ᠦᠦᠰᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/9/13
                                                       ︵6 ᠳ᠋ᠤᠭᠠᠷ ᠲᠤᠭᠠᠲᠤ︶             ᠣᠶᠢᠷ᠎ᠠ ᠶᠢᠨ ᠬᠤᠭᠤᠴᠠᠭᠠᠨ ᠳᠤ᠂ ᠹᠦᠵᠢᠶᠠᠨ ᠮᠤᠵᠢ ᠶᠢᠨ ᠫᠦᠲ᠋ᠢᠶᠠᠨ ᠬᠤᠲᠠ ᠶᠢᠨ ᠹᠧᠩ ᠲᠢᠩ ᠪᠠᠯᠭᠠᠰᠤ ᠵᠡᠷᠭᠡ ᠭᠠᠵᠠᠷ ᠢ ᠳᠤᠮᠳᠠ ᠦᠨᠳᠦᠷ ᠲᠡᠰ  ᠤᠨ ᠲᠦᠭᠰᠢᠭᠦᠷᠢ ᠲᠠᠢ ᠤᠷᠤᠨ ᠪᠦᠰᠡ ᠪᠠᠷ ᠵᠠᠭᠠᠭᠯᠠᠨ ᠲᠣᠭᠲᠠᠭᠠᠭᠰᠠᠨ ᠪᠥᠭᠡᠳ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠤᠳᠠᠯ ᠦᠭᠡᠶ ᠬᠦᠷᠴᠦ ᠢᠷᠡᠬᠦ ᠭᠡᠵᠦ ᠪᠠᠶᠢᠭ᠎ᠠ ᠪᠣᠯᠬᠤᠷ ᠨᠠᠭᠠᠰᠢ ᠴᠠᠭᠠᠰᠢ ᠶᠠᠪᠤᠵᠤ ᠰᠠᠭᠤᠬᠤ ᠬᠦᠮᠦᠰ ᠪᠠ ᠬᠤᠷᠠᠵᠤ ᠴᠤᠭᠯᠠᠷᠠᠬᠤ ᠠᠵᠢᠯᠯᠠᠭ᠎ᠠ ᠤᠯᠠᠮ ᠢᠶᠠᠷ ᠨᠡᠮᠡᠭᠳᠡᠬᠦ ᠠᠴᠠ ᠪᠤᠯᠵᠤ ᠬᠢᠵᠢᠭ ᠲᠠᠷᠬᠠᠬᠤ ᠲᠦᠭᠰᠢᠭᠦᠷᠢ ᠨᠡᠮᠡᠭᠳᠡᠬᠦ ᠪᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠠᠳᠠᠨ᠎ᠠ ᠠᠴᠠ ᠤᠷᠤᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠶ ᠰᠠᠶᠢᠲᠤᠷ ᠬᠢᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄       ᠨᠢᠭᠡ᠂ ᠦᠨᠳᠦᠷ ᠲᠡᠰ ᠤᠨ ᠲᠦᠭᠰᠢᠬᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠤᠨ᠎ᠠ︔ ᠳᠤᠮᠳᠠ ᠲᠡᠰ ᠤᠨ ᠲᠦᠭᠰᠢᠬᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠲᠤ ︽14 ᠡᠳᠦᠷ ᠭᠡᠷ ᠲᠡᠭᠡᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ︵ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠪᠤᠯ ᠴᠥᠮ ᠲᠥᠪᠯᠡᠷᠡᠭᠦᠯᠦᠨ ᠲᠤᠰᠠᠭᠠᠷᠯᠠᠬᠤ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠠᠵᠢᠭᠯᠠᠯᠲᠠ ᠶᠢᠨ ᠬᠤᠭᠤᠴᠠᠭᠠᠨ ᠤ ᠨᠢᠭᠡᠳᠦᠭᠡᠷ ᠡᠳᠦᠷ᠂ ᠲᠦᠷᠪᠡᠳᠦᠭᠡᠷ ᠡᠳᠦᠷ᠂ ᠲᠤᠯᠤᠳᠤᠭᠠᠷ ᠡᠳᠦᠷ᠂ ᠠᠷᠪᠠᠳᠤᠭᠠᠷ ᠡᠳᠦᠷ᠂ ᠠᠷᠪᠠᠨ ᠲᠦᠷᠪᠡᠳᠦᠭᠡᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠢᠨ᠎ᠠ︔ ᠬᠢᠵᠢᠭ ᠤᠨ ᠪᠠᠶᠢᠳᠠᠯ ᠡᠭᠦᠰᠦᠭᠰᠡᠨ ᠮᠤᠵᠢ ᠬᠤᠲᠠ ᠶᠢᠨ ᠳᠤᠮᠳᠠ ᠦᠨᠳᠦᠷ ᠲᠡᠰ ᠤᠨ ᠲᠦᠭᠰᠢᠬᠦᠷᠢ ᠲᠠᠢ ᠪᠤᠰᠤ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠦᠷ᠎ᠡ ᠳ᠋ᠦᠩ ᠤᠨ ᠭᠡᠷᠡᠴᠢ ᠶᠢ ᠠᠪᠴᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠴᠢᠯᠥᠭᠡᠲᠡᠶ ᠰᠢᠯᠵᠢᠵᠦ ᠪᠣᠯᠤᠨ᠎ᠠ︔ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠦᠷ᠎ᠡ ᠳ᠋ᠦᠩ ᠤᠨ ᠭᠡᠷᠡᠴᠢ ᠶᠢ ᠬᠠᠩᠭᠠᠵᠤ ᠲᠡᠶᠢᠯᠬᠦ ᠦᠭᠡᠢ ᠪᠤᠯ᠂ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠴᠢᠯᠥᠭᠡᠲᠡᠶ ᠰᠢᠯᠵᠢᠵᠦ ᠪᠣᠯᠤᠨ᠎ᠠ᠃       ᠬᠤᠶᠠᠷ᠂ 8 ᠰᠠᠷ᠎ᠠ ᠶᠢᠨ 27 ᠤ ᠡᠳᠦᠷ ᠠᠴᠠ ᠨᠠᠰᠢ᠂ ᠹᠦᠵᠢᠶᠠᠨ ᠮᠤᠵᠢ ᠶᠢᠨ ᠦᠨᠳᠦᠷ ᠳᠡᠰ ᠤᠨ ᠲᠦᠭᠰᠢᠭᠦᠷᠢ ᠲᠠᠢ ᠭᠠᠵᠠᠷ ᠣᠷᠣᠨ ᠳᠤ ᠠᠶᠠᠯᠠᠭᠰᠠᠨ ᠪᠤᠶᠤ ᠬᠤᠯᠪᠤᠭᠳᠠᠯ ᠪᠦᠬᠦᠢ ᠬᠦᠮᠦᠨ ᠲᠠᠢ ᠣᠶᠢᠷᠠᠲᠤᠭᠰᠠᠨ ᠲᠡᠤᠬᠡ ᠲᠠᠢ ᠬᠦᠮᠦᠰ ᠮᠠᠨ ᠤ ᠬᠤᠰᠢᠭᠤᠨ ᠳᠤ ᠪᠤᠴᠠᠵᠤ ᠢᠷᠡᠬᠦ ᠳᠤ᠂ ᠡᠷᠬᠡᠪᠰᠢ ᠰᠠᠨᠠᠭᠠᠴᠢᠯᠠᠭ᠎ᠠ ᠲᠠᠢ ᠪᠠᠷ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠪᠠᠶᠢᠭᠤᠯᠭ᠎ᠠ ᠨᠢᠭᠡᠴᠢ ᠳᠤ ᠮᠡᠳᠡᠭᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠠᠷᠭ᠎ᠠ ᠬᠡᠮᠵᠢᠶ᠎ᠡ  ᠶᠢ ᠠᠪᠤᠨ᠎ᠠ᠃ ᠲᠤᠰᠠᠭᠠᠷᠯᠠᠨ ᠠᠵᠢᠭᠯᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠶᠠᠮᠠᠷᠪᠠ ᠴᠤᠭᠯᠠᠭᠠᠨ᠂ ᠬᠤᠷᠠᠯ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠳᠤᠷ᠎ᠠ ᠪᠠᠷ ᠢᠶᠠᠨ ᠣᠷᠣᠯᠴᠠᠵᠤ ᠪᠣᠯᠬᠤ ᠦᠭᠡᠢ᠃ ᠡᠭᠦᠨ ᠤ ᠬᠠᠮᠲᠤ᠂ ᠬᠠᠮᠢᠶ᠎ᠠ ᠪᠥᠬᠦᠶ ᠬᠥᠮᠦᠰ ᠤᠨ ᠰᠠᠶᠢᠨ ᠳᠤᠷ᠎ᠠ ᠠᠴᠠ ᠪᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠢ ᠵᠤᠷᠢᠭᠵᠢᠭᠤᠯᠤᠨ᠎ᠠ᠃      ᠭᠤᠷᠪᠠ᠂ ᠣᠷᠳᠣᠰ ᠬᠤᠲᠠ ᠠᠴᠠ ᠪᠤᠰᠤᠳ ᠳᠤᠮᠳᠠ ᠦᠨᠳᠦᠷ ᠳᠡᠰ ᠤᠨ ᠲᠦᠭᠰᠢᠭᠦᠷᠢ ᠲᠠᠢ ᠪᠤᠰᠤ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠦᠮᠦᠰ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠤᠷ᠎ᠠ᠂ ᠰᠠᠨᠠᠭᠠᠴᠢᠯᠠᠭ᠎ᠠ ᠠᠴᠠ ᠪᠠᠨ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠷᠠᠢ᠃       ᠳᠥᠷᠪᠡ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠤᠳᠠᠯ ᠦᠭᠡᠢ ᠬᠦᠷᠴᠤ ᠢᠷᠡᠬᠦ ᠭᠡᠵᠤ ᠪᠠᠶᠢᠭ᠎ᠠ ᠪᠤᠯᠬᠤᠷ ᠬᠤᠲᠠ ᠶᠢᠨ ᠠᠷᠠᠳ ᠭᠠᠳᠠᠭᠰᠢ ᠭᠠᠷᠬᠤ ᠪᠠᠨ ᠵᠦᠶ ᠵᠣᠬᠢᠰᠲᠠᠶ ᠲᠣᠬᠢᠷᠠᠭᠤᠯᠵᠤ᠂ ᠭᠠᠳᠠᠭᠰᠢ ᠭᠠᠷᠬᠤ ᠠᠴᠠ ᠪᠠᠨ ᠡᠮᠦᠨ᠎ᠡ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠡᠰ ᠢ ᠴᠠᠭ ᠲᠤᠬᠠᠶ ᠳᠤᠨᠢ ᠣᠶᠢᠯᠠᠭᠠᠨ ᠹᠦᠵᠢᠶᠠᠨ ᠮᠤᠵᠢ ᠶᠢᠨ ᠫᠦᠲ᠋ᠢᠶᠠᠨ ᠬᠤᠲᠠ ᠪᠣᠯᠤᠨ ᠤᠯᠤᠰ ᠤᠨ ᠳᠣᠲᠣᠭᠠᠳᠤ ᠶᠢᠨ ᠪᠤᠰᠤᠳ ᠳᠤᠮᠳᠠ ᠦᠨᠳᠦᠷ ᠳᠡᠰ ᠤᠨ ᠲᠦᠭᠰᠢᠭᠦᠷᠢ ᠲᠠᠢ ᠭᠠᠵᠠᠷ ᠣᠷᠣᠨ ᠳᠤ ᠴᠢᠬᠤᠯᠠ ᠤᠴᠢᠷ ᠦᠭᠡᠶ ᠪᠤᠯ ᠣᠴᠢᠬᠤ ᠦᠭᠡᠢ ᠪᠠᠶᠢᠬᠤ ᠬᠡᠷᠡᠭᠲᠡᠶ᠃ ᠦᠨᠡᠬᠡᠷ ᠣᠴᠢᠬᠤ ᠴᠢᠬᠤᠯᠠ ᠲᠠᠢ ᠪᠣᠯ ᠪᠠᠶᠢᠭᠤᠯᠭ᠎ᠠ ᠨᠢᠭᠡᠴᠢ᠂ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠤᠷᠢᠳᠴᠢᠯᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ ᠪᠤᠴᠠᠭᠰᠠᠨ ᠤ ᠳᠠᠷᠠᠭ᠎ᠠ ᠵᠣᠬᠢᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ᠲᠠᠪᠤ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠴᠤᠭᠯᠠᠷᠠᠬᠤ ᠪᠠ ᠴᠤᠭᠯᠠᠭᠠᠨ ᠨᠠᠶᠢᠷ ᠬᠢᠬᠦ ᠶᠢ ᠰᠠᠨᠠᠭᠠᠴᠢᠯᠠᠬᠤ ᠦᠭᠡᠢ᠂ ᠶᠡᠭᠡ ᠬᠡᠪᠴᠢᠶ᠎ᠡ ᠪᠠᠷ ᠴᠤᠭᠯᠠᠬᠤ ᠶᠢ ᠵᠥᠪᠰᠢᠶᠡᠷᠡᠬᠦ ᠦᠭᠡᠢ᠃ ᠥᠷᠭᠡᠨ ᠤᠯᠠᠨ ᠬᠤᠳᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠵᠢᠷᠤᠮᠯᠠᠵᠤ ︽ᠠᠷᠠᠳ ᠢᠷᠭᠡᠳ ᠤᠨ ᠬᠢᠵᠢᠭ ᠢ ᠰᠡᠷᠭᠡᠶᠢᠯᠡᠬᠦ ᠦᠨᠳᠦᠰᠦᠨ ᠠᠵᠢᠯᠯᠠᠭ᠎ᠠ ᠶᠢᠨ ᠪᠠᠷᠢᠮᠵᠢᠶ᠎ᠠ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦᠯᠬᠦ᠂ ᠴᠤᠭᠯᠠᠷᠠᠬᠤ ᠦᠭᠡᠢ ᠪᠠᠶᠢᠬᠤ᠂ ︽ᠨᠢᠭᠡ ᠮᠧᠲᠷ ᠤᠨ ᠵᠠᠢ ᠶᠢ ᠪᠠᠲᠤᠯᠠᠬᠤ︾᠂ ᠨᠡᠶᠢᠲᠡ ᠶᠢᠨ ᠰᠠᠪᠬ᠎ᠠ ᠶᠢᠨ ᠲᠦᠷᠢᠮ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ ᠪᠤᠢ ᠪᠣᠯᠭᠠᠬᠤ ᠬᠡᠷᠡᠭᠲᠡᠢ︔ ᠣᠯᠠᠨ ᠨᠡᠶᠢᠲᠡ ᠶᠢᠨ ᠲᠠᠯᠠᠪᠤᠷ ᠲᠤ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ ︵ᠡᠷᠡᠭᠦᠯ ᠮᠡᠨᠳᠦ ᠶᠢᠨ ᠺᠣᠳ᠋ + ᠠᠶᠠᠯᠠᠯ ᠤᠨ ᠺᠣᠳ᠋︶ ᠪᠠ ᠤᠷᠢᠳᠴᠢᠯᠠᠨ ᠪᠣᠯᠵᠣᠬᠤ᠂ ᠬᠦᠮᠦᠨ ᠤ ᠤᠷᠤᠰᠬᠠᠯ ᠢ ᠬᠢᠵᠠᠭᠠᠷᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠠᠮᠵᠢᠯᠴᠠᠨ ᠰᠠᠶᠢᠲᠤᠷ ᠬᠢᠵᠦ᠂ ᠪᠦᠯᠦᠭ ᠪᠤᠯᠵᠤ ᠪᠥᠭᠡᠮᠨᠡᠷᠡᠬᠦ ᠥᠬᠡᠶ ᠪᠠᠶᠢᠬᠤ ᠬᠡᠷᠡᠭᠲᠡᠶ︔ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠡᠷᠲᠡᠬᠡᠨ ᠲᠠᠷᠢᠯᠭ᠎ᠠ ᠪᠠᠨ ᠳᠠᠷᠢᠭᠠᠷᠠᠶ᠃      ᠲᠣᠰ ᠵᠠᠷᠯᠠᠯ ᠢ ᠪᠠᠭᠤᠯᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠤᠰᠢᠭᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠳᠡᠭᠡᠳᠦ ᠱᠠᠲᠤᠨ ᠤ ᠱᠠᠭᠠᠷᠳᠠᠯᠭ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠶᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠᠨ ᠴᠠᠭ ᠲᠤᠬᠠᠶ ᠳᠤᠨᠢ ᠳᠣᠭᠢᠷᠠᠭᠤᠯᠤᠨ᠎ᠠ᠃          ᠵᠢᠵᠢᠭᠦᠷᠯᠡᠬᠦ ᠤᠲᠠᠰᠤ᠄       ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477 — 7582077       ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0477 — 7581820       ᠬᠤᠰᠢᠭᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ᠄ 0477 — 7212784       ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠄ 0477 — 7219676       ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠄ 0477 — 7561153       ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ 0477 — 7582271       ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠄ 0477 — 7552161       ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠄ 0477 — 7560717       ᠭᠠᠯᠠᠭᠤᠲᠤ ᠪᠠᠯᠭᠠᠰᠤ᠄ 0477 — 7583380       ᠰᠢᠷᠬᠤᠰᠤᠨ ᠪᠠᠯᠭᠠᠰᠤ᠄ 0477 — 7560221       ᠦᠦᠰᠢᠨᠵᠤᠤ ᠪᠠᠯᠭᠠᠰᠤ᠄ 0477 — 2247988       ᠲᠤᠭ ᠪᠠᠯᠭᠠᠰᠤ᠄ 0477 — 7510072       ᠰᠦᠯᠳᠡ ᠰᠤᠮᠤ᠄ 0477 — 7520007       ᠤᠯᠠᠭᠠᠨᠲᠣᠯᠣᠭᠠᠶ ᠪᠠᠯᠭᠠᠰᠤ᠄ 0477 — 7552004                                                                        ᠦᠦᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ                  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                      2021 ᠣᠨ ᠤ 9 ᠰᠠᠷ᠎ᠠ ᠶᠢᠨ 12 ᠤᠨ ᠡᠳᠦᠷ   
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ