ᠰᠢᠷᠬᠤᠰᠤᠨ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠪᠤᠳᠠᠳᠠᠢ ᠠᠵᠢᠯ ᠲᠠᠢ ᠪᠠᠨ ᠤᠶᠠᠯᠳᠤᠭᠤᠯᠵᠤ᠂ | ᠡᠷᠦᠬᠡ ᠪᠠᠷ ᠬᠦᠨᠵᠡᠭᠡᠶᠢᠷᠡᠨ ᠠᠷᠠᠳ ᠤᠨ ᠪᠤᠳᠠᠳᠤ ᠪᠠᠶᠢᠳᠠᠯ ᠢ ᠤᠢᠢᠯᠠᠭᠠᠵᠤ᠂ ᠤᠯᠠᠨ ᠲᠦᠮᠡᠨ ᠳᠤ ᠱᠠᠭᠠᠷᠳᠠᠬᠳᠠᠵᠤ ᠪᠠᠶᠢᠭ᠎ᠠ ᠵᠢᠴᠢ ᠲᠡᠳᠡᠨ ᠤ ᠬᠦᠰᠡᠵᠤ | ᠪᠠᠶᠢᠭ᠎ᠠ ᠠᠰᠠᠭᠤᠳᠠᠯ ᠤᠳ ᠢ ᠰᠢᠢᠳᠪᠦᠷᠢᠯᠡᠵᠤ᠂ ᠠᠷᠠᠳ ᠲᠦᠮᠡᠨ ᠳᠤ ᠦᠨᠡᠨ ᠬᠦ ᠪᠤᠳᠠᠳᠠᠢ ᠶᠠᠪᠤᠳᠠᠯ ᠪᠦᠳᠦᠭᠡᠵᠤ ᠪᠠᠶᠢᠨ᠎ᠠ᠃ | ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠤᠰᠬᠤᠨ ᠤ ᠲᠤᠯᠤᠳᠤᠭᠠᠷ ᠬᠤᠷᠰᠢᠶ᠎ᠠ ᠳᠤ ᠬᠦᠷᠬᠦ ᠳᠤ ᠰᠢᠨᠡᠬᠡᠨ ᠲᠡᠪᠢᠰᠦᠭᠰᠡᠨ ᠲᠤᠭᠤᠰᠬᠠᠨ ᠵᠠᠮ | ᠤᠤᠯ ᠤᠨ ᠡ᠊ᠡᠭᠭᠦᠯ ᠲᠤᠩᠬᠤᠯ ᠬᠦᠳᠡᠭᠡ ᠲᠤᠰᠬᠤᠨ ᠤ ᠵᠠᠮ ᠢ ᠤᠷᠤᠯᠠᠬᠰᠠᠨ ᠪᠠᠶᠢᠯ᠎ᠠ᠃ ᠲᠤᠰᠬᠤᠨ ᠤ ᠨᠠᠮ ᠤᠨ ᠡᠭᠦᠷ ᠤᠨ ᠱᠦᠵᠢ ᠶᠢᠨ ᠬᠢᠨᠢ | ᠲᠠᠨᠢᠯᠴᠠᠭᠤᠯᠤᠬᠰᠠᠨ ᠢᠶᠠᠷ᠂ ᠲᠤᠰ ᠵᠠᠮ ᠪᠤᠯ ᠲᠤᠰᠬᠤᠨ ᠤ ᠲᠡᠵᠢᠬᠡᠪᠦᠷᠢ ᠶᠢᠨ ᠲᠠᠯᠠᠪᠠᠢ ᠪᠠ ᠤᠢᠢᠷ᠎ᠠ ᠬᠠᠪᠢ ᠶᠢᠨ ᠲᠤᠰᠬᠤᠨ ᠤ ᠠᠷᠠᠳ ᠤᠨ ᠶᠠᠪᠤᠵᠤ ᠰᠠᠭᠤᠬᠤ | ᠴᠢᠬᠤᠯᠠ ᠵᠠᠮ ᠪᠠᠶᠢᠵᠤ᠂ ᠰᠢᠷᠬᠤᠰᠤᠨ ᠪᠠᠯᠭᠠᠰᠤᠨ ᠤ ᠨᠠᠮ ᠤᠨ ᠬᠤᠷᠢᠶ᠎ᠠ ᠤᠯᠠᠨᠳᠠ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠭᠰᠡᠨ ᠪᠠ | ᠲᠤᠰᠬᠤᠨ ᠤ ᠠᠷᠠᠳ ᠠᠴᠠ ᠵᠠᠮ ᠵᠠᠰᠠᠬᠤ ᠰᠠᠨᠠᠯ ᠵᠦᠪᠯᠡᠯᠬᠡ ᠶᠢ ᠬᠤᠷᠢᠶᠠᠬᠰᠠᠨ ᠤ ᠲᠠᠷᠠᠭ᠎ᠠ ᠲᠤᠰᠬᠤᠨ ᠤ ᠨᠠᠮ ᠤᠨ ᠡᠭᠦᠷ᠂ ᠲᠤᠰᠬᠤᠨ ᠳᠤ ᠰᠠᠭᠤᠨ ᠠᠵᠢᠯᠯᠠᠵᠤ | ᠪᠠᠶᠢᠭ᠎ᠠ ᠠᠩᠭᠢ ᠶᠢᠨ ᠬᠢᠨ ᠲᠠᠢ ᠤᠯᠠᠨ ᠲᠠᠯ᠎ᠠ ᠶᠢᠨ ᠵᠦᠪᠳᠡᠯᠴᠡᠭᠡ ᠬᠢᠭᠦ ᠪᠠᠷ ᠲᠠᠮᠵᠢᠨ ᠡᠨᠡ ᠬᠦ 1.6 ᠺᠢᠯᠤᠮᠧᠲᠷ ᠤᠷᠳᠤ ᠲᠤᠭᠤᠰᠬᠠᠨ ᠵᠠᠮ ᠢ ᠲᠡᠪᠢᠰᠴᠤ᠂ | ᠤᠢᠢᠷ᠎ᠠ ᠬᠠᠪᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠲᠦᠭᠦᠮ ᠢ ᠦᠵᠡᠭᠦᠯᠵᠡᠢ᠃ | ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠬᠦᠨᠵᠡᠬᠡᠢ ᠦᠷᠨᠢᠬᠦ ᠶᠢ ᠲᠠᠭᠠᠯᠳᠤᠨ ᠠᠷᠠᠳ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦ | ᠬᠠᠯᠠᠭᠤᠨ ᠦᠷᠨᠢᠯᠲᠡ ᠰᠢᠷᠬᠤᠰᠤᠨ ᠪᠠᠯᠭᠠᠰᠤᠨ ᠳᠤ ᠦᠷᠭᠡᠨ ᠢᠶᠠᠷ ᠶᠠᠪᠤᠬᠳᠠᠵᠤ᠂ ︽ᠤᠶᠤᠨᠲᠤ ᠷᠠᠳᠢᠣ᠋ ᠲᠧᠯᠸᠢᠰ︾ ᠤᠨ ᠲᠤᠤᠷ ᠰᠦᠯᠵᠢᠶ᠎ᠡ ᠶᠢ ᠪᠦᠷᠭᠦᠭᠦᠯᠭᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠴᠤ ᠡᠷᠴᠢᠮᠲᠡᠢ ᠶᠠᠪᠤᠬᠳᠠᠵᠤ᠂ ᠰᠦᠯᠵᠢᠶᠡᠨ ᠤ ᠺᠤᠮᠫᠠᠨᠢ ᠶᠢᠨ ᠪᠠᠷᠢᠯᠭ᠎ᠠ ᠶᠢᠨ ᠠᠩᠭᠢ ᠰᠦᠯᠵᠢᠶ᠎ᠡ ᠵᠠᠯᠭᠠᠬᠤ | ᠲᠦᠭᠦᠭᠡᠷᠦᠮᠵᠢ ᠪᠠᠨ ᠤᠬᠰᠠᠷᠠᠭᠤᠯᠤᠨ ᠶᠠᠭᠠᠷᠠᠯᠳᠤᠵᠠᠭᠠᠨ᠎ᠠ᠃ ︽ᠤᠶᠤᠨᠳᠤ ᠷᠠᠳᠢᠣ᠋ ᠲᠧᠯᠸᠢᠰ ᠤᠨ ᠰᠦᠯᠵᠢᠶᠡᠨ ᠤ ᠦᠢᠯᠡᠴᠢᠯᠡᠭᠡ ᠶᠢ ᠬᠦᠳᠡᠭᠡ ᠲᠤᠰᠬᠤᠨ ᠳᠤ | ᠨᠡᠪᠲᠡᠷᠡᠭᠦᠯᠭᠦ ᠢᠨᠵᠧᠨᠧᠷᠢᠩ︾ ᠨᠢ ᠲᠤᠤᠷ ᠰᠦᠯᠵᠢᠶ᠎ᠡ ᠶᠢ ᠬᠦᠳᠡᠭᠡ ᠲᠤᠰᠬᠤᠨ ᠳᠤ ᠨᠡᠪᠲᠡᠷᠡᠭᠦᠯᠦᠨ᠂ ᠤᠯᠠᠨ ᠲᠦᠮᠡᠨ ᠳᠤ ᠲᠦᠷᠦ ᠶᠢᠨ ᠪᠤᠳᠤᠯᠭ᠎ᠠ᠂ ᠰᠤᠷᠭᠠᠨ | ᠬᠦᠮᠦᠵᠢᠯ᠂ ᠬᠠᠤᠯᠢ ᠴᠠᠭᠠᠵᠠ᠂ ᠡᠮᠴᠢᠯᠡᠭᠡ ᠵᠡᠷᠭᠡ ᠤᠯᠠᠨ ᠲᠠᠯ᠎ᠠ ᠶᠢᠨ ᠦᠢᠯᠡᠴᠢᠯᠡᠭᠡ ᠶᠢ ᠬᠦᠷᠲᠡᠭᠡᠵᠤ᠂ ᠭᠡᠷ ᠲᠡᠭᠡᠨ ᠰᠠᠭᠤᠵᠤ ᠪᠠᠶᠢᠭᠠᠳ ᠮᠡᠳᠡᠭᠡ ᠵᠠᠩᠭᠢ ᠶᠢ | ᠬᠦᠯᠢᠶᠡᠵᠤ ᠦᠢᠯᠡᠴᠢᠯᠡᠭᠡ ᠶᠢ ᠬᠦᠷᠲᠡᠵᠤ ᠲᠡᠶᠢᠯᠭᠦ ᠪᠤᠯᠵᠤ᠂ ᠮᠡᠳᠡᠭᠡ ᠵᠠᠩᠭᠢᠵᠢᠯᠲᠠ ᠶᠢᠨ ︽ᠡᠴᠦᠰ ᠤᠨ ᠨᠢᠬᠡ ᠺᠢᠯᠤᠮᠧᠲᠷ︾ ᠢ ᠦᠨᠡᠨ ᠬᠦ ᠪᠡᠶᠡᠯᠡᠭᠦᠯᠵᠡᠢ᠃ | | | ᠵᠣᠬᠢᠶᠠᠭᠴᠢ᠄ ᠤᠷᠴᠢᠯᠠᠩ |