| | | 9 ᠰᠠᠷ᠎ᠠ ᠶᠢᠨ 15 ᠤ ᠤᠷᠤᠢ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠰᠢ ᠠᠨ ᠬᠤᠳᠠ ᠳᠤ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠠᠷᠪᠠᠨ ᠳᠦᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠤᠰᠤᠯᠠᠯ ᠳᠤ ᠤᠷᠤᠯᠴᠠᠵᠤ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ | ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ | | | | | 9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠮᠤᠵᠢ ᠶᠢᠨ ᠰᠢ ᠠᠨ ᠬᠤᠳᠠ ᠳᠤ ᠪᠥᠬᠦ ᠤᠯᠤᠰ ᠤᠨ ᠣᠯᠠᠨ ᠲᠦᠮᠡᠨᠴᠢ ᠪᠡᠶ᠎ᠡ ᠶᠢᠨ | ᠲᠠᠮᠢᠷ ᠤᠨ ᠲᠡᠷᠢᠭᠦᠨ ᠤ ᠨᠢᠭᠡᠴᠢ᠂ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠪᠣᠯᠤᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ | ᠲᠡᠷᠢᠭᠦᠨ ᠤ ᠬᠠᠮᠲᠤ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ | ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠨ ᠪᠣᠯᠤᠨ ᠳᠠᠰᠬᠠᠯᠵᠢᠭᠤᠯᠤᠭᠴᠢ ᠶᠢᠨ ᠲᠥᠯᠥᠭᠡᠯᠡᠭᠴᠢ ᠲᠠᠢ ᠳᠣᠲᠣᠨᠣ ᠪᠠᠷ ᠠᠭᠤᠯᠵᠠᠭᠰᠠᠨ | ᠪᠥᠭᠡᠳ ᠣᠯᠠᠨ ᠲᠠᠢ ᠬᠠᠮᠲᠤ ᠶᠢᠨ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ | ᠰᠢᠨᠬᠤᠸᠠ ᠬᠤᠷᠢᠶᠠᠨ ᠤ ᠰᠢ ᠠᠨ ᠤ 9 ᠰᠠᠷ᠎ᠠ ᠶᠢᠨ 15 ᠤ ᠴᠠᠬᠢᠯᠭᠠᠨ ᠮᠡᠳᠡᠭᠡ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ 15 ᠤ ᠣᠷᠣᠶ ᠱᠠᠨᠰᠢ ᠮᠤᠵᠢ ᠶᠢᠨ ᠰᠢ ᠠᠨ ᠬᠤᠳᠠ ᠳᠤ ᠦᠪᠡᠳᠡᠭᠰᠢ ᠶᠡᠭᠡ ᠪᠠᠷ ᠡᠬᠢᠯᠡᠪᠡ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ | 15 ᠤ ᠣᠷᠣᠶ ᠰᠢ ᠠᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠥᠩᠭᠡᠲᠦ ᠳ᠋ᠧᠩ ᠳᠤᠸᠠᠯᠠᠵᠤ᠂ | ᠬᠥᠭᠵᠢᠶᠡᠨ ᠨᠡᠷᠬᠢᠶᠡᠨ ᠢᠶᠠᠷ ᠪᠢᠯᠬᠠᠨ᠎ᠠ᠃ | 19 ᠴᠠᠭ 58 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ | ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠦ᠂ ᠦᠵᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠪᠡ᠃ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ | ᠠᠯᠠᠭ᠎ᠠ ᠲᠠᠰᠢᠵᠠᠭᠠᠪᠠ᠃ | 20 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠩᠬᠢᠨᠢ ᠪᠠᠷ | ᠡᠬᠢᠯᠡᠪᠡ᠃ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠰᠦᠷ ᠵᠢᠪᠬᠤᠭᠠᠲᠤ ᠠᠶᠠᠰ ᠤᠨ ᠳᠤᠮᠳᠠ᠂ ᠶᠣᠰᠣᠯᠠᠯ ᠤᠨ ᠠᠩᠬᠢ ᠶᠢᠨ ᠭᠡᠰᠢᠭᠦᠳ ᠲᠠᠪᠤᠨ | ᠣᠳᠣᠲᠤ ᠤᠯᠠᠭᠠᠨ ᠲᠤᠭ ᠢ ᠬᠦᠷᠢᠶᠡᠯᠡᠨ ᠢᠳᠡᠷᠡᠭᠦᠨ ᠠᠯᠬᠤᠭ᠎ᠠ ᠪᠠᠷ ᠲᠠᠮᠢᠷ ᠤᠨ ᠲᠠᠯᠠᠪᠠᠢ ᠳᠤ ᠠᠯᠬᠤᠨ ᠣᠷᠣᠪᠠ᠃ ᠲᠤᠬᠠᠢ ᠶᠢᠨ ᠲᠠᠯᠠᠪᠠᠢ ᠳᠤ ︽ | ᠲᠠᠮᠢᠷᠴᠢᠳ ᠤᠨ ᠤᠷᠤᠭᠰᠢᠯᠠᠯᠲᠠ ᠶᠢᠨ ᠲᠠᠭᠤᠤ︾ ᠶᠢ ᠢᠳᠡ ᠬᠦᠴᠦᠲᠡᠢ ᠬᠥᠭᠵᠢᠮᠳᠡᠵᠦ᠂ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠪᠣᠯᠤᠨ 60 ᠲᠤᠭᠴᠢ ᠪᠠᠷ ᠪᠦᠷᠢᠯᠳᠦᠭᠰᠡᠨ ᠴᠤᠭᠯᠠᠭᠠᠨ ᠤ ᠲᠤᠭ ᠤᠨ | ᠵᠢᠭᠰᠠᠭᠠᠯ᠂ ᠬᠢᠨᠠᠭᠴᠢ ᠶᠢᠨ ᠲᠥᠯᠥᠭᠡᠯᠡᠭᠴᠢᠳ ᠤᠨ ᠵᠢᠭᠰᠠᠭᠠᠯ ᠲᠡᠷᠢᠭᠦᠯᠡᠭᠴᠢ ᠶᠢᠨ ᠲᠠᠶᠢᠰᠨ ᠵᠦᠭ ᠠᠯᠬᠤᠯᠠᠪᠠ᠃ ᠶᠠᠭ ᠲᠡᠳᠡᠨ ᠤ ᠬᠤᠶᠢᠨ᠎ᠠ ᠨᠢ ᠶᠠᠪᠤᠭ᠎ᠠ ᠨᠢ | 37 ᠲᠥᠯᠥᠭᠡᠯᠡᠭᠴᠢᠳ ᠤᠨ ᠪᠦᠯᠬᠦᠮ ᠤᠨ ᠴᠤᠭ ᠵᠢᠪᠬᠤᠭ᠎ᠠ ᠪᠠᠳᠠᠷᠠᠩᠭᠤᠶ ᠲᠠᠮᠢᠷᠴᠢᠳ ᠤᠨ ᠲᠥᠯᠥᠭᠡᠯᠡᠭᠴᠢ ᠪᠣᠯᠤᠨ᠎ᠠ᠂ ᠲᠠᠳᠠ ᠪᠣᠯ ᠲᠣᠰ ᠲᠣᠰ ᠡᠯ᠎ᠡ ᠮᠤᠵᠢ | ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠨᠴᠠᠭᠠᠶ ᠣᠷᠣᠨ᠂ ᠣᠣᠮᠧᠨ ᠣᠨᠴᠠᠭᠠᠶ ᠵᠠᠰᠠᠭ | ᠵᠠᠬᠢᠷᠭᠠᠨ ᠤ ᠣᠷᠣᠨ᠂ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ 3 ᠠᠵᠢᠯ ᠲᠥᠷᠥᠯ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠠᠴᠠ ᠢᠷᠡᠭᠰᠡᠨ ᠶᠤᠮ᠃ ᠲᠠᠯᠠᠪᠠᠢ ᠳᠠᠶᠠᠭᠠᠷ ᠢᠶᠠᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠪᠣᠯᠤᠨ ᠤᠤᠬᠠᠵᠢᠯᠠᠬᠤ ᠲᠠᠭᠤᠨ ᠢᠶᠠᠷ | ᠲᠠᠮᠢᠷᠴᠢᠳ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠠᠭᠠᠪᠠ᠃ | ᠲᠠᠯᠠᠪᠠᠢ ᠳᠤ ᠣᠷᠣᠬᠤ ᠶᠣᠰᠣᠯᠠᠯ ᠳᠠᠭᠤᠰᠬᠤ ᠳᠤ᠂ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠲᠠᠪᠤᠨ ᠣᠳᠣᠲᠤ ᠤᠯᠠᠭᠠᠨ | ᠲᠤᠭ ᠠᠯᠭᠤᠷᠬᠠᠨ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃ | ᠱᠠᠨᠰᠢ ᠮᠤᠵᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠠᠷ ᠤᠨ ᠦᠭᠡ ᠬᠡᠯᠡᠪᠡ᠃ | | 20 ᠴᠠᠭ 40 ᠮᠢᠨᠦ᠋ᠲ ᠲᠤ᠂ ᠰᠢ ᠶᠢᠨ ᠫᠢᠩ ᠬᠦᠩᠬᠢᠨᠠᠮᠠ ᠲᠠᠭᠤᠨ ᠢᠶᠠᠷ᠄ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠡᠬᠢᠯᠡᠯ᠎ᠡ︕︾ ᠭᠡᠵᠦ ᠵᠠᠷᠯᠠᠭᠰᠠᠨ ᠳᠤ᠂ ᠲᠠᠯᠠᠪᠠᠢ ᠳᠠᠶᠠᠭᠠᠷ ᠲᠤ ᠠᠯᠠᠭ᠎ᠠ ᠲᠠᠰᠢᠯᠳᠠ ᠶᠢᠨ ᠲᠠᠭᠤᠨ᠂ | ᠬᠦᠬᠡᠷᠦᠯᠳᠦᠨ ᠪᠠᠶᠠᠷᠯᠠᠯᠳᠤᠬᠤ ᠲᠠᠭᠤᠨ ᠤᠳᠠᠳᠠᠯ᠎ᠠ ᠦᠷᠬᠦᠯᠵᠢᠯᠡᠪᠡ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠰᠦᠯᠳᠡ ᠳᠠᠭᠤᠤ ᠶᠢᠨ ᠠᠶᠠᠰ ᠤᠨ ᠳᠤᠮᠳᠠ᠂ ᠪᠥᠬᠦ | ᠤᠯᠤᠰ ᠤᠨ ᠲᠠᠮᠢᠷ ᠤᠨ ᠴᠤᠭᠯᠠᠭᠠᠨ ᠤ ᠲᠤᠭ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ | ᠠᠯᠭᠤᠷᠬᠠᠨ ᠮᠠᠨᠳᠤᠪᠠ᠃ | ᠲᠠᠮᠢᠷᠴᠢᠨ ᠶᠠᠩ ᠱᠦᠨ ᠬᠤᠩ᠂ ᠲᠠᠰᠬᠠᠯᠵᠢᠭᠤᠯᠤᠬᠴᠢ ᠴᠧᠨ ᠷᠦᠩ ᠰᠢᠤᠸᠠᠢ᠂ ᠬᠢᠨᠠᠭᠴᠢ ᠵᠥᠩ ᠬᠠᠩ ᠸᠧᠶ ᠲᠣᠰ ᠲᠣᠰ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠲᠠᠮᠢᠷᠴᠢᠨ᠂ ᠲᠠᠰᠬᠠᠯᠵᠢᠭᠤᠯᠤᠬᠴᠢ᠂ ᠬᠢᠨᠠᠭᠴᠢ ᠶᠢ ᠲᠥᠯᠥᠭᠡᠯᠡᠨ | ᠲᠠᠩᠭᠠᠷᠢᠬᠯᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠰᠦᠯᠳᠡ ᠳᠠᠭᠤᠤ ︽ᠢᠷᠡᠭᠡᠳᠦᠢ ᠶᠢ ᠴᠢᠭᠯᠡᠨ ᠮᠣᠷᠳᠠᠶ᠎ᠠ︾ ᠨᠢ | ᠰᠣᠶᠣᠯ ᠪᠡᠶ᠎ᠡ ᠶᠢᠨ ᠲᠠᠮᠢᠷ ᠤᠨ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ ᠲᠡᠮᠡᠴᠡᠵᠦ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠬᠡᠬᠦ | ᠦᠵᠡᠬᠦᠯᠬᠡ ᠶᠢᠨ ᠲᠣᠭᠯᠠᠯᠲᠠ ᠶᠢᠨ ᠬᠥᠰᠢᠭᠡ ᠶᠢ ᠢᠷᠠᠵᠤ᠂ ᠪᠦᠬᠦ᠋ᠢᠯᠡ ᠲᠣᠭᠯᠠᠯᠲᠠ ᠨᠢ ᠣᠷᠣᠰᠢᠯ ᠤᠶᠠᠩᠭ᠎ᠠ ︽ᠤᠭᠲᠤᠯᠭ᠎ᠠ ᠶᠢᠨ ᠬᠡᠩᠬᠡᠷᠬᠡ ᠶᠢᠨ ᠵᠢᠭᠰᠠᠭᠠᠯ︾ | ᠪᠣᠯᠤᠨ ︽ᠦᠨᠳᠦᠰᠦᠲᠡᠨ ᠤ ᠭᠤᠯᠤᠮᠳᠠ︾᠂ ︽ᠶᠠᠨ ᠠᠨ ᠤ ᠰᠦᠭ ᠰᠦᠨᠡᠰᠦ︾᠂ ︽ᠳᠤᠮᠳᠠᠳᠤ ᠶᠢᠨ ᠵᠡᠭᠦᠳᠦ︾ ᠬᠡᠬᠦ ᠭᠤᠷᠪᠠᠨ ᠪᠦᠯᠦᠭ ᠢᠶᠠᠷ ᠪᠦᠷᠢᠯᠳᠦᠵᠦ | ᠂ ᠤᠯᠠᠨ ᠵᠠᠭᠤᠴᠢᠳᠤ ᠮᠡᠷᠭᠡᠵᠢᠯ ᠪᠣᠯᠤᠨ ᠳᠠᠭᠤᠨ ᠭᠡᠷᠡᠯ ᠴᠠᠬᠢᠯᠭᠠᠨ ᠤ ᠠᠷᠭ᠎ᠠ ᠪᠠᠷᠢᠯ ᠢᠶᠠᠷ ᠲᠤᠰ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ | ᠴᠤᠭᠯᠠᠭᠠᠨ ᠤ ︽ᠪᠦᠬᠦ ᠠᠷᠠᠳ ᠤᠨ ᠪᠦᠬᠦ ᠤᠯᠤᠰ ᠤᠨ ᠲᠠᠮᠢᠷ ᠤᠨ ᠴᠤᠭᠯᠠᠭᠠᠨ᠂ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠶ᠎ᠠ︾ ᠭᠡᠬᠦ ᠭᠤᠣᠯ ᠰᠡᠳᠦᠪ ᠢ | ᠠᠮᠢᠳᠤᠯᠢᠭ ᠢᠶᠠᠷ ᠲᠠᠶᠢᠯᠪᠤᠷᠢᠯᠠᠵᠠᠢ᠃ | ᠬᠦᠮᠦᠰ ᠤᠨ ᠰᠡᠳᠬᠢᠯ ᠢ ᠳᠣᠭᠳᠣᠯᠤᠭᠤᠯᠤᠬᠰᠠᠨ ᠲᠠᠯᠠᠪᠡᠢ ᠶᠢᠨ ᠲᠤᠳᠤᠷᠠᠬᠢ ᠭᠠᠯ ᠪᠠᠮᠪᠠᠷ ᠳᠠᠮᠵᠢᠭᠤᠯᠬᠤ ᠪᠠ ᠭᠤᠤᠯ ᠭᠠᠯ ᠪᠠᠮᠪᠠᠷ ᠢ ᠠᠰᠠᠭᠠᠬᠤ | ᠶᠣᠰᠣᠯᠠᠯ ᠡᠬᠢᠯᠡᠪᠡ᠃ 8 ᠰᠠᠷ᠎ᠠ ᠶᠢᠨ 16 ᠤ ᠡᠳᠦᠷ ᠠᠴᠠ ᠡᠬᠢᠯᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ | ᠭᠠᠯ ᠪᠠᠮᠪᠠᠷ ᠢ ᠱᠠᠨᠰᠢ ᠮᠤᠵᠢ ᠶᠢᠨ ᠲᠤᠳᠤᠷ᠎ᠠ ᠵᠠᠯᠭᠠᠭ᠎ᠠ ᠪᠠᠷ ᠳᠠᠮᠵᠢᠭᠤᠯᠵᠤ᠂ ᠬᠠᠮᠤᠭ ᠤᠨ ᠡᠴᠦᠰ ᠲᠤ ᠰᠢ ᠠᠨ ᠤ ᠣᠯᠢᠮᠫᠢᠺ ᠤᠨ ᠪᠡᠶ᠎ᠡ ᠶᠢᠨ ᠲᠠᠮᠢᠷ ᠤᠨ | ᠲᠥᠪ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠳᠠᠮᠵᠢᠭᠤᠯᠪᠠ᠃ ᠲᠦᠮᠡᠨ ᠤᠯᠠᠨ ᠢᠶᠠᠷ ᠢᠶᠠᠨ᠂ ᠰᠤ᠋ ᠪᠢᠩ ᠲᠢᠶᠠᠨ᠂ ᠵᠠᠩ ᠢᠦᠶ ᠹᠸᠢ᠂ ᠴᠢᠨ ᠺᠠᠶ᠂ ᠭᠦᠸᠧ | ᠸᠧᠨ ᠵᠢᠶᠦ᠋ᠨ᠂ ᠮᠠ ᠯᠦᠩ ᠵᠡᠷᠭᠡ 5 ᠭᠠᠯ ᠪᠠᠮᠪᠠᠷᠴᠢᠨ ᠪᠤᠤᠬᠢᠶ᠎ᠠ ᠳᠠᠮᠵᠢᠭᠤᠯᠤᠨ᠂ ᠬᠠᠮᠤᠭ ᠤᠨ ᠰᠡᠬᠦᠯ ᠳᠤᠨᠢ ᠲᠣᠣᠺᠢᠣ᠋ ᠶᠢᠨ ᠣᠯᠢᠮᠫᠢᠺ ᠤᠨ ᠲᠠᠮᠢᠷ ᠤᠨ | ᠴᠤᠭᠯᠠᠭᠠᠨ ᠳᠤ ᠠᠩᠬᠠᠳᠠᠭᠴᠢ ᠠᠯᠲᠠᠨ ᠮᠧᠳᠠᠯ ᠢ ᠬᠦᠷᠲᠡᠭᠰᠡᠨ ᠶᠠᠩ ᠴᠢᠶᠠᠨ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠭᠤᠣᠯ ᠭᠠᠯ ᠪᠠᠮᠪᠠᠷ ᠢ | ᠠᠰᠠᠭᠠᠬᠰᠠᠨ ᠢ ᠬᠠᠷᠠᠵᠠᠭᠠᠯ᠎ᠠ᠃ | 21 ᠴᠠᠭ 35 ᠮᠢᠨᠦ᠋ᠲ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ︽ | ᠳᠠᠪᠠᠯᠲᠠ︾ ᠬᠡᠬᠦ ᠭᠤᠣᠯ ᠰᠡᠳᠦᠪᠲᠦ ᠳᠠᠭᠤᠤ ᠶᠢᠨ ᠬᠦᠭᠵᠢᠶᠡᠨᠲᠦ ᠠᠭᠤᠷ ᠠᠮᠢᠰᠬᠤᠯ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃ | 15 ᠤ ᠦᠳᠡ ᠶᠢᠨ ᠬᠤᠶᠢᠨ᠎ᠠ᠂ ᠰᠢ ᠶᠢᠨ ᠫᠢᠩ ᠱᠠᠨᠰᠢ ᠶᠢᠨ ᠶᠡᠭᠡ ᠬᠤᠷᠠᠯ ᠤᠨ ᠲᠠᠩᠬᠢᠮ ᠳᠤ ᠪᠥᠬᠦ ᠤᠯᠤᠰ ᠤᠨ ᠣᠯᠠᠨ ᠲᠦᠮᠡᠨᠴᠢ ᠪᠡᠶ᠎ᠡ ᠶᠢᠨ | ᠲᠠᠮᠢᠷ ᠤᠨ ᠲᠡᠷᠢᠭᠦᠨ ᠤ ᠨᠢᠭᠡᠴᠢ᠂ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠪᠣᠯᠤᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ | ᠲᠡᠷᠢᠭᠦᠨ ᠤ ᠬᠠᠮᠲᠤ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ | ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠨ ᠪᠣᠯᠤᠨ ᠳᠠᠰᠬᠠᠯᠵᠢᠭᠤᠯᠤᠭᠴᠢ ᠶᠢᠨ ᠲᠥᠯᠥᠭᠡᠯᠡᠭᠴᠢ ᠲᠠᠢ ᠳᠣᠲᠣᠨᠣ ᠪᠠᠷ ᠠᠭᠤᠯᠵᠠᠭᠰᠠᠨ | ᠪᠥᠭᠡᠳ ᠣᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ ᠰᠢ ᠶᠢᠨ ᠫᠢᠩ ᠤᠯᠠᠨ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠢ | ᠡᠷᠡᠮᠡᠬᠡᠶᠢᠯᠡᠨ ᠲᠡᠮᠡᠴᠡᠵᠦ᠂ ᠳᠠᠬᠢᠨᠲᠠ ᠰᠢᠯᠢᠳᠡᠭ ᠠᠮᠵᠢᠯᠲᠠ ᠪᠦᠲᠦᠭᠡᠯ ᠭᠠᠷᠭᠠᠭᠠᠷᠠᠢ ᠭᠡᠵᠦ ᠵᠣᠷᠢᠭᠵᠢᠭᠤᠯᠪᠠ᠃ | ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠴᠧᠨ ᠰᠢ᠂ ᠼᠠᠢ ᠳ᠋ᠠ ᠹᠧᠩ᠂ ᠯᠦ ᠵᠠᠨ ᠭᠦᠩ᠂ ᠾᠧ ᠯᠢ ᠹᠧᠩ | ᠨᠠᠷ ᠳᠡᠭᠡᠷᠡᠬᠢ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ 9 ᠰᠠᠷ᠎ᠠ ᠶᠢᠨ 27 ᠤ ᠡᠳᠦᠷ ᠥᠨᠳᠥᠷᠯᠡᠵᠦ᠂ ᠨᠡᠶᠢᠲᠡ 1.2 | ᠲᠦᠮᠡ ᠭᠠᠷᠤᠶ ᠲᠠᠮᠢᠷᠴᠢᠨ ᠦᠷᠢᠰᠦᠯᠳᠦᠬᠡᠨᠳᠤ ᠤᠷᠤᠯᠳᠤᠭᠠᠨ ᠤ ᠲᠥᠷᠥᠯ ᠵᠦᠶᠯ ᠳᠤ ᠣᠷᠣᠯᠴᠠᠵᠤ᠂ 1 ᠲᠦᠮᠡ ᠭᠠᠷᠤᠶ ᠣᠯᠠᠨ ᠲᠦᠮᠡᠨ ᠲᠠᠮᠢᠷᠴᠢᠨ ᠣᠯᠠᠨ | ᠲᠦᠮᠡᠨᠴᠢ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠪᠣᠯᠤᠨ᠎ᠠ᠃ | |