︽ᠨᠠᠨᠳᠢᠨ︾ ᠨᠡᠶᠢᠬᠡᠮ ᠳᠣᠭᠤᠷᠢᠭ ᠨᠠᠢᠮᠠᠨ ᠰᠠᠷ᠎ᠠ ᠶᠢᠨ ᠲᠠᠷᠭᠡᠯ ᠪᠠᠶᠠᠷ ᠢ ᠤᠳᠬ᠎ᠠ ᠠᠭᠤᠯᠭ᠎ᠠ ᠲᠠᠢ ᠲᠡᠮᠲᠡᠭᠯᠡᠯ᠎ᠡ
ᠨᠡᠶᠢᠲᠡᠯᠡᠭᠰᠡᠨ ᠴᠠᠭ᠄
2021/9/17
      ᠨᠠᠢᠮᠠᠨ ᠰᠠᠷ᠎ᠠ ᠶᠢᠨ ᠲᠠᠷᠭᠡᠯ ᠪᠠᠶᠠᠷ ᠭᠦᠷᠴᠣ ᠢᠷᠡᠬᠦ ᠶᠢ ᠳᠣᠬᠢᠶᠠᠯᠳᠣᠭᠤᠯᠣᠨ ᠭᠠᠯᠠᠭᠤᠲᠣ ᠪᠠᠯᠭᠠᠰᠣᠨ ᠤ ᠨᠠᠨᠳᠢᠨ ᠨᠡᠶᠢᠬᠡᠮ ᠲᠤᠭᠤᠷᠢᠭ ᠨᠢ ᠳᠤᠷ᠎ᠠ ᠰᠤᠨᠢᠷᠬᠠᠯᠳᠤ ᠲᠠᠮᠢᠷ ᠤᠨ ᠬᠦᠳᠡᠯᠭᠡᠭᠡᠨ᠂ ᠤᠷᠠᠨ ᠰᠠᠶᠢᠬᠠᠨ ᠤ ᠲᠤᠭᠯᠠᠯᠳᠠ ᠵᠡᠷᠭᠡ ᠤᠳᠬ᠎ᠠ ᠠᠭᠤᠯᠭ᠎ᠠ ᠲᠠᠢ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠡ᠃      ᠠᠵᠢᠯᠯᠠᠭᠠᠨ ᠳᠤ ᠰᠠᠭᠤᠭᠠᠯᠢ ᠠᠷᠡᠳ ᠪᠠᠶᠠᠷ ᠤᠨ ᠡᠳᠣᠷ ᠤᠨ ᠠᠮᠳᠠᠳᠣ ᠢᠳᠡᠭᠡᠨ ᠢ ᠬᠤᠪᠢᠶᠠᠨ ᠵᠣᠭᠤᠭᠯᠠᠵᠣ ᠫᠢᠩᠫᠠᠩ ᠪᠦᠮᠪᠦᠭᠡ ᠶᠢ ᠰᠠᠪᠬ᠎ᠠ ᠪᠠᠷ ᠬᠠᠪᠴᠢᠬᠤ᠂ ᠤᠳᠠᠰᠤ ᠪᠠᠷ ᠤᠰᠤᠨ ᠯᠤᠩᠬᠤ ᠶᠢ ᠬᠤᠷᠢᠶᠠᠵᠤ ᠠᠪᠬᠤ᠂ ᠴᠠᠭᠠᠷᠢᠭ ᠢᠶᠠᠷ ᠪᠡᠯᠡᠭ ᠴᠠᠭᠠᠷᠢᠭᠯᠠᠬᠤ ᠵᠡᠷᠭᠡ ᠳᠤᠷ᠎ᠠ ᠰᠣᠨᠢᠷᠬᠠᠯᠲᠤ ᠬᠦᠳᠡᠯᠭᠡᠭᠡᠨ ᠢ ᠦᠷᠨᠢᠭᠦᠯᠵᠥ ᠱᠠᠩᠨᠠᠯ ᠤᠨ ᠪᠣᠳᠠᠰ ᠭᠠᠷᠳᠠᠭᠤᠯᠣᠭᠰᠠᠨ ᠤ ᠬᠠᠮᠲᠤ ᠬᠤᠰᠢᠭᠤ ᠤᠯᠠᠭᠠᠨᠮᠦ᠋ᠴᠢᠷ ᠤᠨ ᠬᠢᠨ ᠤ ᠤᠷᠠᠨ ᠰᠠᠶᠢᠬᠠᠨ ᠤ ᠲᠤᠭᠯᠠᠯᠳᠠ ᠶᠢ ᠰᠣᠨᠢᠷᠬᠠᠨ ᠰᠡᠳᠬᠢᠯ ᠰᠠᠨᠠᠭ᠎ᠠ ᠪᠠᠨ ᠪᠠᠶᠠᠰᠬᠠᠯ᠎ᠠ᠃             ᠭᠠᠯᠠᠭᠤᠲᠣ ᠪᠠᠯᠭᠠᠰᠣᠨ ᠤ ᠨᠠᠨᠳᠢᠨ ᠨᠡᠶᠢᠭᠡᠮ ᠲᠤᠭᠤᠷᠢᠭ ᠨᠢ ᠪᠠᠶᠠᠷ ᠳᠣᠷᠠᠰᠬᠠᠯ ᠤᠨ ᠡᠳᠦᠷ ᠭᠦᠷᠴᠣ ᠢᠷᠡᠬᠦ ᠪᠣᠯᠭᠠᠨ ᠪᠦᠬᠦ ᠠᠵᠢᠯᠲᠠᠨ ᠢᠶᠠᠨ ᠵᠣᠬᠢᠶᠠᠨ ᠪᠠᠶᠢᠭᠤᠯᠣᠨ ᠨᠡᠶᠢᠭᠡᠮ ᠲᠤᠭᠤᠷᠢᠭ ᠤᠨ ᠰᠠᠭᠤᠭᠠᠯᠢ ᠠᠷᠡᠳ ᠢᠶᠠᠨ ᠴᠤᠭᠯᠠᠭᠤᠯᠵᠤ ᠤᠳᠬ᠎ᠠ ᠠᠭᠤᠯᠭ᠎ᠠ ᠲᠠᠢ ᠠᠵᠢᠯᠯᠠᠭ᠎ᠠ ᠦᠷᠨᠢᠭᠦᠯᠤᠨ ᠰᠠᠭᠤᠭᠠᠯᠢ ᠠᠷᠡᠳ ᠤᠨ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠳᠠᠭ ᠪᠠᠶᠢᠨ᠎ᠠ᠃                                         ᠰᠤᠷᠪᠤᠯᠵᠢᠯᠠᠭᠴᠢ᠄ ᠠᠯᠤᠰ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ