︽ᠬᠤᠶᠠᠷ ᠬᠤᠷᠠᠯ︾ ᠳᠤ ᠳᠠᠪᠰᠢᠭᠦᠯᠬᠦ ᠣᠯᠡᠨ ᠳᠦᠮᠡᠨ ᠤ ᠭᠦᠰᠡᠯ ᠨᠠᠶᠢᠳᠠᠯᠭ᠎ᠠ ︵ᠨᠢᠭᠡ︶
ᠨᠡᠶᠢᠲᠡᠯᠡᠭᠰᠡᠨ ᠴᠠᠭ᠄
2022/1/11
      2022 ᠣᠨ ᠤ 1 ᠰᠠᠷ᠎ᠠ ᠶᠢᠨ 7 ᠤ ᠡᠳᠦᠷ ᠠᠴᠠ 1 ᠰᠠᠷ᠎ᠠ ᠶᠢᠨ 10 ᠤ ᠡᠳᠣᠷ ᠪᠣᠯᠳᠠᠯ᠎ᠠ᠂  ᠦᠣᠰᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠡᠳ ᠤᠨ ᠳᠦᠯᠣᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠣᠭᠠᠨ ᠵᠢᠴᠢ ᠳᠣᠮᠳᠠᠳᠣ ᠣᠯᠣᠰ ᠤᠨ ᠠᠷᠡᠳ ᠤᠨ ᠣᠯᠣᠰ ᠲᠦᠷᠣ ᠶᠢᠨ ᠵᠦᠪᠯᠡᠯᠭᠡᠨ ᠤ ᠦᠣᠰᠢᠨ ᠬᠤᠰᠢᠭᠤᠨ ᠤ ᠠᠷᠪᠡᠨ ᠲᠠᠪᠣᠳᠣᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠣᠭᠠᠷ ᠬᠤᠷᠠᠯᠳᠣᠭᠠᠨ ᠬᠤᠷᠠᠯᠳᠣᠬᠤ ᠪᠠᠷ ᠪᠣᠯᠣᠯ᠎ᠠ᠃ ᠵᠢᠯ ᠪᠣᠯᠭᠠᠨ ᠤ ︽ᠬᠤᠶᠠᠷ ᠬᠤᠷᠠᠯ︾ ᠨᠢ ᠠᠷᠠᠳ ᠳᠦᠮᠡᠨ ᠤ ᠳᠡᠪᠰᠢᠭᠦᠯᠣᠭ᠍ᠰᠠᠨ ᠬᠦᠰᠡᠯ ᠨᠠᠶᠢᠳᠠᠯᠭ᠎ᠠ᠂ ᠲᠦᠯᠥᠭᠡᠯᠡᠭᠴᠢ ᠭᠡᠰᠢᠭᠦᠳ ᠤᠨ ᠲᠤᠷᠠᠳᠤᠭᠰᠠᠨ ᠰᠠᠨᠠᠯ ᠵᠦᠪᠯᠡᠯᠭᠡ᠂ ᠰᠠᠨᠠᠯ ᠲᠤᠷᠠᠳᠤᠯᠭ᠎ᠠ ᠶᠢ ᠦᠨᠳᠤᠰᠤᠯᠠᠨ ᠠᠷᠡᠳ ᠲᠦᠮᠡᠨ ᠤ ᠤᠶᠢᠯᠡᠳᠪᠤᠷᠢᠯᠡᠯ ᠠᠮᠢᠳᠤᠷᠠᠯ᠂ ᠠᠵᠤ ᠠᠬᠤᠢ᠂ ᠨᠡᠶᠢᠭᠡᠮ ᠤᠨ ᠬᠦᠭᠵᠢᠯᠳᠡ ᠳᠤ ᠲᠤᠰᠠᠳᠠᠢ ᠠᠯᠢ ᠤᠯᠠᠨ ᠲᠦᠷᠥ ᠶᠢᠨ ᠪᠤᠳᠣᠯᠭ᠎ᠠ᠂ ᠠᠷᠭ᠎ᠠ ᠠᠪᠴᠠᠯ ᠨᠤᠭᠤᠳ ᠢ ᠭᠠᠷᠭᠠᠳᠠᠭ ᠪᠠᠶᠢᠨ᠎ᠠ᠃ ᠣᠳᠣ ᠳᠣᠣᠷ᠎ᠠ ᠮᠠᠨ ᠤ ᠬᠤᠰᠢᠭᠤᠨ  ᠤ ᠬᠠᠮ ᠵᠠᠭᠤᠴᠢᠯᠠᠭᠤᠷ ᠤᠨ ᠲᠥᠪ ᠤᠨ ᠰᠣᠷᠪᠣᠯᠵᠢᠯᠠᠭᠰᠠᠨ ᠭᠡᠰᠡᠭ ᠺᠠᠳ᠋ᠷ  ᠠᠵᠢᠯᠳᠡᠳ ᠪᠣᠯᠣᠨ ᠮᠠᠯᠴᠢᠨ ᠳᠦᠮᠡᠨ ᠤ ︽ᠬᠤᠶᠠᠷ ᠬᠤᠷᠠᠯ︾ ᠳᠤ ᠳᠠᠪᠰᠢᠭᠦᠯᠬᠦ ᠭᠦᠰᠡᠯ ᠨᠠᠶᠢᠳᠠᠯᠭ᠎ᠠ ᠠᠴᠠ ᠬᠤᠪᠢᠶᠠᠯᠴᠠᠶ᠎ᠠ᠃      ᠰᠠᠭᠤᠭᠠᠯᠢ ᠠᠷᠡᠳ ᠨᠠᠪᠴᠢᠨᠬᠤᠸᠠᠷ᠄ ︽ ᠤᠷᠴᠢᠮ ᠤᠨ ᠬᠤᠷᠢᠨ ᠵᠢᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠲᠤᠶᠢᠯ ᠢᠶᠠᠷ ᠬᠥᠭᠵᠢᠵᠠᠢ᠂ ᠡᠨᠡ  ᠨᠢ ᠶᠠᠷᠢᠶᠠᠨ ᠦᠭᠡᠢ ᠨᠠᠮ ᠵᠠᠰᠠᠭ ᠤᠨ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠃ ᠮᠠᠨ ᠤ ᠡᠯ᠎ᠡ ᠱᠠᠲᠤᠨ ᠤ ᠤᠳᠤᠷᠢᠳᠤᠯᠭ᠎ᠠ ᠣᠳᠤ ᠡᠨᠡᠬᠦ ᠰᠠᠭᠤᠷᠢᠨ ᠳᠡᠭᠡᠷ᠎ᠡ ᠠᠷᠠᠳ ᠤᠨ ᠠᠮᠢᠳᠤᠷᠠᠯ ᠤᠨ ᠲᠠᠯ᠎ᠠ ᠳᠤ ᠬᠢ ᠪᠡᠯᠡ ᠤᠷᠤᠭᠤᠯᠤᠯᠲᠠ ᠪᠠᠨ ᠦᠷᠭᠦᠯᠵᠢᠯᠡᠨ ᠨᠡᠮᠡᠭᠳᠡᠬᠦᠯᠬᠦ ᠶᠢ ᠢᠯᠡᠭᠦᠬᠡᠨ ᠠᠩᠬᠠᠷᠤᠯ ᠳᠤ ᠪᠠᠨ ᠠᠪᠴᠦ ᠢᠯᠡᠭᠦᠬᠡᠨ ᠠᠳᠬᠤᠬᠤ ᠶᠢ ᠬᠦᠰᠡᠵᠦ ᠪᠠᠶᠢᠨ᠎ᠠ︾ ᠃      ᠭᠠᠯᠠᠭᠤᠲᠤ ᠪᠠᠯᠭᠠᠰᠤᠨ ᠤ ᠪᠤᠵᠠᠢ ᠭᠠᠴᠠᠭᠠᠨ ᠤ ᠮᠠᠯᠴᠢᠨ ᠰᠤᠶᠤᠯᠴᠡᠴᠡᠭ ᠄ ︽ᠮᠠᠯᠵᠢᠬᠤ ᠲᠠᠷᠢᠶᠠᠯᠠᠬᠤ ᠤᠷᠤᠨ ᠳᠤ ᠴᠠᠬᠢᠯᠭᠠᠨ ᠲᠤᠳᠠᠭᠲᠠᠵᠤ ᠲᠠᠷᠢᠶᠠᠨ ᠭᠠᠵᠠᠷ ᠢᠶᠠᠨ ᠤᠰᠤᠯᠠᠬᠤ ᠳᠤ ᠴᠤᠬᠤᠮ ᠶᠡᠭᠡ ᠬᠦᠴᠢᠷᠳᠡᠵᠦ ᠪᠠᠶᠢᠨ᠎ᠠ᠃ ᠨᠠᠮ ᠵᠠᠰᠠᠭ ᠠᠴᠠ ᠡᠨᠡ ᠤᠳᠠᠭᠠᠨ ᠤ ᠬᠤᠷᠠᠯ ᠳᠡᠭᠡᠷ᠎ᠡ ᠵᠥᠪᠳᠡᠯᠴᠡᠵᠦ ᠪᠠᠶᠢᠭᠠᠳ ᠪᠢᠳᠠᠨ ᠳᠤ ᠴᠠᠬᠢᠯᠭᠠᠨ ᠲᠤᠳᠠᠭᠲᠠᠬᠤ ᠠᠰᠠᠭᠤᠳᠠᠯ ᠢ ᠰᠢᠢᠳᠪᠦᠷᠢᠯᠡᠵᠤ ᠦᠭᠭᠦ ᠶᠢ ᠬᠦᠰᠡᠵᠤ ᠪᠠᠶᠢᠨ᠎ᠠ ︾᠃                                        ᠰᠤᠷᠪᠤᠯᠵᠢᠯᠠᠭᠴᠢ᠄ ᠪᠤᠶᠠᠨᠳᠤ  ᠤᠷᠴᠢᠯᠠᠩ  ᠬᠠᠰᠪᠤᠶᠠᠨᠳᠤ  ᠠᠯᠤᠰ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ