【2021.4.28】ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠣᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵ᠨᠢᠭᠡ︶ | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | — — 2021 ᠣᠨ ᠤ 4 ᠰᠠᠷ᠎ᠠ ᠶᠢᠨ 28 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ | ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠣᠳᠠᠭᠠᠨ ᠤ ᠬᠤᠷᠠᠯᠳᠤᠭᠠᠨ ᠳᠡᠭᠡᠷ᠎ᠡ | ᠥᠥᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ | | ᠲᠦᠯᠦᠭᠡᠯᠡᠭᠴᠢᠳ ᠡ᠄ | ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠤᠳᠤ ᠪᠢ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ | ᠪᠣᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠬᠦᠯᠬᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠷᠭᠢᠴᠡᠭᠦᠯᠦᠯ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2020 ᠣᠨ ᠪᠣᠯ ᠮᠠᠨ ᠤ ᠬᠤᠰᠢᠭᠤᠨ ᠤ ᠬᠥᠭᠵᠢᠯᠲᠡ ᠶᠢᠨ ᠲᠡᠤᠬᠡᠨ ᠳᠠᠬᠢ ᠲᠦᠢᠯ ᠤᠨ ᠶᠡᠷᠦ | ᠪᠤᠰᠤ ᠶᠢᠨ ᠨᠢᠭᠡ ᠵᠢᠯ ᠪᠣᠯᠤᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ ᠪᠠ ᠠᠵᠤ ᠠᠬᠤᠶ ᠶᠢᠨ ᠪᠠᠭᠤᠷᠠᠯᠲᠠ᠂ ᠠᠵᠢᠯ | ᠣᠯᠬᠤ ᠳᠤ ᠬᠦᠴᠢᠷᠳᠡᠢ ᠪᠠᠶᠢᠬᠤ ᠳᠠᠷᠤᠯᠲᠠ ᠶᠢᠨ ᠡᠮᠦᠨ᠎ᠡ ᠪᠢᠳᠡ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠬᠤᠰᠢᠭᠤ | ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠶᠡᠷᠤᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ | ᠵᠤᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠳᠠ ᠶᠢᠨ ᠲᠤᠭᠤᠷᠢᠨ ᠳᠤ ︽ | ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ | ᠲᠣᠭᠲᠠᠭᠠᠭᠰᠠᠨ ᠡᠯ᠎ᠡ ᠲᠦᠷᠥᠯ ᠤᠨ ᠬᠠᠷᠠᠯᠲᠠ ᠶᠢ ᠠᠮᠵᠢᠯᠲᠠᠲᠠᠢ ᠪᠡᠶᠡᠯᠡᠭᠦᠯᠪᠡ᠄ ᠣᠷᠣᠨ ᠨᠣᠳᠤᠭ ᠤᠨ ᠣᠶᠢᠯᠡᠳᠪᠦᠷᠢᠯᠡᠯ ᠤᠨ ᠶᠡᠷᠦᠩᠬᠡᠶ ᠥᠷᠲᠡᠭ ᠢ 316.9 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 1.2% ᠢᠶᠠᠷ ᠨᠡᠮᠡᠭᠳᠡᠬᠦᠯᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 30.1 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.4% ᠪᠠᠷ ᠨᠡᠮᠡᠭᠳᠡᠬᠦᠯᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 61 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 6.5% ᠪᠠᠷ ᠨᠡᠮᠡᠭᠳᠡᠬᠦᠯᠪᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠤᠰᠪᠣᠷᠢ 48290 ᠲᠥᠭᠦᠷᠢᠭ᠂ 21836 ᠲᠥᠭᠦᠷᠢᠭ ᠲᠤ ᠬᠦᠷᠬᠡᠵᠣ᠂ 1.3% ᠪᠠ 8.4% ᠪᠠᠷ ᠨᠡᠮᠡᠭᠳᠡᠬᠦᠯᠪᠡ︔ | ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.08% ᠶᠢᠨ ᠳᠣᠲᠣᠷ᠎ᠠ ᠬᠢᠵᠠᠭᠠᠷᠯᠠᠵᠡᠢ᠃ ᠨᠢᠭᠡ ᠵᠢᠯ ᠤᠨ ᠲᠤᠷᠰᠢ ᠪᠢᠳᠡ | ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠠᠪᠠ᠃ ︽ᠭᠠᠳᠠᠨ᠎ᠠ ᠠᠴᠠ ᠬᠢᠵᠢᠭ ᠬᠠᠯᠳᠠᠪᠣᠷᠢᠯᠠᠬᠤ ᠶᠢ | ᠰᠡᠷᠭᠡᠶᠢᠯᠡᠵᠣ ᠳᠣᠲᠣᠭᠠᠳᠤ ᠳᠠᠭᠠᠨ ᠲᠠᠬᠢᠨ ᠳᠡᠯᠬᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠪᠠᠷᠢᠮᠲᠠᠯᠠᠵᠤ ᠳᠤᠮᠳᠠ ᠦᠨᠳᠣᠷ | ᠳᠠᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠬᠥᠮᠦᠰ ᠢ ᠨᠡᠶᠢᠳᠡ 5.6 ᠲᠦᠮᠡᠨ ᠬᠥᠮᠦᠨ ᠤᠳᠠᠭ᠎ᠠ ᠳᠠᠷᠠᠭᠠᠯᠠᠨ ᠪᠠᠶᠢᠴᠠᠭᠠᠵᠤ᠂ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ 2.06 ᠲᠦᠮᠡᠨ ᠬᠥᠮᠦᠨ ︵ᠬᠤᠪᠢ︶ ᠪᠠᠶᠢᠴᠠᠭᠠᠵᠣ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠸᠠᠺᠼᠢᠨ ᠤ ᠳᠠᠷᠢᠯᠭ᠎ᠠ ᠶᠢ 7664 ᠵᠡᠬᠦᠣ ᠰᠦᠢᠳᠬᠡᠯ ᠬᠤᠷᠢᠶᠠᠬᠤ ᠦᠭᠡᠢ ᠪᠠᠷ ᠲᠠᠷᠢᠵᠦ᠂ ᠭᠠᠳᠠᠨ᠎ᠠ ᠠᠴᠠ ᠬᠠᠯᠳᠠᠪᠣᠷᠢᠯᠠᠭᠰᠠᠨ ᠡᠪᠡᠳᠴᠢᠨ ᠤ ᠵᠢᠱᠢᠶ᠎ᠠ | ᠭᠠᠷᠤᠭᠰᠠᠨ ᠦᠭᠡᠢ᠃ ᠲᠥᠯᠥᠭᠡᠯᠡᠭᠴᠢᠳ ᠡ︕ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠣᠮᠳᠠ 1.2 ᠲᠦᠮᠡᠨ ᠨᠠᠮ ᠤᠨ ᠭᠡᠰᠢᠭᠦᠨ | ᠺᠠᠳ᠋ᠷ ᠪᠣᠯᠤᠨ ᠡᠮᠨᠡᠯᠭᠡ ᠶᠢᠨ ᠠᠵᠢᠯᠲᠠᠨ ᠨᠢᠭᠡᠳᠦᠭᠡᠷ ᠹᠷᠣᠨᠲ ᠳᠡᠬᠡᠷ᠎ᠡ ᠴᠣᠴᠠᠰᠢ ᠦᠬᠡᠢ ᠡᠷᠡᠯᠬᠡᠭᠯᠡᠨ ᠠᠵᠢᠯᠯᠠᠵᠤ ᠬᠤᠳᠠ ᠬᠥᠳᠡᠭᠡ ᠶᠢᠨ ᠥᠷᠭᠡᠨ ᠤᠯᠠᠨ | ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠬᠠᠮᠤᠭ ᠤᠨ ᠪᠠᠲᠤ ᠪᠠᠬᠢ ᠤᠯᠠᠨ ᠲᠦᠮᠡᠨ ᠤ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃ ᠬᠢᠵᠢᠭ ᠤᠨ ᠪᠠᠶᠢᠳᠠᠯ ᠤᠨ ᠶᠡᠭᠡ ᠰᠢᠯᠭᠠᠯᠲᠠ ᠠᠴᠠ ᠬᠡᠳᠦᠶ ᠬᠦᠴᠢᠷᠳᠡᠯ ᠲᠠᠢ ᠪᠣᠯ ᠦᠦᠰᠢᠨ ᠤ ᠠᠷᠠᠳ ᠲᠦᠮᠡᠨ | ᠲᠡᠳᠦᠶ ᠪᠦᠯᠬᠦᠮᠳᠡᠨᠠ ᠬᠡᠳᠡᠭ ᠢ ᠬᠡᠷᠡᠴᠢᠯᠡᠵᠡᠢ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠰᠠᠨ ᠪᠠ ᠳᠡᠮᠵᠢᠭᠰᠡᠨ ᠪᠤᠢ ᠪᠦᠬᠦᠢ ᠺᠠᠳ᠋ᠷ ᠤᠯᠠᠨ ᠲᠦᠮᠡᠨ ᠳᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ︵ᠬᠤᠶᠠᠷ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ 1900 ᠲᠦᠮᠡᠨ | ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠠᠶᠢᠳᠠᠪᠤᠷᠢᠵᠢᠭᠤᠯᠤᠨ᠂ 33 ᠲᠦᠷᠥᠯ ᠤᠨ ᠠᠵᠤ ᠣᠶᠢᠯᠡᠰ ᠤᠨ ᠲᠥᠷᠥᠯ ᠵᠣᠶᠢᠯ ᠢ ᠬᠡᠷᠡᠭᠵᠢᠭᠦᠯᠵᠦ᠂ | ᠬᠤᠰᠢᠭᠤᠨ ᠳᠠᠬᠢ 19 ᠠᠵᠤ ᠠᠬᠤᠶᠢᠯᠠᠯ ᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠳᠤ ᠣᠷᠣᠯᠴᠠᠭᠤᠯᠣᠨ ᠣᠨᠳᠣᠤ ᠭᠠᠵᠠᠷ ᠲᠤ ᠨᠡᠭᠦᠯᠭᠡᠬᠦ᠂ ᠰᠤᠷᠭᠠᠨ | ᠬᠥᠮᠦᠵᠢᠯ᠂ ᠡᠮ ᠡᠮᠨᠡᠯᠭᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠷᠣᠨ ᠰᠠᠭᠤᠴᠠ ᠵᠢᠴᠢ ᠤᠤᠭᠤᠬᠤ ᠤᠰᠤᠨ ᠤ ᠠᠮᠤᠷ ᠲᠦᠪᠰᠢᠨ ᠵᠡᠷᠭᠡ | ᠲᠥᠷᠥ ᠶᠢᠨ ᠪᠣᠳᠣᠯᠭ᠎ᠠ ᠶᠢ ᠤᠨᠤᠪᠴᠢᠲᠠᠢ ᠵᠣᠯᠭᠠᠯᠳᠤᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠪᠦᠬᠦ ᠲᠠᠯ᠎ᠠ ᠶᠢᠨ | ᠢᠯᠠᠯᠲᠠ ᠶᠢ ᠤᠯᠪᠠ᠃ 14.7 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠨᠢᠭᠤᠭᠳᠠᠮᠠᠯ ᠥᠷᠢ ᠰᠢᠷᠢ ᠶᠢ ᠢᠯᠭᠠᠷᠠᠭᠤᠯᠵᠣ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠢᠭᠤᠷᠠᠭᠠᠨ ᠥᠬᠡᠶ ᠲᠠᠩᠰᠠᠨ ᠵᠣᠭᠤᠰ ᠢ ᠪᠦᠬᠦᠨ ᠢ ᠢᠯᠭᠠᠷᠠᠭᠤᠯᠤᠨ ᠳᠣᠭᠠᠴᠠᠵᠣ᠂ ᠮᠠᠯᠴᠢᠨ ᠲᠠᠷᠢᠶᠠᠴᠢᠨ ᠤ | ᠵᠢᠬᠡᠯᠡᠬᠦᠯᠥᠭᠰᠡᠨ 1.5 ᠳ᠋ᠦᠩᠰᠢᠭᠤᠷ ᠲᠥᠭᠦᠷᠢᠭ ᠤᠨ ᠥᠨᠳᠥᠷ ᠬᠦᠦ ᠲᠠᠢ ᠵᠢᠭᠡᠯᠡᠯᠭᠡ ᠶᠢᠨ ᠮᠦᠩᠬᠦ ᠶᠢ ᠡᠳ᠋ ᠪᠣᠳᠠᠰ ᠢᠶᠠᠷ ᠰᠣᠯᠢᠨ ᠦᠭᠴᠣ ᠳᠡᠬᠡᠳᠣ ᠱᠠᠳᠣᠨ | ᠤ ᠦᠷᠢ ᠶᠢᠨ ᠳᠡᠮᠳᠡᠭᠳᠣ ᠶᠢᠨ ᠪᠡᠯᠡ ᠮᠦᠩᠬᠦ ᠶᠢ 8.9 ᠳ᠋ᠦᠩᠰᠢᠭᠤᠷ ᠲᠦᠬᠦᠷᠢᠭ ᠳᠠᠮᠠᠴᠠᠨ ᠣᠯᠪᠠ᠃ ᠭᠠᠯᠠᠭᠤᠲᠤ ᠠᠴᠠ ᠳ᠋ᠠ ᠼᠣᠣ ᠸᠠᠨ ᠬᠦᠷᠬᠦ ︵ᠦᠪᠦᠷ | ᠮᠤᠩᠭᠤᠯ ᠱᠠᠨᠰᠢ ᠶᠢᠨ ᠵᠠᠭᠠᠭ︶ ᠨᠢᠭᠡᠲᠦᠭᠡᠷ ᠲᠡᠰ ᠤᠨ ᠵᠠᠰᠠᠮᠠᠯ ᠵᠠᠮ ᠵᠡᠷᠭᠡ ᠤᠯᠤᠰ ᠤᠨ ᠥᠮᠴᠢᠯᠡᠯᠲᠦ ᠬᠥᠷᠥᠩᠭᠡ ᠶᠢ ᠦᠨᠡᠯᠡᠨ ᠵᠢᠱᠢᠵᠦ ᠬᠤᠷᠢᠶᠠᠨ | ᠠᠪᠣᠭᠰᠠᠨ ᠪᠠᠶᠢᠨ᠎ᠠ᠃ ᠮᠦᠩᠬᠦᠨ ᠬᠦᠢᠯᠬᠡᠬᠡᠨ ᠤ ᠪᠠᠶᠢᠭᠤᠯᠣᠮᠵᠢ ᠲᠠᠢ ᠬᠠᠷᠢᠯᠴᠠᠵᠣ ᠪᠠᠶᠢᠭᠠᠳ ᠦᠷᠢ ᠶᠢ ᠠᠯᠭᠤᠷᠯᠠᠭᠤᠯᠣᠨ ᠬᠤᠯᠠᠬᠤ ᠬᠤᠭᠤᠴᠠᠭᠠᠨ ᠤ 27. | 04 ᠳ᠋ᠦᠩᠰᠢᠭᠤᠷ ᠲᠦᠬᠦᠷᠢᠭ ᠤᠨ ᠬᠦᠤ ᠮᠦᠩᠬᠦ ᠶᠢ ᠪᠠᠭᠤᠷᠠᠭᠤᠯᠵᠣ᠂ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ ᠦᠷᠭᠦᠯᠵᠢᠯᠡᠨ ᠪᠠᠭᠤᠷᠠᠭᠤᠯᠪᠠ᠃ | ᠬᠤᠰᠢᠭᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠪᠡᠯᠡ ᠤᠷᠤᠭᠤᠯᠤᠯᠲᠠ ᠶᠢᠨ ᠺᠤᠮᠫᠠᠨᠢ ᠶᠢ ᠪᠠᠶᠢᠭᠤᠯᠪᠠ᠃ ᠵᠥᠩ ᠲᠢᠶᠠᠨ ᠾᠧ ᠴᠤᠸᠠᠩ ᠺᠣᠮᠫᠠᠨᠢ ᠵᠡᠷᠭᠡ | 6 ᠠᠵᠤ ᠠᠬᠤᠶᠢᠯᠠᠯ ᠤᠨ ᠵᠣᠣᠬᠠᠨ ᠤ ᠭᠠᠳᠠᠭᠰᠢᠯᠠᠭᠤᠯᠣᠯᠳᠠ ᠶᠢ ᠣᠨᠴᠠ ᠳᠣᠣᠷ᠎ᠠ ᠪᠣᠯᠭᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠠᠭᠠᠷ ᠤᠨ ᠴᠡᠪᠡᠷᠴᠡ ᠶᠢᠨ | ᠨᠣᠷᠮ᠎ᠠ ᠶᠢ 92.6% ᠳᠤ ᠬᠥᠷᠬᠡᠪᠠ᠃ ᠮᠦᠩᠬᠡᠴᠢᠨ᠂ ᠪᠠᠶᠠᠨᠭᠤᠤᠯ ᠠᠭᠤᠷᠬᠠᠢ ᠶᠢᠨ ᠬᠤᠳᠳᠤᠭ ᠤᠨ ᠤᠰᠤ ᠶᠢ ᠬᠦᠨᠵᠡᠬᠡᠢ ᠰᠢᠢᠳᠪᠦᠷᠢᠯᠡᠬᠦ ᠰᠢᠰᠲ᠋ᠧᠮ | ᠪᠣᠯᠤᠨ ᠪᠥᠸᠧ ᠳ᠋ᠡ ᠱᠢ ᠳ᠋ᠢ ᠺᠣᠮᠫᠠᠨᠢ ᠵᠡᠷᠭᠡ 4 ᠠᠵᠤ ᠠᠬᠤᠶᠢᠯᠠᠯ ᠤᠨ ᠳᠠᠪᠣᠰᠣ ᠶᠢ ᠳᠠᠯᠠᠰᠵᠢᠭᠤᠯᠣᠨ ᠰᠠᠯᠭᠠᠬᠤ ᠲᠥᠬᠦᠭᠡᠷᠦᠮᠵᠢ ᠶᠢ ᠠᠰᠢᠭᠯᠠᠯᠲᠠ ᠳᠤ | ᠣᠷᠣᠭᠤᠯᠪᠠ᠃ ᠬᠤᠯᠣᠰᠣ ᠵᠡᠷᠭᠡ 2 ᠨᠡᠭᠦᠷᠡᠰᠦᠨ ᠠᠭᠤᠷᠬᠠᠢ ᠶᠢᠨ ᠨᠡᠬᠦᠷᠠᠰᠣᠨ ᠴᠢᠯᠠᠭᠤ ᠶᠢ ᠡᠬᠡᠬᠦᠯᠥᠨ ᠬᠢᠵᠣ ᠠᠭᠤᠷᠬᠠᠢ ᠶᠢ ᠪᠣᠯᠠᠬᠤ ᠲᠥᠷᠥᠯ ᠵᠤᠶᠢᠯ ᠢ | ᠡᠬᠢᠯᠡᠬᠦᠯᠥᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 52% ᠲᠤ ᠬᠦᠷᠬᠡᠪᠠ᠃ ᠪᠦᠬᠦ ᠬᠤᠳᠠ ᠶᠢᠨ ᠪᠣᠬᠢᠷᠳᠣᠯ ᠢ | ᠵᠠᠰᠠᠬᠤ ᠰᠢᠯᠭᠠᠨ ᠬᠢᠨᠠᠯᠳᠠ ᠳᠤ ᠬᠤᠶᠡᠳᠣᠭᠠᠷ ᠲᠤ ᠪᠠᠶᠢᠷᠢᠯᠠᠪᠠ᠃ | ︵ᠭᠤᠷᠪᠠ︶ ᠠᠵᠤ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠪᠦᠦ ᠹᠧᠩ ᠡᠨᠧᠷᠬᠢ ᠶᠢᠨ | ᠪᠦᠯᠥᠭᠯᠡᠯ ᠤᠨ ᠵᠢᠯ ᠳᠤ 260 ᠲᠦᠮᠡᠨ ᠲᠣᠨ ᠨᠡᠭᠦᠷᠡᠰᠦ ᠪᠠᠷ ᠠᠯᠺᠸᠠ ᠣᠶᠢᠯᠡᠳᠬᠦ ᠲᠥᠷᠥᠯ ᠵᠣᠶᠢᠯ ᠵᠥᠪᠰᠢᠶᠡᠷᠡᠭᠳᠡᠵᠦ᠂ ᠨᠠᠷᠢᠠᠭᠤᠣᠯ ᠬᠤᠶᠠᠳᠤᠭᠠᠷ | ᠨᠡᠭᠦᠷᠡᠰᠦᠨ ᠠᠭᠤᠷᠬᠠᠶ᠂ ᠮᠣᠳᠣᠨᠴᠠᠶᠢᠳᠠᠮ ᠨᠡᠭᠦᠷᠡᠰᠦᠨ ᠠᠭᠤᠷᠬᠠᠶ ᠶᠢᠨ ᠠᠭᠤᠷᠬᠠᠶ ᠮᠠᠯᠲᠠᠬᠤ ᠦᠨᠡᠮᠯᠡᠯ ᠢ ᠣᠯᠵᠣ᠂ ᠵᠥᠩ ᠲᠢᠶᠠᠨ ᠾᠧ ᠴᠤᠸᠠᠩ | ᠺᠣᠮᠫᠠᠨᠢ ᠶᠢᠨ ᠳᠣᠤᠷ᠎ᠠ ᠳᠠᠷᠤᠯᠲᠠᠲᠤ ᠭᠠᠯ ᠪᠠᠮᠪᠠᠷ ᠤᠨ ᠥᠭᠡᠷᠡᠴᠢᠯᠡᠯᠳᠠ ᠵᠡᠷᠭᠡ 7 ᠲᠥᠷᠥᠯ ᠵᠣᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠣᠶᠢᠯᠡᠳᠪᠦᠷᠢ ᠶᠢᠨ 3 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ᠃ 4.5 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠳᠠᠷᠢᠵᠣ᠂ ᠠᠮᠤ ᠪᠤᠳᠠᠭᠠᠨ ᠤ ᠤᠨᠠᠯᠲᠠ ᠶᠢ 4.8 ᠳ᠋ᠦᠩᠰᠢᠭᠤᠷ ᠵᠢᠩ ᠳᠤ ᠬᠦᠷᠬᠡᠪᠠ᠃ ᠣᠷᠳᠣᠰ ᠨᠠᠷᠢᠨ ᠨᠤᠤᠰᠤᠳᠤ | ᠬᠤᠨᠢ ᠶᠢ ᠴᠢᠨᠠᠷ ᠰᠠᠶᠢᠲᠠᠶ ᠬᠥᠭᠵᠢᠭᠦᠯᠬᠦ ᠲᠥᠷᠥᠯ ᠵᠤᠶᠢᠯ ᠢ ᠪᠥᠬᠦ ᠲᠠᠯ᠎ᠠ ᠪᠠᠷ ᠡᠬᠢᠯᠡᠭᠦᠯᠵᠦ᠂ ᠮᠠᠯᠵᠢᠯ ᠤᠨ ᠵᠢᠱᠢᠶᠠᠴᠢ ᠡᠷᠦᠬᠡ ᠶᠢ 150 ᠪᠣᠢ ᠪᠣᠯᠭᠠᠨ | ᠢᠬᠡᠷᠡᠯᠡᠬᠦᠯᠬᠦ ᠨᠣᠷᠮ᠎ᠠ ᠶᠢ 50% ᠠᠴᠠ ᠳᠠᠪᠠᠭᠤᠯᠪᠠ︔ ᠠᠯᠠᠰᠢᠨ ᠦᠬᠡᠷ ᠮᠠᠯᠵᠢᠬᠤ ᠰᠢᠶᠦ᠋ᠨ ᠮᠧᠩ᠂ ᠰᠢᠶᠦ᠋ᠨ ᠤᠤᠢ 2 ᠠᠵᠣ ᠠᠬᠤᠶᠢᠯᠡᠯ ᠢ ᠠᠮᠵᠢᠯᠳᠠᠳᠠᠢ | ᠣᠷᠣᠭᠤᠯᠣᠨ ᠠᠪᠴᠢᠷᠠᠵᠣ᠂ ᠵᠢᠯ ᠤᠨ ᠮᠠᠯ ᠳᠡᠵᠢᠬᠡᠪᠣᠷᠢ ᠶᠢᠨ ᠳᠤᠭ᠎ᠠ ᠳᠣᠯᠣᠭᠠᠢ 212 ᠲᠦᠮᠡ ᠳᠤ ᠬᠦᠷᠴᠤ ᠦᠪᠡᠷᠳᠡᠬᠡᠨ ᠵᠠᠰᠠᠬᠤ ᠣᠷᠣᠨ ᠤ ᠣᠨᠴᠠᠯᠢᠭᠳᠣ | ᠮᠠᠯ ᠤᠨ ᠠᠰᠢᠭ ᠰᠢᠮ᠎ᠡ ᠶᠢᠨ ᠣᠶᠢᠯᠡᠳᠬᠦᠨ ᠳᠠᠷᠢᠶᠠᠯᠠᠩ ᠤᠨ ᠪᠦᠳᠦᠬᠡᠭᠳᠡᠬᠦᠨ ᠤ ᠳᠠᠪᠠᠭᠤᠯᠢᠭ ᠣᠷᠣᠨ ᠢᠶᠠᠷ ᠳᠣᠭᠳᠠᠭᠠᠭᠳᠠᠪᠠ︔ ᠤᠯᠠᠭᠠᠨᠳᠤᠭ ᠲᠣᠰᠬᠤᠨ ᠤ | ᠢᠳᠡᠰᠢᠨ ᠨᠣᠭᠤᠭᠠᠨ ᠤ ᠰᠠᠭᠤᠷᠢᠨ ᠭᠠᠵᠠᠷ ᠵᠡᠷᠭᠡ ᠲᠥᠷᠥᠯ ᠵᠣᠶᠢᠯ ᠦᠷᠨᠢᠨ ᠬᠥᠭᠵᠢᠵᠦ᠂ ᠭᠠᠴᠠᠭ᠎ᠠ ᠲᠣᠰᠬᠤᠨ ᠪᠣᠯᠭᠠᠨ ᠤ ᠬᠠᠮᠲᠤ ᠶᠢᠨ ᠠᠵᠤ ᠠᠬᠤᠶ ᠶᠢᠨ | ᠣᠷᠣᠯᠭ᠎ᠠ ᠴᠦᠮ 10 ᠲᠦᠮᠡᠨ ᠲᠥᠭᠦᠷᠢᠭ ᠢ ᠳᠠᠪᠠᠪᠠ᠃ ᠰᠢᠷᠬᠤᠰᠣ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠦᠽᠧᠢ ᠶᠢᠨ | ᠠᠵᠢᠯ ᠢ ᠡᠬᠢᠯᠡᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠦᠯᠬᠦᠮ ᠢ ᠤᠷᠢᠵᠤ ᠬᠠᠭᠤᠴᠢ ᠰᠤᠳᠤᠯᠤᠯ ᠤᠨ ᠨᠡᠭᠡᠭᠡᠨ | ᠠᠭᠤᠳᠠᠯᠬᠤ ᠰᠢᠨ᠎ᠡ ᠨᠢᠭᠡ ᠡᠭᠡᠯᠵᠢ ᠶᠢᠨ ᠠᠵᠢᠯ ᠢ ᠥᠷᠨᠢᠭᠦᠯᠪᠡ᠃ ᠬᠤᠪᠢᠰᠬᠠᠯ ᠤᠨ ᠰᠣᠶᠣᠯ ᠢ ᠭᠦᠨᠵᠡᠭᠡᠢ ᠠᠭᠤᠳᠠᠯᠵᠣ ᠰᠢᠷᠬᠤᠰᠣᠨ ᠤ ᠬᠤᠪᠢᠰᠬᠠᠯ ᠤᠨ | ᠬᠥᠮᠦᠵᠢᠯ ᠤᠨ ᠰᠠᠭᠤᠷᠢᠨ ᠢ ᠪᠦᠳᠦᠬᠡᠨ ᠪᠠᠶᠢᠭᠤᠯᠵᠤ ᠤᠯᠤᠰ ᠤᠨ ᠬᠤᠶᠠᠳᠤᠭᠠᠷ ᠪᠦᠯᠦᠭ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ | ᠠᠰᠢᠭᠯᠠᠭᠰᠠᠨ ᠱᠠᠨᠰᠢ ᠭᠠᠨᠰᠦ ᠨᠢᠩᠰᠢᠶᠠ ᠶᠢᠨ ᠵᠠᠯᠭᠠᠯᠳᠣᠯ ᠣᠷᠣᠨ ᠳᠤ ᠵᠢᠭᠰᠠᠭᠠᠨ ᠣᠷᠣᠭᠤᠯᠵᠡᠢ᠃ ︽5 · 19︾ ᠤ ᠵᠢᠭᠤᠯᠴᠢᠯᠠᠯ ᠤᠨ ᠰᠢᠷᠢᠰ | ᠠᠵᠢᠯᠯᠠᠭ᠎ᠠ ᠶᠢ ᠡᠷᠬᠢᠯᠡᠪᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶᠡᠴᠢ ᠬᠤᠰᠢᠭᠤ ᠰᠢᠶᠠᠨ ᠢ | ᠠᠮᠵᠢᠯᠳᠠᠳᠠᠢ ᠡᠬᠦᠳᠪᠠ᠃ ᠨᠠᠷᠢᠠᠭᠤᠣᠯ ᠬᠤᠶᠠᠳᠤᠭᠠᠷ ᠨᠡᠭᠦᠷᠡᠰᠦᠨ ᠠᠭᠤᠷᠬᠠᠢ ᠶᠢᠨ ᠲᠡᠮᠦᠷ ᠵᠠᠮ ᠤᠨ ᠲᠤᠰᠬᠠᠢ ᠱᠤᠭᠤᠮ ᠢ ᠲᠡᠷᠭᠡ ᠨᠡᠪᠲᠡᠷᠡᠬᠦᠯᠵᠣ | ᠦᠢᠯᠡᠳᠪᠦᠷᠢᠯᠡᠯ ᠤᠨ ᠠᠭᠤᠷᠬᠠᠢ ᠶᠢᠨ ᠬᠤᠳᠳᠤᠭ ᠢ ᠪᠦᠬᠦᠨ ᠢ ᠲᠡᠮᠦᠷ ᠵᠠᠮ ᠤᠨ ᠲᠣᠣᠷ ᠲᠤ ᠵᠠᠯᠭᠠᠪᠠ᠃ | ︵ᠳᠥᠷᠪᠡ︶ ᠬᠤᠲᠠ ᠬᠥᠳᠡᠭᠡ ᠠᠭᠤᠰᠤᠯᠴᠠᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠭᠠᠯᠠᠭᠤᠲᠤ ᠭᠠᠯᠲᠤ ᠲᠡᠷᠭᠡᠨ | ᠥᠷᠲᠡᠭᠡ ᠬᠦᠷᠬᠦ ᠵᠠᠰᠠᠮᠠᠯ ᠵᠠᠮ ᠤᠨ ᠵᠠᠯᠭᠠᠯᠲᠠ ᠶᠢᠨ ᠭᠡᠰᠡᠭ ᠢ ᠲᠡᠷᠭᠡ ᠨᠡᠪᠲᠡᠷᠡᠬᠦᠯᠵᠤ ᠬᠤᠢ ᠹᠧᠩ ᠰᠠᠭᠤᠭᠠᠯᠢ ᠠᠷᠠᠳ ᠤᠨ ᠲᠤᠭᠤᠷᠢᠭ ᠵᠡᠷᠭᠡ 57 | ᠰᠠᠭᠤᠭᠠᠯᠢ ᠠᠷᠠᠳ ᠤᠨ ᠲᠣᠭᠤᠷᠢᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠥᠭᠡᠷᠡᠴᠢᠯᠡᠵᠤ ᠰᠤᠪᠤᠷᠭ᠎ᠠ ᠵᠡᠭᠡᠯᠢ᠂ ᠠᠷᠠᠳ ᠤᠨ ᠵᠠᠮ ᠤᠨ ᠵᠡᠭᠡᠯᠢ ᠤᠷᠤᠭᠤ | ᠬᠠᠨᠳᠤᠭᠰᠠᠨ ᠭᠡᠷ ᠪᠠᠶᠢᠰᠢᠩ ᠪᠠ ᠮᠣᠷᠢᠨ ᠤᠷᠤᠯᠳᠤᠭᠠᠨ ᠤ ᠲᠠᠯᠠᠪᠠᠶ ᠶᠢᠨ ᠡᠷᠬᠢᠨ ᠲᠣᠭᠤᠷᠢᠨ ᠢ ᠦᠭᠡᠷᠡᠴᠢᠯᠡᠨ ᠵᠠᠰᠠᠵᠤ 12.5 ᠲᠦᠮᠡᠨ ᠲᠡᠭᠰᠢ ᠳᠥᠷᠪᠡᠯᠵᠢᠨ | ᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ 17 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠴᠡᠴᠡᠷᠯᠢᠭᠵᠢᠭᠦᠯᠦᠨ ᠨᠣᠭᠤᠭᠠᠷᠠᠭᠤᠯᠵᠤ ᠤᠰᠤ ᠪᠠᠷ | ᠵᠠᠶᠢᠯᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ 9 ᠰᠢᠨ᠎ᠡ ᠪᠠᠷ ᠪᠠᠶᠢᠭᠤᠯᠤᠨ ᠠᠷᠠᠳ ᠤᠨ ᠠᠭᠤᠳᠠᠮ ᠲᠠᠯᠠᠪᠠᠶ ᠶᠢᠨ ᠠᠮᠢ ᠠᠬᠤᠶ ᠶᠢᠨ ᠤᠰᠤᠨ ᠰᠢᠰᠲ᠋ᠧᠮ ᠢ | ᠣᠯᠠᠨ ᠲᠦᠮᠡᠨ ᠤ ᠰᠡᠯᠡᠭᠦᠴᠡᠨ ᠲᠤᠭᠤᠷᠢᠬᠤ ᠰᠠᠶᠢᠬᠠᠨ ᠭᠠᠵᠠᠷ ᠪᠣᠯᠭᠠᠪᠠ᠃ G242 ᠱᠤᠭᠤᠮ ᠤᠨ ᠭᠠᠯᠠᠭᠤᠲᠤ ᠠᠴᠠ ᠪᠤᠯᠠᠭ ᠤᠨ ᠭᠤᠤᠯ ᠬᠥᠷᠬᠦ | ᠬᠤᠶᠠᠳᠤᠭᠠᠷ ᠳᠡᠰ ᠤᠨ ᠵᠠᠰᠠᠮᠠᠯ ᠵᠠᠮ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ ᠲᠦᠩᠽᠢ ᠠᠴᠠ ᠬᠤᠶᠠᠳᠤᠭᠠᠷ ᠴᠡᠪᠡᠷᠰᠢᠭᠦᠯᠬᠦ ᠦᠢᠯᠡᠳᠪᠦᠷᠢ | ᠬᠦᠷᠬᠦ ᠭᠤᠷᠪᠠᠳᠤᠭᠠᠷ ᠳᠡᠰ ᠤᠨ ᠵᠠᠰᠠᠮᠠᠯ ᠵᠠᠮ ᠢ ᠶᠡᠬᠡᠪᠡᠷ ᠵᠠᠰᠠᠭᠰᠠᠨ ᠪᠠ ᠬᠦᠳᠡᠭᠡ ᠲᠣᠰᠬᠤᠨ ᠤ 10 ᠵᠤᠷᠪᠤᠰ ᠵᠠᠰᠠᠮᠠᠯ ᠵᠠᠮ ᠢ ᠲᠡᠷᠭᠡ ᠨᠡᠪᠲᠡᠷᠡᠬᠦᠯᠪᠡ᠃ | ᠦᠦᠰᠢᠨ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠤᠨ ᠠᠵᠢᠯ ᠢ ᠡᠬᠢᠯᠡᠭᠦᠯᠵᠦ 376 ᠺᠢᠯᠣᠮᠧᠲᠷ ᠤᠨ ᠬᠦᠳᠡᠭᠡ ᠲᠤᠰᠬᠤᠨ | ᠤ ᠴᠠᠬᠢᠯᠭᠠᠨ ᠲᠣᠣᠷ ᠢ ᠰᠢᠨ᠎ᠡ ᠪᠠᠷ ᠳᠠᠳᠠᠪᠠ᠃ ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ 42 ᠰᠢᠨ᠎ᠡ ᠪᠠᠷ ᠪᠠᠶᠢᠭᠤᠯᠵᠤ ᠭᠠᠯᠠᠭᠤᠲᠤ ᠪᠠᠯᠭᠠᠰᠤᠨ | ᠲᠣᠭᠤᠷᠢᠭ ᠲᠤ 5G ᠰᠦᠯᠵᠢᠶ᠎ᠡ ᠶᠢ ᠨᠡᠪᠲᠡᠷᠡᠭᠦᠯᠪᠡ᠃ ᠰᠢᠷᠬᠤᠰᠤᠨ᠂ ᠦᠦᠰᠢᠨᠵᠤᠤ ᠪᠠᠯᠭᠠᠰᠤᠨ ᠤ ᠪᠠᠯᠭᠠᠰᠤᠨ ᠲᠣᠭᠤᠷᠢᠭ ᠤᠨ ᠬᠤᠭᠤᠯᠠᠢ ᠲᠣᠣᠷ ᠤᠨ | ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠪᠠ᠃ ᠮᠠᠯᠵᠢᠬᠤ ᠲᠠᠷᠢᠶᠠᠯᠠᠬᠤ ᠣᠷᠣᠨ ᠤ 3855 ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠵᠣ | ᠤᠰᠤ ᠪᠠᠷ ᠵᠠᠶᠢᠯᠠᠬᠤ ᠮᠠᠶ᠋ᠢᠭ ᠤᠨ ᠵᠣᠷᠯᠣᠩ 21᠂ ᠪᠣᠬᠢᠷ ᠤᠰᠤ ᠰᠢᠢᠳᠪᠦᠷᠢᠯᠡᠬᠦ ᠵᠢᠵᠢᠭ ᠬᠡᠯᠪᠡᠷᠢ ᠶᠢᠨ ᠦᠢᠯᠡᠳᠪᠦᠷᠢ 5 ᠶᠢ ᠪᠠᠶᠢᠭᠤᠯᠵᠤ ᠠᠮᠢᠳᠤᠷᠠᠯ ᠤᠨ | ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠬᠦᠯᠵᠣ ᠮᠠᠯ ᠵᠢᠭᠦᠷᠲᠡᠨ ᠤ ᠰᠢᠭᠡᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | 90% ᠳᠤ ᠬᠦᠷᠭᠡᠵᠠᠢ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠢᠯᠡᠷᠬᠡᠢ ᠦᠷ᠎ᠡ ᠪᠦᠲᠦᠭᠡᠯ ᠣᠯᠵᠣ ᠰᠢᠷᠬᠤᠰᠤᠨ ᠪᠠᠯᠭᠠᠰᠤᠨ ᠤ | ᠸᠠᠩ ᠶᠣᠣ ᠸᠠᠨ ᠲᠣᠰᠬᠤᠨ ᠤᠯᠤᠰ ᠤᠨ ᠣᠶ ᠰᠢᠭᠤᠶᠢᠳᠣ ᠬᠥᠳᠡᠭᠡ ᠲᠣᠰᠬᠤᠨ ᠢᠶᠠᠷ ᠲᠣᠭᠲᠠᠭᠠᠭᠳᠠᠵᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ | ᠥᠬᠡᠶ ᠠᠭᠤᠷᠬᠠᠶ ᠶᠢ 6 ᠪᠠᠶᠢᠭᠤᠯᠵᠤ ︽ᠨᠤᠮᠢᠨ ᠲᠠᠩᠰᠤᠭ ᠦᠦᠰᠢᠨ︾ ᠤ ᠡᠯᠡᠰᠦ ᠮᠠᠩᠬ᠎ᠠ ᠶᠢ ᠵᠠᠰᠠᠭᠰᠠᠨ ᠬᠠᠮᠲᠤ ᠨᠡᠶᠢᠲᠡ ᠨᠢ ︽ᠤᠮᠠᠷᠠᠲᠤ ᠬᠢᠯᠢ ᠶᠢᠨ | ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠬᠦᠷᠲᠡᠪᠡ᠃ | ︵ᠲᠠᠪᠤ︶ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠬᠦᠯᠪᠡ᠃ ᠲᠤᠭ ᠠᠵᠤ ᠦᠢᠯᠡᠳᠪᠦᠷᠢ ᠶᠢᠨ ᠲᠥᠷᠥᠯ | ᠵᠦᠢᠯ ᠤᠨ ᠲᠣᠭᠤᠷᠢᠭ ᠤᠨ ᠭᠤᠣᠯᠳᠣ ᠨᠠᠢᠮᠠᠳᠤᠭᠠᠷ ᠵᠠᠮ᠂ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠤᠬᠡᠳ ᠤᠨ ᠴᠡᠴᠡᠷᠯᠢᠭ ᠵᠡᠷᠭᠡ | ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ ᠭᠠᠯ ᠤᠨᠲᠠᠷᠠᠭᠠᠬᠤ ᠪᠠᠴᠢᠮ ᠪᠠᠶᠢᠳᠠᠯ ᠢ ᠰᠢᠢᠳᠪᠦᠷᠢᠯᠡᠬᠦ ᠬᠦᠴᠦᠨ ᠢ | ᠲᠡᠭᠦᠯᠳᠡᠷᠵᠢᠭᠦᠯᠦᠨ ᠰᠤᠯᠠ ᠪᠠᠶᠢᠭ᠎ᠠ ᠦᠢᠯᠡᠳᠪᠦᠷᠢ ᠶᠢᠨ ᠬᠡᠷ ᠪᠠᠶᠢᠰᠢᠩ ᠢ ᠠᠰᠢᠭᠯᠠᠨ ︽ᠬᠤᠶᠠᠳᠠᠬᠢ ᠤᠳᠠᠭ᠎ᠠ ᠬᠤᠳᠠᠯᠳᠤᠭᠠᠴᠢᠨ ᠤᠷᠢᠬᠤ︾ ᠠᠵᠢᠯᠯᠠᠭ᠎ᠠ ᠶᠢ | ᠥᠷᠨᠢᠭᠦᠯᠵᠦ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠪᠥᠬᠦ ᠣᠷᠣᠨ ᠤ ᠠᠩᠬᠠᠳᠠᠭᠴᠢ ︽ᠳᠤᠮᠳᠠᠳᠤ ᠤᠯᠤᠰ ᠤᠨ ᠤᠶᠤᠨᠴᠢᠯᠠᠭᠰᠠᠨ | ᠬᠢᠮᠢ ᠶᠢᠨ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠡᠭ︾ ᠤᠨ ᠡᠭᠦᠳᠦᠨ ᠪᠠᠶᠢᠭᠤᠯᠤᠯᠲᠠ ᠶᠢᠨ ᠨᠢᠭᠡᠴᠢ ᠪᠣᠯᠵᠣ ᠬᠦᠷᠢᠶᠡᠯᠡᠩ | ᠲᠣᠭᠤᠷᠢᠭ ᠤᠨ ᠲᠤᠯᠭᠠᠭᠤᠷᠢᠯᠠᠯ᠂ ᠦᠢᠯᠡᠴᠢᠯᠡᠭᠡ᠂ ᠬᠠᠮᠢᠶᠠᠷᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠳᠤᠮᠳᠠ ᠪᠠᠭ᠎ᠠ ᠪᠢᠴᠢᠯ ᠠᠵᠤ | ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠵᠤ ᠡᠷᠡᠭᠦᠯ ᠢᠶᠠᠷ ᠬᠥᠭᠵᠢᠬᠦ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ | ᠬᠡᠷᠡᠭᠵᠢᠭᠦᠯᠵᠦ ᠡᠯ᠎ᠡ ᠲᠦᠷᠦᠯ ᠤᠨ ᠭᠠᠶᠢᠯᠢ ᠶᠢᠨ ᠰᠦᠢᠳᠬᠡᠯ ᠢ 8 ᠳ᠋ᠦᠩᠰᠢᠭᠤᠷ ᠲᠥᠭᠦᠷᠢᠭ ᠬᠠᠰᠤᠨ ᠬᠡᠯᠲᠦᠷᠢᠭᠦᠯᠦᠭᠰᠡᠨ ᠪᠤᠶᠤ ᠬᠤᠶᠢᠰᠢᠯᠠᠭᠤᠯᠤᠨ | ᠲᠤᠰᠢᠶᠠᠯᠭᠠᠵᠤ ᠠᠵᠢᠯ ᠢᠶᠠᠨ ᠰᠡᠷᠭᠦᠭᠡᠭᠰᠡᠨ ᠱᠠᠩᠨᠠᠯ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠭᠰᠠᠨ ᠨᠥᠬᠦᠪᠥᠷᠢ ᠮᠥᠩᠭᠦ ᠶᠢ 2400 ᠲᠦᠮᠡᠨ ᠲᠥᠭᠦᠷᠢᠭ | ᠰᠠᠯᠭᠠᠨ ᠥᠭᠪᠡ᠃ ︽ᠨᠢᠭᠡ ᠴᠣᠩᠬᠤ ᠪᠠᠷ ᠬᠦᠯᠢᠶᠡᠨ ᠠᠪᠴᠤ ᠬᠦᠢᠴᠡᠳᠬᠡᠬᠦ︾ ᠪᠠ ︽ᠮᠤᠵᠢ ᠠᠯᠤᠰᠯᠠᠨ ᠬᠦᠢᠴᠡᠳᠬᠡᠬᠦ︾ ᠶᠢ ᠬᠡᠷᠡᠭᠵᠢᠭᠦᠯᠤᠨ ︽ | ᠬᠢᠨᠠᠭᠤᠯᠬᠤ ᠪᠠᠷᠢᠮᠲᠠ ᠮᠠᠲ᠋ᠧᠷᠢᠶᠠᠯ ᠲᠦᠷ ᠴᠠᠭ ᠲᠤᠲᠠᠭᠤ ᠪᠠᠶᠢᠬᠤ ᠶᠢ ᠵᠦᠪᠰᠢᠶᠡᠷᠡᠬᠦ + ᠠᠮᠠᠯᠠᠯᠲᠠ ᠶᠢᠨ ᠳᠦᠷᠢᠮ︾ ᠪᠠ ᠠᠭᠤᠯᠵᠠᠬᠤ ᠦᠬᠡᠢ ᠪᠠᠷ ᠬᠢᠨᠠᠨ | ᠵᠥᠪᠰᠢᠶᠡᠷᠡᠬᠦ ᠵᠡᠷᠭᠡ ᠦᠢᠯᠡᠴᠢᠯᠡᠭᠡᠨ ᠤ ᠵᠠᠭᠪᠤᠷ ᠢ ᠲᠤᠷᠰᠢᠨ ᠬᠡᠷᠡᠭᠵᠢᠭᠦᠯᠵᠦ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠢᠨᠠᠨ | ᠵᠥᠪᠰᠢᠶᠡᠷᠡᠬᠦ ᠪᠦᠬᠦ ᠶᠠᠪᠤᠴᠠ ᠶᠢ ᠲᠦᠬᠦᠮᠴᠢᠯᠡᠭᠡᠳ 77 ᠠᠵᠢᠯᠯᠠᠬᠤ ᠡᠳᠦᠷ ᠤᠨ ᠳᠣᠲᠣᠷ᠎ᠠ ᠬᠦᠢᠴᠡᠳᠬᠡᠵᠤ᠂ ᠬᠤᠭᠤᠯᠠᠨ ᠭᠡᠷ ᠡᠷᠬᠢᠯᠡᠬᠦ ᠵᠡᠷᠭᠡ 57 | ᠵᠦᠢᠯ ᠤᠨ ᠤᠴᠢᠷ ᠶᠠᠪᠤᠳᠠᠯ ᠢ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠦᠭᠰᠡᠨ 12 ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠣᠳᠣᠯᠣᠯᠳᠠ ᠨᠡᠭᠡᠭᠡᠯᠲᠡ | ᠶᠢᠨ ᠲᠥᠪ ᠢ 2 ᠰᠢᠨ᠎ᠡ ᠪᠠᠷ ᠨᠡᠮᠡᠭᠳᠡᠭᠦᠯᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠪᠠ᠃ ᠠᠷᠠᠳ ᠤᠨ ᠲᠦᠯᠦᠭᠡᠯᠡᠭᠴᠢ | ᠪᠢᠯᠧᠲ ᠦᠭᠴᠦ ᠲᠤᠭᠲᠠᠭᠠᠭᠰᠠᠨ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠤᠨ ᠣᠨ ᠤ ᠡᠭᠦᠷᠭᠡ ᠶᠢ ᠪᠡᠶᠡᠯᠡᠭᠦᠯᠪᠡ᠃ ᠬᠤᠳᠠ ᠪᠠᠯᠭᠠᠰᠤᠨ ᠤ | 1456 ᠬᠥᠮᠦᠨ ᠳᠤ ᠰᠢᠨ᠎ᠡ ᠪᠠᠷ ᠠᠵᠢᠯ ᠣᠯᠭᠤᠪᠠ᠃ 205 ᠪᠠᠭᠰᠢ ᠰᠢᠯᠭᠠᠨ ᠡᠯᠰᠡᠵᠦ᠂ ᠦᠦᠰᠢᠨᠵᠤᠤ ᠪᠠᠭ᠎ᠠ ᠰᠤᠷᠭᠠᠭᠤᠯᠢ ᠵᠡᠷᠭᠡ ᠰᠤᠷᠭᠠᠨ | ᠬᠥᠮᠦᠵᠢᠯ ᠤᠨ 4 ᠲᠦᠷᠦᠯ ᠵᠦᠢᠯ ᠢ ᠪᠠᠶᠢᠭᠤᠯᠤᠨ ᠳᠠᠭᠤᠰᠬᠠᠵᠤ ᠮᠣᠩᠭᠤᠯ ᠦᠨᠳᠦᠰᠦᠲᠡᠨ ᠤ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢ | ᠰᠢᠨ᠎ᠡ ᠪᠠᠷ ᠪᠠᠶᠢᠭᠤᠯᠬᠤ ᠪᠠ ᠨᠢᠭᠡᠳᠦᠭᠡᠷ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ ᠲᠦᠷᠦᠯ ᠵᠦᠢᠯ ᠢ ᠱᠠᠯᠠᠪᠳᠠᠨ ᠬᠡᠷᠡᠭᠵᠢᠭᠦᠯᠪᠡ᠃ 46 | ᠡᠮᠴᠢᠯᠡᠭᠡᠨ ᠤ ᠮᠡᠷᠭᠡᠵᠢᠯ ᠤᠨ ᠠᠵᠢᠯᠲᠠᠨ ᠢ ᠰᠢᠯᠭᠠᠨ ᠡᠯᠰᠡᠵᠤ᠂ 5579 ᠵᠤᠬᠢᠬᠤ ᠨᠠᠰᠤᠨ ᠳᠤ ᠬᠦᠷᠦᠭᠰᠡᠨ ᠡᠮᠡᠭᠲᠡᠶᠢᠴᠦᠳ ᠲᠤ ᠰᠦᠢᠳᠬᠡᠯ ᠬᠤᠷᠢᠶᠠᠬᠤ | ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠣ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠪᠠ | ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠨ 6500 ᠲᠦᠮᠡᠨ ᠲᠥᠭᠦᠷᠢᠭ ᠤᠨ ᠪᠠᠯᠠ ᠣᠷᠣᠭᠤᠯᠵᠤ | ᠡᠮᠴᠢᠯᠡᠭᠡᠨ ᠤ ᠲᠥᠬᠦᠭᠡᠷᠦᠮᠵᠢ ᠶᠢ ᠰᠢᠨᠡᠳᠬᠡᠪᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠢᠨᠠᠨ ᠬᠡᠮᠵᠢᠬᠦ ᠦᠷᠳᠡᠭᠡ ᠶᠢ ᠪᠠᠶᠢᠭᠤᠯᠪᠠ᠃ | ᠦᠦᠰᠢᠨᠵᠤᠤ ᠠᠰᠠᠷᠠᠨ ᠬᠠᠷᠠᠭᠠᠯᠵᠠᠬᠤ ᠬᠦᠷᠢᠶᠡᠯᠡᠩ ᠵᠡᠷᠭᠡ 3 ᠨᠠᠰᠤᠵᠢᠯ ᠤᠨ ᠠᠰᠠᠷᠠᠮᠵᠢ ᠶᠢᠨ ᠲᠦᠷᠦᠯ ᠵᠦᠢᠯ ᠤᠨ ᠠᠵᠢᠯ ᠢ ᠡᠬᠢᠯᠡᠭᠦᠯᠪᠡ᠃ ᠮᠠᠯ ᠤᠨ | ᠡᠮᠴᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠩᠨᠡᠭᠡ ᠶᠢ 6 ᠪᠠᠶᠢᠭᠤᠯᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠤᠨ ᠬᠥᠯ | ᠪᠥᠮᠪᠦᠭᠡ ᠶᠢᠨ ᠣᠷᠳᠣᠨ ᠢ ᠠᠰᠢᠭᠯᠠᠯᠲᠠ ᠳᠤ ᠣᠷᠣᠭᠤᠯᠪᠠ᠃ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢ | ᠡᠷᠭᠢᠯᠡᠪᠡ᠃ ᠵᠢᠷᠤᠭ᠎ᠠ ᠮᠤᠷᠢᠨ ᠤ ᠤᠷᠤᠯᠳᠤᠭᠠᠨ ᠨᠢ ᠲᠠᠪᠤᠳᠤᠭᠠᠷ ᠪᠦᠯᠦᠭ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ | ᠰᠣᠩᠭᠤᠭᠳᠠᠵᠤ ︽ᠦᠦᠰᠢᠨᠵᠤᠤ ᠪᠣᠯᠤᠨ ᠪᠤᠷᠤᠯᠳᠠᠢ︾ ᠵᠡᠷᠭᠡ ᠨᠣᠮ ᠰᠤᠳᠤᠷ ᠬᠡᠪᠯᠡᠭᠳᠡᠪᠡ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢ ᠰᠠᠷ᠎ᠠ ᠪᠦᠷᠢ ᠲᠣᠰ ᠲᠣᠰ 115 ᠲᠥᠭᠦᠷᠢᠭ ᠪᠠ 50 ᠲᠥᠭᠦᠷᠢᠭ ᠨᠡᠮᠡᠭᠳᠡᠬᠦᠯᠵᠣ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠶᠢᠨ | ᠠᠵᠢᠯ ᠠᠴᠠ ᠪᠠᠨ ᠪᠠᠭᠤᠭᠰᠠᠳ ᠪᠠ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ ᠲᠣᠰ ᠲᠣᠰ 133 ᠪᠠ 194 ᠲᠥᠭᠦᠷᠢᠭ | ᠨᠡᠮᠡᠭᠳᠡᠬᠦᠯᠪᠠ᠃ ᠤᠰᠤᠨ ᠰᠤᠷᠪᠤᠯᠵᠢ ᠶᠢᠨ ᠤᠷᠤᠨ ᠤ 57 ᠡᠷᠦᠬᠡ ᠪᠠ ᠠᠭᠤᠷᠬᠠᠶ ᠶᠢᠨ ᠣᠷᠣᠨ ᠤ 300 ᠡᠷᠦᠬᠡ ᠶᠢᠨ ᠠᠷᠠᠳ ᠢ ᠰᠢᠨ᠎ᠡ ᠣᠷᠣᠨ | ᠰᠠᠭᠤᠴᠠ ᠳᠤ ᠨᠢ ᠨᠡᠬᠦᠯᠭᠡᠨ ᠤᠷᠤᠭᠤᠯᠪᠠ᠃ | ︵ᠳᠣᠯᠤᠭ᠎ᠠ︶ ᠵᠠᠰᠠᠯᠲᠠ ᠶᠢᠨ ᠴᠢᠳᠠᠪᠤᠷᠢ ᠪᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠬᠦᠯᠪᠡ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠳᠠᠭᠤᠰᠬᠠᠪᠠ᠃ ᠴᠠᠭᠳᠠᠭ᠎ᠠ ᠶᠢ ᠬᠠᠷᠠᠭᠠᠯᠵᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ︽ᠤᠶᠤᠨᠲᠤ | ᠳᠣᠲᠣᠭᠠᠳᠤ ᠶᠢ ᠬᠠᠮᠠᠭᠠᠯᠠᠬᠤ︾ ᠠᠮᠤᠭᠤᠯᠠᠩ ᠦᠦᠰᠢᠨ ᠤ ᠮᠡᠷᠭᠡᠵᠢᠯ ᠢᠶᠠᠷ ᠰᠡᠷᠭᠡᠶᠢᠯᠡᠬᠦ ᠰᠢᠰᠲ᠋ᠧᠮ ᠢ ᠡᠯ᠎ᠡ ᠪᠠᠯᠭᠠᠰᠤᠨ ᠲᠣᠭᠤᠷᠢᠭ᠂ ᠭᠤᠣᠯ ᠵᠠᠮ ᠤᠨ | ᠠᠭᠤᠯᠵᠠᠷ ᠪᠠ ᠰᠤᠷᠭᠠᠭᠤᠯᠢ ᠬᠡᠦᠬᠡᠳ ᠤᠨ ᠴᠡᠴᠡᠷᠯᠢᠭ ᠲᠤ ᠨᠡᠶᠢᠳᠡᠮᠵᠢᠬᠦᠯᠪᠡ᠃ ᠨᠦᠭᠴᠢᠭᠰᠡᠨ ᠪᠠᠭᠠᠲᠤᠷᠴᠤᠳ ᠤᠨ ᠬᠦᠷᠢᠶᠡᠯᠡᠩ ᠢ ᠰᠡᠯᠪᠢᠨ ᠵᠠᠰᠠᠵᠤ ︽ | ᠬᠤᠶᠠᠷ ᠢ ᠬᠦᠷᠢᠶᠡᠯᠡᠬᠦ︾ ᠭᠤᠤᠯ ᠰᠡᠲᠦᠪᠲᠦ ᠴᠡᠴᠡᠷᠯᠢᠭ ᠪᠠ ᠵᠡᠭᠡᠯᠢ ᠶᠢ ᠡᠭᠦᠳᠦᠨ ᠪᠠᠶᠢᠭᠤᠯᠪᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠲᠦᠷᠦᠯ ᠢᠶᠠᠷ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠪᠠ᠃ ᠬᠠᠮ ᠵᠠᠭᠤᠴᠢᠯᠠᠭᠤᠷ ᠤᠨ ᠲᠥᠪ ᠪᠠ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠨᠡᠭᠦᠯᠬᠡᠪᠡ᠃ | ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠪᠠᠲᠤᠯᠠᠭ᠎ᠠ ᠶᠢᠨ ᠲᠥᠪ ᠨᠢ ᠤᠯᠤᠰ ᠤᠨ ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠵᠢᠱᠢᠶᠡᠴᠢ ᠨᠢᠭᠡᠴᠢ ᠪᠠᠷ ᠨᠡᠷᠡᠯᠡᠭᠳᠡᠪᠡ᠃ 1 ᠬᠥᠮᠦᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠶᠢᠨ ᠴᠣᠯᠠ ᠭᠥᠷᠳᠡᠪᠡ᠃ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠪᠠ᠃ ᠸᠠᠨ ᠯᠢ | ᠰᠠᠭᠤᠭᠠᠯᠢ ᠠᠷᠠᠳ ᠤᠨ ᠲᠣᠭᠤᠷᠢᠭ ᠵᠡᠷᠭᠡ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠢ | ᠲᠦᠷᠭᠡᠳᠬᠡᠨ ᠰᠢᠢᠳᠪᠦᠷᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠯ ᠵᠦᠪᠯᠡᠯᠬᠡ 39 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ 51 ᠬᠤᠪᠢ ᠰᠢᠢᠳᠪᠦᠷᠢᠯᠡᠪᠡ᠃ ᠰᠣᠨᠢᠨ | ᠮᠡᠳᠡᠭᠡ ᠨᠡᠶᠢᠲᠡᠯᠡᠬᠦ ᠬᠤᠷᠠᠯ ᠢ 8 ᠤᠳᠠᠭ᠎ᠠ ᠬᠤᠷᠠᠯᠳᠤᠭᠤᠯᠪᠠ᠃ ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠬᠠᠣᠯᠢᠵᠢᠯ ᠵᠠᠰᠠᠭ ᠤᠨ ᠣᠷᠳᠣᠨ᠂ ᠲᠠᠩᠰᠠ ᠡᠪᠬᠡᠮᠡᠯ ᠲᠡᠤᠬᠡ ᠣᠶᠢᠯᠠᠯᠭ᠎ᠠ᠂ ᠬᠤᠶᠠᠷ ᠢ ᠬᠦᠷᠢᠶᠡᠯᠡᠬᠦ᠂ ᠨᠠᠰᠤᠲᠠᠶᠢᠴᠤᠳ᠂ ᠡᠮᠡᠭᠲᠡᠶᠢᠴᠦᠳ ᠬᠡᠤᠬᠡᠳ ᠪᠠᠭᠠᠴᠤᠳ | ᠂ ᠭᠠᠵᠠᠷ ᠬᠥᠳᠡᠯᠦᠯᠲᠡ ᠴᠠᠭ ᠠᠭᠤᠷ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ︕ ᠰᠢᠷᠭᠠᠭᠤ ᠬᠠᠲᠠᠭᠤᠵᠢᠯ ᠢᠶᠠᠷ ᠠᠭᠤᠤ ᠶᠡᠭᠡ ᠦᠢᠯᠡᠰ ᠢ ᠡᠭᠦᠳᠴᠦ᠂ ᠴᠢᠷᠮᠠᠶᠢᠯᠭ᠎ᠠ ᠲᠡᠮᠡᠴᠡᠯ ᠢᠶᠠᠷ ᠭᠡᠷᠡᠯ ᠰᠠᠴᠤᠷᠠᠩᠭᠤᠢ | ᠠᠮᠵᠢᠯᠲᠠ ᠶᠢ ᠣᠯᠳᠠᠭ︕ 2020 ᠣᠨ ᠳᠤ ᠣᠯᠤᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠨᠢ ᠵᠥᠪᠬᠡᠨ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠤ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠦᠷᠯᠢᠭ ᠰᠠᠶᠢᠬᠠᠨ ᠵᠢᠷᠤᠭ ᠤᠨ | ᠳᠣᠲᠣᠷᠠᠬᠢ ᠨᠢᠭᠡ ᠬᠠᠭᠤᠳᠠᠰᠤ ᠲᠡᠳᠦᠶ ᠶᠤᠮ᠃ | ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠵᠤ | ᠡᠯ᠎ᠡ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ ︽ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ︾ ᠢᠯᠡᠳᠲᠡ ᠦᠷ᠎ᠡ ᠪᠦᠲᠦᠮᠵᠢ ᠣᠯᠵᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠨᠡᠯᠢᠶᠡᠳ | ᠰᠠᠶᠢᠨ ᠪᠡᠶᠡᠯᠡᠭᠦᠯᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠳᠦᠬᠡᠬᠦ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠰᠢᠢᠳᠪᠦᠷᠢᠲᠦ | ᠴᠢᠨᠠᠷᠲᠠᠢ ᠠᠮᠵᠢᠯᠲᠠ ᠪᠦᠲᠦᠮᠵᠢ ᠨᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ ᠨᠤᠮᠢᠨ ᠲᠠᠩᠰᠤᠭ ᠬᠦᠭᠵᠢᠨ | ᠮᠠᠨᠳᠤᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ︕ | ᠲᠠᠪᠤᠨ ᠵᠢᠯ ᠤᠨ ᠲᠤᠷᠰᠢ ᠪᠢᠳᠡ ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠰᠤᠯᠠᠷᠠᠭᠤᠯᠤᠯ ᠦᠭᠡᠶ ᠴᠢᠩᠭ᠎ᠠ ᠠᠳᠬᠤᠵᠦ 39 ᠴᠢᠬᠤᠯᠠ | ᠶᠡᠭᠡ ᠲᠥᠷᠥᠯ ᠵᠦᠢᠯ ᠢ ᠣᠷᠣᠭᠤᠯᠤᠨ ᠠᠪᠴᠢᠷᠠᠵᠤ ᠬᠡᠷᠡᠭᠵᠢᠭᠦᠯᠦᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 1074.8 ᠳ᠋ᠦᠩᠰᠢᠭᠤᠷ | ᠲᠥᠭᠦᠷᠢᠭ ᠪᠡᠶᠡᠯᠡᠭᠦᠯᠣᠨ ᠵᠥᠩ ᠲᠢᠶᠠᠨ ᠾᠧ ᠴᠤᠸᠠᠩ ᠺᠣᠮᠫᠠᠨᠢ ᠵᠡᠷᠭᠡ ᠴᠢᠬᠤᠯᠠ ᠶᠡᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠦ ᠮᠠᠯ ᠲᠠᠷᠢᠶᠠᠯᠠᠩ | ᠠᠵᠤ ᠠᠬᠤᠶ ᠶᠢᠨ ᠠᠵᠤ ᠦᠢᠯᠡᠰ ᠤᠨ ᠬᠤᠯᠪᠣᠭᠠᠲᠤ ᠴᠣᠭᠴᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠰᠠᠶᠢᠲᠤᠷ ᠬᠥᠭᠵᠢᠬᠦᠯᠵᠦ | ᠬᠤᠪᠢᠰᠬᠠᠯ ᠤᠨ ᠰᠣᠶᠣᠯ ᠬᠢᠭᠡᠳ ᠪᠣᠬᠢᠷᠲᠤᠯ ᠥᠬᠡᠶ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠰᠤᠯᠴᠠᠭᠤᠯᠤᠨ ᠨᠢᠭᠡ ᠪᠦᠯᠦᠭ | ᠢᠷᠡᠯᠲᠡ ᠰᠠᠶᠢᠲᠠᠶ ᠭᠠᠶᠢᠯᠢ ᠶᠢᠨ ᠴᠡᠭ ᠢ ᠲᠦᠷᠭᠡᠨ ᠪᠦᠷᠢᠯᠳᠦᠬᠦᠯᠵᠦ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠵᠢᠯ ᠪᠦᠷᠢ | ᠬᠤᠶᠠᠷ ᠣᠷᠣᠨᠲᠤ ᠲᠤᠭ᠎ᠠ ᠠᠴᠠ ᠳᠡᠭᠡᠭᠰᠢ ᠨᠡᠮᠡᠭᠳᠡᠬᠦᠯᠬᠦ ᠶᠢ ᠪᠠᠲᠤᠯᠠᠨ ᠲᠠᠪᠤᠨ ᠵᠢᠯ ᠳᠤ ᠨᠡᠶᠢᠲᠡ 127.2 ᠳ᠋ᠦᠩᠰᠢᠭᠤᠷ ᠲᠥᠭᠦᠷᠢᠭ ᠪᠡᠶᠡᠯᠡᠭᠦᠯᠵᠦ ᠣᠷᠣᠨ | ᠨᠤᠲᠤᠭ ᠤᠨ ᠦᠢᠯᠡᠳᠪᠤᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 5.4% ᠪᠠᠷ ᠨᠡᠮᠡᠭᠳᠡᠬᠦᠯᠦᠨ ᠶᠡᠷᠦᠩᠬᠡᠶᠢᠯᠡᠭᠰᠡᠨ ᠪᠣᠳᠠᠲᠤ ᠬᠦᠴᠦᠨ | ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 21 ᠳ᠋ᠤᠭᠡᠷ ᠲᠤ ᠳᠠᠪᠰᠢᠨ ᠤᠷᠤᠪᠠ᠃ | ᠲᠠᠪᠤᠨ ᠵᠢᠯ ᠤᠨ ᠲᠤᠷᠰᠢ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠡᠯᠡ ᠣᠷᠣᠭᠤᠯᠤᠯᠲᠠ ᠶᠢ 167 ᠳ᠋ᠦᠩᠰᠢᠭᠤᠷ ᠲᠥᠭᠦᠷᠢᠭ ᠲᠤ ᠬᠦᠷᠭᠡᠵᠦ ᠬᠤᠲᠠ ᠪᠠᠯᠭᠠᠰᠤᠨ ᠤ 9730 | ᠬᠥᠮᠦᠨ ᠳᠤ ᠰᠢᠨ᠎ᠡ ᠪᠠᠷ ᠠᠵᠢᠯ ᠣᠯᠭᠤᠵᠤ ᠭᠤᠷᠪᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ᠂ ᠲᠤᠭ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠤᠯᠭᠠᠨ ᠳᠤᠮᠳᠠᠴᠢ ᠪᠠᠷ ᠲᠣᠰ ᠲᠣᠰ 6.2% | ᠪᠠ 8.7% ᠨᠡᠮᠡᠭᠳᠡᠬᠦᠯᠵᠦ᠂ ᠵᠠᠭᠤᠨ ᠡᠷᠤᠭᠡ ᠪᠤᠯᠭᠠᠨ ᠤ ᠪᠠᠭ᠎ᠠ ᠮᠠᠰᠢᠨ ᠤ ᠲᠤᠭ᠎ᠠ 70 ᠰᠠᠭᠤᠷᠢ ᠶᠢ ᠳᠠᠪᠠᠵᠦ᠂ 847 ᠶᠠᠳᠠᠭᠤ ᠬᠦᠴᠢᠷᠳᠡᠯᠲᠡᠶ ᠣᠯᠠᠨ | ᠲᠦᠮᠡᠨ ᠰᠢᠨ᠎ᠡ ᠠᠮᠢᠳᠤᠷᠠᠯ ᠢᠶᠠᠨ ᠡᠬᠢᠯᠡᠬᠦᠯᠣᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ | ᠪᠠᠷᠢᠮᠵᠢᠶ᠎ᠠ ᠶᠢ ᠵᠡᠷᠭᠡᠪᠡᠷ ᠳᠡᠭᠡᠭᠰᠢᠯᠡᠭᠦᠯᠤᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠬᠥᠮᠦᠨ ᠤ | ᠲᠤᠭ᠎ᠠ ᠶᠢ ᠭᠤᠷᠪᠠᠨ ᠤ ᠬᠤᠶᠠᠷ ᠬᠤᠪᠢ ᠪᠠᠷ ᠪᠠᠭᠤᠷᠠᠭᠤᠯᠵᠦ ᠣᠯᠠᠨ ᠲᠦᠮᠡᠨ ᠤ ᠠᠰᠢᠭ ᠬᠦᠷᠳᠡᠭᠰᠡᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ ᠢ ᠢᠯᠡᠳᠳᠡ | ᠳᠡᠭᠡᠭᠰᠢᠯᠡᠬᠦᠯᠪᠡ᠃ | ᠲᠠᠪᠤᠨ ᠵᠢᠯ ᠤᠨ ᠲᠤᠷᠰᠢ᠂ ᠪᠢᠳᠡ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠨᠣᠯᠵᠢᠬᠤᠨ ᠢ ᠲᠠᠰᠤᠷᠠᠯᠲᠠ ᠥᠬᠡᠶ | ᠭᠦᠨᠵᠡᠭᠡᠶᠢᠷᠡᠭᠦᠯᠤᠨ ᠬᠤᠯᠪᠤᠭᠠᠯᠵᠢ ᠠᠴᠠ ᠵᠢᠢ ᠠᠨ ᠬᠦᠷᠬᠦ ᠲᠡᠮᠦᠷ ᠵᠠᠮ ᠪᠠ ᠮᠠᠨ ᠤ ᠬᠤᠰᠢᠭᠤᠨ ᠤ ᠠᠩᠬᠠᠳᠠᠭᠴᠢ ᠠᠶᠠᠨᠴᠢᠳ ᠤᠨ ᠭᠠᠯᠲᠤ ᠲᠡᠷᠭᠡ ᠶᠢ | ᠨᠡᠪᠲᠡᠷᠡᠭᠦᠯᠵᠣ ᠬᠦᠷᠰᠢ ᠵᠡᠷᠭᠡᠯᠡᠳᠡᠭᠡ 7 ᠬᠤᠰᠢᠭᠤ ᠰᠢᠶᠠᠨ ᠲᠣᠭᠤᠷᠢᠭ ᠬᠦᠷᠬᠦ ︽ᠨᠢᠭᠡ ᠴᠠᠭ︾ ᠤᠨ ᠵᠠᠮ ᠬᠠᠷᠢᠯᠴᠠᠭᠠᠨ ᠤ ᠴᠠᠭᠠᠷᠢᠭ ᠢ ᠪᠠᠶᠢᠭᠤᠯᠤᠨ 61 | ᠭᠠᠴᠠᠭ᠎ᠠ ᠲᠣᠰᠬᠤᠨ ᠳᠤ ᠴᠥᠮ ᠴᠡᠷᠳᠠᠮᠠᠯ ᠵᠠᠮ ᠢ ᠨᠡᠪᠲᠡᠷᠡᠭᠦᠯᠪᠡ᠃ ᠲᠥᠪᠯᠡᠷᠡᠩᠭᠦᠶ ᠮᠠᠶ᠋ᠢᠭ ᠤᠨ ᠠᠶᠤᠯᠭᠦᠶ ᠤᠤᠭᠤᠬᠤ ᠤᠰᠤ ᠪᠠ ᠪᠠᠶᠢᠭᠠᠯᠢ ᠶᠢᠨ ᠰᠢᠲᠠᠮᠠᠬᠠᠶ | ᠬᠡᠶ ᠶᠢ ᠲᠥᠪᠯᠡᠷᠡᠨ ᠰᠠᠭᠤᠷᠢᠰᠢᠭᠰᠠᠨ ᠰᠠᠭᠤᠭᠠᠯᠢ ᠠᠷᠠᠳ ᠤᠨ ᠴᠡᠭ ᠲᠤ ᠨᠡᠶᠢᠳᠡᠮᠵᠢᠬᠦᠯᠪᠡ᠃ 1 ᠰᠠᠭᠤᠷᠢ 500 ᠺᠢᠯᠤᠸᠤᠯᠲ᠂ 4 ᠰᠠᠭᠤᠷᠢ 220 | ᠺᠢᠯᠤᠸᠤᠯᠲ᠂ 8 ᠰᠠᠭᠤᠷᠢ 110 ᠺᠢᠯᠤᠸᠤᠯᠲ᠂ 20 ᠰᠠᠭᠤᠷᠢ 35 ᠺᠢᠯᠤᠸᠤᠯᠲ ᠤᠨ ᠬᠦᠴᠦᠳᠡᠯ ᠬᠦᠷᠬᠡᠵᠣ ᠬᠤᠪᠢᠰᠬᠠᠬᠤ ᠦᠷᠳᠡᠭᠡ ᠪᠠᠷ | ᠲᠤᠯᠭᠠᠭᠤᠷᠢᠯᠠᠭᠴᠢ ᠪᠣᠯᠭᠠᠭᠰᠠᠨ ᠴᠠᠬᠢᠯᠭᠠᠨ ᠬᠦᠴᠦᠨ ᠤ ᠲᠣᠣᠷ ᠢ ᠪᠠᠶᠢᠭᠤᠯᠪᠠ᠃ ᠥᠷᠭᠡᠨ ᠪᠦᠰᠡᠲᠤ ᠰᠦᠯᠵᠢᠶ᠎ᠡ ᠶᠢ ᠵᠠᠰᠠᠭ ᠵᠠᠬᠢᠷᠭᠠᠨ ᠤ ᠭᠠᠴᠠᠭ᠎ᠠ | ᠲᠣᠰᠬᠤᠨ ᠳᠤ 100% ᠪᠠᠷ ᠨᠡᠪᠲᠡᠷᠡᠭᠦᠯᠵᠦ᠂ ᠰᠢᠯᠵᠢᠮᠡᠯ ᠬᠤᠯᠪᠤᠭᠠᠨ ᠤ ᠰᠦᠯᠵᠢᠶ᠎ᠡ ᠶᠢ ᠬᠤᠳᠠ ᠬᠥᠳᠡᠭᠡ ᠳᠤ ᠨᠡᠶᠢᠳᠡᠮᠵᠢᠬᠦᠯᠪᠡ᠃ ᠤᠯᠠᠭᠠᠨᠮᠥ᠋ᠴᠢᠷ ᠪᠣᠯᠤᠨ | ᠮᠤᠷᠢᠨ ᠬᠤᠭᠤᠷ ᠤᠨ ᠨᠠᠶᠢᠷᠠᠯ ᠬᠥᠭᠵᠢᠮ ᠤᠨ ᠪᠦᠯᠬᠦᠮ ᠭᠠᠳᠠᠭᠠᠳᠤ ᠤᠯᠤᠰ ᠲᠤ ᠲᠤᠭᠯᠠᠯᠲᠠ ᠭᠠᠷᠭᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠲᠦᠭ ᠲᠦᠮᠡᠨ ᠠᠶᠢᠯ ᠡᠷᠦᠬᠡ ᠳᠤ ᠬᠦᠷᠭᠡᠵᠦ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠲᠦᠷᠦᠭᠳᠡᠯ ᠢ ᠤᠯᠠᠮ | ᠨᠡᠮᠡᠭᠳᠡᠭᠦᠯᠦᠭᠰᠡᠨ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢᠨ ᠲᠦᠷᠢ ᠲᠦᠷᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠶᠡᠭᠡ ᠪᠠᠷ ᠰᠠᠶᠢᠵᠢᠷᠠᠭᠤᠯᠤᠨ | ᠮᠠᠯᠵᠢᠬᠤ ᠲᠠᠷᠢᠶᠠᠯᠠᠬᠤ ᠣᠷᠣᠨ ᠤ 5600 ᠭᠠᠷᠤᠶ ᠡᠷᠦᠬᠡ ᠶᠢᠨ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠪᠠ 1.1 ᠲᠦᠮᠡ ᠭᠠᠷᠤᠶ ᠡᠷᠦᠬᠡ ᠶᠢᠨ | ᠵᠣᠷᠯᠣᠩ ᠢ ᠥᠭᠡᠷᠡᠴᠢᠯᠡᠨ ᠰᠢᠨᠡᠳᠬᠡᠵᠦ ᠰᠤᠮᠤ ᠪᠠᠯᠭᠠᠰᠤ ᠪᠤᠯᠭᠠᠨ ᠳᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢ | ᠠᠳᠠᠭ ᠲᠠᠭᠠᠨ 1 ᠪᠠᠶᠢᠭᠤᠯᠵᠣ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠤ | ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠪᠡ᠃ ᠪᠤᠷᠤ ᠭᠡᠷᠲᠤ ᠲᠣᠭᠤᠷᠢᠭ ᠤᠨ ᠦᠬᠡᠷᠡᠴᠢᠯᠡᠯᠳᠡ ᠶᠢ 16.6 ᠲᠦᠮᠡᠨ ᠲᠡᠭᠰᠢ ᠳᠥᠷᠪᠡᠯᠵᠢᠨ ᠮᠧᠲᠷ | ᠬᠡᠷᠡᠭᠵᠢᠬᠦᠯᠵᠣ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠠᠴᠠ ᠪᠤᠯᠤᠭᠰᠠᠨ ᠦᠯᠡᠳᠡᠭᠳᠡᠯ ᠠᠰᠠᠭᠤᠳᠠᠯ ᠢ 13.1 ᠲᠦᠮᠡᠨ ᠲᠡᠭᠰᠢ ᠳᠥᠷᠪᠡᠯᠵᠢᠨ ᠮᠧᠲᠷ | ᠰᠢᠢᠳᠪᠤᠷᠢᠯᠡᠵᠦ ᠠᠮᠢ ᠠᠬᠤᠶ ᠶᠢᠨ ᠤᠰᠤᠨ ᠰᠢᠰᠲ᠋ᠧᠮ ᠪᠠ ᠵᠡᠭᠡᠯᠢ ᠤᠷᠤᠭᠤ ᠬᠠᠨᠳᠤᠭᠰᠠᠨ ᠭᠡᠷ ᠪᠠᠶᠢᠰᠢᠩ ᠢ ᠥᠭᠡᠷᠡᠴᠢᠯᠡᠬᠦ᠂ ᠨᠣᠭᠤᠭᠠᠷᠠᠭᠤᠯᠤᠨ | ᠭᠤᠶᠣᠵᠢᠭᠤᠯᠬᠤ᠂ ᠰᠠᠭᠤᠷᠢ ᠬᠤᠭᠤᠯᠠᠶ ᠲᠣᠤᠷ ᠢ ᠨᠡᠶᠢᠳᠡᠮᠵᠢᠬᠦᠯᠬᠦ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠵᠠᠯᠭᠠᠭ᠎ᠠ ᠪᠠᠷ ᠬᠡᠷᠡᠭᠵᠢᠭᠦᠯᠵᠦ ᠣᠷᠣᠰᠢᠨ | ᠰᠠᠭᠤᠷᠢᠰᠢᠬᠤ ᠳᠤ ᠨᠠᠩ ᠳᠠᠭᠠᠯᠠᠮᠵᠢᠲᠠᠢ ᠬᠤᠲᠠ ᠬᠥᠳᠡᠭᠡ ᠶᠢᠨ ᠠᠮᠢᠳᠤᠷᠠᠯ ᠤᠨ ᠣᠷᠴᠢᠨ ᠨᠦᠬᠦᠴᠡᠯ ᠢ ᠪᠣᠢ ᠪᠣᠯᠭᠠᠭᠰᠠᠨ ᠪᠠᠶᠢᠨ᠎ᠠ᠃ ᠮᠤᠤᠠᠤᠰᠤ ᠶᠢᠨ | ᠡᠯᠡᠰᠦᠷᠬᠡᠭ ᠭᠠᠵᠠᠷ ᠤᠨ ᠵᠠᠰᠠᠯᠲᠠ ᠨᠢ ᠨᠠᠮ ᠤᠨ ᠲᠥᠪ ᠬᠤᠷᠢᠶ᠎ᠠ ᠶᠢᠨ ᠨᠤᠲᠠᠯᠠᠯᠲᠠ ᠶᠢ ᠣᠯᠵᠤ ᠣᠷᠴᠢᠨ ᠲᠣᠭᠤᠷᠢᠨ ᠢ ᠨᠥᠯᠥᠭᠡᠯᠡᠵᠦ ᠪᠠᠶᠢᠭ᠎ᠠ ᠳᠤᠪᠤᠶᠢᠮ᠎ᠠ | ᠠᠰᠠᠭᠤᠳᠠᠯ ᠢ ᠪᠦᠬᠦ ᠲᠠᠯ᠎ᠠ ᠪᠠᠷ ᠵᠠᠰᠠᠪᠠ᠃ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠤᠷ ᠢ ᠪᠠᠶᠢᠭᠤᠯᠵᠤ ᠬᠤᠰᠢᠭᠤ ᠱᠠᠲᠤᠨ ᠤ | 30 ᠰᠠᠯᠠᠭ᠎ᠠ ᠮᠥᠴᠢᠷ ᠤᠨ 1527 ᠲᠦᠷᠦᠯ ᠤᠨ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠣᠴᠢᠷ ᠶᠠᠪᠤᠳᠠᠯ ᠢ ᠵᠠᠰᠠᠭ ᠤᠨ ᠶᠠᠪᠤᠳᠠᠯ ᠤᠨ ᠲᠢᠩᠬᠢᠮ ᠳᠤ | ᠣᠷᠣᠭᠤᠯᠤᠨ ᠲᠥᠪᠯᠡᠷᠡᠭᠦᠯᠦᠨ ᠬᠦᠢᠴᠡᠳᠬᠡᠵᠦ ᠪᠠᠶᠢᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ 4200 ᠭᠠᠷᠤᠶ ᠰᠢᠨ᠎ᠡ ᠪᠠᠷ ᠨᠡᠮᠡᠭᠳᠡᠭᠦᠯᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠢ 19 ᠵᠥᠪᠰᠢᠶᠡᠷᠡᠬᠦᠯᠵᠦ᠂ ᠤᠯᠤᠰ ᠤᠨ ᠥᠮᠴᠢᠯᠡᠯᠲᠤ ᠪᠦᠯᠦᠭᠯᠡᠯ ᠤᠨ ᠺᠣᠮᠫᠠᠨᠢ ᠶᠢ 5 ᠪᠠᠶᠢᠭᠤᠯᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ᠂ | ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠪᠠ᠃ | ᠲᠠᠪᠤᠨ ᠵᠢᠯ ᠤᠨ ᠲᠤᠷᠰᠢ᠂ ᠪᠢᠳᠡ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ | ᠴᠢᠷᠮᠠᠶᠢᠵᠤ ᠵᠠᠰᠠᠭ ᠵᠠᠬᠢᠷᠭᠠᠨ ᠤ ᠪᠠᠶᠢᠭᠤᠯᠤᠮᠵᠢ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠤᠷᠢᠲᠤ ᠪᠤᠳᠤᠯᠭ᠎ᠠ ᠲᠣᠭᠲᠠᠭᠠᠬᠤ ᠶᠠᠪᠤᠴᠠ ᠶᠢ ᠴᠢᠩᠭ᠎ᠠ ᠬᠡᠷᠡᠭᠵᠢᠭᠦᠯᠦᠨ ︽ᠬᠤᠶᠠᠷ ᠢ ᠰᠤᠭᠤᠴᠢᠵᠦ᠂ ᠨᠢᠭᠡ ᠶᠢ ᠢᠯᠡ ᠪᠣᠯᠭᠠᠬᠤ︾ | ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ ᠤᠯᠠᠨ ᠨᠡᠶᠢᠲᠡ ᠶᠢᠨ ᠬᠠᠮᠢᠶᠠᠷᠤᠯᠲᠠ ᠶᠢᠨ ᠬᠦᠷᠢᠶᠡᠨ ᠳᠤ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠶᠢᠨ | ᠮᠡᠷᠭᠡᠵᠢᠯ ᠢ ᠥᠷᠭᠡᠨ ᠢᠶᠠᠷ ᠬᠡᠷᠡᠭᠯᠡᠨ ᠵᠥᠷᠢᠴᠡᠯ ᠵᠢᠭᠤᠷᠠᠭᠠᠨ ᠪᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠤᠷᠢᠯᠡᠬᠦ ᠪᠦᠲᠦᠮᠵᠢᠲᠤ ᠲᠣᠭᠲᠠᠴᠠ ᠶᠢ | ᠪᠦᠷᠢᠯᠳᠦᠭᠦᠯᠵᠦ ᠠᠮᠤᠷ ᠳᠣᠭᠳᠠᠭᠤᠨ ᠢ ᠳᠣᠶᠢᠪᠡᠭᠡᠭᠰᠠᠨ ᠬᠡᠷᠡᠭ᠂ ᠡᠷᠡᠭᠦᠦ ᠶᠢᠨ ᠬᠡᠷᠡᠭ ᠪᠠ ᠠᠶᠤᠯᠭᠦᠶ ᠦᠢᠯᠡᠳᠪᠦᠷᠢᠯᠡᠯ ᠤᠨ ᠡ᠊ᠨᠳᠡᠯ ᠢ ᠵᠢᠯ ᠳᠠᠷᠠᠭᠠᠯᠠᠨ | ᠪᠠᠭᠠᠰᠬᠠᠪᠠ᠃ ᠨᠠᠮ ᠤᠨ ᠪᠠᠶᠢᠭᠤᠯᠤᠯᠲᠠ ᠪᠠᠷ ᠵᠠᠮᠴᠢᠯᠠᠭᠤᠯᠬᠤ ᠶᠢ ᠪᠠᠷᠢᠮᠲᠠᠯᠠᠵᠤ ᠦᠨᠳᠦᠰᠦᠨ ᠱᠠᠲᠤᠨ ᠤ ︽ᠳᠥᠷᠪᠡ ᠶᠢ ᠵᠠᠰᠠᠬᠤ︾ ᠠᠵᠢᠯ ᠢ ᠬᠠᠷᠢᠯᠴᠠᠨ | ᠠᠭᠤᠰᠤᠯᠴᠠᠭᠤᠯᠤᠨ ᠠᠬᠢᠭᠤᠯᠵᠤ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠴᠠᠶᠢᠯᠭᠠᠨ ᠠᠷᠠᠳ ᠤᠨ ᠰᠤᠷᠲᠠᠯ᠂ ᠬᠦᠳᠡᠭᠡ ᠨᠤᠲᠤᠭ ᠤᠨ | ᠪᠣᠯᠪᠠᠰᠤᠨ ᠰᠤᠷᠲᠠᠯ ᠢ ᠲᠥᠯᠥᠪᠰᠢᠬᠦᠯᠥᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ᠂ ᠥᠪᠡᠷᠲᠡᠭᠡᠨ ᠵᠠᠰᠠᠬᠤ | ᠣᠷᠣᠨ ᠤ ᠬᠠᠣᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ ᠪᠥᠬᠦ ᠤᠯᠤᠰ ᠤᠨ | ᠵᠠᠰᠠᠯᠲᠠ ᠶᠢᠨ ᠴᠢᠳᠠᠪᠤᠷᠢ ᠶᠢᠨ ᠵᠠᠭᠤᠨ ᠬᠦᠴᠦᠷᠬᠡᠭ ᠬᠤᠰᠢᠭᠤ ᠰᠢᠶᠠᠨ ᠤ 58 ᠳ᠋ᠤᠭᠠᠷ ᠲᠤ ᠳᠠᠪᠰᠢᠨ ᠤᠷᠤᠪᠠ᠃ | ᠲᠥᠯᠥᠭᠡᠯᠡᠭᠴᠢᠳ ᠡ︕ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠤᠭ᠎ᠠ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠪᠣᠯ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ | ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠨᠠᠩ ᠴᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠦ ᠳᠤ ᠬᠦᠴᠦᠨ ᠴᠢᠳᠠᠯ ᠢᠶᠠᠨ ᠡᠷᠭᠦᠭᠰᠡᠨ ᠠᠷᠠᠳ ᠤᠨ | ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠪᠠ ᠪᠠᠭᠤᠭᠰᠠᠨ ᠠᠬᠠᠮᠠᠳ ᠨᠦᠬᠦᠷ᠂ ᠨᠡᠶᠢᠭᠡᠮ ᠤᠨ ᠡᠯ᠎ᠡ | ᠡᠲᠡᠭᠡᠳ ᠤᠨ ᠬᠢᠨ ᠪᠣᠯᠤᠨ ᠥᠥᠰᠢᠨ ᠤ ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠪᠦᠬᠦᠶᠢᠯᠡ ᠨᠦᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠠᠮᠵᠢᠯᠲᠠ ᠪᠠᠨ ᠳ᠋ᠦᠩᠨᠡᠬᠦ ᠳᠡᠭᠡᠨ ᠪᠢᠳᠡ ᠪᠠᠰᠠ ᠰᠡᠷᠭᠡᠭ ᠢᠶᠠᠷ ᠲᠠᠨᠢᠵᠦ ᠮᠡᠳᠡᠭᠰᠡᠨ ᠨᠢ᠄ ᠣᠳᠣᠬᠠᠨ ᠳᠤ ᠬᠢᠵᠢᠭ ᠤᠨ | ᠪᠠᠶᠢᠳᠠᠯ ᠨᠢ ᠠᠵᠤ ᠠᠬᠤᠶ ᠨᠡᠶᠢᠭᠡᠮ ᠳᠤ ᠪᠦᠬᠦ ᠲᠠᠯ᠎ᠠ ᠶᠢᠨ᠂ ᠤᠳᠠᠭᠠᠨ ᠳᠠᠭᠠᠭᠠᠮᠠᠭᠠᠶ᠂ ᠠᠯᠤᠰ ᠬᠡᠳᠤ ᠶᠢᠨ ᠨᠥᠯᠥᠭᠡ ᠦᠵᠡᠭᠦᠯᠵᠦ ᠢᠷᠡᠭᠡᠳᠦᠶ ᠶᠢᠨ | ᠬᠥᠭᠵᠢᠯᠲᠡ ᠳᠤ ᠠᠯᠢ ᠤᠯᠠᠨ ᠲᠤᠳᠤᠷᠬᠠᠢ ᠪᠤᠰᠤ ᠬᠦᠴᠦᠨ ᠵᠦᠢᠯ ᠢ ᠠᠪᠴᠢᠷᠠᠵᠤ ᠪᠠᠶᠢᠨ᠎ᠠ︔ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠠᠯᠬᠤᠴᠠ ᠲᠡᠶᠢᠮᠦ ᠲᠦᠷᠭᠡᠨ ᠪᠢᠰᠢ ᠪᠠᠶᠢᠵᠦ᠂ ᠡᠬᠢ ᠪᠠᠶᠠᠯᠢᠭ ᠣᠷᠴᠢᠨ ᠠᠬᠤᠶ ᠶᠢᠨ ᠬᠢᠵᠠᠭᠠᠷᠯᠠᠯ ᠴᠢᠩᠭᠠᠷᠠᠬᠤ ᠬᠠᠨᠳᠤᠰᠢ ᠲᠠᠢ ᠪᠤᠯᠵᠤ ᠪᠠᠶᠢᠨ᠎ᠠ︔ | ᠠᠵᠤ ᠦᠢᠯᠡᠰ ᠤᠨ ᠠᠭᠤᠰᠤᠯᠴᠠᠯ ᠤᠨ ᠬᠢᠷᠢ ᠲᠦᠪᠰᠢᠨ ᠨᠡᠯᠢᠶᠡᠳ ᠳᠣᠤᠷ᠎ᠠ ᠪᠠᠶᠢᠵᠤ᠂ ᠰᠢᠨ᠎ᠡ ᠠᠵᠢᠯ ᠲᠦᠷᠦᠯ ᠤᠨ ᠬᠦᠭᠵᠢᠯᠳᠡ ᠤᠳᠠᠭᠠᠨ ᠪᠠᠶᠢᠨ᠎ᠠ︔ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠤᠨ ᠠᠵᠢᠯ ᠦᠢᠯᠡᠰ ᠲᠤ ᠮᠥᠨ ᠴᠥᠭᠡᠨ ᠪᠤᠰᠤ ᠳᠤᠲᠠᠭᠤᠳᠠᠯ ᠣᠷᠣᠰᠢᠵᠤ | ᠤᠯᠠᠨ ᠲᠦᠮᠡᠨ ᠤ ᠦᠢᠯᠡᠳᠪᠦᠷᠢᠯᠡᠯ ᠢᠶᠠᠨ ᠬᠥᠭᠵᠢᠭᠦᠯᠬᠦ ᠪᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠪᠡᠷᠬᠡᠲᠡᠶ ᠪᠠᠶᠢᠨ᠎ᠠ︔ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ ᠥᠷᠢ ᠰᠢᠷᠢ ᠶᠢᠨ ᠳᠠᠷᠤᠯᠲᠠ ᠨᠡᠯᠢᠶᠡᠳ ᠶᠡᠭᠡ ᠵᠡᠷᠭᠡ ᠠᠰᠠᠭᠤᠳᠠᠯ ᠣᠷᠣᠰᠢᠵᠤ ᠪᠠᠶᠢᠨ᠎ᠠ | ᠃ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ ᠬᠤᠶᠢᠰᠢᠳᠠ ᠶᠢᠨ ᠠᠵᠢᠯ ᠤᠨ ᠳᠤᠮᠳᠠ ᠪᠠᠨ ᠡᠳᠡᠭᠡᠷ ᠠᠰᠠᠭᠤᠳᠠᠯ ᠢ ᠨᠠᠷᠢᠨ ᠬᠢᠨᠠᠮᠠᠭᠠᠢ ᠰᠠᠶᠢᠲᠤᠷ ᠰᠢᠢᠳᠪᠦᠷᠢᠯᠡᠨ᠎ᠡ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ | ᠲᠥᠯᠥᠭᠡᠯᠡᠭᠴᠢᠳ ᠡ︕ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠠᠴᠠ ᠮᠠᠨ ᠤ ᠬᠤᠰᠢᠭᠤᠨ ᠤ ᠬᠦᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ | ᠥᠷᠢᠰᠥᠯᠳᠦᠭᠡᠨ ᠢ ᠰᠢᠨᠵᠢᠯᠡᠬᠦ ᠤᠬᠠᠭᠠᠨᠴᠢ ᠪᠠᠷ ᠵᠠᠳᠠᠯᠵᠤ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠦᠭᠵᠢᠯᠲᠡ ᠶᠢᠨ ᠠᠤᠭ᠎ᠠ ᠲᠥᠰᠦᠪ ᠢ ᠨᠠᠷᠢᠨ | ᠨᠢᠮᠪᠠᠶ ᠲᠥᠯᠥᠪᠯᠡᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠲᠣᠭᠲᠠᠭᠠᠬᠤ ᠰᠠᠨᠠᠭᠤᠯᠭ᠎ᠠ ᠳᠤᠷᠠᠳᠴᠠᠶ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠡᠭᠦᠨ ᠢ ᠦᠨᠳᠦᠰᠦᠯᠡᠨ ︽ᠦᠦᠰᠢᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠵᠤ ᠶᠡᠭᠡ ᠬᠤᠷᠠᠯ ᠳᠤ | ᠬᠢᠨᠠᠨ ᠶᠠᠷᠢᠯᠴᠠᠭᠤᠯᠬᠤ ᠪᠠᠷ ᠲᠡᠪᠰᠢᠬᠦᠯᠪᠡ᠃ | ᠲᠥᠯᠥᠭᠡᠯᠡᠭᠴᠢᠳ ᠡ︕ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠬᠤ ᠠᠩᠬᠠᠨ ᠤ | ᠲᠠᠪᠤᠨ ᠵᠢᠯ ᠪᠣᠯᠤᠨ᠎ᠠ᠂ ᠮᠥᠨ ᠴᠦ ᠮᠠᠨ ᠤ ᠬᠤᠰᠢᠭᠤᠨ ᠤ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ ᠲᠦᠷᠭᠡᠳᠬᠡᠵᠦ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ᠥᠩᠭᠡᠷᠡᠭᠰᠡᠨ ᠢᠶᠠᠨ ᠡᠷᠭᠢᠴᠡᠭᠦᠯᠪᠡᠯ᠂ | ᠳᠥᠴᠢᠭᠡᠳ ᠵᠢᠯ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷ ᠳᠠᠮᠵᠢᠭᠠᠳ ᠮᠠᠨ ᠤ ᠬᠤᠰᠢᠭᠤᠨ ᠤ ᠡᠨᠧᠷᠭᠢ ᠶᠢᠨ ᠠᠵᠦ ᠠᠬᠤᠢ ᠲᠦᠷᠭᠡᠨ ᠬᠦᠭᠵᠢᠵᠦ᠂ | ᠤᠯᠤᠰ ᠤᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠤ ᠠᠵᠢᠯ ᠤᠨ ᠲᠤᠮᠳᠠ ᠴᠢᠬᠤᠯᠠ ᠪᠠᠶᠢᠷᠢ ᠰᠠᠭᠤᠷᠢ ᠲᠠᠢ ᠪᠣᠯᠵᠠᠶ︔ ᠵᠠᠯᠭᠠᠭ᠎ᠠ ᠵᠠᠯᠭᠠᠭ᠎ᠠ ᠪᠠᠷ | ᠣᠷᠣᠭᠤᠯᠤᠨ ᠠᠪᠴᠢᠷᠠᠭᠰᠠᠨ ᠴᠢᠬᠤᠯᠠ ᠶᠡᠭᠡ ᠲᠦᠷᠦᠯ ᠵᠦᠢᠯ ᠬᠤᠶᠢᠨ᠎ᠠ ᠬᠤᠶᠢᠨ᠎ᠠ ᠠᠴᠠ ᠪᠠᠨ ᠠᠰᠢᠭᠯᠠᠯᠲᠠ ᠳᠤ ᠣᠷᠣᠵᠤ ᠠᠵᠤ ᠦᠢᠯᠡᠰ ᠤᠨ ᠬᠦᠭᠵᠢᠯᠲᠡ | ᠶᠢ ᠬᠤᠪᠢᠷᠠᠭᠤᠯᠬᠤ ᠬᠡᠯᠬᠢᠶᠡᠵᠢᠯ ᠨᠢᠭᠡᠨᠲᠡ ᠠᠩᠬ᠎ᠠ ᠠᠯᠬᠤᠮ ᠪᠦᠷᠢᠯᠳᠦᠭᠰᠡᠨ ᠪᠥᠭᠡᠳ ᠨᠠᠷᠢᠯᠢᠭᠵᠢᠭᠰᠠᠨ᠂ ᠳᠡᠭᠡᠳᠦ ᠲᠡᠰᠵᠢᠭᠰᠡᠨ ᠴᠢᠭᠯᠡᠯ ᠢᠶᠠᠷ ᠪᠠᠳᠠᠷᠠᠨ | ᠬᠦᠭᠵᠢᠵᠤ ᠪᠠᠶᠢᠨ᠎ᠠ᠃ ᠡᠳᠡᠭᠡᠷ ᠪᠠᠲᠤ ᠪᠠᠬᠢ ᠬᠥᠭᠵᠢᠯᠲᠡ ᠶᠢᠨ ᠰᠠᠭᠤᠷᠢ ᠨᠢ ᠪᠢᠳᠡᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠰᠠᠶᠢᠨ ᠰᠠᠶᠢᠬᠠᠨ ᠢᠶᠠᠷ ᠡᠬᠢᠯᠡᠭᠦᠯᠬᠦ ᠳᠤ ᠬᠦᠴᠦᠷᠬᠡᠭ ᠶᠡᠭᠡ ᠢᠯᠠᠯᠲᠠ ᠶᠢᠨ ᠬᠠᠨᠳᠤᠰᠢ ᠶᠢ ᠬᠠᠩᠭᠠᠵᠠᠢ︕ ᠣᠳᠣᠬᠠᠨ ᠤ ᠪᠠᠶᠢᠳᠠᠯ ᠠᠴᠠ ᠦᠵᠡᠪᠡᠯ᠂ | ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠲᠣᠭᠲᠠᠪᠤᠷᠢ ᠥᠬᠡᠶ ᠴᠢᠨᠠᠷ ᠪᠠ ᠲᠣᠭᠲᠠᠭᠤᠨ ᠪᠤᠰᠤ ᠴᠢᠨᠠᠷ ᠤᠨ ᠬᠦᠴᠦᠨ ᠵᠦᠢᠯ ᠢᠯᠡᠳᠲᠡ ᠨᠡᠮᠡᠭᠳᠡᠵᠦ | ᠪᠠᠶᠢᠨ᠎ᠠ᠃ ᠪᠢᠳᠡ ᠨᠡᠩ ᠴᠤ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠤᠨ ᠴᠢᠭᠯᠡᠯ ᠢᠶᠠᠨ ᠲᠣᠭᠲᠠᠭᠠᠵᠤ ᠪᠠᠶᠢᠯᠳᠤᠬᠤ ᠪᠤᠳᠤᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ ᠥᠪᠡᠷ ᠤᠨ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠵᠦ ᠲᠤᠰ ᠪᠡᠶ᠎ᠡ ᠶᠢᠨ ᠬᠥᠭᠵᠢᠯᠲᠡ ᠶᠢᠨ ᠲᠣᠭᠲᠠᠪᠤᠷᠢᠲᠤ ᠴᠢᠨᠠᠷ ᠢᠶᠠᠷ ᠢᠶᠠᠨ | ᠭᠠᠳᠠᠭᠠᠳᠤ ᠣᠷᠴᠢᠨ ᠤ ᠲᠣᠭᠲᠠᠪᠤᠷᠢ ᠦᠭᠡᠢ ᠴᠢᠨᠠᠷ ᠢ ᠠᠷᠭᠠᠴᠠᠭᠠᠵᠤ ᠲᠣᠭᠲᠠᠭᠤᠨ ᠢᠶᠠᠷ ᠨᠡᠮᠡᠭᠳᠡᠭᠦᠯᠬᠦ ᠬᠠᠲᠠᠭᠤ ᠡᠭᠦᠷᠭᠡ ᠪᠠᠷ ᠬᠥᠭᠵᠢᠯᠲᠡ ᠶᠢ ᠠᠬᠢᠭᠤᠯᠬᠤ | ᠬᠠᠲᠠᠭᠤ ᠶᠣᠰᠣ ᠶᠢ ᠪᠡᠶᠡᠯᠡᠭᠦᠯᠵᠦ ᠬᠢᠮᠤᠷᠠᠯ ᠤᠨ ᠳᠤᠮᠳᠠ ᠰᠢᠨ᠎ᠡ ᠠᠵᠠ ᠲᠣᠬᠢᠶᠠᠯ ᠢ ᠤᠯᠵᠤ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠬᠦ ᠪᠠᠷ | ᠴᠢᠷᠮᠠᠶᠢᠨ᠎ᠠ︕ ᠢᠷᠡᠭᠡᠳᠦᠶ ᠪᠠᠨ ᠪᠠᠷᠠᠯᠠᠪᠠᠯ᠂ ᠠᠵᠤ ᠠᠬᠤᠶ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠬᠠᠰᠠᠨ ᠦᠭᠡᠶ᠂ | ᠲᠡᠷᠡᠴᠢᠯᠡᠨ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠣᠰ ᠡᠷᠬᠢᠯᠳᠡᠳᠦ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠴᠣᠭᠴᠠᠯᠠᠯᠲᠠ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠬᠥᠬᠡᠬᠤᠲᠠ ᠪᠤᠭᠤᠲᠤ ᠤᠷᠳᠤᠰ ᠲᠡᠮᠡᠭᠡᠲᠦ ᠦᠬᠠᠢ ᠶᠢᠨ | ᠬᠠᠮᠵᠢᠯᠴᠠᠨ ᠬᠥᠭᠵᠢᠬᠦ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠤᠲᠤᠯᠭ᠎ᠠ ᠶᠢ ᠬᠡᠷᠡᠭᠵᠢᠭᠦᠯᠬᠦ ᠶᠢ ᠳᠠᠭᠠᠯᠳᠤᠨ ᠡᠯ᠎ᠡ | ᠱᠠᠲᠤᠨ ᠤ ᠺᠠᠳ᠋ᠷ ᠪᠠ ᠥᠷᠭᠡᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠴᠢᠷᠮᠠᠶᠢᠨ ᠴᠣᠭᠴᠠᠯᠠᠬᠤ ᠵᠣᠷᠢᠭ ᠰᠠᠨᠠᠭ᠎ᠠ ᠶᠢ ᠨᠢᠭᠲᠠᠷᠠᠭᠤᠯᠵᠤ ᠮᠠᠨ ᠤ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠢᠷᠡᠭᠡᠳᠦᠶ ᠨᠢ ᠦᠷᠭᠡᠨ ᠠᠭᠤᠳᠠᠮ᠂ ᠨᠤᠮᠢᠨ ᠲᠠᠩᠰᠤᠭ ᠭᠦᠭᠵᠢᠨ ᠮᠠᠨᠳᠤᠯᠳᠠ ᠶᠢᠨ ᠪᠠᠶᠢᠳᠠᠯ ᠰᠡᠳᠬᠢᠯ ᠢ | ᠪᠠᠶᠠᠰᠬᠠᠮ᠎ᠠ ᠪᠠᠶᠢᠭ᠎ᠠ ᠶᠤᠮ᠃ | ᠲᠥᠯᠥᠭᠡᠯᠡᠭᠴᠢᠳ ᠡ︕ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠰᠢᠭᠤᠨ ᠤ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠡᠶᠡᠯᠡᠭᠦᠯᠬᠦ ᠴᠢᠬᠤᠯᠠ ᠬᠤᠭᠤᠴᠠᠭ᠎ᠠ᠂ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠤᠭᠤᠮᠳᠠ ᠰᠢᠪᠲᠤᠯᠬᠤ ᠬᠤᠭᠤᠴᠠᠭ᠎ᠠ᠂ ᠬᠤᠲᠠ ᠬᠥᠳᠡᠭᠡ ᠶᠢᠨ ᠵᠣᠬᠢᠴᠠᠭᠤᠯᠭ᠎ᠠ ᠶᠢ ᠲᠦᠷᠬᠡᠳᠬᠡᠨ | ᠠᠬᠢᠭᠤᠯᠬᠤ ᠬᠤᠭᠤᠴᠠᠭ᠎ᠠ᠂ ᠣᠷᠣᠨ ᠨᠤᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠨᠡᠮᠡᠭᠳᠡᠯ ᠤᠨ ᠬᠤᠭᠤᠴᠠᠭ᠎ᠠ ᠪᠣᠯᠤᠨ᠎ᠠ᠃ ᠪᠢᠳᠡ ᠥᠪᠡᠷᠲᠡᠭᠡᠨ | ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠭᠦᠨᠵᠡᠭᠡᠶ ᠲᠤᠭᠤᠰᠢᠯᠠᠭᠤᠯᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠬᠠᠲᠤᠨ ᠭᠤᠤᠯ ᠤᠨ ᠰᠠᠪᠠ ᠭᠠᠵᠠᠷ ᠤᠨ ᠬᠤᠰᠢᠭᠤ | ᠰᠢᠶᠠᠨ ᠤ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠵᠢᠱᠢᠶᠡᠴᠢ ᠣᠷᠣᠨ᠂ ᠥᠪᠥᠷ ᠮᠣᠩᠭᠤᠯ ᠱᠠᠨᠰᠢ | ᠨᠢᠩᠰᠢᠶᠠ ᠶᠢᠨ ︽ᠠᠯᠲᠠᠨ ᠭᠤᠷᠪᠠᠯᠵᠢᠨ︾ ᠣᠷᠣᠨ ᠤ ᠶᠡᠷᠦᠩᠬᠡᠶᠢᠯᠡᠭᠰᠡᠨ ᠡᠨᠧᠷᠭᠢ ᠶᠢᠨ ᠠᠵᠤ ᠠᠬᠤᠶ ᠶᠢᠨ ᠰᠢᠨ᠎ᠡ ᠭᠠᠵᠠᠷ᠂ ᠤᠯᠤᠰ ᠤᠨ ᠪᠠᠷᠠᠭᠤᠨ ᠤᠷᠤᠨ | ᠤ ᠡᠯᠡᠰᠦᠷᠬᠡᠭ ᠭᠠᠵᠠᠷ ᠤᠨ ᠠᠮᠢ ᠠᠬᠤᠶ ᠶᠢᠨ ᠬᠡᠯᠪᠡᠷᠢ ᠶᠢᠨ ᠣᠲᠣ ᠦᠶ᠎ᠡ ᠶᠢᠨ ᠮᠠᠯ ᠲᠠᠷᠢᠶᠠᠯᠠᠩ ᠠᠵᠤ ᠠᠬᠤᠶ ᠶᠢᠨ ᠵᠢᠱᠢᠶᠡᠴᠢ ᠣᠷᠣᠨ᠂ ᠤᠯᠤᠰ ᠤᠨ ᠪᠥᠬᠦ | ᠤᠷᠤᠨ ᠪᠦᠰᠡ ᠶᠢᠨ ᠵᠢᠭᠤᠯᠴᠢᠯᠠᠯ ᠤᠨ ᠵᠢᠱᠢᠶᠡᠴᠢ ᠣᠷᠣᠨ᠂ ᠥᠪᠥᠷ ᠮᠣᠩᠭᠤᠯ ᠤᠨ ︽ᠡᠮᠦᠨ᠎ᠡ ᠶᠡᠭᠡ ᠡᠭᠦᠳᠡ︾ ᠶᠢᠨ ᠣᠷᠣᠨ ᠪᠦᠰᠡ ᠶᠢᠨ ᠨᠡᠭᠡᠭᠡᠯᠲᠡ | ᠬᠠᠮᠲᠤᠷᠠᠯᠴᠠᠭ᠎ᠠ ᠶᠢᠨ ᠬᠦᠢᠰᠦ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ᠃ ᠠᠮᠢ ᠠᠬᠤᠶ ᠶᠢᠨ ᠪᠣᠯᠪᠠᠰᠤᠨ᠂ ᠠᠵᠤ ᠦᠢᠯᠡᠰ ᠤᠨ | ᠠᠭᠤᠰᠤᠯᠴᠠᠯ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠲᠠ ᠬᠥᠳᠡᠭᠡ ᠶᠢ ᠵᠣᠬᠢᠴᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ ᠨᠡᠶᠢᠭᠡᠮ ᠤᠨ ᠵᠠᠰᠠᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠲᠠᠯ᠎ᠠ ᠪᠠᠷ ᠪᠥᠬᠦ ᠬᠤᠲᠠ ᠶᠢᠨ | ᠡᠮᠦᠨ᠎ᠡ ᠡᠩᠨᠡᠭᠡᠨ ᠳᠤ ᠤᠷᠤᠬᠤ ᠪᠠᠷ ᠴᠢᠷᠮᠠᠶᠢᠵᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 8.5% | ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 10% ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 900 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ︔ ᠬᠤᠳᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠤᠰ ᠲᠤᠰ 6.5% ᠪᠠ | 8% ᠪᠠᠷ ᠨᠡᠮᠡᠭᠳᠡᠭᠦᠯᠦᠨ᠎ᠡ︔ R&D ︵ᠰᠢᠨᠵᠢᠯᠡᠬᠦ ᠣᠬᠠᠭᠠᠨ ᠲᠧᠭᠨᠢᠭ ᠮᠡᠷᠬᠡᠵᠢᠯ︶ ᠤᠨ ᠣᠷᠣᠭᠤᠯᠤᠯᠲᠠ ᠶᠢ ᠨᠡᠯᠢᠶᠡᠳ ᠶᠡᠭᠡ ᠬᠡᠮᠵᠢᠶ᠎ᠡ ᠪᠠᠷ | ᠨᠡᠮᠡᠭᠳᠡᠬᠦᠯᠦᠨ᠎ᠡ︔ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠦᠷᠳᠡᠭ ᠤᠨ ᠡᠨᠧᠷᠭᠢ ᠶᠢᠨ ᠬᠤᠷᠣᠭᠳᠠᠭᠤᠯᠤᠯ ᠤᠨ ᠨᠢᠭᠡᠴᠢ ᠭᠡᠮᠵᠢᠶ᠎ᠡ ᠶᠢ | 15% ᠪᠠᠷ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠠᠮᠢ ᠠᠬᠤᠶ ᠶᠢᠨ ᠣᠷᠴᠢᠨ | ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠦᠬᠦ ᠬᠤᠳᠠ ᠶᠢᠨ ᠨᠢᠭᠡᠳᠦᠭᠡᠷ ᠡᠩᠨᠡᠭᠡᠨ ᠳᠤ | ᠣᠷᠣᠭᠤᠯᠬᠤ ᠴᠢᠭᠯᠡᠯᠳᠡ ᠪᠠᠷ ᠪᠦᠬᠦ ᠤᠯᠤᠰ ᠤᠨ ᠵᠠᠭᠤᠨ ᠬᠦᠴᠦᠷᠬᠡᠭ ᠬᠤᠰᠢᠭᠤ ᠰᠢᠶᠠᠨ ᠤ ᠡᠩᠨᠡᠬᠡᠨ ᠳᠤ ᠣᠷᠣᠬᠤ ᠪᠠᠷ ᠯᠠᠪᠳᠠᠭᠤᠨ ᠤᠷᠤᠭᠰᠢᠯᠠᠨ᠎ᠠ᠃ | ᠲᠥᠯᠥᠭᠡᠯᠡᠭᠴᠢᠳ ᠡ︕ ᠠᠤᠭ᠎ᠠ ᠵᠢᠷᠤᠭ ᠲᠦᠯᠦᠪᠯᠡᠭᠡ ᠶᠢ ᠨᠢᠭᠡᠨᠲᠡ ᠵᠢᠷᠤᠭᠯᠠᠨ ᠰᠢᠨ᠎ᠡ ᠠᠶᠠᠨ ᠵᠠᠮ ᠤᠯᠠᠨ ᠤ ᠤᠷᠮ᠎ᠠ ᠵᠣᠷᠢᠭ ᠢ ᠬᠥᠪᠴᠢᠯᠡᠨ᠎ᠡ︕ | ᠪᠦᠭᠦ ᠬᠤᠰᠢᠭᠤᠨ ᠤ ᠠᠷᠠᠳ ᠲᠦᠮᠡᠨ ᠨᠢᠭᠲᠠᠷᠠᠨ ᠪᠦᠯᠬᠦᠮᠳᠡᠵᠦ ᠯᠠᠪᠳᠠᠭᠤᠨ ᠪᠠᠲᠤᠲᠠᠶ ᠪᠠᠷ ᠴᠢᠷᠮᠠᠶᠢᠨ ᠠᠵᠢᠯᠯᠠᠳᠠᠭ ᠯᠠ ᠶᠤᠮ ᠪᠣᠯ ᠤᠷᠤᠭᠰᠢᠯᠠᠯᠲᠠ ᠶᠢᠨ ᠵᠠᠮ | ᠳᠡᠭᠡᠷᠡᠬᠢ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠵᠦ ᠴᠢᠳᠠᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ | ᠭᠤᠷᠪᠠ᠂ 2021 ᠣᠨ ᠤ ᠭᠤᠣᠯᠳᠠᠯᠭ᠎ᠠ ᠲᠠᠢ ᠠᠵᠢᠯ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠᠶᠢᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠦᠨᠴᠤ ᠨᠡᠶᠢᠭᠡᠮ ᠵᠢᠷᠣᠮᠳᠣ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠲᠤ ᠪᠥᠭᠡᠳ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ | ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠪᠣᠯᠤᠨ ᠬᠤᠰᠢᠭᠤᠨ ᠤ | ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠨ ᠨᠤᠮᠢᠨ ᠲᠠᠩᠰᠤᠭ ᠬᠦᠭᠵᠢᠨ ᠮᠠᠨᠳᠤᠯᠳᠠ ᠪᠠᠷ ᠬᠦᠳᠡᠯᠬᠡᠬᠦ ᠬᠦᠴᠦᠨ ᠪᠤᠯᠭᠠᠵᠦ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠰᠢᠯᠢᠳᠡᠭ ᠠᠮᠵᠢᠯᠲᠠ ᠪᠠᠷ ᠢᠶᠠᠨ ᠪᠠᠶᠠᠷᠯᠠᠨ ᠣᠭᠳᠣᠬᠤ ᠶᠠᠪᠣᠳᠠᠯ ᠪᠣᠯᠣᠨ᠎ᠠ᠃ | ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 6% ᠣᠷᠴᠢᠮ ᠨᠡᠮᠡᠭᠳᠡᠭᠦᠯᠦᠨ᠎ᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10% ᠠᠴᠠ ᠳᠡᠬᠡᠭᠰᠢ ᠨᠡᠮᠡᠭᠳᠡᠭᠦᠯᠦᠨ᠎ᠡ︔ ᠲᠣᠭᠲᠠᠮᠠᠯ ᠬᠦᠷᠦᠩᠬᠡ ᠶᠢᠨ ᠪᠡᠯᠡ | ᠣᠷᠣᠭᠤᠯᠤᠯᠲᠠ ᠶᠢ 6% ᠠᠴᠠ ᠳᠡᠭᠡᠭᠰᠢ ᠨᠡᠮᠡᠭᠳᠡᠬᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠪᠦᠬᠦ ᠲᠤᠭ᠎ᠠ ᠶᠢ 3.5% | ᠣᠷᠴᠢᠮ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% | ᠪᠠ 8% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.5% ᠶᠢᠨ ᠳᠣᠲᠣᠷ᠎ᠠ | ᠬᠢᠵᠠᠭᠠᠷᠯᠠᠨ᠎ᠠ︔ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠭᠤᠤᠯ ᠪᠣᠯᠬᠤ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠳᠡᠭᠡᠳᠦ ᠱᠠᠲᠤᠨ ᠤ ᠪᠠᠭᠤᠯᠭᠠᠭᠰᠠᠨ ᠬᠦᠢᠴᠡᠳᠭᠡᠯ ᠲᠤᠭ᠎ᠠ ᠪᠠᠷ ᠪᠡᠶᠡᠯᠡᠭᠦᠯᠵᠦ ᠣᠷᠣᠨ ᠨᠤᠲᠤᠭ ᠤᠨ ᠦᠢᠯᠡᠳᠪᠦᠷᠢᠯᠡᠯ | ᠤᠨ ᠶᠡᠷᠦᠩᠭᠡᠢ ᠥᠷᠲᠡᠭ ᠤᠨ ᠡᠨᠧᠷᠭᠢ ᠶᠢᠨ ᠬᠤᠷᠤᠭᠳᠠᠭᠤᠯᠤᠯ ᠤᠨ ᠨᠢᠭᠡᠴᠢ ᠬᠡᠮᠵᠢᠶ᠎ᠡ ᠶᠢ 3% ᠪᠠᠷ ᠪᠠᠭᠤᠷᠠᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠬᠢᠨ᠎ᠠ᠄ | ︵ᠨᠢᠭᠡ︶ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠲᠦᠯᠬᠢᠨ ᠠᠬᠢᠭᠤᠯᠤᠨ᠎ᠠ᠃ | ᠦᠢᠯᠡᠳᠪᠦᠷᠢᠯᠡᠯ ᠤᠨ ᠡᠷᠬᠢᠯᠳᠠ ᠶᠢ ᠰᠠᠶᠢᠲᠤᠷ ᠠᠳᠬᠤᠨ᠎ᠠ᠃ ᠴᠠᠩ ᠴᠢᠩ ᠴᠢᠯᠠᠭᠤᠨ ᠲᠣᠰᠣᠨ ᠤ ᠠᠭᠤᠷᠬᠠᠶ ᠯᠤᠭ᠎ᠠ ᠶᠢᠨ ᠬᠠᠷᠢᠯᠴᠠᠭ᠎ᠠ ᠪᠠᠨ | ᠴᠢᠩᠭᠠᠳᠬᠨ ᠪᠠᠶᠢᠭᠠᠯᠢ ᠶᠢᠨ ᠰᠢᠲᠠᠮᠠᠬᠠᠶ ᠬᠡᠶ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠶᠢᠨ ᠨᠡᠮᠡᠭᠳᠡᠯ ᠬᠡᠰᠡᠭ ᠤᠨ ᠬᠤᠷᠰᠢᠭᠰᠠᠨ ᠨᠡᠬᠡᠬᠡᠯᠳᠡ ᠶᠢ | ᠲᠦᠯᠬᠢᠨ ᠠᠬᠢᠭᠤᠯᠤᠨ᠎ᠠ᠃ ᠱᠠᠩ ᠤᠨ ᠬᠤᠭᠤᠯᠠᠢ ᠨᠡᠭᠦᠷᠡᠰᠦᠨ ᠠᠭᠤᠷᠬᠠᠢ ᠶᠢ ᠨᠢᠭᠡᠳᠦᠯᠲᠡᠢ ᠨᠡᠬᠡᠬᠡᠬᠦ ᠭᠤᠣᠯ ᠴᠣᠭᠴᠠ ᠶᠢ ᠪᠦᠷᠢᠯᠳᠦᠭᠦᠯᠬᠦ ᠶᠢ ᠲᠦᠷᠭᠡᠳᠭᠡᠵᠦ | ᠮᠠᠩᠬᠢᠰᠣᠨ ᠵᠠᠳᠠᠭᠠᠢ ᠨᠡᠭᠦᠷᠡᠰᠦᠨ ᠠᠭᠤᠷᠬᠠᠢ ᠶᠢᠨ ᠣᠷᠴᠢᠨ ᠳᠣᠭᠤᠷᠢᠨ ᠤ ᠦᠨᠡᠯᠡᠯᠳᠡ ᠶᠢ ᠴᠢᠷᠮᠠᠶᠢᠨ ᠤᠯᠤᠨ᠎ᠠ᠃ ᠤᠶᠤᠨᠲᠤ ᠠᠭᠤᠷᠬᠠᠢ ᠪᠠ ᠤᠶᠤᠨᠲᠤ | ᠦᠢᠯᠡᠳᠪᠦᠷᠢ᠂ ᠳᠣᠭᠠᠴᠠᠯᠠᠭᠰᠠᠨ ᠦᠢᠯᠡᠳᠪᠦᠷᠢ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠪᠠᠷᠠᠭᠠᠨ ᠭᠦᠢᠯᠭᠡᠭᠡ ᠪᠣᠯᠣᠨ ᠡᠨᠧᠷᠭᠢ | ᠬᠡᠷᠡᠭᠯᠡᠬᠦ ᠥᠪᠡᠷ ᠤᠨ ᠦᠷᠳᠡᠭ ᠢ ᠪᠠᠭᠤᠷᠠᠭᠤᠯᠤᠨ ᠨᠡᠭᠦᠷᠡᠰᠦᠨ ᠤ ᠪᠣᠷᠣᠯᠠᠭᠤᠯᠭ᠎ᠠ ᠶᠢᠨ ᠬᠡᠮᠵᠢᠶ᠎ᠠ ᠶᠢ 3500 ᠲᠦᠮᠡᠨ ᠲᠣᠨ ᠠᠴᠠ ᠳᠡᠭᠡᠭᠰᠢ ᠬᠦᠷᠭᠡᠬᠦ ᠪᠠᠷ | ᠴᠢᠷᠮᠡᠶᠢᠵᠣ ᠮᠧᠲ᠋ᠢᠯ ᠠᠯᠺᠣᠣᠯ᠂ ᠠᠯᠺᠧᠨ᠂ ᠰᠢᠭᠡᠰᠦᠯᠢᠭ ᠡᠳ᠋ ᠵᠡᠷᠭᠡ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠬᠡᠮᠵᠢᠶ᠎ᠠ ᠶᠢ ᠲᠣᠭᠲᠠᠭᠤᠨ | ᠪᠥᠭᠡᠳ ᠦᠨ᠎ᠡ ᠰᠠᠶᠢᠳᠠᠢ ᠪᠠᠶᠢᠯᠭᠠᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠬᠦᠯᠥᠨ᠎ᠠ᠃ ᠭᠤᠣᠯᠳᠠᠯᠭ᠎ᠠ ᠲᠠᠢ ᠲᠥᠷᠥᠯ ᠵᠣᠶᠢᠯ ᠳᠤ ᠬᠤᠰᠢᠭᠤ ᠰᠢᠶᠠᠨ ᠱᠠᠲᠤᠨ ᠤ ᠤᠳᠤᠷᠢᠳᠤᠯᠭ᠎ᠠ ᠪᠣᠯᠤᠨ | ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ︽ᠬᠤᠣᠰ ᠳᠠᠭᠠᠭᠠᠴᠢᠯᠠᠯᠳᠠ︾ ᠶᠢᠨ ᠳᠦᠷᠢᠮ ᠢ ᠬᠡᠷᠡᠭᠵᠢᠭᠦᠯᠵᠦ ᠨᠢᠭᠡ ᠨᠢᠭᠡ ᠲᠦᠷᠥᠯ ᠢᠶᠠᠷ ᠭᠠᠷ | ᠭᠦᠢᠴᠡᠳᠬᠡᠯ ᠢ ᠬᠠᠪᠰᠤᠷᠤᠨ ᠭᠦᠢᠴᠡᠳᠬᠡᠵᠦ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠨ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠬᠢᠮᠢ ᠶᠢᠨ | ᠣᠶᠢᠯᠡᠳᠪᠣᠷᠢ ᠶᠢᠨ ᠺᠣᠮᠫᠠᠨᠢ ᠶᠢᠨ ᠮᠧᠲ᠋ᠢᠯ ᠠᠯᠺᠦᠦᠯ ᠣᠶᠢᠯᠡᠳᠬᠦ ᠮᠡᠷᠬᠡᠵᠢᠯ ᠤᠨ ᠦᠬᠡᠷᠡᠴᠢᠯᠡᠯᠳᠡ᠂ ᠬᠤᠸᠠ ᠢᠦᠶ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠬᠤᠷᠢᠶᠠᠨ ᠠᠪᠴᠤ ᠠᠰᠢᠭᠯᠠᠬᠤ ᠵᠡᠷᠭᠡ ᠲᠥᠷᠥᠯ ᠵᠣᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠪᠦᠦ ᠹᠧᠩ | ᠡᠨᠧᠷᠬᠢ ᠶᠢᠨ ᠪᠦᠯᠥᠭᠯᠡᠯ ᠤᠨ ᠨᠡᠭᠦᠷᠡᠰᠦ ᠪᠠᠷ ᠠᠯᠺᠧᠨ ᠦᠢᠯᠡᠳᠬᠦ᠂ ᠷᠦᠩ ᠬᠤᠩ ᠱᠧᠩ ᠷᠦᠢ ᠺᠣᠮᠫᠠᠨᠢ ᠶᠢᠨ ᠰᠢᠩᠭᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠶ | ᠬᠡᠶ ᠵᠡᠷᠭᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 23 ᠴᠢᠬᠤᠯᠠ ᠶᠡᠭᠡ ᠲᠥᠷᠥᠯ ᠵᠣᠶᠢᠯ ᠪᠠ 500 ᠲᠦᠮᠡᠨ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠲᠠᠢ 50 ᠲᠥᠷᠥᠯ ᠵᠣᠶᠢᠯ ᠲᠥᠯᠥᠪᠯᠡᠭᠡ ᠶᠣᠰᠣᠭᠠᠷ ᠠᠵᠢᠯ ᠢᠶᠠᠨ ᠡᠬᠢᠯᠡᠭᠦᠯᠦᠨ ᠰᠡᠷᠭᠦᠭᠡᠵᠤ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 65 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠡᠬᠢ ᠪᠠᠶᠠᠯᠢᠭ ᠪᠤᠯᠤᠨ ᠠᠵᠦ ᠦᠢᠯᠡᠰ ᠤᠨ ᠰᠠᠭᠤᠷᠢ ᠪᠠ ᠬᠦᠴᠦᠨ | ᠵᠦᠢᠯ ᠤᠨ ᠪᠠᠲᠤᠯᠠᠭ᠎ᠠ ᠶᠢᠨ ᠨᠦᠬᠦᠴᠡᠯ ᠳᠤ ᠰᠠᠭᠤᠷᠢᠯᠠᠨ ᠬᠤᠳᠠᠯᠳᠤᠭᠠᠴᠢᠨ ᠤᠷᠢᠵᠦ ᠪᠡᠯᠡ ᠴᠤᠭᠯᠠᠭᠤᠯᠬᠤ ᠠᠵᠢᠯ ᠤᠨ ᠲᠤᠰᠬᠠᠢ ᠠᠩᠬᠢ ᠶᠢ ᠵᠤᠬᠢᠶᠠᠨ | ᠪᠠᠶᠢᠭᠤᠯᠵᠦ᠂ ᠠᠵᠦ ᠦᠢᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠵᠦ᠂ ᠬᠡᠯᠬᠢᠶᠡᠵᠢᠯ ᠢ ᠤᠷᠳᠤᠳᠬᠠᠬᠤ᠂ ᠨᠡᠮᠡᠯᠳᠡ ᠦᠷᠳᠡᠭ ᠢ ᠳᠡᠭᠡᠭᠰᠢᠯᠡᠬᠦᠯᠬᠦ | ᠵᠡᠷᠭᠡ ᠬᠦᠷᠢᠶᠡᠨ ᠳᠤ ᠨᠢᠬᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠤᠭᠤᠯᠤᠨ ᠠᠪᠴᠢᠷᠠᠵᠦ ᠤᠷᠤᠨ ᠪᠦᠰᠡ ᠶᠢᠨ ᠠᠵᠦ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠳᠤ ᠰᠠᠭᠤᠷᠢ ᠲᠠᠯᠪᠢᠨ᠎ᠠ᠃ | ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠤᠶᠠᠯᠳᠤᠭᠤᠯᠤᠨ ᠬᠡᠷᠡᠭᠯᠡᠭᠡ ᠶᠢ ᠠᠬᠢᠭᠤᠯᠤᠨ᠎ᠠ᠃ ᠰᠢᠨ᠎ᠡ ᠬᠠᠩᠭᠠᠯᠭ᠎ᠠ ᠪᠠᠷ ᠰᠢᠨ᠎ᠡ ᠬᠡᠷᠡᠭᠯᠡᠭᠡ ᠶᠢ | ᠠᠬᠢᠭᠤᠯᠵᠤ ᠨᠢᠯᠬ᠎ᠠ ᠬᠡᠣᠬᠡᠳ ᠤᠨ ᠬᠥᠮᠦᠵᠢᠯ ᠤᠨ ᠲᠥᠪ ᠢ ᠠᠰᠢᠭᠯᠠᠯᠳᠠ ᠳᠤ ᠣᠷᠣᠭᠤᠯᠵᠣ 0 — 3 ᠨᠠᠰᠤᠨ ᠤ ᠨᠢᠯᠬ᠎ᠠ ᠬᠡᠤᠬᠡᠳ ᠢ ᠬᠠᠷᠠᠭᠠᠯᠵᠠᠨ | ᠠᠰᠠᠷᠠᠬᠤ ᠣᠶᠢᠯᠡᠴᠢᠯᠡᠭᠡ ᠪᠠ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ᠂ ᠪᠣᠯᠪᠠᠰᠤᠷᠠᠭᠤᠯᠬᠤ ᠪᠠᠶᠢᠭᠤᠯᠤᠮᠵᠢ ᠶᠢ ᠳᠠᠮᠵᠢᠨ ᠰᠠᠶᠢᠳᠣᠷ | ᠬᠦᠭᠵᠢᠬᠦᠯᠥᠨ᠎ᠠ᠃ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠲᠦᠷᠭᠡᠨ ᠠᠬᠢᠭᠤᠯᠵᠦ ᠦᠦᠰᠢᠨᠵᠤᠤ ᠠᠰᠠᠷᠠᠨ ᠬᠠᠷᠠᠭᠠᠯᠵᠠᠬᠤ ᠬᠦᠷᠢᠶᠡᠯᠡᠩ ᠪᠣᠯᠤᠨ | ᠭᠠᠯᠠᠭᠤᠳᠣ ᠪᠠᠯᠭᠠᠰᠣᠨ ᠤ ᠬᠤᠷᠠᠬᠤ ᠨᠡᠶᠢᠬᠡᠮ ᠲᠣᠭᠤᠷᠢᠭ ᠤᠨ ᠡᠳᠦᠷ ᠢᠶᠠᠷ ᠬᠠᠷᠠᠭᠠᠯᠵᠠᠬᠤ ᠲᠥᠪ ᠢ ᠪᠠᠶᠢᠭᠤᠯᠤᠨ᠎ᠠ᠃ ᠪᠠᠲᠤ ᠶᠢᠨ ᠲᠤᠬᠤᠢ ᠠᠰᠠᠷᠠᠨ | ᠬᠠᠷᠠᠭᠠᠯᠵᠠᠬᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠵᠣ ᠰᠣᠪᠢᠯᠠᠬᠤ ᠣᠨᠣᠯᠵᠢᠬᠤᠨ ᠢ | ᠡᠷᠬᠢᠮᠯᠡᠨ ᠨᠠᠰᠣᠳᠠᠶᠢᠴᠣᠳ ᠢ ᠠᠰᠠᠷᠠᠨ ᠬᠠᠷᠠᠭᠠᠯᠵᠠᠬᠤ ᠣᠶᠢᠯᠡᠴᠢᠯᠡᠭᠡ ᠶᠢ ᠳᠡᠭᠡᠭᠰᠢᠯᠡᠭᠦᠯᠣᠨ ︽ᠨᠡᠭᠦᠳᠡᠯ ᠤᠨ ᠰᠢᠪᠠᠭᠤ︾ ᠮᠠᠶ᠋ᠢᠭ ᠤᠨ ᠨᠠᠰᠤᠵᠢᠯ ᠤᠨ | ᠠᠰᠠᠷᠠᠮᠵᠢ ᠵᠡᠷᠭᠡ ᠡᠷᠡᠭᠦᠯ ᠮᠡᠨᠳᠦ ᠶᠢᠨ ᠠᠵᠤ ᠣᠶᠢᠯᠡᠰ ᠢ ᠰᠦᠪᠡᠭᠴᠢᠯᠡᠨ ᠬᠥᠭᠵᠢᠭᠦᠯᠦᠨ᠎ᠡ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠵᠠᠯᠭᠠᠯᠳᠠ | ᠶᠢᠨ ᠬᠡᠰᠡᠭ ᠤᠨ ᠵᠠᠮ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ ᠨᠢᠰᠦᠯᠲᠡ ᠶᠢᠨ ᠪᠣᠯᠪᠠᠰᠤᠷᠠᠯ᠂ ᠨᠢᠰᠦᠯᠲᠡ ᠶᠢ ᠪᠠᠶᠠᠴᠢᠯᠡᠨ ᠣᠶᠢᠯᠠᠭᠠᠬᠤ ᠵᠡᠷᠭᠡ ᠠᠭᠠᠷ | ᠤᠨ ᠠᠶᠠᠯᠠᠯ ᠤᠨ ᠠᠵᠤ ᠣᠶᠢᠯᠡᠰ ᠢ ᠲᠥᠯᠥᠪᠯᠡᠨ᠎ᠠ᠃ ᠬᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠶᠢ ᠬᠥᠳᠡᠭᠡ ᠪᠠᠭᠤᠯᠭᠠᠬᠤ ᠰᠢᠨ᠎ᠡ ᠨᠢᠭᠡ ᠡᠭᠡᠯᠵᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠦᠷᠭᠡᠨ ᠬᠦᠷᠬᠡᠯᠳᠡ ᠶᠢᠨ ᠪᠠᠷᠠᠭᠠᠨ ᠬᠦᠢᠯᠬᠡᠬᠡ ᠪᠠ ᠬᠦᠯᠳᠡᠬᠡᠵᠣ ᠬᠦᠷᠦᠬᠡᠬᠦ ᠬᠡᠯᠬᠢᠶ᠎ᠠ ᠶᠢ ᠨᠡᠶᠢᠳᠠᠮᠵᠢᠬᠦᠯᠵᠣ | ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢᠨ ᠳᠠᠯᠳᠠ ᠬᠦᠴᠦᠨ ᠢ ᠬᠦᠭᠵᠢᠬᠡᠨ᠎ᠠ᠃ | ︵ᠬᠤᠶᠠᠷ︶ ᠠᠵᠤ ᠣᠶᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷᠯᠠᠯ ᠢ ᠳᠣᠭᠤᠯᠣᠨᠠ᠃ ᠣᠨ ᠤ ᠡᠨᠧᠷᠭᠢ ᠬᠡᠷᠡᠭᠯᠡᠬᠦ ᠲᠥᠰᠦᠪ ᠤᠨ | ᠬᠠᠮᠢᠶᠠᠷᠤᠯᠲᠠ ᠶᠢᠨ ᠲᠥᠰᠦᠯ ᠢ ᠨᠠᠶᠢᠷᠠᠭᠤᠯᠤᠨ ᠳᠣᠭᠳᠠᠭᠠᠵᠣ ᠡᠨᠧᠷᠭᠢ ᠶᠡᠭᠡ ᠬᠤᠷᠣᠭᠳᠠᠭᠤᠯᠬᠤ ᠲᠦᠷᠥᠯ ᠵᠣᠶᠢᠯ ᠤᠨ ᠡᠨᠧᠷᠭᠢ ᠠᠷᠪᠢᠯᠠᠬᠤ ᠬᠢᠨᠠᠨ | ᠪᠠᠶᠢᠴᠠᠭᠠᠯᠲᠠ ᠶᠢ ᠴᠢᠩᠳᠠᠯᠠᠵᠤ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠶᠢ ᠴᠢᠩᠭᠠᠳᠬᠠᠵᠤ ᠠᠵᠤ | ᠠᠬᠤᠶᠢᠯᠠᠯ ᠢ ᠵᠢᠯᠣᠭᠤᠳᠤᠨ ᠦᠢᠯᠡᠳᠬᠦᠨ ᠤ ᠦᠨ᠎ᠡ ᠬᠠᠩᠰᠢ ᠶᠢᠨ ᠬᠠᠨᠳᠤᠰᠢ ᠶᠢ ᠦᠨᠳᠦᠰᠦᠯᠡᠨ ᠪᠠᠶᠢᠴᠠᠭᠠᠵᠤ ᠰᠡᠯᠪᠢᠨ ᠵᠠᠰᠠᠬᠤ ᠴᠠᠭ ᠢ ᠵᠣᠬᠢᠰᠲᠠᠶ | ᠲᠣᠬᠢᠷᠠᠭᠤᠯᠤᠨ᠎ᠠ᠃ ᠰᠢᠨ᠎ᠡ ᠬᠡᠯᠪᠡᠷᠢ ᠶᠢᠨ ᠡᠨᠧᠷᠭᠢ ᠠᠷᠪᠢᠯᠠᠬᠤ ᠬᠡᠷᠡᠮ᠂ ᠳᠤᠯᠠᠭᠠᠨ ᠬᠠᠳᠠᠭᠠᠯᠠᠬᠤ᠂ ᠲᠤᠯᠠᠭᠠᠨ ᠢ ᠬᠥᠨᠳᠡᠶᠢᠷᠡᠭᠦᠯᠬᠦ ᠮᠡᠷᠭᠡᠵᠢᠯ ᠪᠣᠯᠣᠨ | ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠳᠣᠯᠠᠭᠠᠯᠠᠭ᠎ᠠ ᠬᠠᠩᠭᠠᠬᠤ ᠬᠡᠮᠵᠢᠯᠳᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠨᠡᠮᠡᠭᠳᠡᠬᠦᠯᠥᠨ᠎ᠠ᠃ | ᠪᠠᠷᠠᠭ᠎ᠠ ᠳᠠᠸᠡᠷ ᠢ ᠲᠡᠮᠤᠷ ᠵᠠᠮ ᠢᠶᠠᠷ ᠨᠡᠩ ᠣᠯᠠᠨ ᠳᠡᠬᠡᠬᠡᠪᠣᠷᠢᠯᠡᠬᠦ ᠶᠢ ᠠᠬᠢᠭᠤᠯᠵᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠨᠡᠶᠢᠲᠡ ᠶᠢᠨ | ᠮᠠᠰᠢᠨ᠂ ᠲᠦᠷᠢᠶᠡᠰᠦᠨ ᠮᠠᠰᠢᠨ ᠢ ᠦᠷᠬᠡᠨ ᠢᠶᠠᠷ ᠬᠡᠷᠡᠭᠯᠡᠵᠣ ᠪᠣᠬᠢᠷᠲᠤᠯ ᠦᠭᠡᠢ ᠮᠦᠷᠳᠡᠬᠡᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠳᠠᠭ ᠲᠡᠭᠡᠭᠡᠪᠦᠷᠢ ᠶᠢᠨ | ᠵᠠᠭᠪᠤᠷ ᠢ ᠲᠦᠷᠭᠡᠪᠴᠢᠯᠡᠨ ᠪᠠᠶᠢᠭᠤᠯᠤᠨ᠎ᠠ᠃ ᠡᠨᠧᠷᠭᠢ ᠬᠡᠷᠡᠭᠯᠡᠬᠦ ᠡᠷᠬᠡ᠂ ᠡᠨᠧᠷᠭᠢ ᠠᠷᠪᠢᠯᠠᠬᠤ ᠬᠡᠮᠵᠢᠶ᠎ᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ | ᠥᠭᠡᠷᠡᠴᠢᠯᠡᠯᠲᠡ ᠶᠢᠨ ᠣᠶᠢᠯᠡᠳᠦᠯ ᠢ ᠪᠠᠳᠠᠷᠠᠭᠤᠯᠵᠤ ᠡᠨᠧᠷᠭᠢ ᠶᠡᠭᠡ ᠬᠤᠷᠣᠭᠳᠠᠭᠤᠯᠳᠠᠭ ᠠᠵᠤ ᠠᠬᠤᠶᠢᠯᠠᠯ ᠢ ᠱᠠᠯᠠᠪᠳᠠᠭᠤᠯᠵᠣ ᠪᠠᠶᠢᠭᠠᠳ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠲᠣᠭᠲᠠᠭᠠᠯᠭᠠᠵᠤ᠂ ᠭᠤᠤᠯᠯᠠᠬᠤ ᠮᠡᠷᠭᠡᠵᠢᠯ ᠤᠨ ᠪᠤᠭᠤᠮᠳᠠ ᠰᠢᠪᠲᠤᠯᠬᠤ ᠶᠢ | ᠴᠢᠩᠭᠠᠳᠬᠠᠨ ᠤᠷ᠎ᠠ ᠮᠡᠷᠭᠡᠵᠢᠯ ᠤᠨ ᠲᠦᠪᠰᠢᠨ ᠢ ᠳᠡᠭᠡᠭᠰᠢᠯᠡᠬᠦᠯᠵᠦ ᠡᠨᠧᠷᠬᠢ ᠠᠷᠪᠢᠯᠠᠬᠤ ᠲᠡᠷᠢᠬᠦᠨ ᠤ ᠲᠦᠬᠦᠭᠡᠷᠤᠮᠵᠢ ᠶᠢ ᠭᠡᠷᠡᠭᠯᠡᠵᠦ ᠡᠨᠧᠷᠬᠢ ᠠᠷᠪᠢᠯᠠᠨ | ᠦᠷ᠎ᠡ ᠪᠦᠲᠦᠮᠵᠢ ᠶᠢ ᠳᠡᠭᠡᠭᠰᠢᠯᠡᠬᠦᠯᠤᠨ ᠣᠶᠢᠯᠡᠳᠪᠦᠷᠢᠯᠡᠯ ᠤᠨ ᠠᠵᠤ ᠠᠬᠤᠶᠢᠯᠠᠯ ᠪᠠ ᠰᠢᠨ᠎ᠡ ᠪᠠᠷ ᠪᠠᠶᠢᠭᠤᠯᠬᠤ ᠲᠥᠷᠥᠯ ᠵᠣᠶᠢᠯ ᠤᠨ ᠨᠢᠭᠡᠴᠢ ᠣᠶᠢᠯᠡᠳᠬᠦᠨ ᠤ | ᠡᠨᠧᠷᠭᠢ ᠶᠢᠨ ᠬᠤᠷᠣᠭᠳᠠᠭᠤᠯᠤᠯ ᠤᠨ ᠭᠡᠮᠵᠢᠶ᠎ᠡ ᠶᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠬᠡᠬᠦ ᠶᠢ ᠦᠨᠡᠨᠬᠦ ᠪᠠᠲᠤᠯᠠᠨ᠎ᠠ᠃ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ᠮᠢᠩᠭᠠᠨ ᠳ᠋ᠦᠩᠰᠢᠭᠤᠷ ᠲᠦᠬᠦᠷᠢᠭ ᠤᠨ ᠲᠠᠰ ᠤᠨ ᠠᠵᠤ | ᠣᠶᠢᠯᠡᠰ ᠤᠨ ᠬᠦᠷᠢᠶᠡᠯᠡᠩ ᠲᠣᠭᠤᠷᠢᠭ ᠤᠨ ᠪᠦᠳᠦᠬᠡᠨ ᠪᠠᠶᠢᠭᠤᠯᠣᠯᠳᠠ ᠳᠤ ᠰᠠᠭᠤᠷᠢᠯᠠᠨ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠭᠤᠷᠪᠠᠨ | ᠵᠢᠯ ᠤᠨ ᠪᠣᠭᠤᠮᠳᠠ ᠰᠢᠪᠳᠣᠯᠬᠤ ᠠᠵᠢᠯᠯᠠᠭ᠎ᠠ ᠶᠢ ᠳᠥᠯᠭᠢᠨ ᠠᠬᠢᠭᠤᠯᠵᠤ᠂ ︽ᠲᠠᠪᠤᠨ ᠶᠡᠭᠡ ᠢᠨᠵᠧᠨᠧᠷᠢᠩ︾ ᠢ ᠬᠡᠷᠡᠭᠵᠢᠭᠦᠯᠦᠨ ᠬᠦᠷᠢᠶᠡᠯᠡᠩ ᠲᠣᠭᠤᠷᠢᠭ ᠤᠨ | ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ᠃ ᠠᠵᠤ ᠣᠶᠢᠯᠡᠰ ᠢ ᠳᠠᠰ ᠳᠠᠪᠰᠢᠬᠦᠯᠥᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ | ᠬᠦᠷᠢᠶᠠᠯᠠᠩ ᠳᠣᠭᠤᠷᠢᠭ ᠲᠤ ᠣᠷᠣᠭᠰᠠᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠳᠠᠯ᠎ᠠ ᠪᠠᠷ ᠬᠢ ᠪᠡᠯᠡ ᠣᠷᠣᠭᠤᠯᠤᠯᠲᠠ ᠶᠢ ᠨᠡᠮᠡᠭᠳᠡᠭᠦᠯᠵᠦ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠶᠢᠨ ᠲᠡᠷᠢᠭᠦᠨ ᠤ ᠰᠤᠳᠤᠯᠤᠯᠳᠠ | ᠨᠡᠬᠡᠬᠡᠯᠳᠡ ᠶᠢᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠠᠵᠤ ᠣᠶᠢᠯᠡᠰ ᠤᠨ ᠰᠢᠨ᠎ᠡ ᠶᠢ ᠡᠭᠦᠳᠬᠦ ᠬᠦᠴᠦᠨ ᠪᠠ | ᠣᠶᠢᠯᠡᠳᠬᠦᠨ ᠤ ᠥᠷᠢᠰᠦᠯᠳᠦᠬᠦ ᠬᠦᠴᠦᠨ ᠢ ᠳᠡᠬᠡᠭᠰᠢᠯᠡᠬᠦᠯᠥᠨ᠎ᠠ᠃ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠣ | ᠨᠢᠩᠳᠦ᠋ᠩ᠂ ᠲᠡᠮᠡᠭᠡᠲᠦ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠤ ᠬᠦᠷᠢᠶᠡᠯᠡᠩ ᠲᠣᠭᠤᠷᠢᠭ ᠯᠤᠭ᠎ᠠ ᠶᠢᠨ ᠰᠣᠯᠢᠯᠴᠠᠭ᠎ᠠ ᠶᠢ ᠴᠢᠩᠭᠠᠳᠬᠠᠨ ᠬᠦᠷᠢᠶᠡᠯᠡᠩ | ᠲᠣᠭᠤᠷᠢᠭ ᠤᠨ ᠬᠤᠭᠤᠷᠣᠨᠳᠣᠬᠢ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠵᠤ ᠠᠵᠤ ᠠᠬᠤᠶᠢᠯᠠᠯ ᠬᠤᠭᠤᠷᠣᠨᠳᠤ ᠪᠠᠨ ᠦᠢᠯᠡᠳᠬᠦᠨ ᠤ | ᠲᠦᠭᠦᠬᠡᠶ ᠮᠠᠲ᠋ᠧᠷᠢᠶᠠᠯ ᠢᠶᠠᠨ ᠬᠠᠷᠢᠯᠴᠠᠨ ᠰᠤᠯᠢᠯᠴᠠᠵᠤ ᠬᠠᠷᠢᠯᠴᠠᠨ ᠬᠠᠩᠭᠠᠬᠤ ᠶᠢ ᠠᠬᠢᠭᠤᠯᠤᠨ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠵᠤ | ᠪᠣᠬᠢᠷᠲᠤᠯ ᠥᠬᠡᠶ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ ᠪᠣᠬᠢᠷᠲᠤᠯ ᠥᠬᠡᠶ ᠬᠢᠮᠢ ᠶᠢᠨ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠲᠤᠷᠰᠢᠯᠲᠠ ᠶᠢᠨ ᠴᠡᠭ ᠤᠨ ᠨᠢᠭᠡᠴᠢ ᠶᠢ ᠢᠳᠡᠪᠬᠢᠲᠡᠶ ᠪᠠᠷ ᠮᠡᠳᠡᠭᠦᠯᠦᠨ᠎ᠡ᠃ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ | ᠦᠢᠯᠡᠳᠪᠦᠷᠢ ᠶᠢᠨ ᠰᠢᠨ ᠰᠢᠩ ᠺᠤᠮᠫᠠᠨᠢ ᠶᠢᠨ ᠪᠤᠬᠢᠷᠳᠤᠯ ᠦᠬᠡᠢ ᠪᠠᠷ ᠤᠰᠤᠲᠥ᠋ᠷᠥᠭᠴᠢ ᠣᠶᠢᠯᠡᠳᠬᠦ᠂ ᠤᠯᠤᠰ ᠤᠨ ᠴᠠᠬᠢᠯᠭᠠᠨ ᠲᠤᠤᠷ ᠤᠨ ᠪᠦᠯᠦᠭᠯᠡᠯ ᠤᠨ | ᠥᠥᠰᠢᠨ ᠬᠤᠰᠢᠭᠤᠨ ᠤ ᠲᠠᠷᠢᠶᠠᠯᠠᠩ ᠪᠠ ᠭᠡᠷᠡᠯ ᠬᠠᠷᠢᠯᠴᠠᠨ ᠤᠶᠠᠯᠳᠤᠭᠰᠠᠨ 800 ᠰᠠᠶ᠋ᠢ ᠸᠠᠲ ᠭᠡᠷᠡᠯ ᠴᠠᠬᠢᠯᠭᠠᠨ᠂ ᠳᠤᠮᠳᠠᠳᠤ ᠤᠯᠤᠰ ᠤᠨ ᠭᠤᠸᠠᠩ ᠾᠧ | ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ 20 ᠲᠦᠮᠡᠨ ᠺᠢᠯᠣᠸᠠᠲ ᠤᠨ ᠬᠡᠷᠡᠯ ᠴᠠᠬᠢᠯᠭᠠᠨ ᠵᠡᠷᠭᠡ ᠰᠢᠨ᠎ᠡ ᠡᠨᠧᠷᠬᠢ ᠶᠢᠨ ᠲᠦᠷᠦᠯ ᠵᠦᠢᠯ ᠢ ᠠᠬᠢᠭᠤᠯᠵᠦ ᠠᠵᠤ | ᠠᠬᠤᠶᠢᠯᠠᠯ ᠢ ᠵᠣᠷᠢᠭᠵᠢᠭᠤᠯᠤᠨ ᠤᠰᠤᠲᠥ᠋ᠷᠥᠭᠴᠢ ᠶᠢᠨ ᠡᠨᠧᠷᠬᠢ ᠪᠠᠷ ᠨᠡᠬᠦᠷᠠᠰᠣ᠂ ᠴᠢᠯᠠᠭᠤᠨ ᠳᠣᠰᠣ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠡᠨᠧᠷᠭᠢ ᠶᠢ | ᠣᠷᠣᠯᠠᠭᠤᠯᠵᠣ ᠡᠨᠧᠷᠭᠢ ᠬᠠᠳᠠᠭᠠᠯᠠᠬᠤ ᠲᠦᠬᠦᠭᠡᠷᠦᠮᠵᠢ ᠶᠢ ᠲᠦᠬᠦᠷᠵᠢᠬᠦᠯᠦᠨ ᠪᠠᠶᠢᠭᠤᠯᠵᠤ ᠳᠠᠬᠢᠨ ᠰᠢᠨᠡᠳᠴᠤ ᠪᠣᠯᠬᠤ ᠡᠨᠧᠷᠭᠢ ᠶᠢᠨ ᠰᠤᠷᠪᠤᠯᠵᠢ ᠶᠢ ᠬᠤᠷᠢᠶᠠᠨ | ᠬᠠᠳᠠᠭᠠᠯᠠᠬᠤ ᠵᠡᠷᠭᠡ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ ᠭᠠᠳᠠᠭᠰᠢᠭᠤᠯᠤᠯᠲᠠ ᠶᠢ ᠪᠠᠭᠠᠰᠬᠠᠬᠤ ᠵᠠᠮ ᠢ ᠰᠦᠪᠡᠭᠴᠢᠯᠡᠨ᠎ᠡ᠃ ᠤᠶᠤᠨᠴᠢᠯᠠᠭᠰᠠᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ ︽ᠬᠠᠮᠲᠤ ᠪᠠᠷ ᠡᠳ᠋ᠯᠡᠵᠦ ᠪᠣᠯᠬᠤ︾ ︽ᠡᠬᠢ ᠰᠤᠷᠪᠤᠯᠵᠢ ᠶᠢ ᠡᠷᠢᠵᠦ ᠪᠣᠯᠬᠤ︾ ᠤᠶᠤᠨᠲᠤ | ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ ᠵᠦᠩ ᠮᠧᠢ ᠪᠦᠯᠦᠭᠯᠡᠯ ᠤᠨ | ᠮᠧᠩ ᠳ᠋ᠠ ᠺᠤᠮᠫᠠᠨᠢ ᠶᠢᠨ ᠤᠶᠤᠨᠲᠤ ᠦᠢᠯᠡᠳᠪᠦᠷᠢ ᠶᠢᠨ ᠲᠤᠷᠰᠢᠯᠭ᠎ᠠ ᠶᠢ ᠳᠡᠯᠭᠡᠷᠡᠭᠦᠯᠵᠦ ᠠᠵᠤ ᠠᠬᠤᠶᠢᠯᠠᠯ ᠤᠨ ᠤᠶᠤᠨᠴᠢᠯᠠᠭᠰᠠᠨ ᠥᠭᠡᠷᠡᠴᠢᠯᠡᠯᠲᠡ ᠬᠢᠬᠦ ᠶᠢ | ᠵᠣᠷᠢᠭᠵᠢᠭᠤᠯᠤᠨ ᠬᠠᠷᠢᠭᠤ ᠲᠤᠰᠬᠠᠯ ᠭᠠᠷᠭᠠᠬᠤ ᠳᠤ ᠲᠦᠷᠭᠡᠨ ᠮᠦᠷᠳᠡᠬᠡᠨ ᠰᠢᠢᠳᠪᠦᠷᠢᠲᠤ ᠪᠣᠳᠣᠯᠭ᠎ᠠ ᠲᠣᠭᠲᠠᠭᠠᠬᠤ ᠳᠤ ᠥᠨᠳᠥᠷ ᠪᠦᠲᠦᠮᠵᠢᠲᠡᠶ ᠪᠠᠶᠢᠬᠤ | ᠪᠠᠴᠢᠮ ᠪᠠᠶᠢᠳᠠᠯ ᠢ ᠰᠢᠢᠳᠪᠦᠷᠢᠯᠡᠬᠦ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠵᠤ ᠬᠦᠨᠳᠦ ᠶᠡᠭᠡ ᠠᠶᠣᠯ ᠲᠦᠭᠰᠢᠭᠦᠷᠢ ᠶᠢ ᠡᠵᠡᠮᠳᠡᠵᠦ ᠪᠣᠯᠬᠤ᠂ | ᠭᠤᠤᠯᠳᠠᠯᠭ᠎ᠠ ᠲᠠᠢ ᠲᠦᠭᠰᠢᠭᠦᠷᠢ ᠶᠢᠨ ᠡᠬᠢ ᠢᠷᠡᠯᠲᠡ ᠪᠠ ᠲᠦᠭᠰᠢᠭᠦᠷᠢ ᠶᠢᠨ ᠴᠡᠭ ᠢ ᠬᠢᠨᠠᠨ ᠬᠡᠮᠵᠢᠵᠦ ᠪᠣᠯᠬᠤ᠂ ᠤᠷᠢᠳᠴᠢᠯᠠᠨ ᠰᠡᠷᠡᠮᠵᠢᠯᠡᠭᠦᠯᠵᠦ ᠪᠣᠯᠬᠤ᠂ | ᠰᠡᠷᠭᠡᠶᠢᠯᠡᠨ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ ᠨᠠᠷᠢᠠᠭᠤᠤᠯ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠦᠨᠳᠡᠯᠡᠨ ᠨᠢᠭᠡᠳᠦᠭᠡᠷ ᠵᠠᠮ ᠤᠨ ᠵᠡᠭᠦᠨ ᠬᠡᠰᠡᠭ᠂ ᠲᠤᠭ ᠲᠥᠷᠥᠯ ᠵᠦᠢᠯ ᠤᠨ ᠲᠣᠭᠤᠷᠢᠭ ᠤᠨ ᠬᠦᠨᠳᠡᠯᠡᠨ | ᠳᠣᠯᠣᠳᠤᠭᠠᠷ ᠵᠠᠮ ᠵᠡᠷᠭᠡ 6 ᠵᠤᠷᠪᠤᠰ ᠵᠠᠮ ᠵᠢᠴᠢ ᠳᠠᠭᠠᠯᠲᠠ ᠢᠨᠵᠧᠨᠧᠷᠢᠩ ᠤᠨ ᠠᠵᠢᠯ ᠢ ᠡᠬᠢᠯᠡᠭᠦᠯᠵᠦ ᠨᠡᠭᠦᠷᠡᠰᠤ ᠲᠡᠭᠡᠭᠡᠪᠤᠷᠢᠯᠡᠬᠦ ᠵᠠᠮ ᠢ ᠲᠦᠷᠭᠡᠨ ᠪᠦᠲᠦᠭᠡᠨ | ᠪᠠᠶᠢᠭᠤᠯᠵᠦ ᠦᠦᠰᠢᠨᠵᠤᠤ ᠶᠢᠨ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠢ ᠥᠷᠭᠡᠳᠬᠡᠨ ᠪᠠᠶᠢᠭᠤᠯᠬᠤ ᠪᠠ ᠪᠥᠸᠧ ᠳ᠋ᠡ ᠱᠢ ᠳ᠋ᠢ ᠺᠤᠮᠫᠠᠨᠢ ᠶᠢᠨ | ᠲᠤᠰᠬᠠᠶ ᠬᠡᠷᠡᠭᠯᠡᠭᠡᠨ ᠤ ᠱᠤᠭᠤᠮ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠤᠨ ᠱᠠᠩ ᠤᠨ ᠬᠤᠭᠤᠯᠠᠢ ᠨᠡᠭᠦᠷᠡᠰᠤᠨ ᠠᠭᠤᠷᠬᠠᠢ ᠶᠢᠨ ᠲᠡᠮᠦᠷ ᠵᠠᠮ ᠤᠨ | ᠲᠤᠰᠬᠠᠶ ᠬᠡᠷᠡᠭᠯᠡᠭᠡᠨ ᠤ ᠱᠤᠭᠤᠮ ᠢ ᠪᠠᠶᠢᠭᠤᠯᠤᠨ ᠳᠠᠭᠤᠰᠬᠠᠵᠤ ᠬᠦᠳᠡᠯᠭᠡᠭᠴᠢ ᠬᠦᠴᠦᠨ ᠤ ᠲᠦᠪ᠂ ᠨᠡᠶᠢᠲᠡ ᠶᠢᠨ ᠬᠡᠷᠡᠭᠯᠡᠭᠡᠨ ᠤ ᠬᠤᠭᠤᠯᠠᠶ ᠶᠢᠨ ᠰᠤᠪᠠᠭ | ᠵᠡᠷᠭᠡ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠵᠢᠴᠢ 5G ᠰᠦᠯᠵᠢᠶ᠎ᠡ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠮᠠᠶ᠋ᠢᠭ ᠤᠨ | ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ᠎ᠡ᠃ ᠴᠢᠨᠠᠷ ᠰᠠᠶᠢᠲᠠᠶ ᠬᠥᠭᠵᠢᠯᠲᠡ ᠶᠢᠨ ᠵᠢᠱᠢᠶᠡᠴᠢ ᠢᠨᠵᠧᠨᠧᠷᠢᠩ ᠢ ᠬᠡᠷᠡᠭᠵᠢᠭᠦᠯᠵᠦ | ᠵᠥᠩ ᠲᠢᠶᠠᠨ ᠾᠧ ᠴᠤᠸᠠᠩ ᠺᠤᠮᠫᠠᠨᠢ᠂ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠦᠢᠯᠡᠳᠪᠦᠷᠢ ᠶᠢᠨ ᠺᠤᠮᠫᠠᠨᠢ ᠵᠡᠷᠭᠡ ᠠᠵᠤ ᠠᠬᠤᠶᠢᠯᠠᠯ ᠤᠨ | ᠮᠡᠷᠭᠡᠵᠢᠯ ᠢᠶᠠᠨ ᠦᠭᠡᠷᠡᠴᠢᠯᠡᠨ ᠲᠠᠰ ᠳᠡᠪᠰᠢᠬᠦ ᠶᠢ ᠳᠡᠮᠵᠢᠵᠦ ᠪᠦᠦ ᠹᠧᠩ ᠡᠨᠧᠷᠬᠢ ᠶᠢᠨ ᠪᠦᠯᠦᠭᠯᠡᠯ ᠤᠨ ᠲᠥᠷᠥᠯ ᠵᠦᠢᠯ ᠤᠨ ᠠᠵᠢᠯ ᠲᠥᠷᠥᠯ ᠤᠨ ᠰᠢᠨ᠎ᠡ ᠬᠡᠪ | ᠳᠠᠭᠤᠷᠢᠶᠠᠯ ᠢ ᠪᠣᠶ ᠪᠣᠯᠭᠠᠬᠤ ᠶᠢ ᠳᠥᠯᠭᠢᠨ ᠠᠬᠢᠭᠤᠯᠵᠤ ᠲᠤᠭ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠰᠢᠨ᠎ᠡ ᠮᠠᠲ᠋ᠧᠷᠢᠶᠠᠯ ᠤᠨ | ᠲᠣᠭᠤᠷᠢᠭ ᠢ ᠪᠣᠶ ᠪᠣᠯᠭᠠᠵᠤ ᠦᠨᠳᠦᠷ ᠴᠢᠳᠠᠮᠵᠢᠳᠤ ᠰᠢᠷᠭᠡᠭᠯᠢᠭ ᠡᠳ᠋ ᠵᠢᠴᠢ ᠨᠡᠶᠢᠯᠡᠮᠡᠯ ᠮᠠᠲ᠋ᠧᠷᠢᠶᠠᠯ᠂ ᠣᠨᠴᠠ ᠲᠥᠷᠥᠯ ᠤᠨ ᠨᠡᠶᠢᠯᠡᠮᠡᠯ ᠭᠤᠮ᠂ ᠲᠡᠷᠢᠭᠦᠨ ᠤ | ᠪᠠᠷᠢᠯᠭ᠎ᠠ ᠶᠢᠨ ᠴᠢᠮᠡᠭᠯᠡᠯ ᠤᠨ ᠮᠠᠲ᠋ᠧᠷᠢᠶᠠᠯ ᠢ ᠬᠥᠭᠵᠢᠭᠦᠯᠵᠦ ᠠᠵᠤ ᠦᠢᠯᠡᠰ ᠤᠨ ᠳᠡᠭᠡᠳᠦ ᠳᠡᠰᠴᠢᠯᠡᠭᠰᠡᠨ᠂ ᠵᠦᠷᠢᠶᠡᠴᠢᠯᠡᠭᠰᠡᠨ᠂ ᠨᠠᠷᠢᠯᠢᠬᠵᠢᠭᠤᠯᠤᠭᠰᠠᠨ | ᠬᠥᠭᠵᠢᠯᠲᠡ ᠶᠢ ᠲᠦᠷᠭᠡᠳᠬᠡᠨ ᠪᠡᠶᠡᠯᠡᠭᠦᠯᠵᠦ ᠳᠡᠭᠡᠳᠦ ᠳᠡᠰ ᠤᠨ ᠥᠷᠲᠡᠭ ᠤᠨ ᠬᠡᠯᠬᠢᠶᠡᠨ ᠳᠤ ᠣᠷᠣᠭᠤᠯᠣᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠰᠢᠭᠤ ᠱᠠᠲᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠷᠤᠳᠠᠯ ᠢ 2100 ᠲᠦᠮᠡᠨ ᠲᠥᠭᠦᠷᠢᠭ ᠳᠣᠭᠢᠷᠠᠭᠤᠯᠵᠤ ᠨᠡᠭᠦᠷᠡᠰᠦ ᠬᠢᠮᠢ ᠶᠢᠨ ᠦᠢᠯᠡᠳᠪᠦᠷᠢ ᠵᠢᠴᠢ ᠰᠢᠨ᠎ᠡ ᠮᠠᠲ᠋ᠧᠷᠢᠶᠠᠯ᠂ ᠮᠠᠯ | ᠲᠠᠷᠢᠶᠠᠯᠠᠩ ᠠᠵᠤ ᠠᠬᠤᠶ᠂ ᠣᠲᠣ ᠦᠶ᠎ᠡ ᠶᠢᠨ ᠪᠠᠷᠠᠭᠠᠨ ᠬᠦᠢᠯᠭᠡᠭᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠣᠶ ᠪᠣᠯᠭᠠᠨ᠎ᠠ᠃ ᠪᠠᠯᠠ ᠮᠥᠩᠬᠦᠨ ᠤ | ᠨᠥᠬᠦᠪᠥᠷᠢ᠂ ᠰᠢᠯᠢᠳᠡᠭ ᠢ ᠰᠢᠯᠭᠠᠷᠠᠭᠤᠯᠤᠨ ᠱᠠᠩᠨᠠᠬᠤ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠶᠡᠷᠤᠩᠬᠡᠶᠢᠯᠡᠨ ᠠᠰᠢᠭᠯᠠᠨ ᠳᠡᠭᠡᠳᠦ | ᠳᠠᠪᠬᠤᠷᠭ᠎ᠠ ᠶᠢᠨ ᠴᠢᠳᠠᠪᠤᠷᠢᠲᠠᠨ᠂ ᠬᠤᠪᠣᠷ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠠᠵᠦ ᠠᠬᠤᠶᠢᠯᠠᠯ ᠢ | ᠵᠢᠯᠤᠭᠤᠳᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠪᠡᠯᠡ ᠤᠷᠤᠭᠤᠯᠤᠯᠲᠠ ᠶᠢ ᠨᠡᠮᠡᠭᠳᠡᠬᠦᠯᠦᠨ ᠵᠦᠩ ᠮᠸᠢ ᠪᠦᠯᠦᠭᠯᠡᠯ ᠵᠡᠷᠭᠡ | ᠲᠤᠮᠤ ᠬᠡᠯᠪᠡᠷᠢ ᠶᠢᠨ ᠠᠵᠤ ᠠᠬᠤᠶᠢᠯᠠᠯ ᠤᠨ ᠨᠡᠭᠦᠷᠡᠰᠤ ᠬᠢᠮᠢ ᠶᠢᠨ ᠦᠢᠯᠡᠳᠪᠤᠷᠢ ᠶᠢᠨ ᠰᠤᠳᠤᠯᠭᠠᠨ ᠤ ᠭᠠᠵᠠᠷ ᠢ ᠪᠦᠲᠦᠭᠡᠨ ᠪᠠᠶᠢᠭᠤᠯᠬᠤ ᠶᠢ ᠳᠡᠮᠵᠢᠵᠦ | ᠰᠧᠴᠤᠸᠠᠨ ᠶᠡᠭᠡ ᠰᠤᠷᠭᠠᠭᠤᠯᠢ᠂ ᠡᠾᠧᠨᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ᠂ ᠨᠠᠨᠵᠢᠩ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ᠂ ᠵᠢᠶᠠᠩᠪᠸᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠪᠠᠨ | ᠴᠢᠩᠭᠠᠳᠬᠠᠨ ᠦᠢᠯᠡᠳᠪᠦᠷᠢᠯᠡᠬᠦ ᠰᠣᠷᠣᠯᠴᠠᠬᠤ ᠰᠤᠳᠤᠯᠬᠤ ᠬᠡᠷᠡᠭᠯᠡᠬᠦ ᠶᠢ ᠭᠦᠨᠵᠡᠭᠡᠶ ᠠᠭᠤᠰᠤᠯᠴᠠᠭᠤᠯᠤᠭᠰᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠰᠢᠰᠲ᠋ᠧᠮ ᠢ | ᠪᠠᠶᠢᠭᠤᠯᠵᠤ ᠵᠠᠩᠭᠢᠯᠠᠭ᠎ᠠ ᠶᠢᠨ ᠮᠡᠷᠭᠡᠵᠢᠯ ᠢᠶᠠᠷ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ ᠲᠤᠭ ᠠᠵᠦ | ᠦᠢᠯᠡᠳᠪᠤᠷᠢ ᠶᠢᠨ ᠬᠦᠷᠢᠶᠡᠯᠡᠩ ᠤᠨ ᠰᠢᠨ᠎ᠡ ᠮᠠᠲ᠋ᠧᠷᠢᠶᠠᠯ ᠤᠨ ᠠᠵᠦ ᠦᠢᠯᠡᠰ ᠤᠨ ᠲᠤᠭᠤᠷᠢᠭ᠂ ᠠᠵᠦ ᠦᠢᠯᠡᠰ ᠤᠨ ᠰᠢᠨ᠎ᠡ ᠶᠢ ᠡᠬᠦᠳᠬᠦ ᠴᠢᠳᠠᠪᠤᠷᠢ ᠪᠠ | ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠰᠤᠳᠤᠯᠭᠠᠨ ᠤ | ᠪᠠᠶᠢᠭᠤᠯᠤᠮᠵᠢ ᠯᠤᠭ᠎ᠠ ᠶᠢᠨ ᠬᠠᠮᠳᠣᠷᠠᠯᠴᠠᠭ᠎ᠠ ᠪᠠᠨ ᠴᠢᠩᠭᠠᠳᠬᠠᠨ ᠰᠢᠨ᠎ᠡ ᠶᠢ ᠡᠭᠦᠳᠬᠦ ᠤᠶᠤᠨ ᠤ ᠬᠦᠴᠦᠨ ᠵᠦᠢᠯ ᠪᠣᠯᠤᠨ ᠰᠢᠨᠵᠢᠯᠡᠬᠦ ᠤᠬᠠᠭᠠᠨ ᠰᠤᠳᠤᠯᠭᠠᠨ | ᠤ ᠡᠬᠢ ᠰᠤᠷᠪᠤᠯᠵᠢ ᠶᠢ ᠲᠥᠪᠯᠡᠷᠡᠭᠦᠯᠵᠦ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶᠡᠴᠢ ᠬᠦᠷᠢᠶᠡᠯᠡᠩ | ᠲᠣᠭᠤᠷᠢᠭ ︵ᠭᠠᠯᠠᠭᠤᠲᠤ ᠪᠠᠯᠭᠠᠰᠤᠨ ᠤ ᠨᠤᠭᠤᠭ᠎ᠠ ᠵᠢᠮᠢᠰ ᠤᠨ ᠲᠠᠷᠢᠮᠠᠯ ᠤᠨ ᠢᠨᠵᠧᠨᠧᠷᠢᠩ︶ ᠢ ᠪᠥᠳᠥᠭᠡᠨ ᠪᠠᠶᠢᠭᠤᠯᠤᠨ᠎ᠠ᠃ ᠡᠯ᠎ᠡ ᠬᠦᠷᠢᠶ᠎ᠡ ᠴᠠᠷᠠᠭᠠᠨ ᠤ | ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠶᠢ ᠦᠨᠳᠦᠰᠦᠯᠡᠨ ᠰᠠᠨᠠᠭᠠᠴᠢᠯᠠᠭ᠎ᠠ ᠠᠴᠠ ᠪᠠᠨ ᠠᠵᠢᠯ ᠲᠥᠷᠥᠯ ᠤᠨ ᠲᠡᠷᠢᠭᠦᠨ ᠤ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠵᠤ ᠪᠠᠶᠢᠭᠠᠳ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠲᠤᠰᠬᠠᠶ ᠲᠦᠷᠦᠯ ᠵᠦᠢᠯ ᠢ ᠭᠤᠶᠤᠴᠢᠯᠠᠨ ᠮᠡᠳᠡᠭᠦᠯᠵᠦ ᠭᠤᠤᠯᠯᠠᠬᠤ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠮᠡᠷᠭᠡᠵᠢᠯ ᠤᠨ ᠪᠣᠭᠤᠮᠢ ᠶᠢ ᠰᠢᠢᠳᠪᠦᠷᠢᠯᠡᠨ᠎ᠡ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ︽ᠳᠥᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠦᠩᠭᠦᠨ ᠤ ᠳᠡᠮᠵᠢᠯᠭᠡ᠂ ᠬᠠᠪᠰᠤᠷᠤᠨ ᠲᠡᠳᠬᠦᠬᠦ | ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠲᠤᠮᠤ ᠳ᠋ᠠᠶᠢᠲ᠋ᠠ ᠶᠢᠨ ᠲᠠᠪᠴᠠᠩ ᠢ | ᠪᠦᠷᠢᠨᠰᠢᠬᠦᠯᠵᠤ ᠲᠠᠬᠢᠨ ᠶᠠᠳᠠᠭᠤᠷᠠᠮᠠᠷ ᠪᠠᠶᠢᠭ᠎ᠠ ᠬᠥᠮᠦᠨ ᠠᠮᠠ ᠶᠢ ᠢᠯᠡᠷᠡᠭᠦᠯᠬᠦ ᠪᠠ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠶᠠᠳᠠᠭᠤᠷᠠᠭᠰᠠᠨ ᠪᠠ | ᠲᠠᠬᠢᠨ ᠶᠠᠳᠠᠭᠤᠷᠠᠭᠰᠠᠨ ᠰᠢᠯᠲᠠᠭᠠᠨ ᠢ ᠣᠨᠣᠪᠴᠢᠲᠠᠢ ᠵᠠᠳᠠᠯᠵᠤ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠨ᠎ᠡ᠃ ᠬᠤᠳᠠ ᠬᠦᠳᠡᠭᠡ ᠶᠢᠨ ᠬᠦᠭᠵᠢᠯᠳᠡ | ᠵᠤᠬᠢᠴᠠᠩᠭᠤᠢ ᠪᠤᠰᠤ ᠪᠠᠶᠢᠭ᠎ᠠ ᠠᠰᠠᠭᠤᠳᠠᠯ ᠢ ᠰᠢᠢᠳᠪᠤᠷᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠪᠤᠯᠤᠨ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠲᠦᠯᠦᠪᠵᠢᠬᠦᠯᠬᠡ᠂ ᠲᠦᠷᠦ ᠶᠢᠨ ᠪᠤᠳᠤᠯᠭ᠎ᠠ᠂ ᠡᠩᠨᠡᠭᠡ ᠶᠢ ᠪᠦᠲᠦᠮᠵᠢᠲᠡᠢ ᠵᠠᠯᠭᠠᠯᠳᠤᠭᠤᠯᠤᠨ᠎ᠠ᠃ ᠦᠦᠰᠢᠨᠵᠦᠦ ᠭᠠᠴᠠᠭ᠎ᠠ᠂ | ᠪᠠᠲᠤ ᠶᠢᠨ ᠲᠤᠬᠤᠢ ᠲᠤᠰᠬᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠷᠰᠢᠯᠳᠡ ᠶᠢᠨ ᠴᠡᠭ ᠤᠨ ᠲᠦᠯᠦᠪᠯᠡᠭᠡ ᠶᠢ ᠡᠬᠢᠯᠡᠬᠦᠯᠦᠨ | ᠭᠡᠷᠡᠭᠵᠢᠬᠦᠯᠵᠦ ᠮᠠᠯᠴᠢᠨ ᠲᠠᠷᠢᠶᠠᠴᠢᠨ ᠪᠠ ᠬᠠᠮᠲᠤ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠪᠠᠷ ᠭᠤᠤᠯ ᠪᠤᠯᠭᠠᠭᠰᠠᠨ ︽ᠭᠤᠷᠪᠠ ᠶᠢ ᠨᠢᠭᠡ | ᠴᠤᠭᠴᠠᠵᠢᠭᠤᠯᠤᠭᠰᠠᠨ︾ ᠮᠠᠯ ᠲᠠᠷᠢᠶᠠᠯᠠᠩ ᠠᠵᠦ ᠠᠬᠤᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠦ ᠦᠦᠰᠢᠨ ᠤ ᠣᠨᠴᠠᠯᠢᠭᠲᠤ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ︽ᠦᠯᠢᠭᠡᠷ ᠲᠠᠭᠤᠷᠢᠶᠠᠯ︾ ᠢ ᠪᠤᠢ ᠪᠤᠯᠭᠠᠨ᠎ᠠ᠃ | ᠵᠣᠬᠢᠶᠠᠨ ᠪᠠᠶᠢᠭᠤᠯᠤᠯᠳᠠᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠨᠠᠮ ᠤᠨ ᠡᠭᠦᠷ + ᠲᠣᠯᠣᠭᠠᠶᠢᠯᠠᠬᠤ ᠠᠵᠤ ᠠᠬᠤᠶᠢᠯᠠᠯ + ᠬᠤᠷᠰᠢᠶ᠎ᠠ | + ᠮᠠᠯᠴᠢᠨ ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ | ᠬᠥᠭᠵᠢᠭᠦᠯᠦᠯᠲᠡ ᠶᠢᠨ ᠺᠣᠮᠫᠠᠨᠢ᠂ ᠲᠠᠯ᠎ᠠ ᠨᠤᠲᠤᠭ ᠤᠨ ᠾᠧ ᠨᠢᠦ ᠦᠬᠡᠷ ᠵᠡᠷᠭᠡ ᠲᠤᠯᠤᠭᠠᠶᠢᠯᠠᠬᠤ ᠠᠵᠤ ᠠᠬᠤᠶᠢᠯᠠᠯ ᠢ ᠬᠦᠭᠵᠢᠬᠦᠯᠦᠨ ᠪᠤᠵᠠᠭᠠᠶᠢᠷᠠᠭᠤᠯᠵᠦ | ᠠᠵᠤ ᠦᠢᠯᠡᠰ ᠤᠨ ᠬᠤᠯᠪᠣᠭᠠᠲᠤ ᠴᠣᠭᠴᠠ ᠶᠢᠨ ᠠᠵᠢᠯᠯᠠᠭᠠᠨ ᠤ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠢᠭᠡ ᠪᠦᠯᠦᠭ ᠳᠠᠷᠢᠬᠤ ᠮᠠᠯᠵᠢᠬᠤ | ᠤᠨᠴᠠᠯᠢᠭᠳᠤ ᠲᠣᠮᠣ ᠡᠷᠦᠬᠡ ᠶᠢ ᠬᠥᠭᠵᠢᠭᠦᠯᠵᠦ ᠥᠨᠳᠥᠷ ᠬᠡᠪ ᠪᠣᠯᠪᠠᠰᠤᠷᠠᠯ ᠲᠠᠢ 200 ᠭᠠᠷᠤᠢ ᠮᠠᠯᠴᠢᠨ ᠲᠠᠷᠢᠶᠠᠴᠢᠨ ᠢ ᠬᠦᠮᠦᠵᠢᠬᠦᠯᠦᠨ ᠡᠯᠧᠺᠲᠷᠣᠨ | ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠶᠡᠷᠦᠩᠬᠡᠶᠢᠯᠡᠭᠰᠡᠨ ᠵᠢᠱᠢᠶᠡᠴᠢ ᠲᠦᠷᠦᠯ ᠵᠦᠢᠯ ᠢ ᠬᠡᠷᠡᠭᠵᠢᠬᠦᠯᠵᠦ᠂ ᠡᠯᠧᠺᠲᠷᠣᠨ ᠬᠤᠳᠠᠯᠳᠤᠭᠠᠨ ᠤ | ᠰᠦᠯᠵᠢᠶᠡᠨ ᠳᠡᠭᠡᠷ᠎ᠡ ᠪᠣᠷᠣᠯᠠᠭᠤᠯᠬᠤ᠂ ᠠᠬᠤᠶ ᠲᠠᠯᠠᠪᠠᠶ ᠶᠢ ᠪᠡᠶᠡᠴᠢᠯᠡᠨ ᠣᠶᠢᠯᠠᠭᠠᠬᠤ ᠵᠡᠷᠭᠡ ᠰᠢᠨ᠎ᠡ ᠭᠡᠯᠪᠡᠷᠢ ᠶᠢᠨ ᠪᠤᠷᠤᠯᠠᠭᠤᠯᠭ᠎ᠠ ᠶᠢᠨ ᠵᠠᠭᠪᠤᠷ ᠢ ᠳᠡᠮᠵᠢᠵᠦ | ᠰᠦᠯᠵᠢᠶ᠎ᠡ ᠪᠠᠷ ᠪᠦᠲᠦᠭᠡᠭᠳᠡᠬᠦᠨ ᠢ ᠪᠣᠷᠣᠯᠠᠭᠤᠯᠬᠤ ᠵᠠᠮ ᠢ ᠥᠷᠭᠡᠳᠬᠡᠨ᠎ᠡ᠃ ᠰᠢᠨ᠎ᠡ ᠰᠣᠷᠭᠤᠭ ᠪᠠᠶᠢᠯᠭᠠᠬᠤ᠂ ᠬᠠᠳᠠᠭᠠᠯᠠᠬᠤ᠂ ᠲᠠᠰ ᠬᠤᠪᠢᠶᠠᠬᠤ᠂ | ᠪᠣᠭᠤᠳᠠᠯᠯᠠᠬᠤ ᠵᠡᠷᠭᠡ ᠠᠩᠬ᠎ᠠ ᠡᠳ᠋ᠰᠢᠭᠦᠯᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠥᠭᠵᠢᠭᠦᠯᠵᠦ ᠣᠨᠴᠠᠯᠢᠠᠠᠳᠣ ᠮᠠᠯ ᠤᠨ ᠠᠰᠢᠭ ᠰᠢᠮ᠎ᠡ ᠶᠢᠨ | ᠦᠢᠯᠡᠳᠬᠦᠨ ᠲᠠᠷᠢᠶᠠᠯᠠᠩ ᠤᠨ ᠪᠦᠲᠦᠬᠡᠭᠳᠡᠬᠦᠨ ᠤ ᠭᠠᠷᠤᠯᠲᠠ ᠶᠢᠨ ᠣᠷᠣᠨ ᠤ ᠲᠠᠸᠠᠷᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︽ᠠᠮᠤ ᠪᠤᠳᠠᠭ᠎ᠠ ᠶᠢ ᠲᠤᠬᠠᠢ ᠶᠢᠨ ᠭᠠᠵᠠᠷ ᠲᠤᠨᠢ ᠬᠠᠳᠠᠭᠠᠯᠠᠬᠤ᠂ ᠠᠮᠤ | ᠪᠤᠳᠠᠭ᠎ᠠ ᠶᠢ ᠮᠡᠷᠭᠡᠵᠢᠯ ᠲᠠᠢ ᠪᠠᠷ ᠬᠠᠳᠠᠭᠠᠯᠠᠬᠤ︾ ᠶᠢ ᠪᠠᠷᠢᠮᠲᠠᠯᠠᠨ ᠲᠠᠷᠢᠶᠠᠨ ᠭᠠᠵᠠᠷ ᠢ ᠠᠮᠤ ᠪᠣᠳᠠᠭ᠎ᠠ ᠳᠠᠷᠢᠬᠤ ᠦᠬᠡᠢ ᠪᠣᠶᠣ ᠳᠠᠷᠢᠶ᠎ᠠ ᠳᠠᠷᠢᠬᠤ ᠦᠬᠡᠢ ᠭᠠᠵᠠᠷ | ᠪᠣᠯᠭᠠᠬᠤ ᠶᠢ ᠰᠡᠷᠭᠡᠶᠢᠯᠡᠵᠦ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ ᠲᠠᠷᠢᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ | ᠶᠢ ᠴᠢᠩᠭᠠᠳᠬᠠᠵᠦ ᠥᠨᠳᠥᠷ ᠤᠨᠠᠯᠲᠠ ᠲᠠᠢ᠂ ᠡᠪᠡᠳᠴᠢᠨ ᠢ ᠡᠰᠡᠷᠭᠦᠴᠡᠬᠦ ᠴᠢᠳᠠᠪᠤᠷᠢ ᠲᠠᠢ ᠵᠡᠷᠭᠡ ᠰᠢᠨ᠎ᠡ ᠲᠥᠷᠥᠯ ᠢ ᠳᠡᠯᠭᠡᠨ ᠦᠵᠡᠭᠦᠯᠬᠦ ᠪᠠ ᠳᠡᠯᠭᠡᠷᠡᠭᠦᠯᠬᠦ | ᠡᠷᠴᠢᠮ ᠢ ᠴᠢᠩᠭᠠᠷᠠᠭᠤᠯᠤᠨ 1 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠠᠷᠢᠵᠤ ᠲᠠᠷᠢᠮᠠᠯ ᠤᠨ ᠪᠦᠲᠦᠭᠡᠭᠳᠡᠬᠦᠨ ᠤ ᠪᠠᠷᠢᠮᠵᠢᠶᠠᠵᠢᠭᠰᠠᠨ | ᠮᠡᠷᠭᠡᠵᠢᠯ ᠢ 40 ᠲᠦᠮᠡᠨ ᠮᠤ᠋ ᠳᠡᠯᠭᠡᠷᠡᠭᠦᠯᠤᠨ 62 ᠲᠦᠮᠡᠨ ᠮᠤ᠋ ᠠᠴᠠ ᠳᠡᠭᠡᠭᠰᠢ ᠭᠠᠵᠠᠷ ᠲᠤ ᠠᠮᠣ ᠪᠣᠳᠠᠭ᠎ᠠ ᠳᠠᠷᠢᠨ᠎ᠠ᠃ 200 ᠮᠥ ᠲᠦᠬᠦᠭᠡᠷᠦᠮᠵᠢᠲᠦ | ᠲᠠᠷᠢᠶᠠᠯᠠᠩ ᠢ ᠰᠢᠨ᠎ᠡ ᠪᠠᠷ ᠲᠠᠷᠢᠬᠤ ᠪᠤᠶᠤ ᠥᠭᠡᠷᠡᠴᠢᠯᠡᠨ ᠲᠠᠷᠢᠵᠤ ᠢᠳᠡᠰᠢᠨ ᠨᠣᠭᠤᠭ᠎ᠠ ᠵᠡᠷᠭᠡ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠷ ᠨᠡᠯᠢᠶᠡᠳ | ᠳᠣᠤᠷ᠎ᠠ ᠠᠵᠤ ᠦᠢᠯᠡᠰ ᠲᠤ ᠡᠳ᠋ ᠤᠨ ᠵᠠᠰᠠᠭ ᠠᠴᠠ ᠵᠣᠬᠢᠬᠤ ᠳᠣᠭᠠᠨ ᠤ ᠳᠠᠭᠠᠳᠬᠠᠯ ᠪᠠ ᠲᠠᠷᠢᠮᠠᠯ ᠤᠨ ᠰᠤᠶᠤᠭᠠᠨ ᠤ ᠨᠥᠬᠦᠪᠥᠷᠢ ᠶᠢ ᠦᠭᠬᠦᠨ᠎ᠠ᠃ ᠰᠠᠶᠢᠨ | ᠡᠬᠦᠯᠳᠡᠷ ᠤᠨ ᠲᠦᠯᠵᠢᠬᠦ ᠦᠷᠡᠵᠢᠬᠦ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠠᠨ ᠣᠷᠳᠣᠰ ᠨᠠᠷᠢᠨ ᠨᠤᠤᠰᠤᠳᠤ ᠬᠤᠨᠢᠨ ᠤ ᠠᠵᠣ ᠣᠶᠢᠯᠡᠰ ᠢ ᠴᠢᠨᠠᠷ | ᠰᠠᠶᠢᠲᠠᠶ ᠬᠥᠭᠵᠢᠭᠦᠯᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ 200 ᠵᠢᠱᠢᠶᠡᠴᠢ ᠡᠷᠦᠬᠡ ᠶᠢ ᠪᠤᠢ ᠪᠤᠯᠭᠠᠨ 2000 ᠬᠤᠴᠠ ᠶᠢ ᠮᠠᠯᠵᠢᠨ᠎ᠠ᠃ | ᠰᠢᠷᠬᠤᠰᠤᠨ ᠭᠤᠤᠯ ᠤᠨ ᠰᠠᠪᠠ ᠭᠠᠵᠠᠷ ᠤᠨ ᠠᠯᠠᠰᠢᠨ ᠦᠬᠡᠷ ᠮᠠᠯᠵᠢᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ 50 ᠦᠬᠡᠷ ᠠᠴᠠ | ᠳᠡᠭᠡᠭᠰᠢᠬᠢ ᠮᠠᠯᠵᠢᠯ ᠤᠨ ᠲᠣᠮᠣ ᠡᠷᠦᠬᠡ ᠶᠢ ᠰᠢᠨ᠎ᠡ ᠪᠠᠷ 30 ᠪᠤᠢ ᠪᠤᠯᠭᠠᠵᠦ ᠰᠠᠶᠢᠨ ᠡᠬᠦᠯᠳᠡᠷ ᠤᠨ ᠦᠨᠢᠶ᠎ᠡ ᠶᠢ 500᠂ ᠰᠢᠯᠢᠳᠡᠭ ᠡᠭᠦᠯᠳᠡᠷ ᠤᠨ ᠪᠤᠬ᠎ᠠ ᠶᠢ | 100 ᠣᠷᠣᠭᠤᠯᠤᠨ ᠠᠪᠴᠢᠷᠠᠵᠣ ᠮᠠᠯᠵᠢᠨ᠎ᠠ᠃ ︽ᠬᠤᠸᠠᠩ ᠰᠢᠶᠠᠩ︾ ᠭᠠᠭ᠋ᠠᠶ ᠶᠢᠨ ᠠᠵᠤ ᠦᠢᠯᠡᠰ ᠤᠨ ᠬᠤᠯᠪᠣᠭᠠᠲᠤ ᠴᠣᠭᠴᠠ ᠵᠡᠷᠭᠡ ᠭᠠᠭ᠋ᠠᠶ ᠲᠡᠵᠢᠭᠡᠨ | ᠦᠷᠡᠵᠢᠭᠦᠯᠬᠦ ᠠᠵᠤ ᠠᠬᠤᠶᠢᠯᠠᠯ ᠪᠣᠯᠤᠨ ᠮᠠᠯᠴᠢᠨ ᠳᠠᠷᠢᠶᠠᠴᠢᠨ ᠡᠷᠦᠬᠡ ᠠᠵᠦ ᠦᠢᠯᠡᠰ ᠢᠶᠠᠨ ᠬᠦᠭᠵᠢᠬᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ | ᠦᠦᠰᠢᠨ ᠮᠣᠷᠢ ᠶᠢᠨ ᠠᠵᠦ ᠦᠢᠯᠡᠰ ᠢ ᠬᠦᠭᠵᠢᠭᠦᠯᠬᠦ ᠪᠠ ᠣᠯᠠᠮᠵᠢᠯᠠᠨ ᠬᠠᠮᠠᠭᠠᠯᠠᠬᠤ ᠶᠢ ᠦᠷᠭᠦᠯᠵᠢᠯᠡᠨ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠶᠢᠨ | ᠦᠢᠯᠡᠳᠬᠦᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠳᠣ ᠲᠡᠮᠲᠡᠭ ᠤᠨ ᠪᠠᠶᠢᠭᠤᠯᠤᠯᠲᠠ ᠶᠢᠨ ᠭᠤᠷᠪᠠᠨ ᠵᠢᠯ | ᠤᠨ ᠠᠵᠢᠯᠯᠠᠭᠠᠨ ᠤ ᠲᠦᠰᠥᠯ ᠢ ᠨᠠᠶᠢᠳᠠᠪᠣᠷᠢᠵᠢᠭᠤᠯᠵᠣ ᠣᠷᠳᠣᠰ ᠨᠠᠷᠢᠨ ᠨᠣᠣᠰᠣᠳᠣ ᠬᠤᠨᠢ᠂ ᠨᠣᠳᠤᠭ ᠤᠨ ᠣᠯᠠᠭᠠᠨ ᠦᠬᠡᠷ᠂ ︽ᠬᠤᠸᠠᠩ ᠰᠢᠶᠠᠩ︾ | ᠭᠠᠭ᠋ᠠᠢ᠂ ᠤᠷᠭᠠᠨᠢᠭ ᠲᠤᠲᠤᠷᠭ᠎ᠠ᠂ ᠭᠤᠸ᠎ᠠ ᠵᠢᠮᠢᠰ᠂ ᠴᠠᠭᠠᠨ ᠢᠳᠡᠭᠡᠨ ᠵᠡᠷᠬᠡ ᠰᠢᠯᠢᠳᠡᠭ ᠴᠢᠨᠡᠷ ᠲᠠᠢ ᠮᠠᠯ ᠤᠨ ᠠᠰᠢᠭ ᠰᠢᠮ᠎ᠡ ᠶᠢᠨ ᠦᠢᠯᠡᠳᠬᠦᠨ ᠲᠠᠷᠢᠶᠠᠯᠠᠩ | ᠤᠨ ᠪᠦᠲᠦᠭᠡᠭᠳᠡᠬᠦᠨ ᠤ ᠨᠠᠷᠠᠳᠣ ᠳᠡᠮᠳᠡᠭ ᠢ ᠰᠣᠷᠳᠠᠯᠴᠢᠯᠡᠨ ᠣᠬᠠᠭᠤᠯᠵᠣ ᠳᠠᠨᠢᠭᠤᠯᠬᠤ ᠶᠢ ᠴᠢᠩᠭᠠᠳᠬᠠᠨ ︽ᠵᠢᠵᠢᠭ᠂ ᠨᠠᠷᠢᠯᠢᠭ᠂ ᠰᠢᠯᠢᠳᠡᠭ᠂ ᠣᠨᠴᠠᠯᠢᠭ ᠲᠠᠢ | ︾ ᠠᠵᠤ ᠦᠢᠯᠡᠰ ᠤᠨ ᠰᠢᠰᠲ᠋ᠧᠮ ᠢ ᠪᠦᠷᠢᠯᠳᠦᠬᠦᠯᠵᠣ ᠮᠠᠯ ᠳᠠᠷᠢᠶᠠᠯᠠᠩ ᠠᠵᠣ ᠠᠬᠤᠢ ᠶᠢᠨ ᠴᠢᠨᠡᠷ ᠰᠠᠶᠢᠳᠠᠢ ᠬᠦᠭᠵᠢᠯᠳᠡ ᠶᠢ ᠠᠬᠢᠭᠤᠯᠣᠨ᠎ᠠ᠃ | ᠬᠥᠳᠡᠭᠡ ᠲᠣᠰᠬᠤᠨ ᠢ ᠪᠦᠳᠦᠬᠡᠨ ᠪᠠᠶᠢᠭᠤᠯᠣᠨ᠎ᠠ᠃ 5 ᠰᠤᠮᠤ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ | ᠠᠵᠢᠯ ᠢ ᠡᠬᠢᠯᠡᠭᠦᠯᠵᠦ 61 ᠭᠠᠴᠠᠭ᠎ᠠ ᠲᠣᠰᠬᠤᠨ ᠤ ︽ᠣᠯᠠᠨ ᠲᠥᠯᠥᠪᠵᠢᠭᠦᠯᠭᠡ ᠶᠢ ᠨᠢᠬᠡᠳᠬᠡᠬᠦ︾ ᠶᠢ ᠨᠠᠶᠢᠷᠠᠭᠤᠯᠤᠨ ᠲᠤᠭᠲᠠᠭᠠᠨ᠎ᠠ᠃ ᠲᠤᠭ ᠪᠠᠯᠭᠠᠰᠤᠨ ᠤ | ᠬᠤᠭᠤᠯᠠᠶ ᠲᠣᠤᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠤᠨ ᠡᠷᠦᠬᠡ ᠶᠢᠨ ᠵᠣᠷᠯᠣᠩ ᠢ 2200 ᠡᠷᠦᠬᠡ ᠠᠴᠠ ᠳᠡᠭᠡᠭᠰᠢ ᠥᠭᠡᠷᠡᠴᠢᠯᠡᠨ ᠰᠢᠨᠡᠳᠬᠡᠵᠣ | ᠠᠮᠢᠳᠤᠷᠠᠯ ᠤᠨ ᠪᠣᠬᠢᠷ ᠤᠰᠤ ᠪᠠ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠤᠷᠢᠯᠡᠬᠦ ᠨᠣᠷᠮ᠎ᠠ ᠶᠢ ᠳᠡᠭᠡᠭᠰᠢᠯᠡᠭᠦᠯᠤᠨ ᠭᠠᠴᠠᠭ᠎ᠠ ᠲᠣᠰᠬᠤᠨ ᠤ | ᠰᠣᠶᠣᠯ ᠤᠨ ᠲᠠᠰᠤᠭ᠂ ᠡᠷᠡᠭᠦᠯ ᠬᠠᠮᠠᠭᠠᠯᠠᠯ ᠤᠨ ᠲᠠᠰᠤᠭ ᠵᠡᠷᠭᠡ ᠣᠯᠠᠨ ᠨᠡᠶᠢᠲᠡ ᠶᠢᠨ ᠰᠠᠭᠤᠷᠢ ᠲᠦᠬᠦᠭᠡᠷᠤᠮᠵᠢ ᠶᠢᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ S215 ᠲᠦᠩᠽᠢ ᠠᠴᠠ ᠬᠠᠶ ᠽᠧ ᠫᠠᠨ ︵ᠦᠪᠦᠷ ᠮᠤᠩᠭᠤᠯ ᠱᠠᠨᠰᠢ ᠶᠢᠨ ᠵᠠᠭᠠᠭ︶ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ G242 ᠱᠤᠭᠤᠮ ᠤᠨ ᠭᠠᠯᠠᠭᠤᠲᠤ ᠠᠴᠠ ᠪᠤᠯᠠᠭ ᠤᠨ ᠭᠤᠤᠯ ᠬᠥᠷᠬᠦ ᠬᠤᠶᠠᠳᠤᠭᠠᠷ ᠳᠡᠰ ᠤᠨ | ᠵᠠᠰᠠᠮᠠᠯ ᠵᠠᠮ ᠳᠤ ᠵᠢᠯ ᠤᠨ ᠲᠤᠲᠤᠷ᠎ᠠ ᠲᠡᠷᠭᠡ ᠨᠡᠪᠲᠡᠷᠡᠬᠦᠯᠵᠦ ᠠᠰᠢᠭᠯᠠᠯᠲᠠ ᠳᠤ ᠤᠷᠤᠭᠤᠯᠬᠤ ᠶᠢ ᠪᠠᠲᠤᠯᠠᠵᠦ ᠮᠠᠯᠵᠢᠬᠤ ᠲᠠᠷᠢᠶᠠᠯᠠᠬᠤ ᠣᠷᠣᠨ ᠤ 150 | ᠺᠢᠯᠣᠮᠧᠲᠷ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ 100 ᠺᠢᠯᠣᠮᠧᠲᠷ ᠤᠨ ᠵᠠᠰᠠᠮᠠᠯ ᠵᠠᠮ | ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ ᠨᠤᠷᠠᠬᠤ ᠠᠶᠤᠯᠲᠠᠶ 4 ᠬᠥᠭᠦᠷᠭᠡ ᠶᠢ ᠥᠭᠡᠷᠡᠴᠢᠯᠡᠨ | ᠵᠠᠰᠠᠨ᠎ᠠ᠃ ᠪᠠᠲᠤ ᠶᠢᠨ ᠲᠤᠬᠤᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠬᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ | ᠨᠠᠷᠢᠨ ᠭᠤᠤᠯ ᠤᠨ ᠦᠶᠡᠷ ᠢ ᠰᠡᠷᠭᠡᠶᠢᠯᠡᠬᠦ ᠰᠤᠪᠠᠭ ︵ᠳᠣᠤᠷᠠᠳᠤ ᠤᠷᠤᠰᠬᠠᠯ ᠤᠨ ᠬᠡᠰᠡᠭ︶ ᠤᠨ ᠬᠠᠰᠢᠯᠭ᠎ᠠ ᠶᠢ ᠪᠠᠬᠢᠯᠡᠬᠦ ᠶᠢ ᠪᠡᠶᠡᠯᠡᠭᠦᠯᠦᠨ᠎ᠡ᠃ | ᠪᠤᠷᠤᠪᠠᠯᠭᠠᠰᠤ ᠠᠴᠠ ᠤᠷᠳᠤᠪᠡᠶ᠎ᠡ ᠬᠥᠷᠬᠦ 110 ᠺᠢᠯᠣᠸᠤᠯᠲ ᠤᠨ ᠴᠠᠬᠢᠯᠭᠠᠨ ᠬᠦᠷᠭᠡᠬᠦ ᠤᠳᠠᠰᠤ ᠶᠢ ᠡᠬᠢᠯᠡᠭᠦᠯᠦᠨ ᠳᠠᠳᠠᠵᠦ ᠬᠥᠳᠡᠭᠡ ᠲᠣᠰᠬᠤᠨ ᠤ ᠴᠠᠬᠢᠯᠭᠠᠨ | ᠲᠣᠤᠷ ᠤᠨ ᠤᠳᠠᠰᠤ ᠶᠢ 300 ᠺᠢᠯᠣᠮᠧᠲᠷ ᠰᠢᠨ᠎ᠡ ᠪᠠᠷ ᠳᠠᠳᠠᠨ᠎ᠠ᠃ ᠤᠶᠤᠨᠴᠢᠯᠠᠭᠰᠠᠨ ᠴᠠᠭ ᠠᠭᠤᠷ ᠤᠨ ᠰᠢᠰᠲ᠋ᠧᠮ ᠢ ᠲᠡᠭᠦᠯᠳᠡᠷᠵᠢᠭᠦᠯᠵᠦ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠢ ᠰᠡᠷᠭᠡᠶᠢᠯᠡᠨ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠷᠠᠳ ᠢ ᠪᠠᠶᠠᠵᠢᠭᠤᠯᠬᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ᠎ᠡ᠃ ᠨᠠᠷᠢᠠᠭᠤᠤᠯ ᠤᠨ ᠨᠠᠮ ᠤᠨ ᠣᠳᠣᠷᠢᠳᠬᠤ ᠳᠤᠭᠤᠶᠢᠯᠠᠩ᠂ | ᠬᠤᠰᠢᠭᠤ ᠨᠠᠮ ᠤᠨ ᠬᠤᠷᠢᠶᠠᠨ ᠤ ᠬᠠᠭᠤᠴᠢᠨ ᠠᠯᠪᠠᠯᠠᠬᠤ ᠭᠠᠵᠠᠷ᠂ ᠪᠠᠲᠤ ᠶᠢᠨ ᠲᠤᠬᠤᠢ ᠶᠢᠨ ᠡᠷᠦᠬᠡ ᠶᠢᠨ ᠴᠡᠷᠢᠭ ᠤᠨ ᠪᠠᠶᠢᠴᠠᠭᠠᠬᠤ ᠥᠷᠲᠡᠭᠡ ᠵᠡᠷᠭᠡ | ᠬᠤᠪᠢᠰᠬᠠᠯ ᠤᠨ ᠪᠠᠭᠤᠷᠢ ᠶᠢ ᠵᠠᠰᠠᠨ ᠰᠡᠷᠭᠦᠭᠡᠵᠦ ᠬᠠᠮᠠᠭᠠᠯᠠᠨ ᠬᠤᠪᠢᠰᠬᠠᠯ ᠤᠨ ᠲᠡᠤᠬᠡᠨ ᠮᠠᠲ᠋ᠧᠷᠢᠶᠠᠯ ᠢ ᠤᠯᠠᠮ ᠨᠢᠭᠡ ᠠᠯᠬᠤᠮ ᠠᠭᠤᠳᠠᠯᠠᠨ ᠡᠮᠬᠢᠯᠡᠵᠦ | ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠳᠡᠯᠬᠡᠨ ᠦᠵᠡᠬᠦᠯᠦᠯᠬᠡ ᠶᠢᠨ ᠮᠠᠲ᠋ᠧᠷᠢᠶᠠᠯ ᠢ ᠲᠡᠭᠦᠯᠳᠡᠷᠵᠢᠭᠦᠯᠦᠨ ᠪᠤᠷᠤᠪᠠᠯᠭᠠᠰᠤ᠂ ᠶᠠᠨ ᠠᠨ᠂ | ᠲᠡᠮᠡᠬᠡᠲᠤ ᠶᠢᠨ ᠵᠢᠭᠤᠯᠴᠢᠯᠠᠯ ᠤᠨ ᠵᠠᠮ ᠱᠤᠭᠤᠮ ᠳᠤ ᠲᠦᠰᠢᠭᠯᠡᠨ ᠬᠤᠪᠢᠰᠬᠠᠯ ᠤᠨ ᠵᠢᠭᠤᠯᠴᠢᠯᠠᠯ ᠤᠨ ᠨᠠᠷᠠᠲᠤ ᠳᠡᠮᠳᠡᠭ ᠢ ᠡᠭᠦᠳᠦᠨ᠎ᠡ᠃ ᠰᠢᠷᠬᠤᠰᠤ | ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ ᠬᠠᠭᠤᠴᠢ ᠰᠤᠳᠤᠯᠤᠯ ᠤᠨ | ᠪᠠᠭᠤᠷᠢ ᠶᠢᠨ ᠴᠡᠴᠡᠷᠯᠢᠭ ᠤᠨ ᠮᠦᠽᠧᠶ ᠪᠠ ᠸᠠᠩ ᠣᠪᠣᠭᠲᠤ ᠶᠢᠨ ᠤᠰᠤᠨ ᠦᠬᠡᠷ ᠢ ᠢᠯᠡᠷᠡᠭᠦᠯᠦᠭᠰᠡᠨ ᠭᠠᠵᠠᠷ᠂ ᠬᠠᠭᠤᠴᠢ ᠰᠤᠳᠤᠯᠤᠯ ᠤᠨ ᠪᠠᠭᠤᠷᠢ ᠶᠢᠨ | ᠪᠡᠶᠡᠴᠢᠯᠡᠨ ᠤᠶᠢᠯᠠᠭᠠᠬᠤ ᠲᠦᠬᠦᠮ ᠪᠦᠲᠦᠴᠡᠲᠦ ᠭᠡᠷ ᠵᠢᠴᠢ ᠮᠣᠳᠣᠨ ᠬᠦᠭᠦᠷᠭᠡᠨ ᠵᠠᠮ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ᠃ | ᠦᠦᠰᠢᠨᠵᠤᠤ ᠶᠢᠨ ᠣᠶᠢᠵᠢᠭᠤᠯᠤᠯᠲᠠ ᠶᠢᠨ ᠰᠣᠶᠣᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ | ᠦᠵᠡᠮᠵᠢ ᠶᠢᠨ ᠣᠷᠣᠨ ᠤ ᠡᠷᠬᠢᠨ ᠲᠣᠭᠤᠷᠢᠨ ᠳᠠᠬᠢ ᠭᠠᠴᠠᠭ᠎ᠠ ᠲᠣᠰᠬᠤᠨ ᠪᠠ ᠮᠠᠯᠴᠢᠨ ᠲᠠᠷᠢᠶᠠᠴᠢᠨ ᠢ ᠵᠤᠷᠢᠭᠵᠢᠭᠤᠯᠤᠨ ᠭᠠᠴᠠᠭ᠎ᠠ ᠲᠣᠰᠬᠤᠨ ᠤ ᠰᠤᠯᠠ | ᠪᠠᠶᠢᠭ᠎ᠠ ᠬᠠᠮᠲᠤ ᠶᠢᠨ ᠬᠡᠷ ᠪᠠᠶᠢᠰᠢᠩ ᠵᠡᠷᠭᠡ ᠶᠢ ᠠᠰᠢᠭᠯᠠᠨ ᠠᠷᠠᠳ ᠤᠨ ᠵᠠᠩ ᠦᠢᠯᠡ᠂ ᠲᠠᠷᠢᠶᠠᠴᠢᠨ ᠠᠶᠢᠯ ᠤᠨ ᠵᠣᠴᠢᠯᠠᠭ᠎ᠠ ᠪᠠ ᠲᠠᠷᠢᠶᠠᠯᠠᠩ ᠢ ᠪᠡᠶᠡᠴᠢᠯᠡᠨ | ᠣᠶᠢᠯᠠᠭᠠᠬᠤ ᠭᠠᠵᠠᠷ ᠢ ᠬᠥᠭᠵᠢᠭᠦᠯᠵᠦ ᠣᠶᠢᠵᠢᠭᠤᠯᠤᠯᠲᠠ ᠶᠢᠨ ᠰᠣᠶᠣᠯ ᠤᠨ ᠪᠡᠶᠡᠴᠢᠯᠡᠨ ᠣᠶᠢᠯᠠᠭᠠᠬᠤ ᠨᠠᠷᠠᠲᠤ ᠳᠡᠮᠳᠡᠭ ᠢ ᠠᠯᠳᠠᠷᠰᠢᠭᠤᠯᠤᠨ᠎ᠠ᠃ | ︵ᠳᠥᠷᠪᠡ︶ ᠪᠦᠬᠦ ᠣᠯᠣᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠨ᠎ᠠ᠃ | ᠬᠤᠳᠠ ᠶᠢᠨ ᠰᠢᠨᠡᠳᠬᠡᠨ ᠦᠬᠡᠷᠡᠴᠢᠯᠡᠬᠦ ᠠᠵᠢᠯᠯᠠᠭ᠎ᠠ ᠶᠢ ᠥᠷᠨᠢᠭᠦᠯᠦᠨ᠎ᠡ᠃ ᠠᠵᠢᠯᠲᠠᠨ ᠠᠵᠢᠯᠴᠢᠨ ᠤ ᠰᠣᠶᠣᠯ ᠤᠨ ᠠᠵᠢᠯᠯᠠᠭᠠᠨ ᠤ ᠲᠥᠪ᠂ ᠰᠢᠨ᠎ᠡ | ᠵᠡᠭᠦᠨ ᠵᠡᠭᠡᠯᠢ ᠶᠢᠨ ᠬᠤᠲᠠ ᠶᠢᠨ ᠶᠠᠪᠤᠳᠠᠯ ᠤᠨ ᠵᠠᠮ ᠵᠡᠷᠭᠡ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ ᠴᠡᠪᠡᠷᠰᠢᠬᠦᠯᠦᠭᠰᠡᠨ ᠪᠤᠬᠢᠷ ᠤᠰᠤ᠂ | ᠪᠣᠬᠢᠷ ᠤᠰᠤ᠂ ᠳᠤᠯᠠᠭᠠᠯᠠᠭ᠎ᠠ ᠶᠢᠨ ᠬᠤᠭᠤᠯᠠᠶ ᠲᠣᠤᠷ ᠢ 50 ᠺᠢᠯᠣᠮᠧᠲᠷ ᠳᠠᠪᠢᠰᠣᠨ ᠵᠠᠯᠭᠠᠵᠣ ᠵᠡᠭᠡᠯᠢ ᠭᠤᠳᠤᠮᠵᠢ ᠶᠢ 2 ᠲᠦᠮᠡᠨ ᠲᠡᠭᠰᠢ ᠳᠥᠷᠪᠡᠯᠵᠢᠨ ᠮᠧᠲᠷ | ᠬᠠᠲᠠᠭᠤᠷᠠᠭᠤᠯᠵᠦ᠂ ᠡᠨᠧᠷᠭᠢ ᠠᠷᠪᠢᠯᠠᠬᠤ ᠵᠠᠮ ᠤᠨ ᠳ᠋ᠧᠩ ᠢ 600 ᠰᠢᠨᠡᠳᠬᠡᠨ ᠣᠭᠰᠠᠷᠠᠵᠣ ᠳᠤᠯᠠᠭᠠᠯᠠᠭ᠎ᠠ ᠶᠢᠨ ᠳᠠᠷᠤᠯᠲᠠ ᠨᠡᠮᠡᠬᠦ ᠥᠷᠲᠡᠭᠡ ᠶᠢ 3 ᠨᠡᠮᠡᠨ | ᠪᠠᠶᠢᠭᠤᠯᠵᠤ ᠬᠡᠰᠡᠭ ᠰᠠᠭᠤᠭᠠᠯᠢ ᠠᠷᠠᠳ ᠤᠨ ᠲᠣᠭᠤᠷᠢᠭ ᠲᠤ ᠬᠤᠶᠠᠳᠠᠬᠢ ᠤᠳᠠᠭᠠᠨ ᠤ ᠤᠰᠤ ᠬᠠᠩᠭᠠᠬᠤ ᠲᠥᠬᠦᠭᠡᠷᠦᠮᠵᠢ ᠶᠢ ᠨᠥᠬᠦᠨ ᠳᠣᠬᠢᠷᠠᠭᠤᠯᠣᠨ᠎ᠠ᠃ | ᠰᠠᠭᠤᠭᠠᠯᠢ ᠠᠷᠠᠳ ᠤᠨ 4 ᠬᠠᠭᠤᠴᠢᠨ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠵᠦ ᠴᠠᠬᠢᠯᠭᠠᠨ ᠱᠠᠲᠤ ᠨᠡᠮᠡᠨ ᠤᠭᠰᠠᠷᠠᠬᠤ ᠠᠷᠭ᠎ᠠ | ᠵᠠᠮ ᠢ ᠰᠦᠪᠡᠭᠴᠢᠯᠡᠵᠦ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ᠂ ᠮᠡᠷᠭᠡᠵᠢᠯ ᠢᠶᠠᠷ ᠰᠡᠷᠭᠡᠶᠢᠯᠡᠬᠦ ᠲᠦᠬᠦᠬᠡᠷᠤᠮᠵᠢ ᠶᠢ ᠲᠡᠭᠦᠯᠳᠡᠷᠵᠢᠭᠦᠯᠦᠨ | ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ | ᠰᠠᠶᠢᠵᠢᠷᠠᠭᠤᠯᠵᠦ ᠰᠠᠭᠤᠭᠠᠯᠢ ᠠᠷᠠᠳ ᠤᠨ ᠵᠤᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠭᠠᠷ ᠳᠠᠮᠵᠢᠭᠰᠠᠨ | ᠮᠠᠰᠢᠨ ᠲᠡᠷᠭᠡ᠂ ᠲᠠᠷᠢᠶᠠᠯᠠᠩ ᠤᠨ ᠮᠠᠰᠢᠨ ᠵᠡᠷᠭᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠵᠤ ᠪᠤᠷᠤ ᠭᠡᠷᠲᠤ ᠲᠣᠭᠤᠷᠢᠭ ᠤᠨ ᠨᠢᠭᠡᠨᠲᠡ | ᠲᠠᠲᠠᠪᠤᠷᠢᠯᠠᠭᠰᠠᠨ ᠬᠡᠰᠡᠭ ᠢ ᠨᠤᠷᠠᠭᠠᠨ ᠨᠡᠭᠦᠯᠭᠡᠵᠣ ᠬᠤᠭᠤᠰᠣᠨ ᠭᠠᠵᠠᠷ ᠢ ᠡᠮᠬᠢ ᠵᠢᠷᠣᠮ ᠲᠠᠢ ᠪᠠᠷ ᠨᠡᠭᠡᠭᠡᠨ ᠪᠥᠲᠥᠭᠡᠨ ᠪᠠᠶᠢᠭᠤᠯᠵᠣ ᠴᠢᠳᠠᠮᠵᠢ ᠪᠠ ᠲᠥᠷᠥᠯ | ᠠᠩᠬᠢᠯᠠᠯ ᠨᠢ ᠲᠣᠳᠣᠷᠬᠠᠶ ᠬᠤᠲᠠ ᠪᠠᠯᠭᠠᠰᠤᠨ ᠤ ᠣᠷᠣᠨ ᠵᠠᠶ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠪᠣᠶ ᠪᠣᠯᠭᠠᠨ᠎ᠠ᠃ ᠪᠦᠷᠢᠳᠦ ᠵᠡᠭᠡᠯᠢ᠂ ᠪᠠᠷᠠᠭᠤᠨ | ᠭᠠᠷᠴᠠ ᠵᠡᠷᠭᠡ ᠵᠡᠭᠡᠯᠢ ᠭᠤᠳᠤᠮᠵᠢ ᠶᠢᠨ ᠨᠤᠭᠤᠭᠠᠷᠠᠭᠤᠯᠤᠯᠲᠠ ᠪᠣᠯᠤᠨ ᠲᠤᠭᠤᠶᠢᠯᠠᠩ ᠠᠭᠤᠳᠠᠮ ᠲᠠᠯᠠᠪᠠᠢ᠂ ᠬᠤᠨᠴᠢᠨ ᠨᠠᠭᠤᠷ ᠴᠡᠴᠡᠷᠯᠢᠭ ᠤᠨ ᠳᠠᠭᠤᠤ | ᠬᠥᠭᠵᠢᠮ ᠤᠨ ᠣᠷᠭᠢᠯᠤᠭᠤᠷ ᠪᠤᠯᠠᠭ ᠢ ᠥᠭᠡᠷᠡᠴᠢᠯᠡᠨ ᠰᠠᠶᠢᠵᠢᠷᠠᠭᠤᠯᠵᠤ ᠴᠡᠴᠡᠷᠯᠢᠭ᠂ ᠠᠭᠤᠳᠠᠮ ᠲᠠᠯᠠᠪᠠᠢ᠂ ᠵᠡᠭᠡᠯᠢ ᠶᠢᠨ ᠨᠣᠭᠤᠭᠠᠷᠠᠭᠤᠯᠤᠯᠲᠠ ᠶᠢ 5.6 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠤᠨ ᠠᠮᠢ ᠠᠬᠤᠢ ᠶᠢᠨ ᠤᠰᠤᠨ ᠰᠢᠰᠲ᠋ᠧᠮ ᠤᠨ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢ | ᠠᠬᠢᠭᠤᠯᠵᠤ ᠨᠣᠭᠤᠭᠠᠷᠠᠭᠤᠯᠤᠯᠲᠠ᠂ ᠤᠰᠣᠨ ᠰᠢᠰᠲ᠋ᠧᠮ ᠢ ᠬᠠᠷᠢᠯᠴᠠᠨ ᠠᠭᠤᠰᠤᠯᠴᠠᠭᠤᠯᠤᠭᠰᠠᠨ ᠥᠨᠳᠥᠷ ᠴᠢᠨᠠᠷ ᠳᠠᠰᠳᠣ ᠬᠤᠳᠠ ᠶᠢᠨ ᠠᠮᠢ ᠠᠬᠤᠢ ᠶᠢᠨ | ᠰᠢᠰᠲ᠋ᠧᠮ ᠢ ᠪᠦᠷᠢᠯᠳᠦᠭᠦᠯᠦᠨ᠎ᠡ᠃ ᠣᠶᠣᠨᠳᠣ ᠬᠤᠳᠠ ᠶᠢᠨ ᠬᠠᠮᠢᠶᠠᠷᠤᠯᠲᠠ᠂ ᠣᠶᠣᠨᠳᠣ ᠴᠡᠴᠡᠷᠯᠢᠭ ᠵᠡᠷᠭᠡ ᠴᠢᠳᠠᠮᠵᠢ ᠶᠢ ᠲᠣᠭᠠᠴᠠᠯᠠᠭᠰᠠᠨ ᠬᠤᠳᠠ ᠶᠢᠨ | ᠬᠠᠮᠢᠶᠠᠷᠤᠯᠲᠠ ᠳᠤ ᠨᠢᠭᠡᠳᠭᠡᠵᠦ ᠨᠡᠶᠢᠭᠡᠮ ᠲᠣᠭᠤᠷᠢᠭ᠂ ᠪᠠᠴᠢᠮ ᠪᠠᠶᠢᠳᠠᠯ ᠢ ᠰᠢᠢᠳᠪᠤᠷᠢᠯᠡᠬᠦ᠂ ᠬᠤᠭᠤᠯᠠᠢ ᠲᠣᠣᠷ ᠤᠨ ᠬᠠᠮᠢᠶᠠᠷᠤᠯᠲᠠ ᠶᠢᠨ ᠤᠶᠤᠨᠴᠢᠯᠠᠭᠰᠠᠨ | ᠬᠡᠷᠡᠭᠴᠡᠭᠡ ᠳᠤ ᠵᠣᠬᠢᠴᠠᠭᠤᠯᠤᠨ ᠣᠶᠣᠨᠳᠣ ᠬᠤᠳᠠ ᠶᠢᠨ ᠬᠠᠮᠢᠶᠠᠷᠤᠯᠲᠠ ᠶᠢᠨ ᠨᠢᠭᠡᠳᠦᠯᠲᠡᠢ ᠲᠠᠪᠴᠠᠩ ᠢ ᠪᠠᠶᠢᠭᠤᠯᠤᠨ᠎ᠠ᠃ ᠣᠶᠣᠨᠳᠣ ᠨᠡᠶᠢᠭᠡᠮ ᠲᠣᠭᠤᠷᠢᠭ ᠤᠨ | ᠪᠠᠶᠢᠭᠤᠯᠤᠯᠲᠠ ᠶᠢ ᠡᠬᠢᠯᠡᠭᠦᠯᠵᠦ ᠬᠤᠲᠠ ᠶᠢᠨ ᠠᠮᠢᠳᠤᠷᠠᠯ ᠤᠨ ᠨᠠᠷᠢᠨ ᠵᠦᠢᠯᠡᠰ ᠨᠢᠭᠡᠪᠦᠷᠢ ᠶᠢ ᠨᠠᠷᠢᠯᠢᠬᠵᠢᠭᠤᠯᠤᠨ ᠴᠠᠭ ᠲᠤᠬᠠᠶ ᠳᠤᠨᠢ ᠰᠠᠶᠢᠲᠤᠷ ᠬᠠᠮᠢᠶᠠᠷᠤᠨ᠎ᠠ᠃ | ᠭᠠᠯᠠᠭᠤᠲᠤ ᠪᠠᠯᠭᠠᠰᠤᠨ ᠲᠣᠭᠤᠷᠢᠭ ᠲᠦᠷᠦᠬᠦᠯᠡᠨ ᠠᠮᠢᠳᠤᠷᠠᠯ ᠤᠨ ᠪᠣᠬᠢᠷ ᠤᠰᠤ ᠶᠢ ᠰᠢᠢᠳᠪᠤᠷᠢᠯᠡᠬᠦ ᠰᠦᠢᠳᠭᠡᠯ ᠬᠤᠷᠢᠶᠠᠵᠣ ᠭᠠᠯᠠᠭᠤᠲᠤ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠦᠢᠯᠡᠳᠪᠤᠷᠢ ᠶᠢ ᠪᠠᠶᠢᠭᠤᠯᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠬᠤ ᠠᠵᠢᠯ ᠢ ᠠᠬᠢᠭᠤᠯᠵᠤ | ᠵᠠᠳᠠᠷᠠᠭᠤᠯᠵᠤ ᠪᠣᠯᠤᠰᠢ ᠥᠬᠡᠶ ᠨᠢᠭᠡ ᠯᠡ ᠤᠳᠠᠭ᠎ᠠ ᠶᠢᠨ ᠴᠢᠨᠠᠷᠲᠠᠶ ᠰᠦᠯᠢᠶᠣᠣ ᠪᠦᠲᠦᠭᠡᠭᠳᠡᠬᠦᠨ ᠬᠡᠷᠡᠭᠯᠡᠬᠦ ᠶᠢ ᠵᠣᠭᠰᠣᠭᠠᠬᠤ ᠶᠢ ᠰᠠᠨᠠᠭᠠᠴᠢᠯᠠᠨ ᠬᠤᠲᠠ | ᠪᠠᠯᠭᠠᠰᠤᠨ ᠤ ᠣᠷᠴᠢᠨ ᠲᠣᠭᠤᠷᠢᠨ ᠤ ᠪᠣᠬᠢᠷᠲᠤᠯ ᠢ ᠡᠬᠢ ᠡᠭᠦᠰᠦᠯ ᠠᠴᠠ ᠨᠢ ᠪᠠᠭᠠᠰᠬᠠᠨ᠎ᠠ᠃ | ᠪᠣᠯᠪᠠᠰᠤᠨ ᠬᠤᠲᠠ ᠶᠢᠨ ᠳᠦᠷᠢ ᠲᠥᠷᠬᠦ ᠶᠢ ᠱᠤᠭᠤᠨ᠎ᠠ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠣᠶᠣᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ ᠵᠤᠨ ᠤ ᠤᠯᠠᠷᠢᠯ ᠤᠨ ᠲᠣᠭᠯᠠᠯᠲᠠ ᠪᠠ ᠡᠯ᠎ᠡ ᠲᠦᠷᠦᠯ ᠤᠨ ᠦᠵᠡᠭᠦᠯᠦᠯᠭᠡ ᠶᠢ ᠥᠷᠨᠢᠭᠦᠯᠤᠨ ᠬᠤᠳᠠ ᠶᠢᠨ ᠠᠮᠢᠵᠢᠷᠠᠯ ᠤᠨ | ᠬᠦᠴᠦᠨ ᠪᠠ ᠷᠢᠳᠢ ᠬᠦᠴᠦᠨ ᠢ ᠨᠡᠮᠡᠭᠳᠡᠭᠦᠯᠵᠦ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠ ᠰᠠᠶᠢᠨ ᠰᠠᠶᠢᠬᠠᠨ ᠲᠦᠷᠢ ᠲᠦᠷᠬᠦ ᠶᠢ ᠳᠡᠯᠭᠡᠨ ᠦᠵᠡᠭᠦᠯᠦᠨ᠎ᠡ | ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠬᠡ ᠶᠢᠨ ᠲᠥᠪ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠳᠦᠯ ᠢ ᠪᠠᠳᠠᠷᠠᠭᠤᠯᠵᠤ | ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠤᠬᠠᠭᠤᠯᠤᠨ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠪᠠ ᠠᠵᠢᠯᠯᠠᠬᠤ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠡᠭᠦᠳᠡᠨ ᠡᠮᠦᠨᠡᠬᠢ ︽ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ | ᠲᠦᠷᠢᠮ ᠪᠠ ᠪᠠᠶᠢᠭᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠵᠡᠭᠡᠯᠢ ᠤᠷᠤᠭᠤ ᠬᠠᠨᠳᠤᠭᠰᠠᠨ ᠭᠡᠷ ᠪᠠᠶᠢᠰᠢᠩ ᠪᠠ | ᠵᠡᠭᠡᠯᠢ ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠴᠢᠩᠭᠠᠳᠬᠠᠵᠤ ᠵᠠᠮ ᠡᠵᠡᠯᠡᠨ ᠡᠵᠡᠩᠨᠡᠬᠦ᠂ ᠲᠡᠷᠭᠡ ᠮᠠᠰᠢᠨ ᠢ ᠳᠤᠷ᠎ᠠ ᠪᠠᠷ ᠢᠶᠠᠨ ᠵᠣᠭᠰᠣᠭᠠᠬᠤ ᠵᠡᠷᠭᠡ ᠪᠣᠯᠪᠠᠰᠤᠨ ᠪᠤᠰᠤ ᠦᠢᠯᠡ | ᠠᠵᠢᠯᠯᠠᠭ᠎ᠠ ᠶᠢ ᠬᠦᠴᠦᠳᠡᠢ ᠴᠡᠭᠴᠡᠯᠡᠨ ᠴᠡᠪᠡᠷ ᠲᠡᠭᠰᠢ ᠬᠤᠲᠠ ᠪᠠᠯᠭᠠᠰᠤᠨ ᠤ ᠲᠦᠷᠢ ᠲᠦᠷᠬᠦ ᠶᠢ ᠪᠣᠶ ᠪᠣᠯᠭᠠᠨ᠎ᠠ᠃ | ︵ᠲᠠᠪᠤ︶ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ᠃ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ ᠲᠦᠯᠦᠪᠵᠢᠬᠦᠯᠦᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢ | ᠬᠠᠮᠠᠭᠠᠯᠠᠬᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ ᠮᠤᠤᠠᠤᠰᠤ ᠶᠢᠨ ᠡᠯᠡᠰᠤ ᠵᠠᠰᠠᠬᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠳ᠋ᠦᠩᠨᠡᠨ | ᠪᠤᠯᠪᠠᠰᠤᠷᠠᠭᠤᠯᠵᠦ ᠶᠡᠷᠤᠩᠬᠡᠶᠢᠯᠡᠨ ᠵᠠᠰᠠᠭᠰᠠᠨ ᠲᠤᠷᠰᠢᠯᠭ᠎ᠠ ᠶᠢ ᠦᠷᠭᠡᠨ ᠢᠶᠠᠷ ᠤᠬᠠᠭᠤᠯᠵᠦ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠣᠶᠢᠵᠢᠭᠤᠯᠣᠨ | ᠨᠣᠭᠤᠭᠠᠷᠠᠭᠤᠯᠬᠤ ᠠᠵᠢᠯᠯᠠᠭ᠎ᠠ ᠶᠢ ᠦᠷᠨᠢᠬᠦᠯᠵᠣ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ | | ᠲᠥᠯᠥᠪᠵᠢᠭᠦᠯᠭᠡ ᠪᠠᠷ ᠬᠢᠵᠠᠭᠠᠷᠯᠠᠬᠤ ᠪᠠ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠵᠤ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠶ ᠭᠤᠷᠪᠠᠨ ᠲᠦᠷᠦᠯ ᠤᠨ ᠣᠷᠣᠨ ᠵᠠᠶ ᠪᠠ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ | ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠵᠠᠭᠠᠭᠯᠠᠨ ᠲᠣᠭᠲᠠᠭᠠᠵᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠢᠨᠵᠢᠯᠡᠬᠦ ᠤᠬᠠᠭᠠᠨᠴᠢ᠂ | ᠲᠣᠬᠢᠷᠠᠮᠵᠢᠲᠠᠶ ᠪᠥᠭᠡᠳ ᠡᠮᠬᠢ ᠵᠢᠷᠤᠮ ᠲᠠᠢ ᠪᠠᠶᠢᠷᠢᠰᠢᠯ ᠤᠨ ᠰᠢᠰᠲ᠋ᠧᠮ ᠢ ᠪᠤᠢ ᠪᠣᠯᠭᠠᠵᠤ ᠠᠵᠤ ᠦᠢᠯᠡᠳᠪᠦᠷᠢ ᠶᠢ ᠬᠦᠷᠢᠶᠡᠯᠡᠩ ᠲᠣᠭᠤᠷᠢᠭ ᠲᠡᠰᠢ | ᠲᠥᠪᠯᠡᠷᠡᠭᠦᠯᠬᠦ᠂ ᠮᠠᠯ ᠲᠠᠷᠢᠶᠠᠯᠠᠩ ᠠᠵᠤ ᠠᠬᠤᠶ ᠶᠢ ᠦᠢᠯᠡᠳᠪᠦᠷᠢᠯᠡᠯ ᠤᠨ ᠨᠥᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠲᠡᠰᠢ ᠲᠥᠪᠯᠡᠷᠡᠭᠦᠯᠬᠦ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ ᠲᠥᠪᠯᠡᠷᠡᠩᠭᠦᠶ ᠡᠷᠴᠢᠮᠵᠢᠭᠰᠡᠨ ᠬᠦᠭᠵᠢᠯᠲᠡ ᠶᠢ ᠪᠡᠶᠡᠯᠡᠭᠦᠯᠦᠨ᠎ᠡ᠃ | ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠦᠷᠬᠡᠨ ᠬᠡᠪᠴᠢᠶᠡᠨ ᠤ ᠣᠶᠢᠵᠢᠭᠤᠯᠣᠨ ᠨᠣᠭᠤᠭᠠᠷᠠᠭᠤᠯᠬᠤ ᠠᠵᠢᠯᠯᠠᠭ᠎ᠠ ᠶᠢ | ᠥᠷᠨᠢᠭᠦᠯᠵᠦ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠢᠷᠡᠯᠳᠡ ᠶᠢ ᠵᠠᠰᠠᠬᠤ ᠢᠨᠵᠧᠨᠧᠷᠢᠩ ᠤᠨ ᠬᠤᠶᠠᠳᠤᠭᠠᠷ ᠬᠤᠭᠤᠴᠠᠭ᠎ᠠ᠂ ᠲᠢᠶᠠᠨ ᠪᠦᠦ ᠶᠢᠨ | ᠮᠠᠭᠤᠳᠠᠭᠰᠠᠨ ᠤᠢ ᠶᠢ ᠳᠠᠬᠢᠨ ᠣᠶᠢᠵᠢᠭᠤᠯᠣᠨ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠲᠦᠯᠬᠢᠨ ᠠᠬᠢᠭᠤᠯᠵᠤ ᠠᠯᠪᠠᠨ ᠵᠢᠷᠤᠮ ᠤᠨ ᠣᠶᠢᠵᠢᠭᠤᠯᠭ᠎ᠠ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 20 ᠲᠦᠮᠡᠨ ᠮᠤ᠋ | ᠬᠡᠷᠡᠭᠵᠢᠭᠦᠯᠵᠦ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠷᠦᠢ ᠬᠤᠷᠦᠢ ᠦᠬᠡᠢ ᠪᠠᠶᠢᠬᠤ ᠶᠢ ᠴᠡᠭᠴᠡᠯᠡᠬᠦ︾ ᠠᠵᠢᠯᠯᠠᠭ᠎ᠠ ᠶᠢ ᠭᠦᠨᠵᠡᠭᠡᠶ ᠲᠦᠯᠬᠢᠨ | ᠠᠬᠢᠭᠤᠯᠵᠤ ᠨᠣᠭᠤ ᠭᠠᠵᠠᠷ᠂ ᠭᠤᠣᠯ ᠮᠥᠷᠡᠨ᠂ ᠨᠠᠭᠤᠷ ᠴᠦᠬᠦᠷᠦᠮ ᠢ ᠰᠠᠶᠢᠲᠤᠷ ᠬᠠᠮᠠᠭᠠᠯᠠᠨ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠪᠠ | ᠨᠡᠭᠦᠷᠡᠰᠦᠲᠥ᠋ᠷᠥᠭᠴᠢ ᠶᠢ ᠬᠤᠷᠠᠭᠤᠯᠬᠤ ᠠᠮᠢ ᠠᠬᠤᠶ ᠶᠢᠨ ᠰᠢᠰᠲ᠋ᠧᠮ ᠤᠨ ᠴᠢᠳᠠᠪᠤᠷᠢ ᠶᠢ ᠨᠡᠮᠡᠭᠳᠡᠭᠦᠯᠦᠨ᠎ᠡ᠃ ᠡᠯᠡᠰᠦᠨ ᠤ ᠰᠤᠳᠤᠯᠭᠠᠨ ᠤ ᠲᠥᠪ ᠬᠢᠭᠡᠳ | ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠵᠤ ᠮᠠᠯ ᠤᠨ ᠡᠭᠦᠯᠳᠡᠷ ᠪᠤᠶᠢᠵᠢᠭᠤᠯᠬᠤ ᠲᠠᠷᠢᠮᠠᠯ ᠤᠨ ᠴᠢᠬᠢ | ᠪᠤᠶᠢᠵᠢᠭᠤᠯᠬᠤ ᠵᠡᠷᠭᠡ ᠲᠠᠯ᠎ᠠ ᠶᠢᠨ ᠰᠤᠳᠤᠯᠭᠠᠨ ᠪᠠ ᠮᠡᠷᠭᠡᠵᠢᠯ ᠤᠨ ᠳᠡᠮᠵᠢᠯᠭᠡ ᠶᠢ ᠴᠢᠩᠭᠠᠳᠬᠠᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ | ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠰᠢᠨ᠎ᠡ ᠮᠡᠷᠭᠡᠵᠢᠯ ᠢ ᠳᠡᠯᠭᠡᠷᠡᠭᠦᠯᠦᠨ᠎ᠡ᠃ ᠰᠢᠷᠬᠤᠰᠤᠨ ᠭᠤᠤᠯ ᠤᠨ ᠠᠮᠢ | ᠠᠬᠤᠶ ᠶᠢ ᠶᠡᠷᠦᠩᠬᠡᠶᠢᠯᠡᠨ ᠵᠠᠰᠠᠬᠤ ᠪᠠ ᠪᠠᠭᠠᠨᠠᠭᠤᠷ ᠤᠨ ᠠᠮᠢ ᠠᠬᠤᠶ ᠶᠢᠨ ᠤᠰᠤᠨ ᠰᠢᠰᠲ᠋ᠧᠮ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠵᠦ ᠲᠠᠷᠬᠠᠨᠯᠠᠮ᠎ᠠ ᠶᠢᠨ ᠠᠮᠢ ᠠᠬᠤᠶ ᠶᠢᠨ ᠬᠦᠷᠣᠰᠣ ᠰᠢᠷᠦᠢ ᠶᠢᠨ ᠣᠷᠣᠰᠬᠠᠭᠳᠠᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠲᠤᠰᠬᠠᠶᠢᠵᠢᠭᠤᠯᠤᠨ ᠨᠢᠭᠡᠳᠦᠯᠲᠡᠶ ᠰᠡᠷᠭᠡᠶᠢᠯᠡᠨ ᠵᠠᠰᠠᠬᠤ ᠪᠠ ᠪᠣᠬᠢᠷᠲᠤᠯ ᠥᠬᠡᠶ ᠪᠠᠷ ᠰᠡᠷᠭᠡᠶᠢᠯᠡᠨ | ᠡᠵᠡᠮᠳᠡᠬᠦ ᠲᠠᠯᠠᠪᠠᠶ ᠶᠢ ᠥᠷᠭᠡᠳᠬᠡᠵᠦ ᠬᠥᠷᠥᠰᠥ ᠰᠢᠷᠣᠶ ᠶᠢ ᠬᠡᠮᠵᠢᠨ᠂ ᠲᠤᠬᠢᠷᠠᠭᠰᠠᠨ ᠨᠠᠶᠢᠷᠠᠯᠭ᠎ᠠ ᠲᠠᠢ ᠪᠣᠷᠲᠣᠭᠤᠷ ᠣᠷᠣᠭᠤᠯᠬᠤ ᠮᠡᠷᠭᠡᠵᠢᠯ ᠢ ᠳᠡᠯᠭᠡᠷᠡᠭᠦᠯᠤᠨ | ᠨᠡᠶᠢᠳᠡᠮᠵᠢᠬᠦᠯᠬᠦ ᠨᠣᠷᠮ᠎ᠠ ᠶᠢ 90% ᠠᠴᠠ ᠳᠡᠭᠡᠭᠰᠢ ᠪᠣᠯᠭᠠᠵᠤ ᠮᠠᠯ ᠵᠢᠭᠦᠷᠲᠡᠨ ᠤ ᠰᠢᠭᠡᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 95% ᠬᠦᠷᠭᠡᠵᠤ | ᠬᠢᠮᠢ ᠶᠢᠨ ᠪᠣᠷᠲᠣᠭᠤᠷ᠂ ᠲᠠᠷᠢᠶᠠᠨ ᠡᠮ ᠤᠨ ︽ᠰᠥᠭᠡᠷᠭᠦ ᠨᠡᠮᠡᠭᠳᠡᠯ︾ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠲᠠᠷᠢᠮᠠᠯ ᠤᠨ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ᠂ ᠲᠠᠷᠢᠮᠠᠯ ᠤᠨ ᠪᠣᠭᠤᠳᠠᠯ ᠤᠨ ᠬᠠᠶᠠᠭᠳᠠᠮᠠᠯ ᠪᠣᠳᠠᠰ᠂ ᠦᠯᠡᠳᠡᠭᠳᠡᠯ ᠪᠦᠷᠬᠦᠭᠦᠯ ᠢ ᠬᠤᠷᠢᠶᠠᠨ ᠠᠪᠬᠤ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ᠂ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ | ᠪᠡᠯᠴᠢᠭᠡᠷᠯᠡᠭᠦᠯᠬᠦ ᠶᠢ ᠬᠤᠷᠢᠭᠯᠠᠨ ᠰᠡᠯᠬᠦᠨ ᠮᠠᠯᠵᠢᠬᠤ ᠡᠭᠡᠯᠵᠢᠯᠡᠬᠦᠯᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠭᠦᠯᠦᠨ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠵᠦ ᠨᠤᠲᠤᠭ ᠪᠡᠯᠴᠢᠭᠡᠷ ᠣᠶᠢᠲᠤ ᠭᠠᠵᠠᠷ ᠢ | ᠬᠠᠤᠯᠢ ᠠᠴᠠ ᠵᠥᠷᠢᠴᠡᠨ ᠡᠵᠡᠯᠡᠨ ᠬᠡᠷᠡᠭᠯᠡᠬᠦ᠂ ᠬᠠᠭᠠᠯᠪᠤᠷᠢᠯᠠᠬᠤ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ ᠲᠥᠪᠯᠡᠷᠡᠭᠦᠯᠦᠨ | ᠴᠡᠭᠴᠡᠯᠡᠨ ᠵᠠᠰᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠰᠠᠶᠢᠲᠤᠷ ᠬᠢᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠰᠠᠶᠢᠲᠤᠷ ᠠᠳᠬᠤᠵᠤ ᠱᠢ ᠯᠢᠨ ᠬᠢᠮᠢ ᠶᠢᠨ ᠦᠢᠯᠡᠳᠪᠦᠷᠢ ᠶᠢᠨ ᠵᠤᠤᠬᠠᠨ ᠤ ᠭᠠᠳᠠᠭᠰᠢᠯᠠᠭᠤᠯᠤᠯᠳᠠ ᠶᠢ ᠤᠨᠴᠠ ᠲᠤᠤᠷ᠎ᠠ ᠪᠤᠯᠭᠠᠬᠤ ᠦᠭᠡᠷᠡᠴᠢᠯᠡᠯᠲᠡ ᠶᠢ | ᠪᠡᠶᠡᠯᠡᠭᠦᠯᠵᠦ ᠨᠠᠷᠢᠠᠭᠤᠤᠯ ᠬᠤᠶᠠᠳᠤᠭᠠᠷ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠬᠤᠳᠳᠤᠭ ᠤᠨ ᠤᠰᠤ ᠶᠢ ᠬᠦᠨᠵᠡᠭᠡᠢ ᠰᠢᠢᠳᠪᠦᠷᠢᠯᠡᠬᠦ ᠲᠥᠷᠥᠯ ᠵᠣᠶᠢᠯ | ᠪᠠ ᠬᠤᠯᠤᠰᠤ᠂ ᠮᠤᠳᠤᠨᠴᠠᠶᠢᠳᠠᠮ ᠵᠡᠷᠭᠡ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠴᠢᠯᠠᠭᠤ ᠶᠢ ᠡᠭᠡᠭᠦᠯᠦᠨ ᠬᠢᠵᠣ ᠠᠭᠤᠷᠬᠠᠢ ᠶᠢ ᠪᠤᠯᠠᠬᠤ ᠵᠢᠴᠢ ᠭᠠᠵᠠᠷ | ᠰᠢᠷᠣᠶ ᠶᠢ ᠴᠡᠭᠴᠡᠯᠡᠨ ᠵᠠᠰᠠᠭᠠᠳ ᠲᠠᠷᠢᠶ᠎ᠠ ᠲᠠᠷᠢᠵᠤ ᠠᠰᠢᠭᠯᠠᠵᠤ ᠪᠤᠯᠬᠤ ᠪᠤᠯᠭᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠠᠵᠦ | ᠠᠬᠤᠶᠢᠯᠠᠯ ᠢ ᠶᠡᠭᠡ ᠳᠡᠭᠡᠲᠤ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠯᠴᠠᠬᠤ ᠶᠢ ᠳᠡᠮᠵᠢᠨ ᠬᠠᠳᠠᠭᠤ | ᠪᠡᠶᠡᠲᠤ ᠬᠠᠶᠠᠭᠳᠠᠮᠠᠯ ᠪᠤᠳᠠᠰ ᠢ ᠬᠤᠪᠢᠷᠠᠭᠤᠯᠤᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠭᠠᠷᠭᠠᠵᠦ ᠡᠩ ᠤᠨ ᠠᠵᠦ ᠦᠢᠯᠡᠳᠪᠤᠷᠢ | ᠶᠢᠨ ᠬᠠᠳᠠᠭᠤ ᠪᠡᠶᠡᠲᠤ ᠬᠠᠶᠠᠭᠳᠠᠮᠠᠯ ᠪᠤᠳᠠᠰ ᠢ ᠰᠢᠢᠳᠪᠤᠷᠢᠯᠡᠬᠦ ᠪᠠ ᠶᠡᠷᠤᠩᠭᠡᠶᠢᠯᠡᠨ ᠠᠰᠢᠭᠯᠠᠬᠤ ᠶᠢ ᠠᠬᠢᠭᠤᠯᠤᠨ᠎ᠠ᠃ ᠮᠦᠩᠬᠡᠴᠢᠨ᠂ ᠪᠠᠶᠠᠨᠭᠤᠣᠯ ᠨᠡᠭᠦᠷᠡᠰᠦᠨ | ᠠᠭᠤᠷᠬᠠᠶ ᠶᠢ ᠵᠣᠬᠢᠶᠠᠨ ᠪᠠᠶᠢᠭᠤᠯᠤᠨ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠭᠤᠶᠤᠴᠢᠯᠠᠨ ᠮᠡᠳᠡᠭᠦᠯᠵᠣ ᠬᠤᠯᠣᠰᠣ᠂ ᠮᠣᠳᠣᠨᠴᠠᠶᠢᠳᠠᠮ᠂ | ᠨᠠᠷᠢᠠᠭᠤᠣᠯ ᠬᠤᠶᠠᠳᠣᠭᠠᠷ ᠨᠡᠬᠦᠷᠠᠰᠣᠨ ᠠᠭᠤᠷᠬᠠᠢ ᠶᠢ ᠦᠪᠡᠷᠳᠡᠬᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠭᠤᠶᠤᠴᠢᠯᠠᠨ | ᠮᠡᠳᠡᠭᠦᠯᠣᠨ᠎ᠠ᠃ ᠮᠠᠯᠵᠢᠬᠤ ᠲᠠᠷᠢᠶᠠᠯᠠᠬᠤ ᠣᠷᠣᠨ ᠳᠤ ᠪᠠᠶᠢᠭᠠᠯᠢ ᠶᠢᠨ ᠰᠢᠲᠠᠮᠠᠬᠠᠶ ᠬᠡᠶ᠂ ᠠᠮᠢᠳᠤ ᠪᠣᠳᠠᠰ᠂ ᠴᠠᠬᠢᠯᠭᠠᠨ ᠬᠦᠴᠦ ᠵᠡᠷᠭᠡ ᠠᠷᠢᠭᠤᠨ ᠴᠡᠪᠡᠷ | ᠳᠤᠯᠠᠭᠠᠯᠠᠭ᠎ᠠ ᠶᠢᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠭᠤᠤᠯ ᠣᠷᠣᠨ ᠤ ᠠᠷᠠᠳ ᠢ ᠨᠡᠭᠦᠯᠭᠡᠨ ᠲᠥᠪᠬᠢᠨᠡᠭᠦᠯᠬᠦ | ᠠᠵᠢᠯ ᠢ ᠯᠠᠪᠳᠠᠭᠤᠨ ᠢᠶᠠᠷ ᠠᠬᠢᠭᠤᠯᠵᠤ ᠤᠰᠤᠨ ᠰᠤᠷᠪᠤᠯᠵᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ | ︵ᠵᠢᠷᠭᠤᠭ᠎ᠠ︶ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ | ᠦᠵᠡᠯ ᠰᠠᠨᠠᠭ᠎ᠠ ᠲᠠᠨᠢᠯᠲᠠ ᠪᠠᠨ ᠲᠦᠷᠭᠡᠳᠬᠡᠨ ᠬᠤᠪᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠲᠤᠰᠬᠠᠢ | ᠲᠦᠷᠦᠯ ᠤᠨ ᠲᠤᠭᠤᠷᠢᠨ ᠪᠠᠶᠢᠴᠠᠭᠠᠯᠳᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ ᠦᠵᠡᠯ ᠰᠠᠨᠠᠭᠠᠨ ᠤ | ᠬᠥᠮᠦᠵᠢᠯ ᠢ ᠬᠠᠨᠳᠤᠯᠭᠠᠲᠤ ᠴᠢᠨᠠᠷ ᠲᠠᠢ ᠪᠠᠷ ᠥᠷᠨᠢᠭᠦᠯᠵᠦ ᠥᠷᠭᠡᠨ ᠤᠯᠠᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ | ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ ᠢ ᠨᠢ ᠴᠢᠩᠭᠠᠷᠠᠭᠤᠯᠵᠤ ᠠᠵᠤ ᠠᠬᠤᠶᠢᠯᠠᠯ | ᠪᠠ ᠤᠯᠠᠨ ᠲᠦᠮᠡᠨ ᠤ ᠬᠡᠷᠡᠭᠴᠡᠭᠡ ᠠᠴᠠ ᠡᠭᠦᠰᠦᠨ ᠪᠤᠳᠤᠯᠬᠢᠯᠠᠵᠦ ᠨᠡᠩ ᠤᠯᠠᠨ ᠠᠰᠠᠭᠤᠳᠠᠯ ᠢ ᠰᠢᠢᠳᠪᠦᠷᠢᠯᠡᠨ ᠠᠵᠢᠯ ᠶᠠᠪᠤᠳᠠᠯ ᠬᠦᠢᠴᠡᠳᠬᠡᠬᠦ ᠳᠡᠭᠡᠨ | ᠪᠦᠲᠦᠮᠵᠢᠲᠡᠶ ᠪᠦᠭᠡᠳ ᠢᠲᠡᠭᠡᠮᠵᠢ ᠶᠢ ᠪᠠᠷᠢᠮᠳᠠᠯᠠᠵᠦ ᠠᠮᠠᠯᠠᠯᠲᠠ ᠪᠠᠨ ᠦᠢᠯᠡᠳᠦᠯᠭᠡᠵᠢᠭᠦᠯᠵᠤ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠭᠦᠢᠴᠡᠳᠬᠡᠳᠡᠭ ᠰᠠᠶᠢᠨ | ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠲᠤᠰᠬᠠᠢ | ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠵᠦ ᠲᠠᠰᠤᠭ ᠤᠨ ︽ᠪᠢᠴᠢᠯ ᠢᠯᠵᠠᠷᠠᠯ︾ | ᠪᠠ ᠦᠢᠯᠡᠴᠢᠯᠡᠭᠡᠨ ᠤ ᠴᠤᠩᠬᠤᠪᠴᠢ ᠶᠢᠨ ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠬᠢᠷᠲᠤᠭᠤᠯᠬᠤ ︽ | ᠰᠤᠷᠲᠠᠯ ᠤᠨ ᠸᠢᠷᠦ᠋ᠰ︾ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠬᠦ ︽ᠤᠯᠠᠨ ᠢ ᠲᠦᠢᠳᠦᠭᠴᠢ︾ ᠶᠢ ᠡᠷᠡᠰ ᠠᠷᠢᠯᠭᠠᠵᠤ ᠺᠠᠳ᠋ᠷᠴᠤᠳ ᠤᠨ | ᠬᠥᠭᠵᠢᠯᠲᠡ ᠶᠢᠨ ᠦᠵᠡᠯᠲᠡ᠂ ᠡᠷᠬᠡ ᠶᠢᠨ ᠦᠵᠡᠯᠲᠡ᠂ ᠤᠯᠠᠨ ᠲᠦᠮᠡᠨᠴᠢ ᠦᠵᠡᠯᠲᠡ ᠶᠢ ᠲᠥᠪ ᠪᠣᠯᠭᠠᠨ᠎ᠠ᠃ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ ᠳᠤ ᠲᠦᠰᠢᠭᠯᠡᠨ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠵᠦ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢᠨ ᠬᠠᠷᠢᠯᠴᠠᠨ ᠬᠤᠯᠪᠣᠯᠳᠣᠵᠣ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ ︽ᠨᠢᠭᠡ ᠰᠦᠯᠵᠢᠶ᠎ᠡ ᠪᠠᠷ ᠬᠦᠢᠴᠡᠳᠬᠡᠬᠦ︾ ︽ᠠᠯᠠᠭᠠᠨ ᠳᠡᠭᠡᠷ᠎ᠡ ᠪᠠᠨ | ᠬᠦᠢᠴᠡᠳᠬᠡᠬᠦ︾ ︽ᠨᠢᠭᠡ ᠯᠡ ᠤᠳᠠᠭ᠎ᠠ ᠳᠤ ᠬᠦᠢᠴᠡᠳᠬᠡᠬᠦ︾ ︽ᠲᠠᠨ ᠢ ᠬᠠᠪᠰᠤᠷᠤᠨ ᠬᠦᠢᠴᠡᠳᠬᠡᠬᠦ︾ ᠶᠢ ᠲᠦᠷᠭᠡᠳᠬᠡᠨ᠎ᠡ᠃ ᠠᠵᠤ ᠠᠬᠤᠶᠢᠯᠠᠯ ᠪᠣᠯᠤᠨ | ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠬᠤᠯᠪᠣᠭᠳᠠᠬᠤ ᠦᠷᠬᠦᠯᠵᠢ ᠬᠦᠢᠴᠡᠳᠬᠡᠳᠡᠭ 50 ᠲᠦᠷᠥᠯ ᠤᠨ ᠤᠴᠢᠷ ᠶᠠᠪᠤᠳᠠᠯ ᠢ ︽ᠮᠦᠩᠭᠡ | ᠰᠤᠪᠠᠭ︾ ᠢᠶᠠᠷ ᠬᠦᠢᠴᠡᠳᠬᠡᠬᠦ ᠶᠢ ᠠᠬᠢᠭᠤᠯᠵᠤ ᠦᠷᠬᠦᠯᠵᠢ ᠬᠦᠢᠴᠡᠳᠬᠡᠳᠡᠭ ᠤᠴᠢᠷ ᠶᠠᠪᠤᠳᠠᠯ ᠤᠨ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠬᠡᠨ ︽ᠨᠢᠭᠡ | ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠬᠡᠬᠦ︾ ᠢᠵᠢ ᠦᠢᠯᠡᠴᠢᠯᠡᠭᠡᠨ ᠤ 103 ᠤᠴᠢᠷ ᠶᠠᠪᠤᠳᠠᠯ ᠢ ᠭᠠᠷᠭᠠᠨ᠎ᠠ᠃ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠡᠵᠡᠩᠨᠡᠯᠲᠡ ᠶᠢᠨ ᠵᠥᠪᠰᠢᠶᠡᠷᠡᠯ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠬᠦᠷᠢᠶᠡᠨ ᠤ ᠤᠴᠢᠷ ᠶᠠᠪᠤᠳᠠᠯ ᠢ | ᠬᠦᠢᠴᠡᠳᠬᠡᠬᠦ ᠳᠤ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠳᠤ ᠭᠡᠷᠡᠭᠯᠡᠬᠦ ᠴᠠᠬᠢᠯᠭᠠᠨ᠂ ᠤᠰᠤ᠂ ᠬᠡᠶ ᠶᠢᠨ ᠭᠠᠷ ᠬᠦᠢᠴᠡᠳᠬᠡᠯ ᠤᠨ | ᠴᠠᠭ ᠢ ᠲᠣᠰ ᠲᠣᠰ 10 ᠠᠵᠢᠯᠯᠠᠬᠤ ᠡᠳᠤᠷ᠂ 3 ᠠᠵᠢᠯᠯᠠᠬᠤ ᠡᠳᠤᠷ᠂ 7 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠤᠭᠤᠨᠢᠰᠬᠠᠬᠤ ᠶᠢ ᠳᠥᠯᠭᠢᠨ | ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠭᠰᠢᠭᠦᠷᠢ ᠪᠠᠭᠠᠳᠠᠢ ᠵᠢᠵᠢᠭ ᠬᠡᠯᠪᠡᠷᠢ ᠶᠢᠨ ᠲᠥᠷᠥᠯ ᠵᠦᠢᠯ ᠢ 30 ᠠᠵᠢᠯᠯᠠᠬᠤ | ᠡᠳᠦᠷ ᠤᠨ ᠬᠢᠨᠠᠨ ᠵᠦᠪᠰᠢᠶᠠᠷᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠲᠡᠭᠦᠯᠳᠡᠷᠵᠢᠭᠦᠯᠵᠦ | ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠᠶᠢᠩᠭᠤ ᠶᠢᠨ ᠦᠨᠡᠯᠡᠯᠲᠡ ᠶᠢᠨ ᠲᠣᠭᠲᠠᠴᠠ ᠶᠢ ᠪᠦᠷᠢᠯᠳᠦᠭᠦᠯᠦᠨ᠎ᠡ᠃ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠴᠠ ᠶᠢ ᠰᠢᠯᠤᠭᠤᠳᠬᠠᠵᠤ ᠣᠶ ᠰᠢᠭᠤᠶ ᠨᠤᠲᠤᠭ ᠪᠡᠯᠴᠢᠭᠡᠷ᠂ ᠲᠦᠬᠦᠭᠡᠷᠦᠮᠵᠢᠲᠤ ᠲᠠᠷᠢᠶᠠᠯᠠᠩ ᠤᠨ ᠭᠠᠵᠠᠷ᠂ ᠣᠷᠣᠨ | ᠰᠠᠭᠤᠴᠠ ᠶᠢᠨ ᠭᠠᠵᠠᠷ ᠲᠤ ᠬᠤᠯᠪᠤᠭᠳᠠᠭᠰᠠᠨ ᠬᠢᠨᠠᠨ ᠵᠥᠪᠰᠢᠶᠡᠷᠡᠯ ᠪᠠ ᠬᠠᠤᠯᠢ ᠬᠡᠷᠡᠭᠵᠢᠭᠦᠯᠤᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ︽ | ᠬᠤᠶᠡᠷ ᠢ ᠰᠣᠭᠤᠴᠢᠵᠣ᠂ ᠨᠢᠭᠡ ᠶᠢ ᠢᠯᠡ ᠪᠣᠯᠭᠠᠬᠤ︾ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠵᠡᠷᠭᠡ ᠠᠵᠢᠯ ᠤᠨ ᠵᠠᠭᠪᠤᠷ ᠢ ᠴᠢᠩᠭ᠎ᠠ | ᠨᠠᠶᠢᠳᠠᠪᠤᠷᠢᠵᠢᠭᠤᠯᠵᠤ ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠶᠢᠨ ᠠᠵᠤ ᠠᠬᠤᠶᠢᠯᠠᠯ ᠳᠤ ᠦᠵᠡᠭᠦᠯᠬᠦ ᠨᠥᠯᠥᠭᠡ ᠶᠢ ᠦᠨᠡᠨ ᠬᠦ ᠪᠠᠭᠠᠰᠬᠠᠨ ᠵᠠᠬ᠎ᠠ | ᠳᠡᠯᠭᠡᠭᠦᠷ ᠤᠨ ᠭᠤᠤᠯ ᠴᠣᠭᠴᠠ ᠭᠤᠤᠯ ᠪᠤᠯᠬᠤ ᠣᠶᠤᠨ ᠴᠢᠳᠠᠯ ᠢᠶᠠᠨ ᠰᠢᠨ᠎ᠡ ᠶᠢ ᠡᠭᠦᠳᠬᠦ ᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠳᠡᠬᠡᠷ᠎ᠡ | ᠲᠥᠪᠯᠡᠷᠡᠬᠦᠯᠥᠨᠠ᠃ | ︵ᠳᠣᠯᠤᠭ᠎ᠠ︶ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠠ᠃ ᠥᠷᠭᠡᠨ ᠤᠯᠠᠨ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠴᠢᠷᠮᠠᠶᠢᠬᠤ ᠴᠢᠭᠯᠡᠯ ᠮᠥᠨ᠃ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠣᠶᠢᠯ ᠢ ᠠᠷᠠᠳ ᠤᠨ ᠲᠥᠯᠥᠭᠡᠯᠡᠭᠴᠢ ᠪᠢᠯᠧᠲ ᠥᠭᠴᠦ ᠲᠣᠭᠲᠠᠭᠠᠬᠤ ᠲᠦᠷᠢᠮ ᠤᠨ ᠱᠠᠭᠠᠷᠳᠠᠯᠭ᠎ᠠ ᠶᠣᠰᠣᠭᠠᠷ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠡᠯ᠎ᠡ ᠬᠦᠷᠢᠶᠠᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠥᠷᠭᠡᠨ ᠢᠶᠠᠷ ᠡᠯᠰᠠᠪᠡ᠃ | ᠬᠦᠢᠴᠡᠳ ᠨᠤᠲᠠᠯᠠᠯᠲᠠ ᠪᠠ ᠰᠢᠯᠢᠨ ᠰᠣᠩᠭᠤᠯᠲᠠ ᠪᠠᠷ ᠳᠠᠮᠵᠢᠭᠠᠳ ᠥᠥᠰᠢᠨ ᠬᠤᠰᠢᠭᠤᠨ ᠤ ᠨᠢᠬᠡᠳᠦᠬᠡᠷ ᠬᠡᠤᠬᠡᠳ ᠤᠨ ᠴᠡᠴᠡᠷᠯᠢᠭ ᠢ ᠦᠷᠭᠡᠳᠬᠡᠨ | ᠪᠠᠶᠢᠭᠤᠯᠬᠤ᠂ ᠦᠦᠰᠢᠨ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠦᠳᠦᠬᠡᠨ ᠪᠠᠶᠢᠭᠤᠯᠬᠤ᠂ ᠴᠢᠮᠡᠭᠡ ᠬᠤᠯᠪᠤᠭᠠᠨ ᠤ ᠰᠠᠭᠤᠷᠢ | ᠦᠷᠳᠡᠭᠡ ᠶᠢ ᠪᠦᠲᠦᠭᠡᠨ ᠪᠠᠶᠢᠭᠤᠯᠬᠤ ᠵᠡᠷᠭᠡ 10 ᠲᠦᠷᠥᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠳᠡᠭᠰᠡᠨ ᠲᠦᠷᠥᠯ ᠵᠣᠶᠢᠯ ᠢ | ᠲᠤᠭᠲᠠᠭᠠᠵᠦ ᠶᠡᠭᠡ ᠬᠤᠷᠠᠯ ᠳᠤ ᠳᠡᠪᠰᠢᠭᠦᠯᠵᠦ ᠲᠥᠯᠥᠭᠡᠯᠡᠭᠴᠢᠳ ᠢᠶᠠᠷ ᠬᠢᠨᠠᠨ ᠶᠠᠷᠢᠯᠴᠠᠭᠤᠯᠤᠨ᠎ᠠ᠃ ᠪᠢᠯᠧᠲ ᠦᠭᠴᠦ ᠲᠤᠭᠳᠠᠭᠠᠭᠰᠠᠨ ᠲᠥᠷᠥᠯ ᠵᠦᠢᠯ ᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ ᠪᠣᠳᠠᠲᠠᠶ ᠶᠠᠪᠤᠳᠠᠯ ᠢ ᠰᠠᠶᠢᠲᠤᠷ ᠬᠢᠵᠦ | ᠰᠠᠶᠢᠨ ᠶᠠᠪᠤᠳᠠᠯ ᠢ ᠪᠣᠳᠠᠲᠠᠶ ᠪᠠᠷ ᠬᠢᠨ᠎ᠠ᠃ | ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠦᠢᠯᠡᠰ ᠪᠣᠰᠬᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠠᠵᠢᠯ ᠠᠯᠳᠠᠯᠲᠠ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠨᠤᠷᠮ᠎ᠠ ᠶᠢ ᠱᠠᠳᠤ ᠦᠶ᠎ᠡ ᠶᠢᠨ ᠴᠢᠨᠠᠷᠲᠠᠶ ᠪᠠᠷ ᠪᠠᠭᠤᠷᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠪᠢᠴᠢᠯ ᠠᠵᠤ ᠠᠬᠤᠶᠢᠯᠠᠯ ᠢ ᠳᠠᠮᠵᠢᠨ ᠲᠦᠷᠬᠡᠨ ᠬᠦᠭᠵᠢᠬᠦᠯᠥᠨ᠎ᠠ᠃ ᠬᠤᠲᠠ ᠶᠢᠨ ᠬᠠᠮᠢᠶᠠᠷᠤᠯᠲᠠ ᠶᠢᠨ ᠠᠭᠤᠳᠠᠮ | ᠪᠠᠭᠲᠠᠭᠠᠮᠵᠢᠲᠤ ᠴᠢᠨᠠᠷ ᠢ ᠴᠢᠩᠭᠠᠳᠬᠠᠵᠤ ᠠᠭᠤᠳᠠᠮ ᠲᠠᠯᠠᠪᠠᠶ ᠶᠢᠨ ᠳᠡᠯᠭᠡᠭᠡ ᠮᠠᠶᠢᠮᠠᠶ ᠶᠢᠨ ᠴᠡᠭ ᠢ ᠭᠠᠷᠭᠠᠬᠤ ᠶᠢ ᠵᠢᠷᠤᠮᠵᠢᠭᠤᠯᠤᠨ ᠭᠠᠯᠠᠭᠤᠳᠣ ᠪᠠᠯᠭᠠᠰᠣᠨ ᠤ | ᠬᠤᠶᠢᠳᠣ ᠳᠠᠯ᠎ᠠ ᠳᠠᠬᠢ ᠰᠠᠷᠢᠬᠦᠴᠡᠨ ᠰᠡᠯᠡᠬᠦᠴᠡᠬᠦ ᠰᠥᠨᠢ ᠶᠢᠨ ᠵᠠᠬ᠎ᠠ ᠶᠢᠨ ᠡᠵᠡᠩᠨᠡᠯᠳᠡ ᠶᠢ ᠡᠬᠢᠯᠡᠭᠦᠯᠦᠨ᠎ᠡ᠃ ︽ᠨᠢᠭᠡ ᠲᠣᠭᠤᠷᠢᠭ ᠭᠤᠷᠪᠠᠨ ᠬᠦᠷᠢᠶᠡᠯᠡᠩ | ᠨᠢᠭᠡ ᠰᠠᠭᠤᠷᠢᠨ ᠭᠠᠵᠠᠷ︾ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠵᠤ᠂ ᠰᠤᠷᠭᠠᠭᠤᠯᠢ ᠨᠤᠭᠤᠳ ᠬᠤᠭᠤᠷᠣᠨᠳᠣ ᠪᠠᠨ ᠬᠤᠷᠰᠢᠯᠴᠠᠨ ᠴᠢᠳᠠᠪᠣᠷᠢᠳᠠᠨ ᠬᠥᠮᠦᠵᠢᠭᠦᠯᠬᠦ ᠪᠠ | ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠡᠯᠪᠠᠷᠢ ᠶᠢᠨ ᠪᠣᠯᠪᠠᠰᠤᠷᠠᠯ ᠢ ᠰᠦᠪᠡᠭᠴᠢᠯᠡᠵᠦ ︽ᠳᠠᠪᠲᠠᠨ ᠪᠣᠯᠪᠠᠰᠤᠷᠠᠭᠤᠯᠬᠤ︾᠂ ᠳᠡᠭᠡᠳᠦ ᠰᠤᠷᠭᠠᠭᠤᠯᠢ ᠳᠤ | ᠨᠠᠶᠢᠳᠠᠨ ᠪᠣᠯᠪᠠᠰᠤᠷᠠᠭᠤᠯᠬᠤ᠂ ᠠᠵᠤ ᠠᠬᠤᠶᠢᠯᠠᠯ ᠳᠤ ᠨᠠᠶᠢᠳᠠᠨ ᠪᠣᠯᠪᠠᠰᠤᠷᠠᠭᠤᠯᠬᠤ᠂ ︽ᠠᠵᠢᠯᠯᠠᠬᠤ ᠪᠠᠷ ᠪᠣᠯᠪᠠᠰᠤᠷᠠᠭᠤᠯᠬᠤ ᠶᠢ ᠣᠷᠣᠯᠠᠭᠤᠯᠬᠤ︾ ᠵᠡᠷᠭᠡ | ᠠᠵᠢᠯ ᠣᠯᠭᠤᠯᠲᠠ ᠶᠢ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ | ᠭᠤᠣᠯᠳᠠᠯᠭ᠎ᠠ ᠲᠠᠢ ᠬᠦᠮᠦᠰ ᠤᠨ ᠠᠵᠢᠯ ᠣᠯᠵᠤ ᠠᠳᠠᠯ ᠦᠢᠯᠡᠰ ᠪᠣᠰᠬᠠᠬᠤ ᠳᠡᠮᠵᠢᠯᠬᠡ ᠪᠠᠨ ᠨᠡᠮᠡᠭᠳᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢ 50 ᠭᠠᠷᠭᠠᠵᠣ ᠬᠡᠷ ᠪᠦᠯᠢ ᠶᠢᠨ ᠠᠵᠢᠯ ᠣᠯᠤᠭᠰᠠᠨ ᠬᠦᠮᠦᠨ ᠥᠬᠡᠶ ᠪᠠᠶᠢᠭ᠎ᠠ ᠪᠠᠶᠢᠳᠠᠯ ᠢ ᠦᠬᠡᠶᠢᠰᠬᠡᠬᠦ ᠶᠢ ᠦᠨᠡᠨ ᠬᠦ ᠪᠠᠲᠤᠯᠠᠨ᠎ᠠ᠃ | ᠲᠡᠩᠴᠡᠭᠦᠷᠢᠲᠡᠶ ᠪᠥᠭᠡᠳ ᠴᠢᠨᠠᠷ ᠰᠠᠶᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠥᠨᠳᠥᠷ ᠬᠡᠪ ᠴᠢᠨᠠᠷ ᠲᠠᠢ ᠴᠢᠳᠠᠪᠤᠷᠢᠲᠠᠨ ᠪᠠᠭᠰᠢ ᠶᠢ | ᠤᠷᠢᠨ ᠡᠯᠰᠡᠵᠣ ᠴᠠᠭᠠᠷᠠᠭᠰᠠᠨ ᠴᠢᠳᠠᠪᠤᠷᠢ ᠲᠠᠢ ︽ᠬᠤᠣᠰ ᠬᠡᠯᠡᠨ︾ ᠤ ᠪᠠᠭᠰᠢ ᠶᠢᠨ ᠡᠩᠨᠡᠭᠡ ᠶᠢ ᠬᠥᠮᠦᠵᠢᠭᠦᠯᠵᠦ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠤᠭ ᠪᠠᠭ᠎ᠠ ᠰᠤᠷᠭᠠᠭᠤᠯᠢ ᠪᠠ ᠭᠠᠯᠠᠭᠤᠲᠤ ᠰᠤᠷᠭᠠᠭᠤᠯᠢ ︵ | ᠬᠤᠶᠠᠳᠤᠭᠠᠷ ᠬᠤᠭᠤᠴᠠᠭ᠎ᠠ︶ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ ᠬᠤᠲᠠ ᠶᠢᠨ ᠮᠣᠩᠭᠤᠯ | ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠰᠢᠭᠤ ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ | ᠬᠡᠤᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂ ᠱᠠᠷᠯᠢᠭ ᠪᠠᠭ᠎ᠠ ᠰᠤᠷᠭᠠᠭᠤᠯᠢ ᠶᠢᠨ ᠬᠤᠭᠤᠯᠠᠨ ᠭᠡᠷ ᠪᠠᠶᠢᠷᠢ ᠶᠢᠨ ᠠᠰᠠᠷ ᠵᠡᠷᠭᠡ 8 ᠰᠤᠷᠭᠠᠭᠤᠯᠢ | ᠭᠡᠤᠭᠡᠳ ᠤᠨ ᠴᠡᠴᠡᠷᠯᠢᠭ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠤᠷᠭᠠᠭᠤᠯᠢ ᠬᠡᠤᠭᠡᠳ ᠤᠨ ᠴᠡᠴᠡᠷᠯᠢᠭ ᠲᠤ ᠲᠤᠰᠬᠠᠶ | ᠲᠤᠰᠢᠶᠠᠯᠲᠤ ᠠᠮᠤᠷ ᠢ ᠬᠠᠮᠠᠭᠠᠯᠠᠭᠴᠢ ᠶᠢ ᠲᠤᠬᠢᠷᠠᠭᠤᠯᠤᠨ᠎ᠠ᠃ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠳᠡᠰ ᠤᠨ ᠳᠦᠷᠢᠮ ᠪᠠ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠶᠢᠨ ︽ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠰᠤᠷᠭᠠᠭᠤᠯᠢ ᠶᠢᠨ ᠵᠠᠬᠢᠷᠤᠯ ᠬᠡᠤᠭᠡᠳ ᠤᠨ ᠴᠡᠴᠡᠷᠯᠢᠭ ᠤᠨ ᠳᠠᠷᠤᠭ᠎ᠠ ᠪᠣᠯᠤᠨ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠭᠦᠯᠬᠦ ᠲᠣᠭᠲᠠᠴᠠ ᠶᠢ ᠴᠢᠨᠠᠭᠰᠢᠳᠠ | ᠰᠢᠯᠢᠳᠡᠭᠵᠢᠭᠦᠯᠵᠦ ᠪᠠᠭᠰᠢ ᠶᠢᠨ ᠪᠣᠯᠪᠠᠰᠤᠷᠠᠯ ᠤᠨ ᠴᠢᠭᠯᠡᠭᠦᠯᠦᠯᠲᠦ ᠴᠢᠨᠠᠷ ᠪᠠ ᠦᠷ᠎ᠡ ᠪᠦᠲᠦᠮᠵᠢᠳᠣ ᠴᠢᠨᠡᠷ ᠢ ᠴᠢᠩᠭᠠᠳᠬᠠᠵᠤ ᠱᠠᠨᠰᠢ ᠶᠢᠨ ᠪᠠᠭᠰᠢ ᠶᠢᠨ ᠶᠡᠭᠡ | ᠰᠤᠷᠭᠠᠭᠤᠯᠢ ᠵᠡᠷᠭᠡ ᠨᠠᠷᠠᠲᠤ ᠪᠠᠭᠰᠢ ᠶᠢᠨ ᠳᠡᠭᠡᠳᠦ ᠰᠤᠷᠭᠠᠭᠤᠯᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ ᠪᠥᠬᠦ ᠬᠤᠰᠢᠭᠤᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠴᠢᠨᠠᠷ ᠲᠠᠰ ᠢ ᠳᠡᠭᠡᠭᠰᠢᠯᠡᠭᠦᠯᠬᠦ ᠶᠢ ᠠᠬᠢᠭᠤᠯᠵᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ | ᠪᠠᠭᠰᠢ ᠶᠢᠨ ᠮᠡᠷᠭᠡᠵᠢᠯ ᠤᠨ ᠴᠣᠯᠠ ᠲᠣᠭᠲᠠᠭᠠᠬᠤ ᠪᠠ ᠣᠷᠢᠨ ᠬᠡᠷᠡᠭᠯᠡᠬᠦ ᠲᠠᠯ᠎ᠠ ᠪᠠᠷ ᠵᠣᠬᠢᠬᠤ ᠬᠡᠮᠵᠢᠶᠡᠨ ᠤ ᠬᠠᠷᠠᠭᠠᠯᠵᠠᠯ ᠦᠵᠡᠭᠦᠯᠵᠦ ᠲᠡᠳᠡᠨ ᠢ ᠨᠢᠭᠡ | ᠰᠡᠳᠬᠢᠯ ᠢᠶᠠᠷ ᠪᠠᠭᠰᠢᠯᠠᠭᠤᠯᠵᠣ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ ᠬᠡᠤᠬᠡᠳ ᠨᠢᠭᠡᠪᠦᠷᠢ ᠳᠤ | ᠳᠡᠭᠦᠯᠢᠨ ᠨᠢᠰᠬᠦ ᠵᠢᠭᠦᠷ ᠤᠷᠭᠤᠭᠤᠯᠬᠤ ᠶᠢ ᠠᠬᠢᠭᠤᠯᠤᠨ᠎ᠠ᠃ | ᠡᠷᠡᠭᠦᠯ ᠡᠩᠬᠡ ᠦᠦᠰᠢᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠭᠠᠳᠠᠨ᠎ᠠ ᠠᠴᠠ ᠬᠢᠵᠢᠭ ᠬᠠᠯᠳᠠᠪᠤᠷᠢᠯᠠᠬᠤ ᠶᠢ | ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠲᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠨ ᠸᠠᠺᠼᠢᠨ ᠤ ᠲᠠᠷᠢᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠪᠠ | ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ ᠵᠡᠮᠳᠡᠭᠴᠦᠳ ᠤᠨ | ᠡᠷᠡᠭᠦᠯᠵᠢᠯ ᠤᠨ ᠲᠥᠪ ᠪᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠢ ᠠᠰᠢᠭᠯᠠᠯᠲᠠ ᠳᠤ | ᠣᠷᠣᠭᠤᠯᠤᠨ ᠰᠦᠯᠳᠡ ᠰᠤᠮᠤ ᠵᠡᠷᠭᠡ 3 ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠪᠠᠶᠢᠷᠢ ᠶᠢᠨ ᠭᠡᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠬᠡᠷᠡᠭᠵᠢᠬᠦᠯᠦᠨ᠎ᠡ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠦᠳᠡᠯᠭᠡᠭᠡᠨ ᠢ ᠭᠦᠨᠵᠡᠭᠡᠶ ᠥᠷᠨᠢᠭᠦᠯᠵᠦ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠤᠨ ᠤᠯᠤᠰ ᠤᠨ ᠲᠠᠰ ᠤᠨ | ᠵᠢᠱᠢᠶᠡᠴᠢ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠣᠯᠠᠨ ᠲᠦᠮᠡᠨᠴᠢ ᠴᠢᠨᠠᠷᠲᠠᠶ ᠰᠣᠶᠣᠯ ᠲᠠᠮᠢᠷ ᠤᠨ | ᠠᠵᠢᠯᠯᠠᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠵᠤ ᠲᠠᠮᠢᠷ ᠤᠨ ᠬᠥᠳᠡᠯᠭᠡᠭᠡᠨ ᠪᠠ ᠠᠮᠢᠳᠤᠷᠠᠯ ᠤᠨ ᠰᠠᠶᠢᠨ ᠰᠠᠶᠢᠬᠠᠨ ᠳᠠᠳᠬᠠᠯ ᠢ ᠬᠥᠮᠦᠵᠢᠭᠦᠯᠦᠨ ᠪᠥᠬᠦ | ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠤᠶᠤᠨᠲᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠣᠨ ᠬᠤᠶᠠᠳᠤᠭᠠᠷ | ᠡᠭᠡᠯᠵᠢ ᠶᠢᠨ ᠵᠣᠬᠢᠬᠤ ᠨᠠᠰᠤᠨ ᠳᠤ ᠬᠦᠷᠦᠭᠰᠡᠨ ᠡᠮᠡᠭᠲᠡᠶᠢᠴᠦᠳ ᠤᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ ᠬᠤᠪᠢ ᠬᠥᠮᠦᠨ ᠤ ᠡᠷᠡᠭᠦᠯ ᠮᠡᠨᠳᠦ ᠶᠢᠨ | ᠲᠠᠩᠰᠠ ᠡᠪᠬᠡᠮᠡᠯ ᠪᠠ ᠬᠡᠷ ᠪᠦᠯᠢ ᠶᠢᠨ ᠡᠮᠴᠢ ᠲᠠᠢ ᠭᠡᠷ᠎ᠡ ᠲᠣᠭᠲᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠤᠷᠤᠨ ᠨᠤᠲᠤᠭ ᠤᠨ ᠪᠠᠶᠢᠩᠭᠤ | ᠲᠣᠬᠢᠶᠠᠯᠳᠤᠳᠠᠭ ᠡᠪᠡᠳᠴᠢᠨ᠂ ᠣᠯᠠᠨ ᠤᠷᠤᠳᠠᠭ ᠡᠪᠡᠳᠴᠢᠨ ᠤ ᠪᠠᠶᠢᠳᠠᠯ ᠲᠠᠢ ᠤᠶᠠᠯᠳᠤᠭᠤᠯᠤᠨ ᠬᠦᠴᠦᠨ ᠢᠶᠠᠨ ᠲᠥᠪᠯᠡᠷᠡᠭᠦᠯᠦᠨ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠠᠨ ᠤ ᠶᠠᠰᠤᠨ ᠤ ᠰᠠᠯᠠᠭ᠎ᠠ᠂ ᠬᠤᠳᠣᠭᠤᠳᠣ ᠭᠡᠳᠡᠰᠦᠨ ᠤ ᠳᠤᠷᠠᠨ ᠤ ᠲᠥᠪ ᠪᠠ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶᠠᠨ ᠤ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠤᠨ ᠤᠨᠴᠠᠯᠢᠭᠳᠤ ᠲᠤᠰᠬᠠᠶ ᠰᠠᠯᠠᠭ᠎ᠠ ᠶᠢ ᠭᠠᠷᠭᠠᠵᠣ ᠲᠤᠰᠬᠠᠶ ᠮᠡᠷᠭᠡᠵᠢᠯᠲᠡᠨ ᠡᠮᠴᠢᠯᠡᠭᠡ ᠬᠢᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠡᠭᠦᠳᠡᠨ ᠡᠮᠨᠡᠯᠭᠡ ᠶᠢᠨ ᠵᠠᠷᠤᠳᠠᠯ ᠢ ᠣᠨᠳᠣᠤ ᠭᠠᠵᠠᠷ ᠲᠤ ᠰᠢᠭᠤᠳ ᠲᠠᠩᠰᠠᠨ ᠠᠴᠠ ᠲᠠᠶᠢᠯᠬᠤ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ ᠠᠷᠠᠳ ᠣᠯᠠᠨ ᠡᠪᠡᠳᠴᠢᠨ ᠲᠠᠢ ᠪᠣᠯ ᠣᠶᠢᠷ᠎ᠠ ᠬᠠᠪᠢ ᠶᠢᠨ ᠢᠶᠠᠨ ᠡᠮᠨᠡᠯᠬᠡ ᠳᠤ ᠡᠮᠴᠢᠯᠡᠬᠦᠯᠵᠣ ᠲᠡᠶᠢᠯᠬᠦ | ᠪᠤᠯᠭᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ ᠬᠠᠷᠠᠭᠠᠯᠵᠠᠯ᠂ | ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ | ᠠᠪᠤᠷᠠᠨ ᠲᠤᠰᠠᠯᠠᠬᠤ ᠪᠠᠷᠢᠮᠵᠢᠶ᠎ᠠ ᠶᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠠᠮᠢᠳᠤᠷᠠᠯ ᠨᠢ ᠬᠦᠴᠢᠷᠳᠡᠯᠲᠡᠶ ᠠᠵᠢᠯ ᠠᠯᠳᠠᠭᠰᠠᠳ ᠢ ᠴᠠᠭ ᠲᠤᠬᠠᠶ ᠳᠤᠨᠢ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ 348 ᠢᠵᠢ ᠨᠡᠶᠢᠲᠡ ᠶᠢᠨ | ᠲᠦᠷᠢᠶᠡᠰᠦᠳᠣ ᠣᠷᠣᠨ ᠰᠠᠭᠤᠴᠠ ᠶᠢᠨ ᠲᠥᠷᠥᠯ ᠵᠦᠢᠯ ᠢ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ ᠾᠧᠩ ᠷᠦᠨ ᠰᠢᠤᠸᠠᠢ ᠹᠦ᠋ ᠵᠡᠷᠭᠡ 14 | ᠰᠠᠭᠤᠭᠠᠯᠢ ᠠᠷᠠᠳ ᠤᠨ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠢ ᠬᠦᠶ ᠶᠤᠸᠠᠨ ᠪᠦᠯᠥᠭᠯᠡᠯ ᠵᠡᠷᠭᠡ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ ᠰᠣᠳᠣᠨ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠵᠤ ᠣᠯᠠᠨ ᠲᠠᠰ ᠳᠠᠪᠬᠤᠷᠭᠠᠳᠣ ᠣᠷᠣᠨ ᠰᠠᠭᠤᠴᠠ ᠶᠢᠨ ᠪᠠᠲᠤᠯᠠᠭ᠎ᠠ ᠶᠢᠨ ᠪᠠᠶᠢᠷᠢᠰᠢᠯ ᠢ | ᠪᠣᠶ ᠪᠣᠯᠭᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠤᠶᠢᠯᠠᠭᠠᠭᠳᠠᠬᠤᠨ ᠢ ᠪᠠᠷᠢᠮᠲᠠᠯᠠᠨ ᠮᠠᠯᠵᠢᠬᠤ ᠲᠠᠷᠢᠶᠠᠯᠠᠬᠤ ᠣᠷᠣᠨ ᠳᠤ ︽ᠤᠶᠤᠨᠲᠤ ᠷᠠᠳᠢᠣ᠋ | ᠲᠧᠯᠸᠢᠰ︾ ᠤᠨ ᠢᠨᠵᠧᠨᠧᠷᠢᠩ ᠢ ᠨᠡᠶᠢᠳᠡᠮᠵᠢᠬᠦᠯᠵᠣ ︽ᠦᠦᠰᠢᠨ ᠬᠤᠰᠢᠭᠤᠨ ᠤ ᠭᠠᠵᠠᠷ ᠤᠨ ᠨᠡᠷ᠎ᠡ ᠶᠢᠨ ᠤᠶᠢᠯᠠᠯᠭ᠎ᠠ︾ ᠵᠡᠷᠭᠡ ᠨᠣᠮ ᠰᠣᠳᠣᠷ ᠢ ᠬᠡᠪᠯᠡᠭᠦᠯᠦᠨ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 1500 ᠲᠠᠯᠠᠪᠠᠢ ᠠᠴᠠ ᠳᠡᠭᠡᠭᠰᠢ ᠥᠷᠨᠢᠭᠦᠯᠵᠦ ᠣᠯᠠᠨ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ᠢᠷᠠᠭᠤ ᠠᠯᠳᠠᠷ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ | ᠠᠵᠢᠯ ᠢ ᠰᠠᠶᠢᠲᠤᠷ ᠬᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ ᠦᠢᠯᠡᠰ ᠤᠨ | ᠬᠥᠭᠵᠢᠯᠲᠡ ᠶᠢ ᠲᠡᠮᠵᠢᠵᠤ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠦᠨ ᠠᠵᠤ | ᠠᠬᠤᠶ ᠨᠡᠶᠢᠭᠡᠮ ᠤᠨ ᠲᠣᠭᠲᠠᠭᠤᠨ ᠡᠷᠬᠢᠯᠲᠡ ᠶᠢ ᠨᠥᠯᠥᠭᠡᠯᠡᠬᠦ ᠡᠯ᠎ᠡ ᠲᠠᠯ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ | ᠠᠳᠬᠤᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠭᠦᠨᠵᠡᠭᠡᠶᠢᠷᠡᠭᠦᠯᠦᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠠᠯ᠎ᠠ ᠪᠠᠷ ᠨᠠᠩ ᠣᠯᠠᠨ ᠪᠣᠳᠠᠲᠠᠶ | ᠬᠥᠲᠥᠯᠦᠨ ᠵᠢᠯᠣᠭᠤᠳᠬᠤ ᠴᠢᠨᠠᠷᠲᠠᠶ ᠲᠣᠬᠢᠷᠠᠭᠤᠯᠤᠯᠲᠠ ᠬᠢᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠯᠠᠪᠳᠠᠭᠤᠨ | ᠪᠠᠲᠤᠳᠬᠠᠨ᠎ᠠ᠃ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠵᠦ ᠨᠠᠶᠢᠳᠠᠪᠤᠷᠢᠵᠢᠭᠤᠯᠬᠤ ᠶᠢ ᠠᠬᠢᠭᠤᠯᠤᠨ | ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠠ ᠴᠠᠷᠠᠭᠠᠨ ᠤ ᠬᠠᠤᠯᠢ ᠲᠦᠷᠢᠮ ᠠᠴᠠ ᠵᠦᠷᠢᠴᠡᠭᠰᠡᠨ ᠠᠰᠠᠭᠤᠳᠠᠯ᠂ ᠣᠯᠣᠰ ᠲᠦᠷᠦ ᠬᠠᠤᠯᠢ ᠴᠠᠭᠠᠵᠠ ᠶᠢᠨ | ᠡᠩᠨᠡᠬᠡᠨ ᠤ ᠬᠦᠮᠦᠵᠢᠯ ᠴᠡᠭᠴᠡᠯᠡᠯᠲᠡ ᠪᠠ ᠬᠠᠩᠭᠠᠨ ᠪᠤᠷᠤᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠢ ᠲᠦᠷᠦᠯ ᠢᠶᠠᠷ | ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠨ᠎ᠡ᠃ ᠵᠠᠰᠠᠭ ᠤᠨ ᠣᠷᠳᠣᠨ ᠤ ᠨᠢᠭᠤᠭᠳᠠᠮᠠᠯ ᠥᠷᠢ ᠰᠢᠷᠢ ᠶᠢ ᠪᠥᠬᠦ ᠬᠦᠴᠦᠨ ᠢᠶᠠᠷ ᠢᠶᠠᠨ | ᠢᠯᠭᠠᠷᠠᠭᠤᠯᠵᠣ ᠡᠯ᠎ᠡ ᠲᠥᠷᠥᠯ ᠵᠦᠢᠯ ᠤᠨ ᠪᠠᠯᠠ ᠮᠥᠩᠭᠦ᠂ ᠢᠨᠵᠧᠨᠧᠷᠢᠩ ᠤᠨ ᠲᠠᠩᠰᠠᠨ ᠵᠣᠭᠤᠰ ᠢ ᠴᠠᠭ ᠲᠤᠬᠠᠶ ᠳᠤᠨᠢ ᠲᠤᠭᠠᠴᠠᠵᠤ ᠥᠭᠭᠦᠨ᠎ᠡ᠃ ᠣᠯᠠᠨ | ᠲᠦᠮᠡᠨ ᠢᠶᠠᠷ ᠢᠶᠠᠨ ᠠᠮᠤᠷ ᠲᠤᠭᠲᠠᠭᠤᠨ ᠢ ᠬᠠᠮᠠᠭᠠᠯᠠᠨ ᠡᠵᠡᠮᠳᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠲᠤᠤᠷᠵᠢᠭᠰᠠᠨ | ᠬᠠᠮᠢᠶᠠᠷᠤᠯᠳᠠ ᠶᠢ ᠪᠤᠳᠠᠳᠠᠶᠢᠵᠢᠭᠤᠯᠤᠨ ᠨᠡᠶᠢᠬᠡᠮ ᠤᠨ ᠵᠠᠰᠠᠯᠳᠠ ᠶᠢᠨ ᠤᠳᠤᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠴᠠᠬᠢᠯᠭᠠᠨ ᠬᠤᠯᠪᠣᠭᠠᠨ | ᠤ ᠮᠡᠭᠡᠯᠡᠯ ᠤᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠴᠣᠬᠢᠯᠲᠠ ᠦᠭᠴᠦ ᠳᠡᠩᠨᠡᠨ ᠢᠯᠡᠷᠡᠭᠦᠯᠬᠦ ᠠᠵᠢᠯ ᠢ ᠴᠢᠩᠭᠠᠳᠬᠠᠨ᠎ᠠ᠃ ᠵᠠᠮ ᠬᠠᠷᠢᠯᠴᠠᠭᠠᠨ ᠤ ᠠᠮᠤᠷ | ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠠᠶᠤᠯᠬᠦᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠶ ᠲᠦᠷᠦᠯ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ ᠨᠡᠭᠦᠷᠡᠰᠦᠨ ᠠᠭᠤᠷᠬᠠᠶ᠂ ᠬᠢᠮᠢ ᠶᠢᠨ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ | ᠲᠥᠷᠥᠯ ᠤᠨ ᠠᠶᠣᠯ ᠲᠦᠭᠰᠢᠭᠦᠷᠢ ᠶᠢ ᠦᠨᠡᠯᠡᠨ ᠵᠢᠱᠢᠵᠦ ᠲᠠᠯᠳᠠ ᠭᠡᠮ ᠢ ᠠᠷᠢᠯᠭᠠᠨ ᠡ᠊ᠨᠳᠡᠯ ᠠᠴᠠ ᠰᠡᠷᠭᠡᠶᠢᠯᠡᠨ᠎ᠡ᠃ ᠢᠳᠡᠭᠡᠨ ᠤᠮᠳᠠᠭᠠᠨ ᠡᠮ ᠤᠨ ᠵᠦᠢᠯᠡᠰ᠂ | ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠵᠡᠷᠭᠡ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ | ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ ᠬᠤᠰᠢᠭᠤᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ | ᠪᠠᠶᠢᠴᠠᠭᠠᠵᠤ ᠬᠡᠮᠵᠢᠬᠦ ᠭᠠᠵᠠᠷ ᠢ ᠪᠠᠶᠢᠭᠤᠯᠵᠤ ᠰᠠᠭᠤᠷᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ ᠵᠠᠬ᠎ᠠ ᠳᠡᠯᠭᠡᠭᠦᠷ ᠤᠨ ᠬᠢᠨᠠᠯᠲᠠ | ᠪᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ ᠠᠷᠠᠳ ᠣᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠤᠬᠠᠭᠠᠨ ᠢᠶᠠᠨ ᠵᠡᠪᠰᠡᠭᠯᠡᠨ ᠦᠢᠯᠡᠳᠦᠯᠭᠡ ᠪᠠᠨ | ᠵᠢᠯᠤᠭᠤᠳᠤᠭᠤᠯᠵᠤ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠲᠠᠯ᠎ᠠ ᠪᠠ ᠪᠦᠬᠦ ᠶᠠᠪᠤᠴᠠ ᠳᠤ ᠡᠷᠡᠰ ᠲᠤᠭᠤᠰᠢᠯᠠᠭᠤᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠲᠡᠤᠬᠡ ᠶᠢ ᠨᠠᠷᠢᠨ | ᠬᠢᠨᠠᠮᠠᠭᠠᠶ ᠰᠤᠷᠤᠯᠴᠠᠭᠤᠯᠵᠤ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ | ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠴᠤᠭ ᠪᠠᠳᠠᠷᠠᠩᠭᠤᠶ ᠵᠤᠷᠢᠭ | ᠰᠠᠨᠠᠭᠠᠨ ᠤ ᠪᠠᠶᠢᠳᠠᠯ᠂ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ ᠠᠷᠠᠳ ᠤᠨ ᠲᠦᠯᠦᠬᠡ ᠠᠵᠢᠯ ᠬᠢᠭᠰᠡᠨ ᠠᠷᠠᠳ ᠲᠤ ᠠᠰᠢᠭ ᠬᠦᠷᠳᠡᠭᠡᠭᠰᠡᠨ ᠠᠷᠠᠳ ᠢ ᠪᠠᠶᠠᠵᠢᠭᠤᠯᠤᠭᠰᠠᠨ ᠰᠢᠨ᠎ᠡ ᠠᠮᠵᠢᠯᠳᠠ ᠪᠠᠷ | ᠢᠶᠠᠨ ᠪᠥᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠦᠭᠭᠦᠨ᠎ᠡ︕ | ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ ᠰᠢᠢᠳᠪᠦᠷᠢᠲᠤ ᠪᠤᠳᠤᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ ︽ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠦᠳᠦᠯᠪᠦᠷᠢ ︵2020 — 2025 ᠤᠨ︶︾ ᠶᠢᠨ | ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠦ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠤᠨ ᠪᠦᠬᠦ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ | ᠬᠦᠯᠢᠶᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠬᠡᠰᠢᠭᠦᠳ ᠤᠨ ᠰᠠᠨᠠᠯ ᠲᠤᠷᠠᠳᠤᠯᠭ᠎ᠠ ᠶᠢ ᠬᠦᠢᠴᠡᠳᠬᠡᠬᠦ ᠶᠠᠰᠤ ᠴᠢᠨᠠᠷ ᠢ ᠳᠡᠭᠡᠭᠰᠢᠯᠡᠬᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠤ ᠪᠤᠳᠤᠯᠭ᠎ᠠ | ᠲᠣᠭᠲᠠᠭᠠᠬᠤ ᠶᠠᠪᠤᠴᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠯᠤᠨ ᠬᠤᠪᠢ | ᠬᠥᠮᠦᠨ ᠤ ᠦᠨᠡᠨᠴᠢ ᠢᠲᠡᠭᠡᠮᠵᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠬᠡᠷᠡᠭᠯᠡᠬᠦ ᠶᠢ ᠴᠢᠩᠭᠠᠳᠬᠠᠵᠤ ᠬᠠᠤᠯᠢ ᠶᠢ ᠰᠠᠬᠢᠭᠴᠢᠳ ᠪᠠ ᠢᠲᠡᠭᠡᠮᠵᠢ ᠶᠢ | ᠰᠠᠬᠢᠭᠴᠢᠳ ᠲᠤ ᠭᠠᠵᠠᠷ ᠪᠣᠯᠭᠠᠨ ᠳᠤ ᠲᠦᠬᠦᠮ ᠦᠵᠡᠭᠦᠯᠦᠨ᠎ᠡ᠃ | ᠦᠷ᠎ᠡ ᠪᠦᠲᠦᠮᠵᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠤᠨ ᠥᠨᠳᠥᠷ ᠪᠦᠲᠦᠮᠵᠢᠲᠡᠶ ᠪᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ᠎ᠡ᠃ ︽ | ᠲᠣᠭᠠᠴᠠᠯᠠᠭᠰᠠᠨ ᠵᠠᠰᠠᠭ ᠤᠨ ᠣᠷᠳᠣᠨ︾ ᠢ ᠢᠳᠡᠪᠬᠢᠲᠡᠶ ᠪᠠᠶᠢᠭᠤᠯᠵᠤ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠢ ᠵᠠᠰᠠᠭ ᠤᠨ ᠣᠷᠳᠣᠨ ᠤ | ᠰᠢᠢᠳᠪᠦᠷᠢᠲᠤ ᠪᠣᠳᠣᠯᠭ᠎ᠠ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠦᠢᠯᠡᠴᠢᠯᠡᠭᠡ ᠲᠤᠮᠳᠠ ᠭᠡᠷᠡᠭᠯᠡᠵᠤ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ ᠨᠡᠶᠢᠭᠡᠮ ᠤᠨ ᠵᠠᠰᠠᠯᠲᠠ ᠶᠢ ᠨᠠᠩ ᠨᠠᠷᠢᠯᠢᠭ ᠣᠨᠣᠪᠴᠢᠲᠠᠢ᠂ ᠣᠯᠠᠨ ᠨᠡᠶᠢᠲᠡ ᠶᠢᠨ | ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ ᠪᠣᠯᠭᠠᠬᠤ ᠪᠠᠷ ᠴᠢᠷᠮᠠᠶᠢᠨ᠎ᠠ᠃ ︽ᠭᠠᠷ ᠲᠠᠳᠠᠭᠤ ᠠᠮᠢᠳᠤᠷᠠᠯ ᠦᠩᠭᠡᠷᠡᠬᠡᠬᠦ︾ ᠦᠵᠡᠯ ᠰᠠᠨᠠᠭ᠎ᠠ ᠶᠢ ᠪᠠᠲᠤ ᠪᠠᠬᠢ | ᠪᠣᠶ ᠪᠣᠯᠭᠠᠵᠤ ᠵᠠᠪᠠᠯ ᠵᠠᠷᠤᠳᠠᠭ ᠪᠤᠰᠤ ᠪᠠᠯᠠ ᠮᠥᠩᠭᠦ ᠶᠢᠨ ᠵᠠᠷᠤᠯᠭ᠎ᠠ ᠪᠠ ᠪᠠᠴᠢᠮ ᠬᠡᠷᠡᠭᠴᠡᠭᠡ ᠦᠭᠡᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠴᠢᠩᠭ᠎ᠠ ᠬᠢᠵᠠᠭᠠᠷᠯᠠᠵᠤ ᠤᠯᠤᠰ ᠤᠨ ᠥᠮᠴᠢᠯᠡᠯᠲᠤ ᠡᠳ᠋ ᠬᠥᠷᠥᠩᠭᠡ ᠶᠢ ᠨᠢᠭᠡᠳᠦᠯᠲᠡᠶ ᠲᠥᠯᠥᠪᠯᠡᠨ ᠠᠮᠢᠳᠤᠯᠢᠭ ᠪᠣᠯᠭᠠᠵᠤ ᠡᠵᠡᠮᠳᠡᠵᠤ ᠪᠠᠶᠢᠭ᠎ᠠ ᠬᠤᠯᠢᠮᠠᠭ | ᠥᠮᠴᠢᠯᠡᠯᠲᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠤ ᠬᠥᠷᠥᠩᠭᠡ ᠵᠢᠴᠢ ᠡᠷᠬᠡ ᠠᠰᠢᠭ ᠤᠨ ᠬᠠᠮᠢᠶᠠᠷᠤᠯᠲᠠ ᠶᠢ ᠴᠢᠩᠭᠠᠳᠬᠠᠨ ᠡᠳ᠋ ᠤᠨ ᠵᠠᠰᠠᠭ ᠤᠨ | ᠲᠥᠰᠦᠪ ᠤᠨ ᠪᠠᠯᠠ ᠮᠥᠩᠭᠦ ᠶᠢᠨ ᠦᠷ᠎ᠡ ᠪᠦᠲᠦᠮᠵᠢ ᠶᠢ ᠦᠨᠡᠯᠡᠬᠦ ᠲᠦᠷᠢᠮ ᠢ ᠪᠦᠷᠢᠨᠰᠢᠬᠦᠯᠵᠦ ᠡᠳ᠋ ᠤᠨ ᠵᠠᠰᠠᠭ ᠤᠨ ᠪᠠᠯᠠ ᠮᠥᠩᠭᠦ ᠨᠢᠭᠡᠪᠦᠷᠢ ᠶᠢᠨ ᠬᠠᠮᠤᠭ ᠤᠨ | ᠶᠡᠭᠡ ᠦᠷ᠎ᠡ ᠠᠰᠢᠭ ᠢ ᠪᠠᠳᠠᠷᠠᠭᠤᠯᠤᠨ᠎ᠠ︕ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠠᠬᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠬᠢᠨᠠᠮᠠᠭᠠᠶ | ᠭᠦᠢᠴᠡᠳᠬᠡᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ | ᠭᠦᠨᠵᠡᠭᠡᠶ ᠲᠦᠯᠬᠢᠨ ᠠᠬᠢᠭᠤᠯᠤᠨ᠎ᠠ᠃ ᠲᠥᠪ ᠬᠤᠷᠢᠶᠠᠨ ᠤ ︽ᠨᠠᠢᠮᠠᠨ ᠲᠦᠷᠦᠯ ᠤᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠬᠢᠨᠠᠨ ᠪᠤᠳᠤᠵᠤ | ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ | ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠣᠯᠠᠨ ᠲᠦᠮᠡᠨ ᠤ | ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠮᠠᠯ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ ᠲᠥᠪ ᠴᠢᠬᠡᠴᠢ | ᠂ ᠠᠷᠢᠭᠤᠨ ᠴᠢᠬᠡᠴᠢ᠂ ᠰᠢᠳᠦᠷᠭᠤ ᠭᠤᠤᠯᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠤᠨᠴᠠᠯᠢᠭ ᠪᠤᠯᠭᠠᠨ᠎ᠠ᠃ | ᠲᠥᠯᠥᠭᠡᠯᠡᠭᠴᠢᠳ ᠡ︕ ᠴᠢᠷᠮᠠᠶᠢᠯᠭ᠎ᠠ ᠬᠦᠮᠦᠨ ᠢ ᠬᠦᠰᠡᠷᠳᠡᠬᠦᠯᠬᠦ ᠦᠭᠡᠢ ᠭᠡᠳᠡᠭᠴᠢᠯᠡᠨ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠪᠦᠬᠦ ᠬᠤᠰᠢᠭᠤᠨ ᠤ ᠠᠷᠠᠳ ᠲᠦᠮᠡᠨ ᠳᠤ ᠪᠠᠲᠤ ᠲᠦᠰᠢᠭᠯᠡᠨ ᠪᠦᠯᠬᠦᠮᠳᠡᠵᠦ ᠠᠷᠠᠳ ᠲᠦᠮᠡᠨ ᠳᠤ ᠭᠤᠶᠠᠴᠢ ᠦᠭᠡᠢ ᠦᠢᠯᠡᠴᠢᠯᠡᠬᠦ᠂ ᠲᠠᠰᠤᠷᠠᠯᠲᠠ ᠦᠭᠡᠢ | ᠰᠢᠨ᠎ᠡ ᠶᠢ ᠡᠭᠦᠳᠦᠨ ᠬᠦᠭᠵᠢᠬᠦ᠂ ᠰᠢᠷᠭᠠᠭᠤ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠰᠠᠯᠬᠢ ᠰᠦᠷᠦᠨ ᠳᠠᠪᠠᠯᠭᠠᠨ ᠢ ᠵᠦᠰᠦᠵᠤ | ᠳᠠᠷᠪᠠᠭᠤᠯ ᠬᠡᠶᠢᠰᠬᠡᠨ ᠠᠯᠤᠰ ᠢ ᠵᠤᠷᠢᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠢᠳᠡᠪᠬᠢᠲᠡᠢ ᠲᠡᠮᠡᠴᠡᠨ ᠤᠷᠤᠭᠰᠢᠯᠠᠵᠤ ᠠᠮᠢ ᠠᠬᠤᠶ ᠶᠢ ᠤᠷᠢᠳᠠᠪᠡᠷ | ᠪᠤᠳᠤᠯᠬᠢᠯᠠᠭᠰᠠᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠶᠢ ᠬᠠᠶᠢᠨ ᠰᠦᠪᠡᠭᠴᠢᠯᠡᠵᠦ ᠨᠤᠮᠢᠨ ᠲᠠᠩᠰᠤᠭ ᠬᠦᠭᠵᠢᠨ | ᠮᠠᠨᠳᠤᠯᠳᠠ ᠶᠢᠨ ᠠᠯᠬᠤᠭ᠎ᠠ ᠪᠠᠨ ᠦᠨᠡᠨᠬᠦ ᠲᠦᠷᠭᠡᠳᠭᠡᠨ ᠨᠡᠶᠢᠭᠡᠮ ᠵᠢᠷᠣᠮᠳᠣ ᠣᠳᠣᠬᠢᠴᠢᠯᠠᠭᠰᠠᠨ ᠦᠦᠰᠢᠨ ᠤ ᠰᠢᠨ᠎ᠡ ᠠᠶᠠᠯᠠᠯ ᠢ ᠤᠷᠤᠭᠰᠢᠲᠠᠶ ᠡᠬᠢᠯᠡᠭᠦᠯᠵᠦ | ᠰᠢᠯᠢᠳᠡᠭ ᠬᠢᠷᠢ ᠪᠦᠲᠦᠮᠵᠢ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠨ ᠰᠠᠶᠢᠬᠠᠨ ᠡᠬᠢᠯᠡᠬᠦᠯᠵᠣ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ ᠪᠡᠯᠭᠡᠯᠡᠶ᠎ᠡ︕ | | | | | | | | | | | ᠨᠡᠷᠡᠰ ᠤᠨ ᠲᠠᠶᠢᠯᠪᠤᠷᠢ | ᠵᠢᠷᠭᠤᠭ᠎ᠠ ᠶᠢ ᠲᠣᠭᠲᠠᠭᠤᠨ ᠪᠠᠶᠢᠯᠭᠠᠬᠤ᠄ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠮᠦᠩᠭᠦᠨ ᠬᠦᠢᠯᠭᠡᠭᠡ ᠶᠢ ᠲᠣᠭᠲᠠᠭᠤᠨ ᠪᠠᠶᠢᠯᠭᠠᠬᠤ᠂ | ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠪᠠᠯᠠ ᠶᠢ ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ᠂ | ᠵᠢᠱᠢᠯᠲᠡ ᠶᠢ ᠲᠤᠭᠲᠠᠭᠤᠨ ᠪᠠᠶᠢᠯᠭᠠᠬᠤ ᠶᠢ ᠵᠢᠭᠠᠵᠤ ᠪᠣᠶ᠃ | ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠪᠠ ᠡᠨᠧᠷᠬᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠵᠢᠯ | ᠬᠠᠩᠭᠠᠯᠭ᠎ᠠ ᠶᠢᠨ ᠬᠡᠯᠬᠢᠶᠡᠵᠢᠯ ᠤᠨ ᠲᠤᠭᠳᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠷᠬᠢᠯᠲᠡ ᠶᠢᠨ ᠡᠬᠦᠷᠭᠡ ᠶᠢ ᠪᠠᠲᠤᠯᠠᠬᠤ ᠶᠢ ᠵᠢᠭᠠᠵᠤ ᠪᠤᠢ᠃ | ᠨᠢᠭᠤᠭᠳᠠᠮᠠᠯ ᠦᠷᠢ ᠰᠢᠷᠢ᠄ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠥᠬᠡᠶ ᠴᠣ᠋ ᠵᠠᠰᠠᠭ ᠤᠨ ᠣᠷᠳᠣᠨ ᠡᠭᠦᠷᠭᠡᠯᠡᠬᠦ ᠴᠢᠬᠤᠯᠠᠲᠠᠶ ᠥᠷᠢ | ᠰᠢᠷᠢ ᠶᠢ ᠵᠢᠭᠠᠵᠤ ᠪᠤᠢ᠃ | ᠪᠣᠬᠢᠷᠲᠤᠯ ᠥᠬᠡᠶ ᠠᠭᠤᠷᠬᠠᠶ᠄ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠥᠬᠦ ᠶᠠᠪᠤᠴᠠ ᠳᠤ ᠰᠢᠨᠵᠢᠯᠡᠬᠦ ᠤᠬᠠᠭᠠᠨᠴᠢ | ᠡᠮᠬᠢ ᠵᠢᠷᠤᠮ ᠲᠠᠢ ᠪᠠᠷ ᠨᠡᠭᠡᠭᠡᠨ ᠮᠠᠯᠲᠠᠵᠦ ᠠᠭᠤᠷᠬᠠᠶ ᠶᠢᠨ ᠣᠷᠣᠨ ᠵᠢᠴᠢ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠷᠰᠢ ᠰᠠᠭᠠᠳ ᠢ | ᠡᠵᠡᠮᠳᠡᠵᠦ ᠪᠣᠯᠬᠤ ᠬᠡᠪᠴᠢᠶᠡᠨ ᠳᠣᠲᠣᠷ᠎ᠠ ᠬᠢᠵᠠᠭᠠᠷᠯᠠᠨ ᠣᠷᠴᠢᠨ ᠲᠣᠭᠤᠷᠢᠨ ᠢ ᠠᠮᠢ ᠠᠬᠤᠶᠢᠵᠢᠭᠤᠯᠣᠭᠰᠠᠨ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠰᠢᠨᠵᠢᠯᠡᠬᠦ | ᠣᠬᠠᠭᠠᠨᠴᠢ ᠪᠣᠯᠭᠠᠭᠰᠠᠨ᠂ ᠡᠬᠢ ᠪᠠᠶᠠᠯᠢᠭ ᠤᠨ ᠠᠰᠢᠭᠯᠠᠯᠲᠠ ᠶᠢ ᠥᠨᠳᠥᠷ ᠦᠷ᠎ᠡ ᠪᠦᠲᠦᠮᠵᠢᠲᠡᠶ ᠪᠣᠯᠭᠠᠭᠰᠠᠨ᠂ ᠬᠠᠮᠢᠶᠠᠷᠤᠯᠲᠠ ᠶᠢᠨ ᠮᠡᠳᠡᠭᠡ ᠵᠠᠩᠭᠢ ᠶᠢ | ᠳᠣᠭᠠᠴᠠᠯᠠᠭᠰᠠᠨ ᠪᠠ ᠠᠭᠤᠷᠬᠠᠶ ᠶᠢᠨ ᠣᠷᠣᠨ ᠤ ᠨᠡᠶᠢᠭᠡᠮ ᠲᠣᠭᠤᠷᠢᠭ ᠢ ᠡᠶ᠎ᠡ ᠵᠣᠬᠢᠴᠠᠯᠳᠠᠢ ᠪᠣᠯᠭᠠᠭᠰᠠᠨ ᠠᠭᠤᠷᠬᠠᠢ ᠶᠢ ᠪᠦᠳᠦᠬᠡᠨ ᠪᠠᠶᠢᠭᠤᠯᠬᠤ ᠶᠢ ᠵᠢᠭᠠᠵᠤ | ᠪᠤᠢ᠃ | ᠬᠢᠨᠠᠭᠤᠯᠬᠤ ᠪᠠᠷᠢᠮᠲᠠ ᠮᠠᠲ᠋ᠧᠷᠢᠶᠠᠯ ᠲᠦᠷ ᠴᠠᠭ ᠲᠤᠲᠠᠭᠤ ᠪᠠᠶᠢᠬᠤ ᠶᠢ ᠵᠦᠪᠰᠢᠶᠡᠷᠡᠬᠦ + ᠠᠮᠠᠯᠠᠯᠲᠠ ᠶᠢᠨ ᠳᠦᠷᠢᠮ᠄ ᠢᠲᠡᠭᠡᠮᠵᠢ ᠶᠢᠨ ᠨᠥᠬᠦᠴᠡᠯ ᠳᠤ | ᠨᠡᠶᠢᠴᠡᠬᠦ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ︵ᠭᠤᠶᠤᠴᠢᠯᠠᠭᠴᠢ ᠭᠡᠵᠦ ᠲᠣᠪᠴᠢᠯᠠᠨ᠎ᠠ︶ ᠠᠴᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠤᠴᠢᠷ ᠶᠠᠪᠤᠳᠠᠯ ᠢ ᠭᠦᠢᠴᠡᠳᠬᠡᠬᠦ ᠦᠶ᠎ᠡ ᠳᠤ ᠦᠨᠳᠦᠰᠦᠨ ᠨᠥᠬᠦᠴᠡᠯ ᠪᠦᠷᠢᠯᠳᠦᠭᠰᠡᠨ᠂ ᠭᠤᠣᠯ ᠬᠢᠨᠠᠬᠤ ᠮᠠᠲ᠋ᠧᠷᠢᠶᠠᠯ ᠪᠦᠷᠢᠨ | ᠭᠦᠢᠴᠡᠳ ᠪᠥᠭᠡᠳ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠤᠯᠪᠠᠴᠤ ᠴᠢᠬᠤᠯᠠ ᠪᠤᠰᠤ ᠨᠥᠬᠦᠴᠡᠯ ᠪᠤᠶᠤ ᠮᠠᠲ᠋ᠧᠷᠢᠶᠠᠯ ᠨᠢ ᠳᠤᠲᠠᠭᠤ ᠡᠰᠡᠬᠦᠯ᠎ᠡ | ᠳᠤᠲᠠᠭᠳᠠᠯ ᠲᠠᠢ ᠪᠠᠶᠢᠬᠤ ᠪᠠᠶᠢᠳᠠᠯ ᠳᠣᠣᠷ᠎ᠠ ᠭᠤᠶᠤᠴᠢᠯᠠᠭᠴᠢ ᠰᠠᠶᠢᠨ ᠳᠤᠷ᠎ᠠ ᠠᠴᠠ ᠪᠠᠨ ᠵᠣᠬᠢᠬᠤ ᠠᠮᠠᠯᠠᠯᠲᠠ ᠬᠢᠵᠣ ᠭᠤᠶᠣᠴᠢᠯᠠᠪᠠᠯ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠨᠢᠭᠡᠴᠢ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠵᠤ ᠨᠥᠬᠦᠪᠥᠷᠢᠯᠡᠬᠦ ᠴᠢᠬᠤᠯᠠᠲᠠᠶ ᠮᠠᠲ᠋ᠧᠷᠢᠶᠠᠯ᠂ ᠴᠠᠭ ᠤᠨ ᠬᠢᠵᠠᠭᠠᠷ ᠪᠠ ᠬᠤᠭᠤᠴᠠᠭ᠎ᠠ | ᠬᠤᠶᠢᠰᠢᠯᠠᠭᠤᠯᠣᠨ ᠨᠥᠬᠦᠪᠥᠷᠢᠯᠡᠨ ᠵᠠᠯᠠᠷᠠᠭᠤᠯᠵᠣ ᠰᠢᠢᠳᠪᠦᠷᠢᠯᠡᠬᠦ ᠠᠷᠭ᠎ᠠ ᠶᠢ ᠲᠤᠬᠠᠶ ᠶᠢᠨ ᠲᠠᠯᠠᠪᠤᠷ ᠲᠤ ᠨᠢᠭᠡᠯᠡ ᠳᠡᠬᠡᠷ᠎ᠡ ᠮᠡᠳᠡᠭᠳᠡᠬᠦ ᠶᠢᠨ ᠬᠠᠮᠲᠤ ᠬᠢᠨᠠᠨ | ᠪᠠᠶᠢᠴᠠᠭᠠᠵᠤ ᠭᠤᠶᠤᠴᠢᠯᠠᠭᠴᠢ ᠪᠥᠬᠦ ᠮᠠᠲ᠋ᠧᠷᠢᠶᠠᠯ ᠢ ᠨᠥᠬᠦᠪᠥᠷᠢᠯᠡᠨ ᠵᠠᠯᠠᠷᠠᠭᠤᠯᠤᠭᠰᠠᠨ ᠤ ᠳᠠᠷᠠᠭ᠎ᠠ ᠭᠦᠢᠴᠡᠳᠬᠡᠬᠦ ᠪᠠᠷ ᠠᠮᠠᠯᠠᠭᠰᠠᠨ ᠬᠤᠭᠤᠴᠠᠭᠠᠨ ᠳᠣᠲᠣᠷ᠎ᠠ | ᠬᠦᠢᠴᠡᠳᠭᠡᠭᠰᠡᠨ ᠦᠷ᠎ᠡ ᠳ᠋ᠦᠩ ᠤᠨ ᠰᠠᠨᠠᠯ ᠢ ᠴᠠᠭ ᠲᠤᠬᠠᠶ ᠳᠤᠨᠢ ᠭᠠᠷᠭᠠᠵᠤ ᠬᠠᠮᠢᠶ᠎ᠠ ᠪᠥᠬᠦᠶ ᠵᠥᠪᠰᠢᠶᠡᠷᠡᠯ ᠤᠨ ᠪᠢᠴᠢᠭ᠂ ᠦᠨᠡᠮᠯᠡᠯ ᠢ ᠬᠦᠢᠴᠡᠳᠬᠡᠨ | ᠣᠯᠭᠤᠬᠤ ᠵᠠᠭᠪᠣᠷ ᠢ ᠵᠢᠭᠠᠵᠤ ᠪᠤᠢ᠃ | ᠬᠤᠶᠠᠷ ᠢ ᠬᠦᠷᠢᠶᠡᠯᠡᠬᠦ᠄ ᠣᠷᠣᠨ ᠨᠤᠲᠤᠭ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠴᠡᠷᠢᠭ ᠠᠩᠭᠢ ᠵᠠᠰᠠᠭ ᠢᠶᠠᠨ | ᠬᠦᠷᠢᠶᠡᠯᠡᠨ ᠠᠷᠠᠳ ᠢᠶᠠᠨ ᠬᠠᠶᠢᠷᠠᠯᠠᠬᠤ ᠶᠢ ᠵᠢᠭᠠᠵᠤ ᠪᠤᠢ᠃ | ᠮᠠᠯ ᠲᠠᠷᠢᠶᠠᠯᠠᠩ ᠠᠵᠤ ᠠᠬᠤᠶ ᠶᠢᠨ ᠠᠵᠤ ᠦᠶᠢᠯᠡᠰ ᠤᠨ ᠬᠤᠯᠪᠣᠭᠠᠲᠤ ᠴᠣᠭᠴᠠ᠄ ᠲᠤᠯᠤᠭᠠᠶᠢᠯᠠᠬᠤ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ | ᠬᠤᠷᠰᠢᠶᠠᠵᠢᠯ ᠪᠠ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠲᠠᠷᠢᠶᠠᠯᠠᠩ ᠤᠨ ᠡᠵᠡᠩᠨᠡᠯᠲᠡ ᠶᠢᠨ ᠰᠢᠨ᠎ᠡ ᠬᠡᠯᠪᠡᠷᠢ ᠶᠢᠨ ᠭᠤᠤᠯ ᠴᠣᠭᠴᠠ ᠨᠢ ᠠᠵᠢᠯ | ᠬᠤᠪᠢᠶᠠᠷᠢᠯᠠᠨ ᠬᠠᠮᠵᠢᠯᠴᠠᠬᠤ ᠪᠠᠷ ᠤᠷᠢᠲᠠᠯ ᠪᠣᠯᠭᠠᠵᠤ ᠬᠡᠪᠴᠢᠶᠡᠲᠦ ᠡᠵᠡᠩᠨᠡᠯᠲᠡ ᠪᠠᠷ ᠲᠦᠰᠢᠭ ᠪᠣᠯᠭᠠᠨ ᠠᠰᠢᠭ ᠲᠤᠰᠠ ᠶᠢᠨ ᠬᠤᠯᠪᠣᠭ᠎ᠠ ᠪᠠᠷ ᠬᠤᠯᠪᠣᠭᠠᠰᠤ | ᠪᠣᠯᠭᠠᠭᠰᠠᠨ ᠨᠢᠭᠡ ᠴᠤᠭᠴᠠᠵᠢᠭᠰᠠᠨ ᠲᠠᠷᠢᠶᠠᠯᠠᠩ ᠤᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠶᠢ ᠵᠢᠭᠠᠵᠤ ᠪᠤᠢ᠃ | ︽ᠲᠦᠷᠪᠡ ᠶᠢ ᠵᠠᠰᠠᠬᠤ︾ ᠶᠢ ᠠᠭᠤᠰᠤᠯᠴᠠᠭᠤᠯᠬᠤ᠄ ᠬᠠᠤᠯᠢ ᠪᠠᠷ ᠵᠠᠰᠠᠬᠤ᠂ ᠥᠪᠡᠷᠲᠡᠭᠡᠨ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ᠂ | ᠤᠶᠤᠨ ᠢᠶᠠᠷ ᠵᠠᠰᠠᠬᠤ ︽ᠲᠦᠷᠪᠡ ᠶᠢ ᠵᠠᠰᠠᠬᠤ ᠶᠢ ᠠᠭᠤᠰᠤᠯᠴᠠᠭᠤᠯᠬᠤ︾ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠢ ᠵᠢᠭᠠᠵᠤ ᠪᠤᠢ᠃ | ᠡᠨᠧᠷᠭᠢ ᠶᠢᠨ ᠬᠤᠷᠣᠭᠳᠠᠭᠤᠯᠤᠯ ᠤᠨ ︽ᠬᠤᠤᠰ ᠡᠵᠡᠮᠳᠡᠯ︾᠄ ᠡᠨᠧᠷᠭᠢ ᠶᠢᠨ ᠨᠢᠬᠡᠴᠢ ᠬᠤᠷᠣᠭᠳᠠᠭᠤᠯᠤᠯ ᠤᠨ ᠬᠡᠮᠵᠢᠶ᠎ᠠ ᠪᠠ ᠡᠨᠧᠷᠭᠢ ᠶᠢᠨ ᠶᠡᠷᠦᠩᠭᠡᠢ | ᠬᠤᠷᠣᠭᠳᠠᠭᠤᠯᠤᠯ ᠤᠨ ᠬᠡᠮᠵᠢᠶ᠎ᠡ ᠳᠤ ᠬᠤᠤᠰ ᠡᠵᠡᠮᠳᠡᠯ ᠬᠢᠬᠦ ᠶᠢ ᠵᠢᠭᠠᠵᠤ ᠪᠤᠢ᠃ | ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠲᠡ᠄ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ | ᠥᠪᠥᠷ ᠮᠣᠩᠭᠤᠯ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ᠤᠯᠤᠰ ᠤᠨ ᠴᠢᠬᠤᠯᠠ | ᠡᠨᠧᠷᠭᠢ ᠶᠢᠨ ᠰᠤᠷᠪᠤᠯᠵᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠶᠢᠨ ᠦᠢᠯᠡᠳᠬᠦᠨ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠤ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ | ᠴᠢᠬᠤᠯᠠ ᠪᠠᠬᠢᠯᠡᠯᠲᠡ ᠶᠢ ᠪᠠᠶᠢᠭᠤᠯᠬᠤ ᠶᠢ ᠵᠢᠭᠠᠵᠤ ᠪᠤᠢ᠃ | R&D᠄ ᠳᠠᠷᠤᠶ research and development᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶ᠎ᠡ ᠴᠠᠷᠠᠭᠠᠨ ᠳᠤ | ᠮᠡᠳᠡᠯᠭᠡ ᠶᠢᠨ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ︵ᠬᠥᠮᠦᠨ ᠲᠥᠷᠥᠯᠬᠢᠲᠡᠨ ᠤ ᠰᠣᠶᠣᠯ ᠪᠠ ᠨᠡᠶᠢᠭᠡᠮ ᠤᠨ ᠮᠡᠳᠡᠯᠭᠡ ᠶᠢᠨ ᠶᠡᠷᠦᠩᠬᠡᠶ ᠬᠡᠮᠵᠢᠶ᠎ᠡ ᠶᠢ ᠪᠠᠭᠲᠠᠭᠠᠨ᠎ᠠ | ︶ ᠵᠢᠴᠢ ᠡᠳᠡᠭᠡᠷ ᠮᠡᠳᠡᠯᠭᠡ ᠶᠢ ᠬᠡᠷᠡᠭᠯᠡᠨ ᠰᠢᠨ᠎ᠡ ᠬᠡᠷᠡᠭᠯᠡᠭᠡ ᠶᠢ ᠡᠭᠦᠳᠦᠨ ᠰᠢᠰᠲ᠋ᠧᠮ ᠲᠠᠢ ᠪᠦᠲᠦᠭᠡᠯᠴᠢ ᠴᠢᠨᠠᠷᠲᠠᠶ ᠠᠵᠢᠯᠯᠠᠭ᠎ᠠ ᠶᠢ ᠶᠠᠪᠣᠭᠳᠠᠭᠤᠯᠬᠤ ᠶᠢ ᠵᠢᠭᠠᠵᠤ | ᠪᠠᠶᠢᠨ᠎ᠠ᠂ ᠡᠭᠦᠨ ᠳᠤ ᠰᠠᠭᠤᠷᠢ ᠰᠤᠳᠤᠯᠤᠯ᠂ ᠬᠡᠷᠡᠭᠯᠡᠭᠡᠨ ᠤ ᠰᠤᠳᠤᠯᠤᠯ᠂ ᠲᠤᠷᠰᠢᠯᠲᠠ ᠶᠢᠨ ᠬᠥᠭᠵᠢᠯᠲᠡ ᠵᠡᠷᠭᠡ ᠭᠤᠷᠪᠠᠨ ᠲᠦᠷᠦᠯ ᠤᠨ ᠠᠵᠢᠯᠯᠠᠭ᠎ᠠ ᠪᠠᠭᠲᠠᠨ᠎ᠠ | ᠃ ᠡᠭᠦᠨ ᠢ ︽ᠰᠤᠳᠤᠯᠣᠯᠳᠠ ᠨᠡᠬᠡᠬᠡᠯᠳᠡ︾ ᠭᠡᠵᠦ ᠣᠷᠴᠢᠭᠤᠯᠵᠤ ᠪᠣᠯᠤᠨ᠎ᠠ᠃ | ᠨᠢᠭᠡ ᠲᠣᠭᠤᠷᠢᠭ ᠭᠤᠷᠪᠠᠨ ᠬᠦᠷᠢᠶᠡᠯᠡᠩ ᠨᠢᠭᠡ ᠰᠠᠭᠤᠷᠢᠨ ᠭᠠᠵᠠᠷ᠄ ᠬᠤᠲᠠ ᠶᠢᠨ ᠰᠢᠨ᠎ᠡ ᠭᠤᠣᠯ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠬᠦᠷᠢᠶᠡᠯᠡᠩ᠂ ᠤᠨᠴᠠᠯᠢᠬᠳᠤ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ | ᠬᠦᠢᠯᠭᠡᠭᠡᠨ ᠤ ᠬᠦᠷᠢᠶᠡᠯᠡᠩ ᠪᠣᠯᠣᠨ ᠥᠨᠳᠥᠷ ᠪᠦᠲᠦᠮᠵᠢᠲᠦ ᠲᠠᠷᠢᠶᠠᠯᠠᠩ ᠤᠨ ᠰᠠᠭᠤᠷᠢᠨ ᠭᠠᠵᠠᠷ ᠢ ᠵᠢᠭᠠᠵᠤ ᠪᠤᠢ᠃ | ︽ᠨᠡᠭᠦᠳᠡᠯ ᠤᠨ ᠰᠢᠪᠠᠭᠤ︾ ᠮᠠᠶ᠋ᠢᠭ ᠤᠨ ᠨᠠᠰᠤᠵᠢᠯ ᠤᠨ ᠠᠰᠠᠷᠠᠮᠵᠢ᠄ ᠤᠯᠠᠷᠢᠯ ᠤᠨ ᠬᠤᠪᠢᠷᠠᠯᠲᠠ ᠶᠢ ᠳᠠᠭᠠᠯᠳᠤᠨ ᠠᠳᠠᠯᠢ ᠪᠤᠰᠤ ᠭᠠᠵᠠᠷ ᠣᠷᠣᠨ ᠢ | ᠰᠣᠩᠭᠤᠵᠤ ᠵᠢᠭᠤᠯᠴᠢᠯᠠᠭᠤᠯᠣᠨ ᠳᠣᠭᠤᠷᠢᠭᠤᠯᠵᠣ ᠠᠰᠠᠷᠠᠨ ᠰᠣᠪᠢᠯᠠᠬᠤ ᠶᠢ ᠵᠢᠭᠠᠵᠤ ᠪᠤᠢ᠃ | ᠰᠢᠨ᠎ᠡ ᠮᠠᠶ᠋ᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠄ ᠡᠭᠦᠨ ᠳᠤ ᠭᠤᠤᠯᠳᠠᠭᠤ 5G ᠶᠢᠨ ᠰᠠᠭᠤᠷᠢ ᠥᠷᠲᠡᠭᠡ ᠶᠢᠨ | ᠪᠥᠲᠥᠭᠡᠨ ᠪᠠᠶᠢᠭᠤᠯᠤᠯᠲᠠ᠂ ᠣᠨᠴᠠ ᠥᠨᠳᠥᠷ ᠬᠦᠴᠦᠳᠡᠯᠲᠦ ᠴᠠᠬᠢᠯᠭᠠᠨ ᠳᠣᠣᠷ᠂ ᠬᠤᠲᠠ ᠶᠢᠨ ᠬᠤᠭᠤᠷᠣᠨᠳᠣᠬᠢ ᠳᠡᠭᠡᠳᠦ ᠬᠤᠷᠳᠤᠴᠠᠲᠤ ᠲᠡᠮᠦᠷ ᠵᠠᠮ ᠪᠠ | ᠬᠤᠲᠠ ᠶᠢᠨ ᠲᠡᠮᠦᠷ ᠵᠠᠮ ᠤᠨ ᠵᠠᠮ ᠬᠠᠷᠢᠯᠴᠠᠭ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦᠷ᠂ ᠲᠣᠮᠣ ᠳ᠋ᠠᠶᠢᠲ᠋ᠠ ᠶᠢᠨ ᠲᠥᠪ᠂ | ᠵᠣᠬᠢᠶᠠᠮᠠᠯ ᠣᠶᠣᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠲᠤᠯᠤᠭᠠᠨ ᠶᠡᠭᠡ ᠬᠦᠷᠢᠶ᠎ᠡ ᠴᠠᠷᠠᠭ᠎ᠠ ᠶᠢ ᠪᠠᠭᠲᠠᠭᠠᠵᠣ ᠠᠯᠢ ᠤᠯᠠᠨ ᠠᠵᠤ | ᠦᠢᠯᠡᠰ ᠤᠨ ᠬᠡᠯᠬᠢᠶ᠎ᠡ ᠳᠤ ᠬᠤᠯᠪᠣᠭᠳᠠᠨ ᠰᠢᠨ᠎ᠡ ᠬᠥᠭᠵᠢᠯᠲᠡ ᠪᠠᠷ ᠤᠢᠢᠯᠠᠭᠠᠭᠳᠠᠬᠤᠨ ᠪᠣᠯᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ | ᠮᠡᠳᠡᠭᠡ ᠵᠠᠩᠭᠢ ᠶᠢᠨ ᠰᠦᠯᠵᠢᠶ᠎ᠡ ᠪᠠᠷ ᠰᠠᠭᠤᠷᠢ ᠪᠣᠯᠭᠠᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠬᠠᠨᠳᠤᠭᠤᠯᠵᠤ ᠳᠣᠭᠠᠴᠠᠯᠠᠯᠳᠠ ᠶᠢ ᠬᠤᠪᠢᠷᠠᠭᠤᠯᠬᠤ | ᠂ ᠵᠣᠬᠢᠶᠠᠮᠠᠯ ᠤᠶᠤᠨ ᠢ ᠲᠡᠰ ᠳᠡᠪᠰᠢᠭᠦᠯᠬᠦ᠂ ᠰᠢᠨ᠎ᠡ ᠶᠢ ᠡᠭᠦᠳᠬᠦ ᠵᠡᠷᠭᠡ ᠦᠢᠯᠡᠴᠢᠯᠡᠭᠡ ᠶᠢ ᠬᠠᠩᠭᠠᠬᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠵᠢᠭᠠᠵᠤ | ᠪᠤᠢ ᠃ | ᠲᠦᠷᠪᠡ ᠶᠢ ᠲᠠᠶᠠᠭᠳᠠᠬᠤ ᠦᠭᠡᠢ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠶᠠᠳᠠᠭᠤ ᠠᠴᠠ ᠠᠩᠭᠢᠵᠢᠷᠠᠭᠤᠯᠪᠠᠴᠤ | ᠬᠠᠷᠢᠭᠤᠴᠠᠯᠭ᠎ᠠ ᠪᠠᠨ ᠲᠠᠶᠠᠭᠳᠠᠬᠤ ᠦᠭᠡᠢ᠂ ᠲᠦᠷᠦ ᠶᠢᠨ ᠪᠤᠳᠤᠯᠭ᠎ᠠ ᠪᠠᠨ ᠲᠠᠶᠠᠭᠳᠠᠬᠤ ᠦᠭᠡᠢ᠂ ᠬᠠᠪᠰᠤᠷᠤᠨ ᠲᠡᠳᠬᠦᠬᠦ ᠪᠠᠨ ᠲᠠᠶᠠᠭᠳᠠᠬᠤ ᠦᠭᠡᠢ᠂ ᠬᠢᠨᠠᠯᠲᠠ | ᠬᠠᠮᠢᠶᠠᠷᠤᠯᠲᠠ ᠪᠠᠨ ᠲᠠᠶᠠᠭᠳᠠᠬᠤ ᠦᠭᠡᠢ ᠶᠢ ᠵᠢᠭᠠᠵᠤ ᠪᠠᠶᠢᠨ᠎ᠠ᠃ | ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ᠄ ᠬᠦᠳᠡᠭᠡ ᠳᠣᠰᠬᠤᠨ ᠤ ᠶᠠᠳᠠᠭᠤ ᠬᠦᠴᠢᠷᠳᠡᠯᠳᠡᠢ ᠬᠦᠮᠦᠰ ᠤᠨ ᠢᠳᠡᠬᠦ ᠡᠮᠦᠰᠬᠦ ᠳᠡᠭᠡᠨ | ᠵᠣᠪᠠᠭ᠋ᠤ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠪᠠ ᠣᠷᠣᠨ ᠰᠠᠭᠤᠴᠠ ᠶᠢ ᠪᠠᠲᠤᠯᠠᠬᠤ ᠶᠢ ᠲᠣᠭᠲᠠᠭᠤᠨ ᠢᠶᠠᠷ | ᠪᠡᠶᠡᠯᠡᠭᠦᠯᠬᠦ ᠶᠢ ᠵᠢᠭᠠᠵᠤ ᠪᠠᠶᠢᠨ᠎ᠠ᠃ | ᠣᠯᠠᠨ ᠲᠥᠯᠥᠪᠵᠢᠭᠦᠯᠭᠡ ᠶᠢ ᠨᠢᠭᠡᠳᠬᠡᠬᠦ᠄ ᠵᠠᠰᠠᠭ ᠤᠨ ᠣᠷᠳᠣᠨ ᠤ ᠡᠷᠬᠡ ᠲᠤᠰᠢᠶᠠᠯ ᠤᠨ ᠳᠣᠣᠷ᠎ᠠ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ | ᠣᠷᠴᠢᠨ ᠲᠣᠭᠤᠷᠢᠨ ᠤ ᠬᠠᠮᠠᠭᠠᠯᠠᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠣᠶᠢᠲᠤ ᠭᠠᠵᠠᠷ ᠬᠢᠭᠡᠳ ᠲᠠᠷᠢᠶᠠᠨ ᠭᠠᠵᠠᠷ ᠤᠨ | ᠬᠠᠮᠠᠭᠠᠯᠠᠯᠲᠠ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠤᠰᠤᠨ ᠤ ᠡᠬᠢ ᠪᠠᠶᠠᠯᠢᠭ᠂ ᠰᠣᠶᠣᠯ ᠬᠢᠭᠡᠳ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ᠂ | ᠨᠡᠶᠢᠭᠡᠮ ᠤᠨ ᠠᠵᠢᠯ ᠦᠢᠯᠡᠰ ᠤᠨ ᠲᠥᠯᠥᠪᠵᠢᠭᠦᠯᠭᠡ ᠵᠡᠷᠭᠡ ᠡᠯ᠎ᠡ ᠲᠥᠷᠥᠯ ᠤᠨ ᠲᠥᠯᠥᠪᠵᠢᠭᠦᠯᠭᠡ ᠶᠢᠨ ᠵᠣᠯᠭᠠᠯᠴᠠᠭ᠎ᠠ ᠶᠢ ᠴᠢᠩᠭᠠᠳᠬᠠᠵᠤ ︽ᠤᠯᠠᠨ | ᠲᠥᠯᠥᠪᠵᠢᠭᠦᠯᠭᠡ︾ ᠳᠤ ᠲᠣᠭᠲᠠᠭᠠᠭᠰᠠᠨ ᠬᠠᠮᠠᠭᠠᠯᠠᠯᠲᠠ ᠶᠢᠨ ᠴᠢᠨᠠᠷᠲᠠᠶ ᠣᠷᠣᠨ ᠵᠠᠶ᠂ ᠨᠡᠭᠡᠭᠡᠨ ᠬᠥᠭᠵᠢᠭᠦᠯᠬᠦ ᠵᠠᠭᠠᠭ᠂ ᠬᠤᠳᠠ ᠶᠢᠨ ᠬᠡᠪᠴᠢᠶᠠᠵᠢᠯ ᠵᠡᠷᠭᠡ | ᠴᠢᠬᠤᠯᠠ ᠣᠷᠣᠨ ᠵᠠᠶ ᠶᠢᠨ ᠯᠠᠪᠯᠠᠯᠲᠠ ᠲᠤᠭ᠎ᠠ ᠶᠢ ᠨᠢᠭᠡᠳᠦᠯᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠨᠢᠭᠡᠳᠦᠯᠲᠡᠶ ᠣᠷᠣᠨ ᠵᠠᠶ ᠶᠢᠨ ᠮᠡᠳᠡᠭᠡ | ᠵᠠᠩᠭᠢ ᠶᠢᠨ ᠲᠠᠪᠴᠠᠩ ᠳᠡᠭᠡᠷ᠎ᠡ ᠡᠵᠡᠮᠳᠡᠬᠦ ᠱᠤᠭᠤᠮ ᠤᠨ ᠰᠢᠰᠲ᠋ᠧᠮ ᠢ ᠪᠠᠶᠢᠭᠤᠯᠵᠤ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠭᠠᠵᠠᠷ ᠰᠢᠷᠣᠶ ᠶᠢᠨ | ᠡᠬᠢ ᠪᠠᠶᠠᠯᠢᠭ ᠢ ᠪᠦᠲᠦᠮᠵᠢᠲᠡᠶ ᠪᠠᠷ ᠲᠣᠬᠢᠷᠠᠭᠤᠯᠬᠤ᠂ ᠵᠠᠰᠠᠭ ᠤᠨ ᠣᠷᠳᠣᠨ ᠤ ᠣᠷᠣᠨ ᠵᠠᠶ ᠶᠢᠨ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠪᠠ ᠵᠠᠰᠠᠬᠤ | ᠴᠢᠳᠠᠪᠤᠷᠢ ᠶᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠵᠢᠭᠠᠵᠤ ᠪᠤᠢ᠃ | ᠳᠦᠷᠪᠡᠨ ᠡᠷᠦᠶ ᠬᠤᠷᠤᠶ ᠦᠭᠡᠢ ᠪᠠᠶᠢᠬᠤ ᠶᠢ ᠴᠡᠭᠴᠡᠯᠡᠬᠦ᠄ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ | ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠲᠤᠪᠤᠶᠢᠮ᠎ᠠ ᠠᠰᠠᠭᠤᠳᠠᠯ ᠢ | ᠴᠡᠭᠴᠡᠯᠡᠬᠦ ᠶᠢ ᠵᠢᠭᠠᠵᠤ ᠪᠣᠢ᠃ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ | ᠭᠠᠷᠭᠠᠵᠤ ᠲᠡᠷᠡ ᠳᠠᠷᠤᠶ ᠳᠤᠨᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠰᠣᠩᠭᠤᠨ ᠲᠣᠮᠢᠯᠠᠵᠤ ᠰᠣᠩᠭᠤᠨ ᠪᠠᠶᠢᠴᠠᠭᠠᠭᠰᠠᠨ ᠪᠠᠶᠢᠳᠠᠯ ᠵᠢᠴᠢ | ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠨ᠎ᠠ᠃ | ᠤᠶᠤᠨᠲᠤ ᠷᠠᠳᠢᠣ᠋ ᠲᠧᠯᠸᠢᠰ᠄ ᠤᠯᠤᠰ ᠤᠨ ᠦᠨᠳᠣᠰᠣᠨ ᠮᠡᠳᠡᠭᠡ ᠵᠠᠩᠭᠢ ᠶᠢᠨ ᠲᠥᠬᠦᠭᠡᠷᠦᠮᠵᠢ ᠶᠢ ᠪᠠᠶᠢᠭᠤᠯᠬᠤ ᠪᠠᠷ ᠵᠣᠷᠢᠯᠲᠠ ᠪᠣᠯᠭᠠᠵᠤ ᠤᠲᠠᠰᠤ ᠲᠠᠢ᠂ | ᠤᠲᠠᠰᠤ ᠥᠬᠡᠶ᠂ ᠳᠠᠭᠠᠭᠤᠯᠢ ᠣᠲᠣ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠬᠠᠮᠵᠢᠯᠴᠠᠨ ᠠᠴᠢᠶᠠᠯᠠᠬᠤ ᠪᠠᠷ ᠲᠦᠰᠢᠭ ᠪᠣᠯᠭᠠᠨ ᠡᠬᠦᠯᠡᠨ ᠪᠤᠳᠤᠯᠲᠠ᠂ | ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠢᠴᠢ IPv6 ᠵᠡᠷᠭᠡ ᠶᠡᠷᠦᠩᠬᠡᠶᠢᠯᠡᠭᠰᠡᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ ᠬᠠᠮ | ᠵᠠᠭᠤᠴᠢᠯᠠᠭᠤᠷ ᠤᠨ ᠣᠶᠤᠨᠳᠣ ᠳᠠᠮᠵᠢᠭᠤᠯᠭ᠎ᠠ ᠪᠠᠷ ᠬᠠᠷᠠᠯᠲᠠ ᠪᠣᠯᠭᠠᠨ ᠷᠠᠳᠢᠣ᠋ ᠲᠧᠯᠸᠢᠰ ᠤᠨ ᠬᠠᠮᠢᠶᠠᠷᠤᠯᠲᠠ᠂ ᠲᠤᠤᠷ ᠰᠦᠯᠵᠢᠶ᠎ᠡ᠂ ᠲᠤᠬᠠᠶᠢᠯᠠᠭᠰᠠᠨ ᠠᠵᠢᠯ | ᠵᠢᠴᠢ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠦᠢᠴᠡᠳᠬᠡᠯ ᠲᠤᠭ᠎ᠠ ᠪᠣᠯᠭᠠᠭᠰᠠᠨ ᠷᠠᠳᠢᠣ᠋ ᠲᠧᠯᠸᠢᠰ ᠤᠨ ᠰᠢᠰᠲ᠋ᠧᠮ ᠢ ᠵᠢᠭᠠᠵᠤ | ᠪᠤᠢ᠃ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ᠄ ᠠᠷᠠᠳ ᠢᠷᠭᠡᠨ ᠤ ᠳᠤᠮᠳᠠ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠵᠢᠭᠠᠵᠤ ᠪᠤᠢ᠃ | ᠳᠣᠭᠠᠴᠠᠯᠠᠭᠰᠠᠨ ᠵᠠᠰᠠᠭ ᠤᠨ ᠣᠷᠳᠣᠨ᠄ ᠣᠲᠣ ᠦᠶ᠎ᠡ ᠶᠢᠨ ᠺᠣᠮᠫᠢᠦ᠋ᠲ᠋ᠧᠷ᠂ ᠰᠦᠯᠵᠢᠶᠡᠨ ᠤ ᠮᠡᠳᠡᠭᠡ ᠬᠤᠯᠪᠣᠭ᠎ᠠ ᠵᠡᠷᠭᠡ ᠮᠡᠷᠭᠡᠵᠢᠯ ᠤᠨ ᠲᠤᠯᠭᠠᠭᠤᠷᠢᠯᠠᠯ | ᠳᠣᠤᠷ᠎ᠠ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠠᠯᠪᠠᠨ ᠠᠵᠢᠯ᠂ ᠮᠡᠳᠡᠭᠡ ᠵᠠᠩᠭᠢ ᠴᠤᠭᠯᠠᠭᠤᠯᠬᠤ ᠪᠠ ᠨᠡᠶᠢᠲᠡᠯᠡᠬᠦ᠂ ᠣᠯᠠᠨ | ᠨᠡᠶᠢᠲᠡ ᠶᠢᠨ ᠬᠠᠮᠢᠶᠠᠷᠤᠯᠲᠠ ᠵᠡᠷᠭᠡ ᠬᠡᠷᠡᠭ ᠶᠠᠪᠤᠳᠠᠯ ᠤᠨ ᠳᠣᠭᠠᠴᠠᠯᠠᠭᠰᠠᠨ᠂ ᠰᠦᠯᠵᠢᠶᠡᠵᠢᠭᠰᠡᠨ ᠣᠷᠴᠢᠨ ᠳᠤ ᠶᠠᠪᠤᠭᠳᠠᠬᠤ ᠤᠯᠤᠰ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠬᠡᠯᠪᠡᠷᠢ ᠶᠢ ᠵᠢᠭᠠᠵᠤ ᠪᠠᠶᠢᠨ᠎ᠠ᠃ | | |