ᠣᠶᠢᠷ᠎ᠠ ᠶᠢᠨ ᠡᠳᠦᠷ᠂ ᠠᠭᠤᠷ ᠠᠮᠢᠰᠬᠤᠯ ᠤᠨ ᠨᠥᠯᠥᠭᠡ ᠠᠴᠠ ᠪᠣᠯᠵᠤ ᠰᠦᠯᠳᠡ ᠰᠤᠮᠤᠨ ᠤ ᠱᠠᠷᠯᠢᠭ ᠭᠠᠴᠠᠭᠠᠨ ᠤ ᠮᠠᠯᠴᠢᠨ ᠲᠠᠷᠢᠶᠠᠴᠢᠨ ᠤ 2 | ᠲᠦᠮᠡ ᠭᠠᠷᠤᠢ ᠮᠦ ᠡᠷᠳᠡᠨᠢ ᠰᠢᠰᠢ ᠬᠤᠷᠤᠬᠠᠢ ᠶᠢᠨ ᠬᠦᠨᠦᠭᠡᠯ ᠳᠤ ᠤᠴᠠᠷᠠᠭᠰᠠᠨ ᠢᠶᠠᠷ ᠱᠠᠷᠯᠢᠭ ᠭᠠᠴᠠᠭ᠎ᠠ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ | ᠲᠠᠭᠠᠳᠬᠠᠯ ᠤᠨ ᠺᠣᠮᠫᠠᠨᠢ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠢ ᠬᠠᠷᠢᠯᠴᠠᠵᠤ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠤᠷᠤᠬᠠᠢ ᠶᠢᠨ ᠬᠦᠨᠦᠭᠡᠯ | ᠢ ᠪᠦᠬᠦ ᠭᠦᠴᠦᠨ ᠢᠶᠠᠷ ᠰᠡᠷᠭᠡᠶᠢᠯᠡᠨ ᠵᠠᠰᠠᠵᠤ ᠮᠠᠯᠴᠢᠨ ᠲᠠᠷᠢᠶᠠᠴᠢᠨ ᠤ ᠬᠤᠬᠢᠷᠠᠯ ᠢ ᠪᠠᠭᠠᠰᠬᠠᠭᠰᠠᠨ ᠪᠠᠶᠢᠨ᠎ᠠ᠃ | ᠨᠢᠭᠡ ᠭᠠᠷᠠᠭ ᠤᠨ ᠡᠮᠦᠨ᠎ᠡ ᠠᠴᠠ ᠡᠬᠢᠯᠡᠨ ᠱᠠᠷᠯᠢᠭ ᠭᠠᠴᠠᠭᠠᠨ ᠤ ᠮᠠᠯᠴᠢᠨ ᠪᠦᠷᠢᠨ ᠤ ᠬᠢᠨ ᠤ ᠲᠠᠷᠢᠶᠠᠨ ᠭᠠᠵᠠᠷ ᠲᠤ ᠬᠦᠨᠦᠭᠡᠯ ᠬᠤᠷᠤᠬᠠᠢ ᠪᠠᠭᠤᠵᠤ | ᠦᠪᠡᠷᠲᠡᠭᠡᠨ ᠡᠮ ᠰᠦᠷᠴᠢᠭᠰᠡᠨ ᠪᠤᠯᠪᠠᠴᠤ ᠲᠤᠰᠠ ᠪᠣᠯᠤᠭᠰᠠᠨ ᠦᠭᠡᠢ ᠭᠠᠴᠠᠭᠠᠨ ᠳᠤ ᠮᠡᠳᠡᠭᠳᠡᠭᠰᠡᠨ ᠪᠠᠶᠢᠵᠠᠢ᠃ ᠡᠨᠡ ᠤᠳᠠᠭ᠎ᠠ᠂ ᠪᠦᠷᠢᠨ ᠤ ᠬᠢᠨ ᠬᠤᠷᠤᠬᠠᠢ | ᠶᠢᠨ ᠬᠥᠨᠦᠭᠡᠯ ᠳᠤ ᠤᠴᠠᠷᠠᠭᠰᠠᠨ 180 ᠭᠠᠷᠤᠢ ᠮᠤ᠋ ᠡᠷᠳᠡᠨᠢ ᠰᠢᠰᠢ ᠪᠠᠨ ᠵᠢᠯᠣᠭᠤᠴᠢ ᠦᠭᠡᠢ ᠨᠢᠰᠬᠡᠯ ᠢᠶᠠᠷ ᠡᠮ ᠰᠦᠷᠴᠢᠬᠦᠯᠦᠭᠰᠡᠨ ᠪᠠᠶᠢᠨ᠎ᠠ᠃ | ᠮᠠᠯᠴᠢᠨ ᠪᠦᠷᠢᠨ᠄ ︽ᠡᠨᠡ ᠤᠳᠠᠭ᠎ᠠ ᠶᠡᠬᠡᠩᠬᠢ ᠭᠠᠵᠠᠷ ᠢᠶᠠᠷ ᠬᠤᠷᠤᠬᠠᠢ ᠶᠢᠨ ᠠᠶᠤᠯ ᠲᠤᠯᠭᠠᠷᠠᠵᠦ ᠪᠦᠷ ᠡᠮ ᠰᠦᠷᠴᠢᠬᠦᠯᠬᠦ ᠪᠠᠷ ᠪᠤᠯᠤᠯ᠎ᠠ᠃ ᠡᠨᠡ | ᠬᠤᠷᠤᠬᠠᠢ ᠶᠢ ᠬᠤᠷᠳᠤᠨ ᠠᠷᠢᠯᠭᠠᠬᠤ ᠦᠭᠡᠢ ᠪᠤᠯ ᠡᠪᠡᠰᠦ ᠶᠢ ᠨᠢ ᠢᠳᠡᠵᠦ ᠲᠠᠷᠢᠶᠠᠨ ᠤ ᠬᠤᠷᠢᠶᠠᠯᠲᠠ ᠶᠢ ᠰᠢᠭᠤᠳ ᠨᠦᠯᠦᠭᠡᠯᠡᠬᠦ ᠪᠤᠯᠤᠨ᠎ᠠ᠃ ᠡᠪᠡᠰᠦ | ᠪᠤᠷᠳᠤᠭ᠎ᠠ ᠪᠠᠨ ᠬᠠᠮᠠᠭᠠᠯᠠᠴᠢᠬᠠᠪᠠᠯ ᠮᠠᠯᠴᠢᠨ ᠲᠠᠷᠢᠶᠠᠴᠢᠨ ᠳᠤ ᠶᠡᠭᠡ ᠲᠦᠬᠦᠮ ᠪᠤᠯᠤᠨ᠎ᠠ︾ ᠭᠡᠪᠡ᠃ | ᠱᠠᠷᠯᠢᠭ ᠭᠠᠴᠠᠭ᠎ᠠ ᠮᠠᠯᠴᠢᠨ ᠲᠠᠷᠢᠶᠠᠴᠢᠨ ᠤ ᠲᠠᠷᠢᠶᠠᠨ ᠭᠠᠵᠠᠷ ᠬᠦᠨᠥᠭᠡᠯ ᠬᠤᠷᠤᠬᠠᠢ ᠳᠤ ᠤᠴᠠᠷᠠᠭᠰᠠᠨ ᠪᠤᠳᠠᠲᠤ ᠪᠠᠶᠢᠳᠠᠯ ᠢ ᠦᠨᠳᠦᠰᠦᠯᠡᠨ ᠬᠤᠰᠢᠭᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠤᠯᠤᠨ ᠬᠠᠮᠢᠶ᠎ᠠ ᠪᠦᠬᠦᠢ ᠲᠠᠷᠢᠶᠠᠯᠠᠩ ᠤᠨ ᠲᠠᠭᠠᠳᠬᠠᠯ ᠤᠨ ᠺᠤᠮᠫᠠᠨᠢ ᠲᠠᠢ ᠬᠠᠷᠢᠯᠴᠠᠵᠤ ᠨᠡᠶᠢᠲᠡ 2 ᠲᠦᠮᠡ | ᠭᠠᠷᠤᠢ ᠮᠤ᠋ ᠡᠷᠳᠡᠨᠢ ᠰᠢᠰᠢ ᠶᠢᠨ ᠲᠠᠷᠢᠶᠠᠨ ᠭᠠᠵᠠᠷ ᠲᠤ ᠬᠦᠨᠥᠬᠡᠯ ᠬᠤᠷᠤᠬᠠᠢ ᠶᠢ ᠰᠡᠷᠭᠡᠶᠢᠯᠡᠨ ᠵᠠᠰᠠᠬᠤ ᠡᠮ ᠰᠦᠷᠴᠢᠵᠤ ᠮᠠᠯᠴᠢᠨ ᠲᠠᠷᠢᠶᠠᠴᠢᠨ ᠤ ᠬᠤᠬᠢᠷᠠᠯ ᠢ | ᠪᠠᠭᠠᠰᠬᠠᠨ ᠨᠠᠮᠤᠷ ᠤᠨ ᠬᠤᠷᠢᠶᠠᠯᠲᠠ ᠳᠤ ᠨᠢ ᠪᠠᠲᠤᠯᠠᠭ᠎ᠠ ᠬᠠᠩᠭᠠᠪᠠ᠃ | ᠰᠦᠯᠳᠡ ᠰᠤᠮᠤᠨ ᠤ ᠱᠠᠷᠯᠢᠭ ᠭᠠᠴᠠᠭᠠᠨ ᠤ ᠨᠠᠮ ᠤᠨ ᠡᠭᠦᠷ ᠤᠨ ᠱᠦᠵᠢ ᠭᠠᠴᠠᠭᠠᠨ ᠲᠠᠷᠤᠭ᠎ᠠ ᠰᠤᠶᠤᠯᠳᠠᠯᠠᠢ᠄ ︽ᠡᠨᠡ ᠤᠳᠠᠭ᠎ᠠ ᠦᠨᠳᠦᠰᠦᠨ ᠳᠤ | ᠪᠠᠨ ᠪᠠᠷᠤᠭ 90% ᠣᠷᠴᠢᠮ ᠡᠷᠦᠬᠡ ᠠᠳᠠᠯᠢ ᠪᠤᠰᠣ ᠬᠡᠮᠵᠢᠶ᠎ᠡ ᠪᠠᠷ ᠬᠤᠷᠤᠬᠠᠢ ᠶᠢᠨ ᠭᠠᠮᠰᠢᠭ ᠲᠤ ᠤᠴᠠᠷᠠᠵᠤ᠂ ᠬᠦᠨᠳᠦ ᠨᠣᠴᠢᠲᠠᠢ ᠨᠢ ᠪᠠᠷᠤᠭ ᠵᠠᠭᠤ | ᠢᠯᠡᠬᠦᠦ ᠡᠷᠦᠬᠡ ᠪᠠᠶᠢᠨ᠎ᠠ᠃ ᠮᠠᠯ ᠢᠶᠠᠨ ᠡᠪᠦᠯ ᠦᠩᠭᠡᠷᠡᠭᠦᠯᠬᠦ ᠳᠤ ᠵᠦᠪᠬᠡᠨ ᠲᠠᠷᠢᠶᠠᠨ ᠤ ᠡᠰᠢ ᠰᠦᠷᠡᠯ ᠳᠤ ᠳᠦᠰᠢᠭᠯᠡᠬᠦ ᠴᠢᠬᠤᠯᠠᠲᠠᠢ᠂ ᠡᠰᠢ ᠰᠦᠷᠡᠯ ᠢᠶᠠᠨ | ᠬᠠᠮᠠᠭᠠᠯᠠᠬᠤ ᠦᠭᠡᠢ ᠳᠤ ᠬᠦᠷᠪᠡᠯ ᠡᠪᠦᠯ ᠢ ᠦᠩᠭᠡᠷᠡᠭᠡᠬᠦ ᠳᠤ ᠭᠦᠴᠢᠷᠲᠡᠢ᠂ ᠡᠶᠢᠮᠦ ᠠᠴᠠ ᠪᠢᠳᠠ ᠡᠯᠳᠡᠪ ᠠᠷᠭ᠎ᠠ ᠶᠢ ᠭᠡᠷᠡᠭᠯᠡᠨ ᠪᠦᠬᠦ ᠭᠦᠴᠦᠨ ᠢᠶᠠᠷ ᠡᠪᠡᠰᠦ | ᠪᠣᠷᠳᠤᠭ᠎ᠠ ᠪᠠᠨ ᠬᠠᠮᠠᠭᠠᠯᠠᠵᠤ ᠲᠠᠷᠠᠭ᠎ᠠ ᠵᠢᠯ ᠤᠨ ᠮᠠᠯ ᠤᠨ ᠪᠤᠷᠳᠤᠭ᠎ᠠ ᠶᠢᠨ ᠭᠡᠪ ᠤᠨ ᠬᠠᠩᠭᠠᠯᠳᠠ ᠶᠢ ᠪᠠᠲᠤᠯᠠᠬᠤ ᠪᠠᠷ ᠴᠢᠷᠮᠠᠶᠢᠵᠤ ᠪᠠᠶᠢᠨ᠎ᠠ︾ ᠭᠡᠪᠡ᠃ | | | ᠰᠤᠷᠪᠤᠯᠵᠢᠯᠠᠭᠴᠢ᠄ ᠬᠠᠰᠪᠤᠶᠠᠨᠲᠤ ᠸᠠᠩ ᠨᠠ |