ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠰᠤᠪᠤᠷᠭ᠎ᠠ ᠠᠵᠤ ᠠᠬᠤᠶ ᠶᠢᠨ ᠨᠡᠭᠡᠭᠡᠯᠳᠠ ᠶᠢᠨ ᠲᠤᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/9/23
      9 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠰᠤᠪᠤᠷᠭ᠎ᠠ ᠠᠵᠤ ᠠᠬᠤᠶ ᠶᠢᠨ ᠨᠡᠭᠡᠭᠡᠯᠳᠠ ᠶᠢᠨ ᠲᠤᠭᠤᠷᠢᠭ  ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠨ ᠭᠢᠵᠤ ᠠᠵᠤ ᠥᠢᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ ᠦᠷᠬᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠤᠪᠤᠷᠭ᠎ᠠ ᠠᠵᠤ ᠠᠬᠤᠶ ᠶᠢᠨ ᠨᠡᠭᠡᠭᠡᠯᠳᠠ ᠶᠢᠨ ᠲᠤᠭᠤᠷᠢᠭ  ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠡᠠ ᠭᠡᠷ ᠤᠨ ᠡᠷᠬᠢᠯᠡᠭᠴᠢ ᠮᠠ ᠶᠠ ᠳ᠋ᠦᠩ᠂ ᠬᠤᠰᠢᠭᠤ ᠤᠳᠤᠷᠢᠳᠤᠯᠭ᠎ᠠ ᠶᠠᠩ ᠵᠦᠩ ᠬᠤᠩ ᠪᠤᠯᠤᠨ ᠬᠠᠮᠢᠶ᠎ᠠ ᠪᠦᠭᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ ᠪᠠᠶᠢᠨ᠎ᠠ᠃
1.jpg    
      ᠸᠠᠩ ᠵᠢᠶᠠᠨ ᠨᠠᠷ ᠤᠷᠢᠳ ᠬᠤᠵᠢᠳ ᠱᠠᠩ ᠤᠨ ᠬᠤᠭᠤᠯᠠᠢ ᠨᠡᠭᠦᠷᠡᠰᠦᠨ ᠠᠭᠤᠷᠬᠠᠢ᠂ ᠮᠠᠩᠭᠢᠰᠤᠨ ᠵᠠᠳᠠᠭᠠᠢ ᠨᠡᠭᠦᠷᠡᠰᠦᠨ ᠠᠭᠤᠷᠬᠠᠢ᠂ ᠦᠪᠦᠷ ᠮᠤᠩᠭᠤᠯ ᠤᠨ ᠤᠷᠳᠤᠰ ᠤᠨ ᠯᠢᠶᠠᠨ ᠬᠠᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠦᠦᠰᠢᠨ ᠬᠤᠰᠢᠭᠤᠨ ᠤ ᠰᠢᠩ ᠰᠢᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠠᠩ ᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠬᠤᠶᠠᠳᠤᠭᠠᠷ ᠴᠡᠪᠡᠷᠰᠢᠭᠦᠯᠬᠦ ᠦᠢᠯᠡᠳᠪᠦᠷᠢ᠂ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠶᠠᠳᠤᠭᠠᠷ ᠨᠡᠭᠦᠷᠡᠰᠦᠨ ᠠᠭᠤᠷᠬᠠᠢ᠂ ᠦᠪᠦᠷ ᠮᠤᠩᠭᠤᠯ ᠶᠢᠨ ᠵᠦᠩ ᠮᠸᠢ ᠪᠦᠯᠦᠭᠯᠡᠯ ᠤᠨ ᠶᠤᠸᠠᠨ ᠰᠢᠩ ᠡᠨᠧᠷᠭᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠵᠢᠴᠢ ᠦᠪᠦᠷ ᠮᠤᠩᠭᠤᠯ ᠤᠨ ᠪᠥᠸᠧ ᠳ᠋ᠡ ᠱᠢ ᠳ᠋ᠢ ᠬᠢᠮᠢ ᠶᠢᠨ ᠬᠢᠵᠠᠭᠠᠷᠲᠤ ᠺᠣᠮᠫᠠᠨᠢ ᠳᠤ ᠭᠥᠷᠴᠤ ᠠᠵᠤ ᠠᠬᠤᠶᠢᠯᠠᠯ ᠤᠨ ᠥᠢᠯᠡᠳᠪᠤᠷᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ ᠠᠵᠤ ᠠᠬᠤᠶᠢᠯᠠᠯ ᠤᠨ ᠡᠷᠭᠢᠯᠳᠠ ᠶᠢᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠤᠨ ᠲᠤᠭᠢᠷᠠᠭᠤᠯᠤᠭᠰᠠᠨ ᠪᠠᠶᠢᠨ᠎ᠠ᠃      ᠸᠠᠩ ᠵᠢᠶᠠᠨ ᠴᠢᠬᠤᠯᠠᠴᠢᠯᠠᠬᠤ ᠳᠤ ᠪᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠨ ᠭᠢᠵᠤ ︽ᠬᠥᠬᠡᠮᠳᠦᠭ ᠴᠡᠩᠭᠡᠭ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠲᠤᠭᠤᠰᠢᠯᠠᠭᠤᠯᠵᠤ ᠠᠮᠢ ᠠᠬᠤᠢ ᠶᠢᠨ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠬᠥᠭᠵᠢᠯᠲᠡ ᠶᠢ ᠨᠢᠭᠡ ᠴᠤᠭᠴᠠᠵᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠣᠳᠣᠬᠠᠨ ᠤ ᠪᠠᠶᠢᠳᠠᠯ ᠢᠶᠠᠨ ᠵᠥᠪ ᠢᠶᠠᠷ ᠲᠠᠨᠢᠵᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ ᠠᠮᠢ ᠠᠬᠤᠢ ᠶᠢ ᠤᠷᠢᠳᠠᠪᠡᠷ ᠪᠤᠳᠤᠯᠬᠢᠯᠠᠭᠰᠠᠨ ᠪᠣᠬᠢᠷᠲᠤᠯ ᠦᠭᠡᠢ ᠬᠦᠭᠵᠢᠯᠲᠡ ᠶᠢᠨ ᠤᠢᠢᠯᠠᠭᠠᠭᠳᠠᠬᠤᠨ ᠢ ᠪᠤᠢ ᠪᠤᠯᠭᠠᠵᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠨ ᠭᠢᠭᠦ ᠬᠡᠷᠡᠭᠲᠡᠢ᠃ ᠡᠨᠧᠷᠭᠢ ᠶᠢᠨ ᠬᠤᠷᠣᠭᠳᠠᠯ ᠤᠨ ᠬᠢᠵᠠᠭᠠᠷᠯᠠᠯ ᠢ ᠴᠢᠩᠭᠠᠳᠬᠠᠵᠤ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠠᠯ︾ ᠤᠨ ᠠᠵᠢᠯ ᠢ ᠰᠠᠶᠢᠲᠤᠷ ᠬᠢᠵᠦ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠤᠨ ᠰᠢᠨᠵᠢᠯᠠᠭᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠲᠡ ᠶᠢᠨ ᠲᠦᠪᠰᠢᠨ ᠢ ᠲᠡᠭᠡᠭᠰᠢᠯᠠᠭᠦᠯᠤᠨ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠠᠮᠤᠷ ᠲᠦᠪᠰᠢᠨ ᠤ ᠤᠬᠠᠮᠰᠠᠷ ᠢ ᠪᠤᠢ ᠪᠤᠯᠭᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠠᠵᠢᠯᠳᠠᠨ ᠠᠵᠢᠯᠴᠢᠨ᠂ ᠡᠯ᠎ᠠ ᠭᠤᠭᠴᠤᠭ᠎ᠠ᠂ ᠭᠥᠷᠢᠶ᠎ᠠ ᠴᠠᠷᠠᠭ᠎ᠠ ᠪᠤᠯᠤᠨ ᠦᠢᠯᠡᠳᠪᠦᠷᠢᠯᠡᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠠᠶᠠᠷ ᠲᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠤᠳᠤᠷᠢᠳᠬᠤ ᠺᠠᠳ᠋ᠷᠴᠤᠳ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ᠂ ᠴᠢᠬᠤᠯᠠ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠪᠠ ᠮᠡᠳᠡᠭᠡ ᠵᠠᠩᠭᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠪᠠᠴᠢᠮ ᠪᠠᠶᠢᠳᠠᠯ ᠢ ᠰᠢᠢᠳᠪᠦᠷᠢᠯᠡᠬᠦ ᠪᠠᠲᠤᠯᠠᠭ᠎ᠠ ᠶᠢ ᠴᠢᠩᠭᠠᠳᠬᠠᠵᠤ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ ᠠᠵᠤ ᠠᠬᠤᠶᠢᠯᠠᠯ ᠤᠨ ᠬᠡᠪ ᠤᠨ ᠡᠮᠬᠢ ᠵᠢᠷᠤᠮ ᠲᠠᠢ ᠥᠢᠯᠡᠳᠪᠤᠷᠢᠯᠠᠯ ᠢ ᠪᠠᠲᠤᠯᠠᠬᠤ ᠬᠡᠷᠡᠭᠲᠡᠢ ᠭᠡᠵᠡᠢ᠃                                                          ᠰᠤᠷᠪᠤᠯᠵᠢᠯᠠᠭᠴᠢ᠄ ᠤᠶᠤᠨᠴᠢᠮᠡᠭ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ