ᠤᠯᠣᠰ ᠲᠦᠷᠥ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠬᠦᠰᠡᠯ ᠨᠠᠶᠢᠳᠠᠯᠭ᠎ᠠ ︵ᠨᠢᠭᠡ︶
ᠨᠡᠶᠢᠲᠡᠯᠡᠭᠰᠡᠨ ᠴᠠᠭ᠄
2022/1/11
      ᠤᠯᠣᠰ ᠲᠦᠷᠥ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠡ ᠶᠢᠨ ᠠᠩᠬᠠᠳᠤᠭᠠᠷ ᠬᠤᠷᠠᠯᠳᠤᠭᠠᠨ ᠳᠤ ᠤᠷᠤᠯᠴᠠᠵᠤ ᠪᠠᠶᠢᠭ᠎ᠠ ᠤᠯᠣᠰ ᠲᠦᠷᠥ ᠶᠢᠨ ᠵᠦᠪᠯᠡᠯᠭᠡᠨ ᠤ ᠭᠡᠰᠢᠭᠦᠳ ᠪᠥᠭᠦ ᠬᠤᠰᠢᠭᠤᠨ ᠤ ᠡᠯ᠎ᠡ ᠦᠨᠳᠤᠰᠤᠳᠡᠨ ᠤ ᠠᠷᠡᠳ ᠲᠦᠮᠡᠨ ᠤ ᠭᠦᠰᠡᠯ ᠨᠠᠶᠢᠳᠠᠯᠭ᠎ᠠ ᠶᠢ ᠡᠪᠦᠷᠯᠡᠵᠦ ᠡᠯ᠎ᠡ ᠬᠦᠷᠢᠶ᠎ᠡ ᠴᠠᠷᠠᠭᠠᠨ ᠤ ᠠᠵᠢᠯ ᠤᠶᠢᠯᠡᠰ ᠲᠤ ᠦᠷᠭᠦᠯᠵᠢᠯᠡᠨ ᠪᠠᠳᠥ ᠴᠢᠩᠭ᠎ᠠ ᠵᠤᠭᠰᠤᠯᠳᠠ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠪᠠᠶᠠᠯᠡᠭᠦᠯᠭᠦ ᠪᠠᠷ ᠦᠪᠡᠷ ᠦᠪᠡᠷ ᠤᠨ ᠡᠷᠬᠢᠮ ᠨᠠᠨᠳᠢᠨ ᠰᠠᠨᠠᠯ ᠲᠤᠷᠠᠳᠤᠯᠭ᠎ᠠ᠂ ᠬᠦᠰᠡᠯ ᠨᠠᠶᠢᠳᠠᠯᠭ᠎ᠠ ᠪᠠᠨ ᠲᠡᠪᠰᠢᠭᠦᠯᠦᠭᠰᠡᠨ ᠪᠠᠶᠢᠨ᠎ᠠ᠃      ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠮᠠᠰᠢᠪᠠᠳᠣ᠄ ︽ ᠮᠠᠨ ᠤ ᠬᠤᠰᠢᠭᠤ ᠮᠠᠯ ᠲᠠᠷᠢᠶᠠᠯᠠᠩ ᠠᠵᠤ ᠠᠬᠤᠢ ᠶᠢ ᠰᠠᠶᠢᠲᠤᠷ ᠬᠦᠭᠵᠢᠬᠦᠯᠦᠭᠰᠡᠭᠡᠷ ᠢᠷᠠᠵᠠᠢ᠃ ᠮᠢᠨᠤ ᠰᠠᠨᠠᠯ ᠲᠤᠷᠠᠳᠤᠯᠭ᠎ᠠ ᠬᠡᠪᠡᠯ ᠮᠠᠯ ᠲᠠᠷᠢᠶᠠᠯᠠᠩ ᠤᠨ ᠪᠦᠳᠦᠬᠡᠭᠳᠡᠬᠦᠨ ᠢ ᠲᠠᠸᠠᠷᠴᠢᠯᠠᠨ ᠲᠠᠸᠠᠷ ᠤᠨ ᠵᠠᠮ ᠢ ᠰᠢᠯᠤᠭᠤᠳᠬᠠᠵᠣ ᠠᠰᠢᠭ ᠬᠥᠷᠳᠡᠬᠡᠬᠦ  ᠶᠢᠨ ᠬᠠᠮᠳᠣ ᠣᠷᠳᠣᠰ ᠨᠠᠷᠢᠨ ᠨᠣᠣᠰᠣᠳᠣ ᠬᠤᠨᠢ ᠶᠢ ᠬᠠᠮᠠᠭᠠᠯᠠᠨ ᠬᠦᠭᠵᠢᠬᠦᠯᠬᠦ ᠲᠠᠯ᠎ᠠ ᠪᠠᠷ ᠵᠣᠬᠢᠰᠲᠠᠢ ᠨᠡᠩ ᠰᠠᠶᠢᠬᠠᠨ ᠠᠷᠭ᠎ᠠ ᠬᠡᠮᠵᠢᠶ᠎ᠡ ᠶᠢ ᠠᠪᠣᠪᠠᠯ ᠵᠣᠬᠢᠨ᠎ᠠ ᠬᠡᠵᠦ ᠦᠵᠡᠵᠦ ᠪᠠᠶᠢᠨ᠎ᠠ᠃ ᠮᠦᠨᠴᠦ ᠬᠦᠳᠡᠭᠡ ᠨᠣᠳᠤᠭ ᠢᠶᠠᠷ ᠰᠢᠨ᠎ᠡ ᠪᠠᠷ ᠠᠶᠢᠯ ᠡᠷᠣᠬᠡ ᠪᠣᠯᠣᠬᠰᠡᠨ ᠬᠦᠮᠦᠰ ᠲᠤ ᠵᠣᠬᠢᠬᠤ ᠬᠡᠮᠵᠢᠶᠡᠨ ᠤ ᠲᠠᠷᠢᠶᠠᠨ ᠭᠠᠵᠠᠷ᠂  ᠤᠰᠤᠯᠠᠯᠲᠠ ᠶᠢᠨ ᠭᠠᠵᠠᠷ᠂ ᠴᠠᠬᠢᠯᠭᠠᠨ ᠵᠡᠷᠭᠡ ᠡᠯ᠎ᠡ ᠲᠠᠯ᠎ᠠ ᠠᠴᠠ ᠬᠠᠷᠠᠭᠠᠯᠵᠠᠯ ᠦᠵᠡᠬᠦᠯᠬᠦ ᠪᠣᠯᠪᠠ ᠤᠤ ᠭᠡᠰᠡᠨ ᠰᠠᠨᠠᠯ ᠳᠣᠷᠠᠳᠣᠶ᠎ᠠ︾ ᠃      ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠴᠢᠷᠮᠠᠶᠢᠯᠳᠣ᠄ ︽ ᠮᠠᠯᠴᠢᠨ ᠲᠠᠷᠢᠶᠠᠴᠢᠳ ᠤᠨ ᠮᠠᠯ ᠤᠨ ᠠᠰᠢᠭ ᠰᠢᠮ᠎ᠡ ᠶᠢᠨ ᠳᠠᠯ᠎ᠠ ᠳᠤ ᠬᠦᠯᠳᠡᠭᠡᠵᠤ ᠬᠦᠷᠦᠭᠡᠬᠦ ᠬᠦᠮᠦᠷᠬᠡ ᠭᠠᠷᠭᠠᠬᠤ ᠪᠣᠶᠣ ᠬᠤᠰᠢᠭᠤᠨ ᠤ ᠵᠡᠬᠦᠨ ᠪᠠᠷᠠᠭᠤᠨ ᠬᠤᠶᠠᠷ ᠲᠠᠯ᠎ᠠ ᠳᠤ ᠠᠮᠢᠳᠣ ᠮᠠᠯ ᠤᠨ ᠠᠷᠠᠯᠵᠢᠶᠠᠨ ᠵᠠᠬ᠎ᠠ ᠳᠡᠯᠬᠡᠬᠦᠷ ᠨᠡᠬᠡᠬᠡᠳ ᠥᠭᠭᠦᠨ᠎ᠡ ᠤᠤ ᠬᠡᠰᠡᠨ ᠰᠠᠨᠠᠯ ᠳᠣᠷᠠᠳᠣᠶ᠎ᠠ︾ ᠃                                                     ᠰᠤᠷᠪᠤᠯᠵᠢᠯᠠᠭᠴᠢ᠄ ᠪᠤᠶᠠᠨᠳᠤ  ᠯᠾᠠᠸᠠᠩᠨᠤᠷᠪᠤ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ