ᠮᠠᠨ ᠤ ᠬᠤᠰᠢᠭᠤᠨ ᠤ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/17
      9 ᠰᠠᠷ᠎ᠠ ᠶᠢᠨ 15 ᠤ ᠡᠳᠦᠷ᠂ ᠮᠠᠨ ᠤ ᠬᠤᠰᠢᠭᠤᠨ ᠤ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠲᠠ ᠶᠢᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠵᠢᠷᠤᠮᠳᠤ ᠬᠤᠷᠠᠯ ᠳᠤ ᠣᠷᠣᠯᠴᠠᠨ ᠵᠢᠭᠠᠨ ᠵᠢᠯᠤᠭᠤᠳᠤᠯᠭ᠎ᠠ ᠬᠢᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ ᠪᠤᠯᠤᠨ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠤᠪᠤᠷᠭ᠎ᠠ ᠠᠵᠤ ᠠᠬᠤᠶ ᠶᠢᠨ ᠨᠡᠭᠡᠭᠡᠯᠳᠠ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠠᠵᠢᠯ ᠥᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠦᠳᠡ ᠶᠢᠨ ᠡᠮᠦᠨ᠎ᠡ ᠶᠢᠨ ᠨᠠᠢᠮᠠᠨ ᠴᠠᠭ ᠬᠠᠭᠠᠰ ᠲᠤ ᠶᠡᠭᠡ ᠬᠤᠷᠠᠯ ᠡᠭᠢᠯᠠᠵᠤ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠳᠠᠭᠤᠯᠠᠪᠠ᠃       ᠮᠠᠨ ᠤ ᠬᠤᠰᠢᠭᠤᠨ ᠤ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠣᠳᠣᠷᠢᠳᠬᠤ ᠲᠤᠭᠤᠶᠢᠯᠠᠩ ᠤᠨ ᠱᠦᠵᠢ ᠬᠥᠭᠵᠢᠯᠲᠦ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠮᠡᠳᠡᠭᠦᠯᠦᠯᠲᠡ ᠳᠤ ᠥᠩᠭᠡᠷᠡᠭᠰᠡᠨ ᠲᠠᠪᠤᠨ ᠵᠢᠯ ᠤᠨ ᠠᠵᠢᠯ ᠢ ᠪᠦᠭᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ ᠬᠤᠶᠢᠰᠢᠳᠠ ᠶᠢᠨ ᠲᠠᠪᠤᠨ ᠵᠢᠯ ᠤᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠬᠠᠷᠠᠯᠲᠠ ᠡᠭᠦᠷᠭᠡ ᠶᠢ ᠲᠤᠳᠤᠷᠬᠠᠶᠢᠯᠠᠪᠠ᠃
1.webp.jpg
2.webp.jpg
3.webp.jpg
       ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠪᠣᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠡᠳᠦ ᠤᠯᠦᠰ ᠤᠨ ᠤᠡᠴᠡᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠤᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠤᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤ ᠦᠢᠯᠡᠴᠢᠯᠡᠬᠦ᠂ ᠰᠢᠨ᠎ᠡ ᠶᠢ ᠡᠭᠦᠳᠬᠦ ᠬᠥᠭᠵᠢᠯᠲᠡ ᠳᠤ ᠦᠢᠯᠡᠴᠢᠯᠡᠬᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠦᠢᠯᠡᠴᠢᠯᠡᠬᠦ᠂ ᠨᠠᠮ ᠪᠣᠯᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠶᠢ ᠪᠠᠷᠢᠮᠲᠠᠯᠠᠵᠤ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠥᠷᠭᠡᠨ ᠣᠯᠠᠨ ᠠᠵᠢᠯᠲᠠᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠡᠴᠡᠭᠯᠡᠨ ᠭᠥᠭᠵᠢᠯᠳᠠ᠂ ᠰᠢᠨᠵᠢᠯᠡᠬᠦ ᠤᠬᠠᠭᠠᠨ ᠤ ᠲᠦᠭᠡᠮᠡᠯᠵᠢᠯᠲᠡ ᠪᠠ ᠳᠡᠯᠭᠡᠷᠡᠭᠦᠯᠦᠯᠲᠡ ᠶᠢ ᠠᠬᠢᠭᠤᠯᠤᠨ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ  ᠥᠵᠠᠭᠦᠯᠭᠦ ᠶᠠᠪᠤᠳᠠᠯ ᠪᠤᠯᠤᠨ᠎ᠠ᠃      ᠴᠢᠶᠣᠤ ᠰᠢᠶᠤᠤ ᠵᠢᠶᠥ᠋ᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠢ ᠬᠤᠷᠠᠯᠳᠤᠭᠰᠠᠨ ᠳᠤ ᠪᠠᠶᠠᠷ ᠭᠥᠷᠭᠡᠪᠡ᠃ ᠲᠡᠷᠡ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠥᠷᠭᠡᠨ ᠣᠯᠠᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠡᠷᠬᠡᠪᠰᠢ ᠢᠷᠠᠭᠤ ᠠᠯᠳᠠᠷᠲᠤ ᠡᠭᠦᠷᠭᠡ ᠪᠠ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ ᠦᠦᠰᠢᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠳᠥᠯᠭᠢᠨ ᠠᠬᠢᠭᠤᠯᠬᠤ᠂ ᠠᠷᠠᠳ ᠢ ᠪᠠᠶᠠᠵᠢᠭᠤᠯᠬᠤ ᠠᠬᠢᠴᠠ ᠶᠢ ᠲᠦᠷᠭᠡᠳᠬᠡᠬᠦ ᠠᠮᠢᠳᠤᠯᠢᠭ  ᠥᠢᠯᠡᠳᠤᠯᠭᠡ ᠳᠤ ᠢᠳᠡᠪᠬᠢᠲᠡᠶ ᠣᠷᠣᠯᠴᠠᠵᠤ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠲᠡ ᠶᠢᠨ ᠵᠠᠮ ᠢᠶᠠᠷ ᠡᠷᠡᠯᠬᠡᠭᠯᠡᠨ ᠤᠷᠤᠭᠰᠢᠯᠠᠵᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠶ ᠭᠡᠵᠡᠢ᠃      ᠴᠢᠶᠣᠤ ᠰᠢᠶᠤᠤ ᠵᠢᠶᠦ᠋ᠨ ᠴᠢᠬᠤᠯᠠᠴᠢᠯᠠᠬᠤ ᠳᠠᠭᠠᠨ᠂ ᠥᠷᠭᠡᠨ ᠣᠯᠠᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠪᠦᠬᠦ ᠠᠷᠠᠳ ᠢᠶᠠᠷ ᠢᠶᠠᠨ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠤᠯᠠᠨ ᠲᠦᠮᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠨᠡᠩ ᠶᠡᠭᠡ ᠠᠮᠵᠢᠯᠲᠠ ᠭᠠᠷᠭᠠᠬᠤ ᠪᠠᠷ ᠮᠡᠷᠡᠶᠢᠨ ᠴᠢᠷᠮᠠᠶᠢᠵᠤ ᠴᠢᠨᠠᠷ ᠰᠠᠶᠢᠲᠠᠢ ᠨᠤᠮᠢᠨ ᠲᠠᠩᠰᠤᠭ ᠦᠦᠰᠢᠨ ᠢ ᠪᠥᠳᠥᠭᠡᠨ ᠪᠠᠶᠢᠭᠤᠯᠬᠤ ᠳᠤ ᠬᠦᠴᠦᠷᠬᠡᠭ ᠶᠡᠭᠡ ᠤᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠲᠡᠭᠡᠷ᠎ᠡ᠂ ︽ᠦᠦᠰᠢᠨ ᠬᠤᠰᠢᠭᠤᠨ ᠤ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ︾ ᠶᠢ ᠬᠢᠨᠠᠨ ᠪᠠᠳᠤᠯᠠᠵᠤ  ᠦᠦᠰᠢᠨ ᠬᠤᠰᠢᠭᠤᠨ ᠤ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠭᠡᠰᠢᠭᠦᠨ᠂ ᠪᠠᠶᠢᠩᠭᠤ ᠶᠢᠨ ᠭᠡᠰᠢᠭᠦᠨ᠂ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢ ᠰᠣᠩᠭᠤᠨ ᠭᠠᠷᠭᠠᠪᠠ᠃                                             ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ