ᠤᠯᠣᠰ ᠲᠦᠷᠥ ᠶᠢᠨ ᠵᠦᠪᠯᠡᠯᠭᠡᠨ ᠤ ᠦᠤᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠡ ᠶᠢᠨ ᠠᠩᠬᠠᠳᠤᠭᠠᠷ ᠬᠤᠷᠠᠯᠳᠤᠭᠠᠨ ᠳᠤ | ᠤᠷᠤᠯᠴᠠᠵᠤ ᠪᠠᠶᠢᠭ᠎ᠠ ᠤᠯᠣᠰ ᠲᠦᠷᠥ ᠶᠢᠨ ᠵᠦᠪᠯᠡᠯᠭᠡᠨ ᠤ ᠭᠡᠰᠢᠭᠦᠳ ᠪᠥᠭᠦ ᠬᠤᠰᠢᠭᠤᠨ ᠤ ᠡᠯ᠎ᠡ ᠦᠨᠳᠤᠰᠤᠳᠡᠨ ᠤ ᠠᠷᠡᠳ ᠲᠦᠮᠡᠨ ᠤ ᠭᠦᠰᠡᠯ | ᠨᠠᠶᠢᠳᠠᠯᠭ᠎ᠠ ᠶᠢ ᠡᠪᠦᠷᠯᠡᠵᠦ ᠡᠯ᠎ᠡ ᠬᠦᠷᠢᠶ᠎ᠡ ᠴᠠᠷᠠᠭᠠᠨ ᠤ ᠠᠵᠢᠯ ᠤᠶᠢᠯᠡᠰ ᠲᠤ ᠦᠷᠭᠦᠯᠵᠢᠯᠡᠨ ᠪᠠᠳᠥ ᠴᠢᠩᠭ᠎ᠠ ᠵᠤᠭᠰᠤᠯᠳᠠ ᠲᠠᠢ ᠪᠠᠷ ᠡᠭᠦᠷᠭᠡ | ᠬᠠᠷᠢᠭᠤᠴᠠᠯᠭ᠎ᠠ ᠪᠠᠨ ᠪᠠᠶᠠᠯᠡᠭᠦᠯᠭᠦ ᠪᠠᠷ ᠦᠪᠡᠷ ᠦᠪᠡᠷ ᠤᠨ ᠡᠷᠬᠢᠮ ᠨᠠᠨᠳᠢᠨ ᠰᠠᠨᠠᠯ ᠲᠤᠷᠠᠳᠤᠯᠭ᠎ᠠ᠂ ᠬᠦᠰᠡᠯ ᠨᠠᠶᠢᠳᠠᠯᠭ᠎ᠠ ᠪᠠᠨ ᠲᠡᠪᠰᠢᠭᠦᠯᠦᠭᠰᠡᠨ ᠪᠠᠶᠢᠨ᠎ᠠ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠮᠠᠰᠢᠪᠢᠯᠢᠭ᠌᠄ ︽ ᠪᠢᠳᠡ ᠴᠤᠬᠤᠮ ᠬᠡᠷᠬᠢᠨ ᠥᠪᠡᠷ ᠢ ᠪᠠᠨ ᠲᠦᠰᠢᠵᠤ ᠪᠣᠰᠬᠤ ᠠᠵᠤ ᠠᠬᠤᠶᠢᠯᠠᠯ ᠢ | ᠨᠡᠭᠡᠭᠡᠬᠦ ᠲᠠᠯ᠎ᠠ ᠪᠠᠷ ᠢᠯᠡᠭᠦᠤ ᠪᠣᠳᠣᠯᠬᠢᠯᠠᠬᠤ ᠴᠢᠬᠤᠯᠠᠲᠠᠢ᠃ ᠣᠳᠣ ᠪᠣᠯ ᠪᠢᠳᠡ ᠶᠡᠷᠦᠩᠬᠡᠢ ᠳᠤ ᠪᠠᠨ ᠨᠥᠬᠦᠪᠦᠷᠢ ᠶᠢ ᠲᠦᠰᠢᠭᠯᠡᠨ ᠠᠮᠢᠳᠤᠷᠠᠵᠤ ᠪᠠᠶᠢᠭ᠎ᠠ᠂ | ᠡᠶᠢᠮᠦ ᠠᠴᠠ ᠪᠢᠳᠡ ᠨᠥᠬᠦᠪᠦᠷᠢ ᠶᠢ ᠲᠦᠰᠢᠭᠯᠡᠬᠦ ᠦᠭᠡᠢ ᠪᠠᠷ ᠶᠠᠮᠠᠷ ᠨᠢᠭᠡᠨ ᠠᠷᠭ᠎ᠠ ᠵᠠᠮ ᠢᠶᠠᠷ ᠥᠪᠡᠷ ᠢ ᠪᠠᠨ ᠲᠦᠰᠢᠭᠯᠡᠵᠦ ᠪᠣᠯᠬᠤ ᠡᠶᠢᠮᠦ ᠭᠠᠷᠬᠤ ᠵᠠᠮ ᠢ | ᠡᠷᠢᠯᠬᠢᠯᠡᠬᠦ ᠲᠤᠬᠠᠢ ᠢᠯᠡᠬᠦᠦ ᠪᠤᠳᠤᠯᠬᠢᠯᠠᠪᠠᠯ ᠵᠤᠬᠢᠨ᠎ᠠ︾ ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠯᠠᠯᠲᠠ᠄ ︽ᠬᠦᠮᠦᠨ ᠪᠣᠯᠭᠠᠨ ᠡᠷᠡᠭᠦᠯ ᠪᠡᠶ᠎ᠡ ᠲᠠᠢ ᠪᠠᠶᠢᠬᠤ ᠶᠢ ᠴᠢᠬᠤᠯᠠᠴᠢᠯᠠᠪᠠᠯ ᠵᠤᠬᠢᠨ᠎ᠠ᠂ ᠤᠴᠢᠷ | ᠨᠢ ᠨᠢᠭᠡ ᠬᠦᠮᠦᠨ ᠡᠷᠡᠭᠦᠯ ᠪᠠᠶᠢᠮᠠᠨᠵᠢᠨ ᠰᠠᠶ᠋ᠢ ᠤᠯᠤᠰ ᠦᠨᠳᠦᠰᠦᠲᠡᠨ ᠳᠡᠭᠡᠨ ᠤᠯᠠᠮ ᠢᠯᠡᠭᠦᠤ ᠬᠤᠪᠢ ᠨᠡᠮᠡᠷᠢ ᠦᠵᠡᠭᠦᠯᠬᠦ ᠰᠠᠭᠤᠷᠢ ᠴᠢᠳᠠᠪᠤᠷᠢ ᠲᠠᠢ ᠪᠣᠯᠵᠤ | ᠳᠡᠶᠢᠯᠦᠨ᠎ᠡ᠃ ᠡᠶᠢᠮᠦ ᠠᠴᠠ ᠠᠷᠠᠳ ᠲᠦᠮᠡᠨ ᠮᠢᠨᠢ ᠡᠷᠡᠭᠦᠯ ᠮᠡᠨᠳᠦ ᠶᠢᠨ ᠪᠠᠶᠢᠴᠠᠭᠠᠯᠲᠠ ᠶᠢ ᠤᠯᠠᠮ ᠢᠯᠡᠭᠦᠤ ᠴᠢᠩᠭᠠᠳᠬᠠᠵᠤ ᠡᠪᠡᠳᠴᠢᠨ ᠪᠠᠶᠢᠪᠠᠯ ᠡᠷᠲᠡ | ᠢᠯᠡᠷᠡᠭᠦᠯᠵᠤ ᠡᠷᠲᠡ ᠵᠠᠰᠠᠵᠤ ᠡᠷᠲᠡ ᠡᠳᠡᠭᠡᠷᠡᠭᠦᠯᠬᠦ ᠶᠢ ᠰᠠᠨᠠᠭᠠᠴᠢᠯᠠᠵᠤ ᠪᠠᠶᠢᠨ᠎ᠠ᠃ ᠡᠬᠦᠨ ᠤ ᠬᠠᠮᠲᠤ ᠭᠠᠵᠠᠷ ᠳᠣᠣᠷᠠᠬᠢ ᠤᠰᠤᠨ ᠤ ᠪᠤᠭᠢᠷᠳᠤᠯ ᠢ ᠤᠯᠠᠮ | ᠢᠯᠡᠭᠦᠤ ᠴᠡᠭᠴᠡᠯᠡᠵᠤ ᠤᠰᠤᠨ ᠤ ᠪᠤᠬᠢᠷᠳᠤᠯ ᠢ ᠪᠠᠭᠠᠰᠬᠠᠬᠤ ᠶᠢ ᠪᠦᠬᠦ ᠨᠡᠶᠢᠬᠡᠮ ᠳᠠᠶᠠᠭᠠᠷ ᠲᠤ ᠤᠷᠢᠶᠠᠯᠠᠵᠤ ᠪᠠᠶᠢᠨ᠎ᠠ ︾᠃ | | ᠰᠤᠷᠪᠤᠯᠵᠢᠯᠠᠭᠴᠢ᠄ ᠪᠤᠶᠠᠨᠳᠤ ᠯᠾᠠᠸᠠᠩᠨᠤᠷᠪᠤ | |