ᠮᠠᠨ ᠤ ᠬᠤᠰᠢᠭᠤ ᠰᠢᠶᠠᠨ ᠤ ᠲᠠᠰ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠰᠢᠨ᠎ᠡ ᠠᠮᠵᠢᠯᠲᠠ ᠶᠢ ᠬᠠᠷᠠᠬᠤ︾ ᠭᠤᠣᠯ ᠰᠡᠳᠦᠪᠲᠦ ᠰᠢᠨᠵᠢᠯᠡᠨ ᠪᠠᠶᠢᠴᠠᠭᠠᠳᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/23
      ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠠᠬᠠᠮᠠᠳ ᠺᠠᠳ᠋ᠷᠴᠤᠳ ᠤᠨ ᠥᠢᠯᠡᠴᠢᠯᠡᠭᠡᠨ ᠤ ᠲᠥᠪ ᠠᠴᠠ ᠪᠥᠬᠦ ᠬᠤᠰᠢᠭᠤᠨ ᠤ ᠰᠢᠶᠠᠨ ᠤ ᠲᠠᠰ ᠤᠨ ᠠᠵᠢᠯ ᠠᠴᠠ ᠪᠠᠨ ᠠᠮᠠᠷᠠᠭᠰᠠᠨ 20 ᠺᠠᠳ᠋ᠷ ᠢ ᠵᠣᠬᠢᠶᠠᠨ ᠪᠠᠶᠢᠭᠤᠯᠵᠦ ᠭᠠᠯᠠᠭᠤᠲᠤ ᠪᠠᠯᠭᠠᠰᠤᠨ ᠳᠤ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠰᠢᠨ᠎ᠡ ᠠᠮᠵᠢᠯᠲᠠ ᠶᠢ ᠬᠠᠷᠠᠬᠤ︾ ᠭᠤᠤᠯ ᠰᠡᠳᠦᠪᠲᠦ ᠰᠢᠨᠵᠢᠯᠠᠨ ᠪᠠᠶᠢᠴᠠᠭᠠᠯᠲᠠ ᠶᠢᠨ ᠠᠵᠢᠯᠯᠠᠭ᠎ᠠ  ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠧᠩ ᠲᠤᠤ ᠪᠤᠯᠤᠨ ᠵᠣᠬᠢᠶᠠᠨ ᠪᠠᠶᠢᠭᠤᠯᠬᠤ ᠬᠡᠯᠲᠡᠰ᠂ ᠭᠠᠯᠠᠭᠤᠳᠤ ᠪᠠᠯᠭᠠᠰᠤ᠂ ᠠᠬᠠᠮᠠᠳ ᠺᠠᠳ᠋ᠷᠴᠤᠳ ᠤᠨ ᠦᠢᠯᠡᠴᠢᠯᠠᠭᠡᠨ ᠤ ᠲᠥᠪ ᠤᠨ ᠬᠠᠷᠢᠭᠤᠴᠠᠯᠭᠠᠲᠠᠨ ᠰᠢᠨᠵᠢᠯᠠᠨ ᠪᠠᠶᠢᠴᠠᠭᠠᠯᠳᠠ ᠳᠤ ᠤᠷᠤᠯᠴᠠᠭᠰᠠᠨ ᠪᠠᠶᠢᠨ᠎ᠠ᠃      ᠠᠬᠠᠮᠠᠳ ᠺᠠᠳ᠋ᠷᠴᠤᠳ ᠤᠷᠢᠳ ᠬᠤᠵᠢᠳ ᠷᠠᠰᠢᠶᠠᠨ ᠲᠤᠬᠤᠢ ᠲᠣᠰᠬᠤᠨ ᠤ ᠲᠤᠲᠤᠷᠭ᠎ᠠ ᠶᠢᠨ ᠲᠠᠷᠢᠶᠠᠨ ᠤ ᠦᠵᠡᠮᠵᠢ ᠶᠢᠨ ᠣᠷᠣᠨ᠂ ᠬᠤᠯᠢᠮᠠᠭ ᠠᠮᠤ ᠪᠣᠯᠪᠠᠰᠤᠷᠠᠭᠤᠯᠬᠤ ᠰᠠᠭᠤᠷᠢᠨ ᠭᠠᠵᠠᠷ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠤᠳᠡᠯᠳᠦᠭᠠᠠ ᠤ ᠵᠡᠭᠡᠯᠢ ᠪᠤᠯᠤᠨ ᠭᠠᠯᠠᠭᠤᠳᠤ ᠪᠠᠯᠭᠠᠰᠤᠨ ᠤ ᠪᠠᠶ᠋ᠬᠠᠦ᠋ᠨᠳᠦᠷ ᠭᠠᠴᠠᠭᠠᠨ ᠤ ᠬᠠᠷ᠎ᠠ ᠠᠩᠭᠢᠰ ᠲᠡᠵᠢᠭᠡᠨ ᠦᠷᠡᠵᠢᠭᠦᠯᠬᠦ ᠲᠣᠮᠣ ᠡᠷᠦᠬᠡ ᠪᠠᠷ ᠲᠣᠭᠤᠷᠢᠨ ᠥᠵᠠᠵᠤ ᠭᠠᠯᠠᠭᠤᠳᠤ ᠪᠠᠯᠭᠠᠰᠤᠨ ᠤ ᠮᠠᠯ ᠲᠠᠷᠢᠶᠠᠯᠠᠩ ᠠᠵᠤ ᠠᠬᠤᠶ ᠶᠢᠨ ᠠᠵᠤ ᠥᠢᠯᠡᠰ ᠤᠨ ᠬᠥᠭᠵᠢᠯᠲᠡ ᠵᠢᠴᠢ ᠭᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠯᠤᠭᠰᠠᠨ ᠠᠮᠵᠢᠯᠲᠠ ᠪᠦᠲᠦᠮᠵᠢ ᠶᠢ ᠨᠠᠷᠢᠨ ᠣᠶᠢᠯᠠᠭᠠᠪᠠ᠃ ᠰᠢᠨᠵᠢᠯᠠᠨ ᠪᠠᠶᠢᠴᠠᠭᠠᠯᠳᠠ ᠶᠢᠨ ᠳᠠᠷᠠᠭ᠎ᠠ ᠭᠠᠯᠠᠭᠤᠳᠤ ᠪᠠᠯᠭᠠᠰᠤᠨ ᠤ ᠬᠠᠷᠢᠭᠤᠴᠠᠯᠭᠠᠲᠠᠨ᠂ ᠭᠠᠴᠠᠭ᠎ᠠ ᠲᠣᠰᠬᠤᠨ ᠤ ᠺᠠᠳ᠋ᠷᠴᠤᠳ ᠲᠠᠢ ᠰᠠᠭᠤᠳᠠᠯ ᠤᠨ ᠬᠤᠷᠠᠯ ᠬᠢᠵᠦ ᠲᠠᠷᠢᠶᠠᠯᠠᠩ ᠤᠨ ᠶᠠᠷᠤᠩᠭᠡᠶᠢᠯᠡᠭᠰᠠᠨ ᠴᠣᠭᠴᠠ ᠶᠢᠨ ᠪᠦᠲᠦᠭᠡᠨ ᠪᠠᠶᠢᠭᠤᠯᠤᠯᠲᠠ᠂ ᠭᠥᠳᠡᠭᠡ ᠲᠤᠰᠬᠤᠨ ᠤ ᠲᠦᠷᠢ ᠲᠦᠷᠬᠦ ᠶᠢᠨ ᠳᠡᠭᠡᠭᠰᠢᠯᠡᠯᠲᠡ᠂ ᠭᠥᠳᠡᠭᠡ ᠲᠤᠰᠬᠤᠨ ᠤ ᠰᠡᠯᠡᠭᠦᠴᠡᠯ ᠵᠢᠭᠤᠯᠴᠢᠯᠠᠯ ᠤᠨ ᠭᠥᠭᠵᠢᠯᠳᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠬᠤ ᠶᠢᠨ ᠬᠠᠮᠳᠤ ᠠᠬᠠᠮᠠᠳ ᠺᠠᠳ᠋ᠷᠴᠤᠳ ᠠᠴᠠ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ  ᠨᠤᠳᠠᠯᠠᠨ ᠥᠨᠳᠥᠷ ᠦᠨᠡᠯᠡᠬᠦ ᠶᠢᠨ ᠬᠠᠮᠲᠤ ᠭᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠢᠳᠡᠪᠬᠢᠲᠡᠶ ᠠᠷᠭ᠎ᠠ ᠪᠤᠳᠤᠯᠭ᠎ᠠ  ᠪᠠᠨ ᠲᠡᠪᠰᠢᠭᠦᠯᠵᠠᠢ᠃      ᠰᠢᠨᠵᠢᠯᠠᠨ ᠪᠠᠶᠢᠴᠠᠭᠠᠯᠳᠠ ᠪᠠᠷ ᠪᠠᠰᠠ ᠷᠠᠰᠢᠶᠠᠨ ᠲᠤᠬᠤᠢ ᠲᠣᠰᠬᠤᠨ ᠤ ︽ᠪᠢᠳᠡᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ︾ ᠭᠤᠣᠯ ᠰᠡᠳᠦᠪᠲᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠪᠠ᠃ ᠠᠬᠠᠮᠠᠳ ᠺᠠᠳ᠋ᠷᠴᠤᠳ᠂ ᠲᠣᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠨᠢ ᠮᠠᠰᠢ ᠤᠳᠬ᠎ᠠ ᠠᠭᠤᠯᠭ᠎ᠠ ᠲᠠᠢ ᠪᠠᠶᠢᠵᠤ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠪᠠᠶᠠᠷᠯᠠᠭᠤᠰᠢᠲᠠᠶ ᠬᠤᠪᠢᠷᠠᠯᠲᠠ ᠶᠢ ᠨᠢᠳᠦ ᠪᠠᠷ ᠢᠶᠠᠨ ᠭᠡᠷᠡᠴᠢᠯᠡᠵᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢᠬᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠲᠠᠯ᠎ᠠ  ᠪᠠᠷ ᠣᠯᠤᠭᠰᠠᠨ ᠠᠭᠤᠤ ᠶᠡᠭᠡ ᠠᠮᠵᠢᠯᠲᠠ ᠶᠢ ᠤᠯᠵᠤ ᠬᠠᠷᠠᠯ᠎ᠠ᠂ ᠪᠢᠳᠠ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠠᠩᠬᠠᠷᠴᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠳᠤ ᠠᠬᠠᠮᠠᠳ ᠺᠠᠳ᠋ᠷᠴᠤᠳ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠠᠷᠭᠡᠶᠢᠯᠡᠭᠰᠠᠨ ᠪᠠᠶᠢᠨ᠎ᠠ᠃                                                   ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ