢ ᠲᠦᠷᠢᠮ ᠵᠦᠷᠢᠴᠡᠨ ᠨᠡᠶᠢᠲᠡᠯᠡᠭᠰᠡᠨ ᠸᠢᠴᠠᠲ ᠤᠨ | ᠬᠤᠯᠪᠤᠭ᠎ᠠ ᠶᠢ ᠬᠠᠤᠯᠢ ᠲᠣᠭᠲᠠᠭᠠᠯ ᠶᠣᠰᠣᠭᠠᠷ ᠲᠠᠷᠬᠠᠭᠠᠨ᠎ᠠ᠃ | ︵ᠭᠤᠷᠪᠠ︶ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤ | ᠨᠠᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠲᠠᠰᠤᠭ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ | ᠲᠠᠰᠤᠭ᠄ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ᠂ ᠬᠤᠪᠢ ᠬᠥᠮᠦᠨ ᠤ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ | ᠬᠠᠷᠢᠭᠤᠴᠠᠵᠤ ᠬᠠᠮᠢᠶᠠᠷᠤᠯᠲᠠ ᠪᠠᠷ ᠠᠨᠠᠢ᠂ ᠬᠠᠷᠢᠯᠴᠠᠨ ᠲᠦᠯᠬᠢᠯᠴᠡᠬᠦ᠂ ᠬᠤᠪᠢ ᠶᠢᠨ ᠨᠠᠶᠢᠷ ᠲᠠᠯ᠎ᠠ ᠶᠢ ᠬᠠᠷᠠᠬᠤ᠂ | ᠠᠵᠢᠯ ᠢ ᠰᠠᠶᠢᠲᠤᠷ ᠬᠢᠬᠦ ᠥᠬᠡᠶ᠂ ᠤᠳᠠᠭᠠᠰᠢᠷᠠᠭᠤᠯᠤᠨ ᠬᠢᠬᠦ᠂ ᠳᠤᠷ᠎ᠠ ᠪᠠᠷ ᠢᠶᠠᠨ ᠬᠢᠬᠦ ᠵᠡᠷᠭᠡ ᠦᠢᠯᠡ ᠠᠵᠢᠯᠯᠠᠭ᠎ᠠ | ᠶᠢ ᠴᠠᠭ ᠲᠤᠬᠠᠶ ᠳᠤᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ | ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠶᠢ ᠰᠢᠮᠳᠠᠭᠤᠯᠤᠨ᠎ᠠ᠃ | ︵ᠳᠥᠷᠪᠡ︶ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠴᠠᠭᠳᠠᠭᠠᠨ ᠤ ᠬᠦᠴᠦᠨ ᠢ ᠵᠣᠬᠢᠶᠠᠨ | ᠪᠠᠶᠢᠭᠤᠯᠵᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠢ ᠬᠠᠮᠵᠢᠨ ᠭᠤᠤᠯᠳᠠᠯᠭ᠎ᠠ ᠲᠠᠢ ᠣᠷᠣᠨ ᠳᠤ ︽ᠠᠶᠠᠨᠴᠢᠳ ᠢ ᠳᠠᠭᠤᠳᠠᠬᠤ᠂ ᠠᠶᠠᠨᠴᠢᠳ ᠢ | ᠲᠠᠲᠠᠬᠤ︾ ᠠᠵᠢᠯᠯᠠᠭ᠎ᠠ ᠵᠢᠴᠢ ᠸᠢᠴᠠᠲ ᠵᠡᠷᠭᠡ ᠰᠦᠯᠵᠢᠶᠡᠨ ᠤ ᠲᠠᠪᠴᠠᠩ ᠢ ᠠᠰᠢᠭᠯᠠᠨ ᠬᠠᠤᠯᠢ ᠪᠤᠰᠤ ᠪᠠᠷ | ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠬᠢᠵᠦ ᠪᠠᠶᠢᠭ᠎ᠠ ᠬᠦᠮᠦᠰ ᠲᠤ ᠴᠣᠬᠢᠯᠲᠠ ᠥᠭᠭᠦᠨ᠎ᠡ︔ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ | ᠬᠠᠮᠵᠢᠯᠴᠠᠨ ᠣᠯᠠᠨ ᠲᠦᠮᠡᠨ ᠤ ᠲᠤᠰᠬᠠᠯ ᠶᠡᠬᠡᠲᠡᠶ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠣᠷᠳᠣ ᠬᠤᠭᠤᠴᠠᠭ᠎ᠠ ᠪᠠᠷ ᠰᠠᠮᠠᠭᠤᠷᠠᠭᠤᠯᠤᠭᠰᠠᠨ ︽ᠬᠠᠷ᠎ᠠ ᠲᠡᠷᠭᠡ︾᠂ ᠲᠣᠭᠲᠠᠭᠠᠯ ᠠᠴᠠ ᠵᠥᠷᠢᠴᠡᠭᠰᠡᠨ | ︽ᠰᠦᠯᠵᠢᠶ᠎ᠡ ᠪᠠᠷ ᠪᠣᠯᠵᠣᠬᠤ ᠲᠡᠷᠭᠡ︾᠂ ᠲᠣᠭᠲᠠᠭᠠᠯ ᠠᠴᠠ ᠵᠥᠷᠢᠴᠡᠭᠰᠡᠨ ᠲᠣᠭᠤᠷᠢᠨ ᠵᠢᠭᠤᠯᠴᠢᠯᠠᠬᠤ | ᠲᠦᠷᠢᠶᠡᠰᠦᠨ ᠮᠠᠰᠢᠨ ᠲᠡᠷᠭᠡ᠂ ᠠᠶᠠᠨᠴᠢᠳ ᠤᠨ ᠮᠠᠰᠢᠨ ᠲᠡᠷᠭᠡ ᠶᠢ ᠲᠣᠭᠲᠠᠭᠠᠯ ᠤᠨ ᠳᠡᠭᠡᠳᠦ ᠬᠢᠵᠠᠭᠠᠷ ᠤᠨ | ᠶᠣᠰᠣᠭᠠᠷ ᠰᠢᠳᠬᠡᠨ ᠲᠣᠷᠭᠠᠨ᠎ᠠ᠃ | ︵ᠲᠠᠪᠤ︶ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠠᠤᠯᠢ ᠶᠤᠰᠤᠭᠠᠷ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠡᠯ᠎ᠡ ᠵᠦᠢᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠢᠷᠢ ᠬᠡᠮ ᠢ ᠨᠤᠳᠠᠯᠠᠨ᠂ ᠦᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠵᠦ ᠬᠠᠤᠯᠢ | ᠪᠤᠰᠤ ᠪᠠᠷ ᠡᠵᠡᠩᠨᠡᠬᠦ ᠪᠠ ᠬᠠᠤᠯᠢ ᠪᠤᠰᠤ ᠪᠠᠷ ᠵᠠᠮ ᠤᠨ ᠤᠷᠳᠤ ᠪᠠᠷ ᠦᠨ᠎ᠡ ᠪᠤᠳᠤᠬᠤ ᠲᠦᠭᠦᠭᠡᠷᠤᠮᠵᠢ ᠶᠢ | ᠪᠤᠷᠤᠯᠠᠭᠤᠯᠬᠤ ᠵᠡᠷᠭᠡ ᠡᠵᠡᠩᠨᠡᠯᠲᠡ ᠶᠢᠨ ᠲᠥᠬᠦᠭᠡᠷᠦᠮᠵᠢ ᠶᠢ ᠪᠠᠶᠢᠴᠠᠭᠠᠨ ᠰᠢᠢᠳᠪᠤᠷᠢᠯᠡᠨ᠎ᠡ᠃ | ︵ᠵᠢᠷᠭᠤᠭ᠎ᠠ︶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠦᠦᠰᠢᠨ ᠬᠤᠰᠢᠭᠤᠨ ᠳᠠᠬᠢ ᠶᠡᠭᠡ ᠠᠩᠭᠢ᠄ ᠳᠣᠲᠣᠭᠠᠳᠤ ᠶᠢ | ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠣᠭᠤᠷᠢᠨ | ᠪᠠᠶᠢᠴᠠᠭᠠᠬᠤ᠂ ᠴᠠᠭ ᠲᠣᠭᠲᠠᠭᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠠᠶᠠᠨᠴᠢᠳ ᠤᠨ ᠲᠡᠭᠡᠭᠡᠪᠦᠷᠢ ᠶᠢᠨ ᠲᠡᠷᠭᠡ | ᠮᠠᠰᠢᠨ ᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠨ᠎ᠡ︔ ︽ᠬᠠᠷ᠎ᠠ | ᠲᠡᠷᠭᠡ︾᠂ ᠲᠣᠭᠲᠠᠭᠠᠯ ᠠᠴᠠ ᠵᠥᠷᠢᠴᠡᠭᠰᠡᠨ ︽ᠰᠦᠯᠵᠢᠶ᠎ᠡ ᠪᠠᠷ ᠪᠣᠯᠵᠣᠬᠤ ᠲᠡᠷᠭᠡ︾᠂ ᠲᠣᠭᠲᠠᠭᠠᠯ ᠠᠴᠠ | ᠵᠥᠷᠢᠴᠡᠭᠰᠡᠨ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠭᠡ᠂ ᠠᠶᠠᠨᠴᠢᠳ ᠤᠨ ᠮᠠᠰᠢᠨ ᠲᠡᠷᠭᠡ ᠶᠢᠨ | ᠲᠤᠬᠠᠶ ᠣᠯᠠᠨ ᠲᠦᠮᠡᠨ ᠤ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠤᠷᠢᠯᠡᠨ᠎ᠡ᠃ | ᠬᠦᠷᠰᠢ ᠵᠡᠷᠭᠡᠯᠡᠳᠡᠭᠡ ᠬᠤᠰᠢᠭᠤ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠶᠢ ᠥᠷᠨᠢᠭᠦᠯᠦᠨ᠎ᠡ᠃ | ︵ᠳᠣᠯᠤᠭ᠎ᠠ︶ ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠄ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠬᠠᠮᠵᠢᠨ | ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠵᠠᠮ ᠤᠨ ᠬᠡᠰᠡᠭ ᠲᠤ ᠬᠠᠷᠠᠭᠤᠯ ᠤᠨ ᠭᠠᠵᠠᠷ ᠲᠤᠬᠢᠷᠠᠭᠤᠯᠬᠤ᠂ | ᠪᠠᠶᠢᠴᠠᠭᠠᠨ ᠪᠦᠷᠢᠳᠬᠡᠬᠦ ᠵᠡᠷᠭᠡ ᠠᠷᠭ᠎ᠠ ᠬᠡᠯᠪᠡᠷᠢ ᠶᠢ ᠠᠪᠴᠤ ᠬᠠᠤᠯᠢ ᠶᠣᠰᠣᠭᠠᠷ ᠭᠡᠷᠡᠴᠢ ᠠᠪᠬᠤ ᠪᠠ ︽ᠬᠠᠷ᠎ᠠ | ᠲᠡᠷᠭᠡ︾ ᠶᠢᠨ ᠡᠵᠡᠩᠨᠡᠯᠲᠡ ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠨ᠎ᠡ᠃ | ᠳᠥᠷᠪᠡ᠂ ᠴᠡᠭᠴᠡᠯᠡᠨ ᠵᠠᠰᠠᠬᠤ ᠡᠲᠡᠭᠡᠳ | ︵ᠨᠢᠭᠡ︶ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠬᠤᠲᠠ ᠪᠠᠯᠭᠠᠰᠤᠨ ᠤ ᠣᠷᠣᠴᠠ ᠭᠠᠷᠴᠠ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠲᠤ ᠠᠶᠠᠨᠴᠢᠳ ᠢ | ᠳᠠᠭᠤᠳᠠᠵᠤ ᠬᠠᠤᠯᠢ ᠪᠤᠰᠤ ᠪᠠᠷ ᠲᠡᠭᠡᠭᠡᠪᠤᠷᠢᠯᠡᠬᠦ᠂ ᠠᠶᠠᠨᠴᠢᠳ ᠤᠨ ᠲᠡᠭᠡᠭᠡᠪᠦᠷᠢ ᠪᠠ ᠲᠦᠷᠢᠶᠡᠰᠦᠨ ᠮᠠᠰᠢᠨ ᠤ ᠠᠵᠢᠯ | ᠢ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠡᠷᠬᠢᠯᠡᠬᠦ ᠵᠡᠷᠭᠡ ᠶᠢ ᠴᠡᠭᠴᠡᠯᠡᠨ ᠵᠠᠰᠠᠨ᠎ᠠ᠃ | ︵ᠬᠤᠶᠠᠷ︶ ᠸᠢᠴᠠᠲ᠂ QQ ᠵᠡᠷᠭᠡ ᠶᠢ ᠠᠰᠢᠭᠯᠠᠨ ᠠᠶᠠᠨᠴᠢᠳ ᠲᠠᠢ ᠬᠠᠷᠢᠯᠴᠠᠵᠦ ᠲᠡᠭᠡᠭᠡᠪᠤᠷᠢᠯᠡᠨ | ᠲᠣᠭᠲᠠᠭᠠᠯ ᠵᠥᠷᠢᠴᠡᠵᠦ ᠡᠵᠡᠩᠨᠡᠯᠳᠡ ᠬᠢᠬᠦ︔ ᠬᠤᠪᠢ ᠶᠢᠨ ᠮᠠᠰᠢᠨ ᠲᠣᠭᠲᠠᠭᠠᠯ ᠢ ᠵᠥᠷᠢᠴᠡᠨ ᠰᠦᠯᠵᠢᠶ᠎ᠡ ᠪᠠᠷ | ᠪᠤᠯᠵᠦᠨ ᠠᠶᠠᠨᠴᠢᠳ ᠢ ᠲᠡᠭᠡᠭᠡᠪᠤᠷᠢᠯᠡᠵᠦ ᠡᠵᠡᠩᠨᠡᠯᠳᠡ ᠬᠢᠵᠦ ᠪᠠᠶᠢᠬᠤ ᠵᠡᠷᠭᠡ ᠶᠢ ᠴᠡᠭᠴᠡᠯᠡᠨ ᠵᠠᠰᠠᠨ᠎ᠠ᠃ | ︵ᠭᠤᠷᠪᠠ︶ ᠵᠠᠮ ᠬᠠᠷᠢᠯᠴᠠᠭ᠎ᠠ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡᠨ ᠤ ᠠᠶᠠᠨᠴᠢᠳ ᠤᠨ | ᠲᠡᠭᠡᠭᠡᠪᠦᠷᠢ ᠶᠢᠨ ᠡᠵᠡᠩᠨᠡᠯᠲᠡ ᠶᠢᠨ ᠦᠢᠯᠡᠰ ᠢ ᠭᠠᠭᠴᠠᠭᠠᠷ ᠡᠵᠡᠮᠰᠢᠵᠦ᠂ ᠡᠵᠡᠩᠨᠡᠯᠲᠡ ᠶᠢᠨ ᠡᠮᠬᠢ ᠵᠢᠷᠤᠮ ᠢ ᠬᠤᠷᠤᠨ | ᠰᠠᠨᠠᠭ᠎ᠠ ᠲᠠᠢ ᠪᠠᠷ ᠡᠪᠳᠡᠬᠦ︔ ᠤᠯᠡᠠ ᠢ ᠴᠤᠭᠯᠠᠭᠤᠯᠤᠨ ᠬᠠᠤᠯᠢ ᠶᠢ ᠬᠦᠴᠤ ᠪᠠᠷ ᠡᠰᠡᠷᠭᠦᠴᠡᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠳᠡᠳ ᠤᠨ ᠠᠯᠪᠠᠨ ᠠᠵᠢᠯ ᠢ ᠬᠡᠪ ᠤᠨ ᠶᠣᠰᠣᠭᠠᠷ ᠭᠦᠢᠴᠡᠳᠬᠡᠬᠦ ᠶᠢ ᠶᠣᠰᠣ ᠪᠤᠰᠤ ᠪᠠᠷ | ᠬᠠᠷᠰᠢᠯᠠᠬᠤ ᠵᠢᠴᠢ ᠵᠠᠬ᠎ᠠ ᠳᠡᠯᠭᠡᠭᠦᠷ ᠢ ᠡᠵᠡᠷᠬᠡᠭᠰᠡᠨ ᠬᠠᠤᠯᠢ ᠪᠤᠰᠤ ᠡᠵᠡᠩᠨᠡᠭᠴᠢᠳ ᠲᠤ ︽ᠬᠠᠮᠠᠭᠠᠯᠠᠯᠲᠠ ᠶᠢᠨ ᠰᠢᠬᠦᠷ | ︾ ᠪᠣᠯᠬᠤ ᠵᠡᠷᠭᠡ ᠶᠢ ᠴᠡᠭᠴᠡᠯᠡᠨ ᠵᠠᠰᠠᠨ᠎ᠠ᠃ | ︵ᠳᠥᠷᠪᠡ︶ ᠲᠦᠷᠢᠶᠡᠰᠦᠨ ᠲᠡᠷᠭᠡ ᠠᠶᠠᠨᠴᠢᠳ ᠢ ᠠᠶᠠᠨ ᠲᠤᠮᠳᠠ ᠨᠢ ᠬᠠᠶᠠᠬᠤ᠂ ᠠᠶᠠᠨᠴᠢᠳ ᠢ | ᠠᠯᠪᠠᠳᠠᠯᠭ᠎ᠠ ᠪᠠᠷ ᠬᠠᠮᠲᠤ ᠲᠡᠭᠡᠭᠡᠪᠤᠷᠢᠯᠡᠬᠦ᠂ ᠲᠣᠭᠤᠷᠢᠤ ᠵᠠᠮ ᠢᠶᠠᠷ ᠵᠠᠮᠨᠠᠬᠤ᠂ ᠲᠡᠭᠡᠭᠡᠪᠦᠷᠢᠯᠡᠬᠦ ᠶᠢ ᠲᠡᠪᠴᠢᠬᠦ᠂ | ᠥᠷᠲᠡᠭᠡᠨ ᠤ ᠡᠮᠬᠢ ᠲᠢᠭᠯᠢᠮ ᠢ ᠵᠢᠷᠤᠮᠯᠠᠬᠤ ᠥᠬᠡᠶ ᠪᠠᠷ ᠳᠤᠷ᠎ᠠ ᠪᠠᠷ ᠢᠶᠠᠨ ᠠᠶᠠᠨᠴᠢᠳ ᠢ ᠲᠡᠭᠡᠭᠡᠪᠤᠷᠢᠯᠡᠬᠦ᠂ ᠵᠠᠮ ᠤᠨ | ᠤᠷᠳᠤ ᠪᠠᠷ ᠦᠨ᠎ᠡ ᠪᠤᠳᠤᠬᠤ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠬᠡᠷᠡᠭᠯᠡᠬᠦ ᠦᠬᠡᠢ ᠵᠡᠷᠭᠡ ᠠᠶᠠᠨᠴᠢᠳ ᠤᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ᠂ | ᠠᠵᠢᠯ ᠡᠷᠭᠢᠯᠡᠬᠦ ᠬᠢᠷᠢ ᠬᠡᠮ ᠣᠯᠤᠭᠰᠠᠨ ᠥᠬᠡᠶ ᠪᠠᠷ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠡᠵᠡᠩᠨᠡᠭᠰᠡᠨ | ᠦᠢᠯᠡ ᠠᠵᠢᠯᠯᠠᠭ᠎ᠠ᠂ ᠲᠡᠷᠭᠡᠨ ᠳᠡᠭᠡᠷᠡᠬᠢ ᠲᠥᠬᠦᠭᠡᠷᠦᠮᠵᠢ ᠨᠢ ᠲᠡᠭᠦᠯᠳᠡᠷ ᠪᠤᠰᠤ᠂ ᠲᠡᠷᠭᠡ ᠨᠢ ᠴᠡᠪᠡᠷ ᠴᠡᠮᠴᠡᠭᠡᠷ | ᠪᠤᠰᠤ᠂ ᠦᠢᠯᠡᠴᠢᠯᠡᠬᠦ ᠣᠪᠣᠷ ᠨᠢ ᠪᠣᠯᠪᠠᠰᠤᠨ ᠪᠤᠰᠤ ᠪᠠᠶᠢᠬᠤ ᠵᠡᠷᠭᠡ ᠦᠵᠡᠭᠳᠡᠯ ᠢ ᠴᠡᠭᠴᠡᠯᠡᠨ ᠵᠠᠰᠠᠨ᠎ᠠ᠃ | ︵ᠲᠠᠪᠤ︶ ᠠᠶᠠᠨᠴᠢᠳ ᠤᠨ ᠮᠠᠰᠢᠨ ᠲᠡᠷᠭᠡ ᠵᠥᠪᠰᠢᠶᠡᠷᠡᠭᠦᠯᠦᠭᠰᠡᠨ ᠠᠶᠠᠨᠴᠢᠨ ᠲᠣᠬᠢᠷᠠᠭᠤᠯᠬᠤ ᠦᠷᠳᠡᠭᠡ | ᠴᠡᠭ ᠤᠨ ᠶᠣᠰᠣᠭᠠᠷ ᠵᠣᠭᠰᠣᠭᠰᠠᠨ ᠦᠭᠡᠢ ᠪᠤᠶᠤ ᠲᠣᠭᠲᠠᠭᠰᠠᠨ ᠱᠤᠭᠤᠮ᠂ ᠡᠭᠡᠯᠵᠢ ᠶᠣᠰᠣᠭᠠᠷ ᠵᠠᠮᠨᠠᠬᠤ ᠦᠬᠡᠢ | ᠪᠠᠶᠢᠬᠤ︔ ᠴᠠᠭ ᠨᠡᠮᠡᠵᠦ ᠠᠵᠢᠯᠯᠠᠭᠰᠠᠨ ᠲᠡᠷᠭᠡ᠂ ᠡᠭᠡᠯᠵᠢ ᠤᠷᠤᠯᠠᠭᠰᠠᠨ ᠲᠡᠷᠭᠡ᠂ ᠡᠬᠡᠯᠵᠢ ᠰᠣᠯᠢᠵᠦ ᠠᠶᠠᠯᠠᠬᠤ | ᠲᠡᠷᠭᠡ ᠨᠢ ᠵᠦᠢ ᠶᠣᠰᠣᠨ ᠤ ᠤᠴᠢᠷ ᠰᠢᠯᠲᠠᠭᠠᠨ ᠤᠢᠭᠡᠢ ᠪᠠᠷ ᠲᠣᠭᠲᠠᠭᠰᠠᠨ ᠱᠤᠭᠤᠮ᠂ ᠤᠢᠷᠳᠡᠭᠡ ᠴᠡᠭ ᠢᠶᠠᠷ | ᠵᠠᠮᠨᠠᠬᠤ ᠦᠬᠡᠢ ᠪᠠᠶᠢᠬᠤ︔ ᠬᠠᠭᠤᠷᠤᠨ ᠮᠡᠬᠡᠯᠡᠬᠦ᠂ ᠬᠦᠴᠦᠷᠬᠡᠭᠯᠡᠯ ᠶᠠᠪᠤᠭᠤᠯᠬᠤ ᠵᠡᠷᠭᠡ ᠠᠷᠭ᠎ᠠ ᠪᠠᠷ ᠠᠶᠠᠨᠴᠢᠳ ᠢ | ᠳᠠᠭᠤᠳᠠᠨ ᠲᠠᠳᠠᠵᠦ ᠲᠡᠭᠡᠭᠡᠪᠤᠷᠢᠯᠡᠬᠦ ︔ ᠠᠶᠠᠨᠴᠢᠳ ᠢ ᠳᠤᠷ᠎ᠠ ᠪᠠᠷ ᠢᠶᠠᠨ ᠪᠤᠰᠤᠳ ᠲᠡᠷᠭᠡᠨ ᠳᠤ ᠰᠢᠯᠵᠢᠭᠦᠯᠦᠨ | ᠲᠡᠭᠡᠭᠡᠪᠦᠷᠢᠯᠡᠬᠦ︔ ᠠᠶᠠᠨᠴᠢᠳ ᠢ ᠲᠡᠭᠡᠭᠡᠪᠦᠷᠢᠯᠡᠬᠦ ᠶᠠᠪᠤᠴᠠ ᠳᠤ ᠲᠡᠭᠡᠭᠡᠪᠦᠷᠢ ᠶᠢᠨ ᠮᠠᠰᠢᠨ ᠢ ᠳᠤᠷ᠎ᠠ ᠪᠠᠷ ᠢᠶᠠᠨ | ᠰᠣᠯᠢᠬᠤ︔ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠭᠰᠡᠨ ᠦᠭᠡᠢ ᠪᠠᠷ ᠵᠠᠮ ᠬᠠᠷᠢᠯᠴᠠᠭ᠎ᠠ | ᠲᠡᠭᠡᠭᠡᠪᠦᠷᠢ ᠶᠢᠨ ᠡᠵᠡᠩᠨᠡᠯᠲᠡ ᠶᠢ ᠳᠤᠷ᠎ᠠ ᠪᠠᠷ ᠢᠶᠠᠨ ᠵᠣᠭᠰᠣᠭᠠᠬᠤ︔ ᠠᠶᠠᠨᠴᠢᠳ ᠤᠨ ᠲᠡᠭᠡᠭᠡᠪᠦᠷᠢ ᠶᠢᠨ ᠮᠠᠰᠢᠨ ᠨᠢ | ᠠᠶᠠᠨᠴᠢᠳ ᠤᠨ ᠲᠡᠭᠡᠭᠡᠪᠦᠷᠢ ᠶᠢᠨ ᠬᠦᠴᠦᠨ ᠲᠠᠢ ᠢᠯᠡᠳᠬᠡᠮᠵᠢ ᠶᠢᠨ ᠳᠡᠮᠳᠡᠭᠲᠤ ᠫᠠᠶᠢᠰᠠ ᠦᠭᠡᠢ ᠪᠠᠶᠢᠬᠤ᠂ | ᠠᠶᠠᠨᠴᠢᠳ ᠤᠨ ᠲᠡᠭᠡᠭᠡᠪᠦᠷᠢ ᠶᠢᠨ ᠢᠯᠡᠳᠬᠡᠮᠵᠢ ᠶᠢᠨ ᠳᠡᠮᠳᠡᠭᠲᠤ ᠫᠠᠶᠢᠰᠠ ᠳᠤ ᠲᠣᠳᠣᠷᠬᠠᠶ ᠲᠡᠮᠳᠡᠭᠯᠡᠭᠰᠡᠨ ᠤᠴᠢᠷ | ᠶᠠᠪᠤᠳᠠᠯ ᠤᠨ ᠶᠣᠰᠣᠭᠠᠷ ᠠᠵᠢᠯᠯᠠᠭᠰᠠᠨ ᠦᠭᠡᠢ ᠪᠠᠶᠢᠬᠤ᠂ ᠵᠠᠮ ᠱᠤᠭᠤᠮ ᠤᠨ ᠬᠤᠶᠠᠷ ᠦᠵᠦᠭᠦᠷ ᠨᠢ ᠴᠥᠮ | ᠲᠡᠷᠭᠡᠨ ᠤ ᠬᠠᠷᠢᠶ᠎ᠠ ᠶᠢᠨ ᠪᠠᠶᠢᠭ᠎ᠠ ᠭᠠᠵᠠᠷ ᠲᠤ ᠪᠠᠶᠢᠬᠤ ᠦᠭᠡᠢ᠂ ᠲᠡᠷᠭᠡ ᠳᠠᠭᠠᠭᠠᠴᠢᠯᠠᠭᠰᠠᠨ ᠭᠡᠷ᠎ᠡ ᠠᠴᠠ ᠭᠠᠳᠠᠨᠠᠬᠢ | ᠠᠶᠠᠨᠴᠢᠳ ᠢ ᠲᠠᠲᠠᠵᠤ ᠲᠡᠷᠭᠡᠨ ᠳᠤ ᠰᠠᠭᠤᠯᠭᠠᠬᠤ︔ ᠲᠡᠷᠭᠡ ᠬᠥᠳᠡᠯᠬᠦ ᠠᠴᠠ ᠡᠮᠦᠨ᠎ᠡ ᠠᠶᠠᠨᠴᠢᠳ ᠲᠤ ᠲᠣᠭᠲᠠᠭᠠᠯ | ᠶᠣᠰᠣᠭᠠᠷ ᠠᠮᠤᠷ ᠲᠦᠪᠰᠢᠨ ᠤ ᠤᠴᠢᠷ ᠶᠠᠪᠤᠳᠠᠯ ᠢ ᠮᠡᠳᠡᠭᠳᠡᠭᠰᠡᠨ ᠦᠭᠡᠢ ᠵᠡᠷᠭᠡ ᠦᠵᠡᠭᠳᠡᠯ ᠢ ᠴᠡᠭᠴᠡᠯᠡᠨ ᠵᠠᠰᠠᠨ᠎ᠠ᠃ | ︵ᠵᠢᠷᠭᠤᠭ᠎ᠠ︶ ᠬᠠᠤᠯᠢ ᠶᠣᠰᠣᠭᠠᠷ ᠴᠣᠬᠢᠯᠲᠠ ᠥᠭᠬᠦᠪᠡᠰᠤ ᠵᠤᠬᠢᠬᠤ ᠪᠤᠰᠤᠳ ᠠᠵᠢᠯᠯᠠᠭ᠎ᠠ᠃ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠤᠬᠠᠭᠤᠯᠤᠨ ᠳᠠᠶᠢᠴᠢᠯᠠᠬᠤ ᠱᠠᠲᠤ ᠦᠶ᠎ᠡ ︵5 ᠰᠠᠷ᠎ᠠ ᠶᠢᠨ 17 ᠤ ᠡᠳᠦᠷ — 5 ᠰᠠᠷ᠎ᠠ ᠶᠢᠨ | 20 ᠤ ᠡᠳᠦᠷ︶᠃ ᠰᠣᠨᠢᠨ᠂ ᠲᠧᠯᠸᠢᠰ᠂ ᠸᠢᠴᠠᠲ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ | ᠠᠰᠢᠭᠯᠠᠨ᠂ ᠬᠠᠤᠯᠢ ᠪᠤᠰᠤ ᠪᠠᠷ ᠡᠵᠡᠩᠨᠡᠵᠦ ᠪᠠᠶᠢᠭ᠎ᠠ ᠲᠡᠷᠭᠡ ᠮᠠᠰᠢᠨ ᠳᠤ ᠴᠣᠬᠢᠯᠲᠠ ᠥᠭᠬᠦ ᠲᠤᠰᠬᠠᠶ ᠲᠦᠷᠦᠯ ᠤᠨ | ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠣᠯᠤᠨ ᠬᠠᠤᠯᠢ ᠪᠤᠰᠤ ᠪᠠᠷ ᠡᠵᠡᠩᠨᠡᠵᠦ ᠪᠠᠶᠢᠭ᠎ᠠ ᠥᠢᠯᠡ | ᠠᠵᠢᠯᠯᠠᠭ᠎ᠠ ᠶᠢᠨ ᠬᠤᠣᠷ ᠬᠥᠨᠤᠭᠡᠯᠳᠤ ᠴᠢᠨᠠᠷ ᠢ ᠶᠡᠬᠡᠪᠡᠷ ᠤᠬᠠᠭᠤᠯᠤᠨ᠎ᠠ᠃ ᠥᠷᠭᠡᠨ ᠣᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠵᠤ᠂ ᠪᠥᠬᠦ ᠬᠤᠰᠢᠭᠤᠨ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ ᠠᠵᠢᠯᠯᠠᠭ᠎ᠠ | ᠥᠷᠨᠢᠭᠦᠯᠬᠦ ᠳᠤ ᠰᠠᠭᠤᠷᠢ ᠲᠠᠯᠪᠢᠨ᠎ᠠ᠃ | ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵5 ᠰᠠᠷ᠎ᠠ ᠶᠢᠨ 20 ᠤ ᠡᠳᠦᠷ — 7 | ᠰᠠᠷ᠎ᠠ ᠶᠢᠨ 20 ᠤ ᠡᠳᠦᠷ︶᠃ ᠡᠯ᠎ᠡ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠴᠢᠳᠠᠪᠤᠷᠢ ᠪᠠ ᠠᠵᠢᠯ ᠤᠨ | ᠡᠭᠦᠷᠭᠡ ᠶᠣᠰᠣᠭᠠᠷ ᠨᠢᠭᠲᠠ ᠬᠠᠮᠵᠢᠯᠴᠠᠵᠦ ᠪᠠᠶᠢᠴᠠᠭᠠᠨ ᠭᠡᠷᠡᠴᠢ ᠠᠪᠬᠤ᠂ ᠪᠣᠳᠠᠲᠤ ᠵᠦᠢᠯ ᠢ ᠪᠠᠶᠢᠴᠠᠭᠠᠨ ᠦᠯᠡᠳᠡᠭᠡᠬᠦ | ᠂ ᠬᠡᠷᠡᠭ ᠢ ᠰᠢᠯᠵᠢᠭᠦᠯᠦᠨ ᠬᠦᠷᠭᠡᠬᠦ ᠪᠠ ᠠᠯᠪᠠᠳᠠᠯᠭ᠎ᠠ ᠪᠠᠷ ᠭᠡᠷᠡᠭᠵᠢᠬᠦᠯᠬᠦ ᠵᠡᠷᠭᠡ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠤᠨ᠎ᠡ᠃ ᠬᠠᠷᠢᠶᠠᠲᠤ ᠣᠷᠣᠨ ᠤ | ᠬᠡᠪᠴᠢᠶᠡᠨ ᠳᠠᠬᠢ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠲᠤᠰᠬᠠᠶ ᠲᠦᠷᠦᠯ ᠤᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠪᠠᠬᠢᠵᠢᠭᠦᠯᠦᠨ ᠰᠠᠶᠢᠵᠢᠷᠠᠭᠤᠯᠬᠤ ᠱᠠᠲᠤ ᠦᠶ᠎ᠡ ︵7 ᠰᠠᠷ᠎ᠠ ᠶᠢᠨ 20 ᠤ ᠡᠳᠦᠷ — 8 | ᠰᠠᠷ᠎ᠠ ᠶᠢᠨ 24 ᠤ ᠡᠳᠦᠷ︶᠃ ᠲᠤᠰᠬᠠᠶ ᠲᠦᠷᠦᠯ ᠤᠨ ᠠᠵᠢᠯᠯᠠᠭᠠᠨ ᠤ ᠲᠤᠷᠰᠢᠯᠭ᠎ᠠ ᠪᠠ ᠠᠷᠭ᠎ᠠ ᠠᠪᠴᠠᠯ ᠢ | ᠳ᠋ᠦᠩᠨᠡᠵᠦ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ ᠬᠠᠮᠲᠤ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠪᠠᠨ ᠨᠢᠭᠡᠳᠬᠡᠵᠦ ᠲᠠᠨᠢᠯᠲᠠ ᠪᠠᠨ ᠳᠡᠭᠡᠭᠰᠢᠯᠡᠭᠦᠯᠤᠨ᠎ᠡ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠲᠤᠰᠬᠠᠶ ᠲᠦᠷᠦᠯ ᠤᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠶ ᠲᠠᠨᠢᠵᠤ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ | ᠴᠢᠩᠭᠠᠳᠬᠠᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠡᠯ᠎ᠡ ᠲᠦᠷᠦᠯ ᠤᠨ | ᠡᠭᠦᠷᠭᠡ ᠶᠢ ᠯᠠᠪᠳᠠᠭᠤᠨ ᠪᠠᠲᠤᠲᠠᠶ ᠪᠠᠷ ᠰᠠᠶᠢᠲᠤᠷ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠦ ᠦᠵᠡᠯ ᠰᠠᠨᠠᠭ᠎ᠠ | ᠲᠠᠨᠢᠯᠲᠠ ᠪᠠᠨ ᠲᠤᠰᠬᠠᠶ ᠲᠦᠷᠦᠯ ᠤᠨ ᠠᠵᠢᠯᠯᠠᠭ᠎ᠠ ᠳᠡᠭᠡᠷ᠎ᠡ ᠨᠢᠭᠡᠳᠬᠡᠨ᠎ᠡ᠃ ᠠᠶᠠᠨᠴᠢᠳ ᠤᠨ ᠮᠠᠰᠢᠨ ᠲᠡᠷᠭᠡ᠂ | ᠲᠦᠷᠢᠶᠡᠰᠦᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠲᠣᠰ ᠤᠳᠠᠭᠠᠨ ᠤ ᠲᠤᠰᠬᠠᠶ ᠴᠡᠭᠴᠡᠯᠡᠨ | ᠵᠠᠰᠠᠬᠤ ᠠᠵᠢᠯᠯᠠᠭᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠺᠣᠮᠫᠠᠨᠢ ᠶᠢᠨ ᠲᠦᠷᠢᠮ ᠤᠨ ᠶᠣᠰᠣᠭᠠᠷ ᠡᠷᠬᠡ ᠡᠭᠦᠷᠭᠡ ᠪᠠᠨ ᠬᠢᠨᠠᠮᠠᠭᠠᠶ ᠬᠦᠢᠴᠡᠳᠬᠡᠨ ᠠᠵᠢᠯ | ᠲᠥᠷᠥᠯ ᠤᠨ ᠳᠣᠲᠣᠷᠠᠬᠢ ᠠᠶᠠᠨᠴᠢᠳ ᠤᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠶᠢᠨ ᠬᠠᠮᠢᠶᠠᠷᠤᠯᠲᠠ ᠶᠢ | ᠴᠢᠩᠭᠠᠳᠬᠠᠨ ᠬᠠᠤᠯᠢ ᠶᠣᠰᠣᠨ ᠤ ᠡᠵᠡᠩᠨᠡᠯᠲᠡ ᠶᠢᠨ ᠥᠮᠴᠢᠲᠡᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | | ︵ᠬᠤᠶᠠᠷ︶ ᠬᠠᠮᠵᠢᠯᠴᠠᠭ᠎ᠠ ᠪᠠᠨ ᠴᠢᠩᠭᠠᠳᠬᠠᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠡᠯ᠎ᠡ | ᠪᠦᠷᠢᠯᠳᠦᠬᠦᠨ ᠨᠢᠭᠡᠴᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠬᠠᠮᠢᠶᠠᠷᠤᠯᠲᠠ ᠦᠢᠯᠡᠴᠢᠯᠡᠬᠡᠨ ᠤ | ᠲᠣᠭᠲᠠᠴᠠ ᠪᠠᠨ ᠪᠦᠷᠢᠨᠰᠢᠬᠦᠯᠦᠨ ᠨᠢᠭᠲᠠ ᠬᠠᠮᠵᠢᠯᠴᠠᠵᠤ ᠮᠡᠳᠡᠭᠡ ᠵᠠᠩᠭᠢ ᠶᠢ ᠬᠠᠮᠲᠤᠪᠠᠷ ᠬᠡᠷᠡᠭᠯᠡᠬᠦ ᠪᠠ ᠬᠠᠤᠯᠢ | ᠬᠡᠷᠡᠭᠵᠢᠭᠦᠯᠬᠦ ᠶᠢ ᠬᠠᠷᠢᠯᠴᠠᠨ ᠤᠶᠠᠯᠳᠤᠭᠤᠯᠵᠦ ᠲᠣᠰ ᠲᠣᠰ ᠤᠨ ᠬᠢᠨᠠᠯᠲᠠ ᠬᠠᠮᠢᠶᠠᠷᠤᠯᠲᠠ ᠶᠢᠨ ᠲᠤᠳᠠᠭᠤᠳᠠᠯ ᠢ ᠴᠠᠭ | ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠨᠥᠬᠦᠪᠥᠷᠢᠯᠡᠵᠦ ᠬᠠᠮᠲᠤᠷᠠᠭᠰᠠᠨ ᠠᠵᠢᠯᠯᠠᠭ᠎ᠠ ᠶᠢ ᠰᠠᠶᠢᠲᠤᠷ ᠠᠬᠢᠭᠤᠯᠤᠨ | ᠬᠠᠷᠢᠯᠴᠠᠨ ᠲᠦᠯᠬᠢᠯᠴᠡᠬᠦ ᠪᠠ ᠵᠠᠶᠢᠯᠠᠵᠤ ᠤᠬᠤᠷᠢᠬᠤ ᠶᠢ ᠴᠢᠩᠭ᠎ᠠ ᠴᠠᠭᠠᠵᠠᠯᠠᠵᠤ ᠲᠤᠰᠬᠠᠶ ᠠᠵᠢᠯᠯᠠᠭᠠᠨ ᠤ ᠪᠣᠳᠠᠲᠤ | ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ ᠶᠢ ᠴᠢᠩᠭ᠎ᠠ ᠰᠠᠬᠢᠨ᠎ᠠ᠃ ᠡᠯ᠎ᠡ | ᠨᠢᠭᠡᠴᠢ ᠶᠢᠨ ᠬᠠᠤᠯᠢ ᠬᠡᠷᠡᠭᠵᠢᠭᠦᠯᠬᠦ ᠠᠵᠢᠯᠲᠠᠳ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ | ᠭᠤᠤᠯᠴᠢ ᠪᠠᠷ ᠬᠠᠤᠯᠢ ᠬᠡᠷᠡᠭᠵᠢᠭᠦᠯᠦᠨ ᠬᠤᠪᠢ ᠶᠢᠨ ᠨᠠᠶᠢᠷ ᠬᠠᠷᠠᠬᠤ ᠥᠬᠡᠶ ᠪᠠᠶᠢᠵᠤ ᠨᠠᠶᠢᠷ ᠲᠠᠯ᠎ᠠ ᠬᠡᠯᠡᠬᠦ᠂ ᠨᠢᠭᠤᠨ | ᠳᠠᠯᠳᠠᠯᠠᠬᠤ ᠪᠠ ᠬᠠᠮᠠᠭᠠᠯᠠᠬᠤ ᠵᠡᠷᠭᠡ ᠬᠠᠤᠯᠢ ᠰᠠᠬᠢᠯᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠬᠤᠷᠢᠭᠯᠠᠨ᠎ᠠ︔ ᠪᠠᠰᠠ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ ᠬᠠᠤᠯᠢ ᠶᠣᠰᠣᠭᠠᠷ ᠵᠠᠰᠠᠭ ᠶᠠᠪᠤᠭᠤᠯᠵᠤ᠂ | ᠬᠠᠤᠯᠢ ᠶᠢ ᠬᠡᠷᠡᠭᠵᠢᠭᠦᠯᠬᠦ ᠤᠷ᠎ᠠ ᠮᠡᠷᠭᠡᠵᠢᠯ ᠢ ᠠᠮᠢᠳᠤᠯᠢᠭ ᠢᠶᠠᠷ ᠬᠡᠷᠡᠭᠯᠡᠨ᠂ ᠲᠤᠬᠠᠶ ᠶᠢᠨ ᠬᠥᠮᠦᠨ ᠵᠢᠴᠢ ᠤᠯᠠᠨ | ᠲᠦᠮᠡᠨ ᠳᠤ ᠲᠠᠶᠢᠯᠪᠤᠷᠢᠯᠠᠨ ᠬᠡᠯᠡᠵᠦ ᠢᠳᠬᠠᠬᠤ ᠠᠵᠢᠯ ᠢ ᠬᠦᠯᠢᠴᠡᠩᠭᠦᠶ ᠪᠠᠷ ᠰᠠᠶᠢᠲᠤᠷ ᠬᠢᠨ᠎ᠡ᠃ | ︵ᠳᠥᠷᠪᠡ︶ ᠥᠷᠭᠡᠨ ᠢᠶᠠᠷ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠰᠡᠷᠡᠮᠵᠢᠯᠡᠭᠦᠯᠬᠦ ᠬᠥᠮᠦᠵᠢᠯ᠂ ᠵᠠᠭᠤᠴᠢᠯᠠᠭᠤᠷ ᠤᠨ ᠤᠬᠠᠭᠤᠯᠭ᠎ᠠ ᠪᠣᠯᠤᠨ ᠶᠠᠷᠢᠶ᠎ᠠ | ᠬᠡᠯᠡᠯᠴᠡᠭᠡ ᠪᠠᠷ ᠬᠥᠲᠥᠯᠥᠨ ᠵᠢᠯᠣᠭᠤᠳᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠲᠤᠰᠬᠠᠶ ᠲᠦᠷᠦᠯ ᠤᠨ | ᠠᠵᠢᠯᠯᠠᠭᠠᠨ ᠤ ᠵᠣᠷᠢᠯᠭ᠎ᠠ᠂ ᠠᠴᠢ ᠬᠤᠯᠪᠣᠭᠳᠠᠯ ᠪᠣᠯᠤᠨ ᠦᠷ᠎ᠡ ᠪᠦᠲᠦᠭᠡᠯ ᠢ ᠭᠦᠨᠵᠡᠭᠡᠶ ᠤᠬᠠᠭᠤᠯᠵᠤ ᠠᠵᠢᠯ ᠤᠨ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ ᠤᠯᠠᠨ ᠲᠦᠮᠡᠨ ᠤ ᠲᠤᠰ ᠤᠳᠠᠭᠠᠨ ᠤ ᠲᠤᠰᠬᠠᠶ ᠲᠦᠷᠦᠯ ᠤᠨ | ᠠᠵᠢᠯᠯᠠᠭ᠎ᠠ ᠶᠢ ᠢᠳᠡᠪᠬᠢᠲᠡᠶ ᠳᠡᠮᠵᠢᠬᠦ ᠶᠢᠨ ᠬᠠᠮᠲᠤ ᠣᠷᠣᠯᠴᠠᠵᠤ ᠬᠠᠤᠯᠢ ᠪᠤᠰᠤ ᠪᠠᠷ ᠡᠵᠡᠩᠨᠡᠵᠦ ᠪᠠᠶᠢᠭ᠎ᠠ ᠲᠡᠷᠭᠡ ᠶᠢ | ᠰᠠᠨᠠᠭᠠᠴᠢᠯᠠᠭ᠎ᠠ ᠠᠴᠠ ᠪᠠᠨ ᠡᠰᠡᠷᠭᠦᠴᠡᠨ ᠬᠤᠷᠢᠭᠯᠠᠬᠤ ᠪᠠ ᠢᠯᠡᠴᠢᠯᠡᠨ ᠮᠡᠳᠡᠭᠦᠯᠬᠦ ᠶᠢ ᠬᠦᠲᠦᠯᠦᠨ ᠵᠢᠯᠤᠭᠤᠳᠤᠨ᠎ᠠ᠃ | ᠡᠭᠦᠨ ᠤ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯᠯᠠᠭᠠᠨ ᠤ ᠦᠷ᠎ᠡ ᠪᠦᠲᠦᠭᠡᠯ ᠢ ᠵᠠᠷᠯᠠᠨ ᠨᠡᠶᠢᠲᠡᠯᠡᠵᠦ | ᠴᠢᠩᠭ᠎ᠠ ᠬᠦᠴᠦᠲᠡᠶ ᠰᠦᠷ ᠬᠦᠴᠦᠨ ᠦᠵᠡᠬᠦᠯᠬᠦ ᠦᠢᠯᠡᠳᠦᠯ ᠦᠵᠡᠭᠦᠯᠤᠨ᠎ᠡ᠃ | | |