ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠪᠣᠯᠤᠨ ᠲᠤᠰᠬᠠᠶ ᠲᠥᠯᠥᠪᠵᠢᠭᠦᠯᠭᠡ ᠳᠤ ᠲᠣᠭᠲᠠᠭᠠᠭᠰᠠᠨ | ᠴᠢᠬᠤᠯᠠ ᠶᠡᠭᠡ ᠲᠥᠷᠥᠯ ᠵᠦᠢᠯ ᠢ ᠲᠥᠷᠭᠡᠳᠬᠡᠨ ᠠᠬᠢᠭᠤᠯᠵᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠶ ᠪᠠᠶᠢᠷᠢᠯᠠᠭᠤᠯᠪᠠ | ᠡᠮ ᠤᠨ ᠵᠦᠢᠯ ᠪᠣᠯᠣᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ | ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ ᠥᠷᠨᠢᠭᠦᠯᠦᠨ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠬᠦ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 10 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ | ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 10 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ | ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠪᠣᠯᠣᠨ ᠲᠤᠰᠬᠠᠶ ᠲᠥᠯᠥᠪᠵᠢᠭᠦᠯᠭᠡ ᠳᠤ ᠲᠣᠭᠲᠠᠭᠠᠭᠰᠠᠨ | ᠴᠢᠬᠤᠯᠠ ᠶᠡᠭᠡ ᠲᠥᠷᠥᠯ ᠵᠦᠢᠯ ᠢ ᠲᠥᠷᠭᠡᠳᠬᠡᠨ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠲᠤᠬᠠᠶ ᠪᠠᠶᠢᠷᠢᠯᠠᠭᠤᠯᠪᠠ︔ ᠡᠮ ᠤᠨ | ᠵᠦᠢᠯ ᠪᠣᠯᠤᠨ ᠥᠨᠳᠥᠷ ᠦᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ | ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ ᠥᠷᠨᠢᠭᠦᠯᠦᠨ᠂ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠬᠦ ᠪᠠᠷ | ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ | ᠲᠣᠭᠲᠠᠭᠠᠭᠰᠠᠨ ᠭᠤᠣᠯᠳᠠᠯᠭ᠎ᠠ ᠲᠠᠢ ᠬᠠᠷᠢᠴᠠᠭᠤᠯᠵᠤ᠂ ᠤᠯᠤᠰ ᠤᠨ ᠳᠡᠰ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠰᠢᠨᠵᠢᠯᠡᠬᠦ | ᠤᠬᠠᠭᠠᠨᠴᠢ ᠪᠥᠭᠡᠳ ᠪᠦᠲᠦᠮᠵᠢᠲᠡᠶ ᠪᠠᠷ ᠰᠠᠶᠢᠲᠤᠷ ᠬᠢᠵᠦ᠂ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ | ᠲᠥᠷᠥ ᠶᠢᠨ ᠪᠣᠳᠣᠯᠭ᠎ᠠ ᠪᠣᠯᠤᠨ ᠪᠣᠳᠠᠲᠠᠶ ᠲᠥᠷᠥᠯ ᠵᠦᠢᠯ ᠢ ᠳᠤᠷᠠᠳᠤᠨ ᠭᠠᠷᠭᠠᠬᠤ ᠬᠡᠷᠡᠭᠲᠡᠶ᠃ ᠣᠳᠣᠬᠠᠨ ᠳᠤ 44 ᠲᠤᠰᠬᠠᠶ ᠲᠥᠯᠥᠪᠵᠢᠭᠦᠯᠭᠡ ᠶᠢ ᠨᠢᠭᠡᠨᠲᠡ | ᠦᠨᠳᠦᠰᠦᠨ ᠳᠤ ᠪᠠᠨ ᠨᠠᠶᠢᠷᠠᠭᠤᠯᠤᠨ ᠳᠠᠭᠤᠰᠬᠠᠵᠤ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠣᠳᠣᠬᠠᠨ ᠤ ᠪᠠᠶᠢᠳᠠᠯ ᠳᠤ ᠰᠠᠭᠤᠷᠢᠯᠠᠨ᠂ | ᠠᠯᠤᠰ ᠢᠷᠡᠭᠡᠳᠦᠶ ᠶᠢ ᠪᠣᠳᠣᠯᠬᠢᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠤᠰᠬᠠᠶ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠦᠴᠦᠲᠡᠶ | ᠮᠥᠷᠲᠡᠭᠡᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠠᠪᠠᠭ᠎ᠠ ᠳᠠᠪᠠᠵᠤ ᠪᠣᠭᠤᠮᠲᠠ ᠰᠢᠪᠲᠤᠯᠬᠤ ᠪᠠᠶᠢᠳᠠᠯ ᠳᠤ ᠣᠷᠣᠰᠢᠵᠤ | ᠪᠠᠶᠢᠨ᠎ᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠤᠪᠤᠶᠢᠮ᠎ᠠ | ᠪᠠᠶᠢᠷᠢᠨ ᠳᠤ ᠲᠠᠯᠪᠢᠵᠤ᠂ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠦᠨ᠂ ︽ᠪᠦᠬᠦᠨ ᠢ ᠬᠠᠮᠤᠷᠤᠭᠤᠯᠬᠤ︾ | ᠦᠭᠡᠢ ᠪᠠᠶᠢᠬᠤ ᠶᠢ ᠪᠠᠷᠢᠮᠲᠠᠯᠠᠵᠤ᠂ ᠬᠠᠮᠤᠭ ᠤᠨ ᠡᠴᠦᠰ ᠤᠨ ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠠᠨᠳᠤᠯᠭᠠᠲᠤ ᠴᠢᠨᠠᠷᠲᠠᠶ ᠪᠠᠷ | ᠥᠷᠭᠡᠳᠬᠡᠬᠦ ᠬᠡᠷᠡᠭᠲᠡᠶ᠃ ᠡᠨᠡ ᠨᠢ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠶᠢ ᠠᠷᠭᠠᠴᠠᠭᠠᠵᠤ᠂ ᠨᠢᠭᠡᠳᠦᠭᠡᠷ ᠤᠯᠠᠷᠢᠯ ᠪᠠ ᠳᠡᠭᠡᠷ᠎ᠡ ᠬᠠᠭᠠᠰ | ᠵᠢᠯ ᠤᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡ ᠳᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ 102 ᠵᠦᠢᠯ ᠤᠨ ᠴᠢᠬᠤᠯᠠ ᠶᠡᠭᠡ ᠢᠨᠵᠧᠨᠧᠷᠢᠩ ᠤᠨ | ᠲᠥᠷᠥᠯ ᠵᠦᠢᠯ ᠪᠠ ᠲᠤᠰᠬᠠᠶ ᠵᠦᠢᠯ ᠤᠨ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠪᠴᠢᠯᠡᠨ ᠠᠬᠢᠭᠤᠯᠬᠤ | ᠬᠡᠷᠡᠭᠲᠡᠶ᠃ ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ᠂ ᠲᠡᠷᠢᠭᠦᠨ ᠤ ᠦᠢᠯᠡᠳᠬᠡᠯ ᠤᠨ ᠦᠢᠯᠡᠰ ᠪᠠ ᠳᠡᠭᠡᠳᠦ ᠲᠧᠭᠨᠢᠭ | ᠮᠡᠷᠭᠡᠵᠢᠯ ᠤᠨ ᠠᠵᠤ ᠦᠢᠯᠡᠰ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠪᠠ ᠲᠣᠣᠷ ᠰᠦᠯᠵᠢᠶ᠎ᠡ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ᠂ | ᠬᠤᠳᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ | ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠡᠯᠡ ᠲᠣᠬᠢᠷᠠᠭᠤᠯᠬᠤ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ | ᠬᠢᠬᠦ ᠬᠡᠷᠡᠭᠲᠡᠢ᠃ ᠲᠥᠯᠥᠪᠵᠢᠭᠦᠯᠭᠡ ᠳᠤ ᠣᠷᠣᠭᠤᠯᠤᠭᠰᠠᠨ᠂ ᠨᠥᠬᠦᠴᠡᠯ ᠪᠦᠷᠢᠳᠦᠭᠰᠡᠨ ᠲᠥᠷᠥᠯ ᠵᠦᠢᠯ ᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ | ᠳᠥᠭᠦᠮᠴᠢᠯᠡᠵᠦ᠂ ᠢᠯᠠᠩᠭᠤᠶ᠎ᠠ ᠡᠮᠦᠨᠡᠬᠢ ᠬᠤᠭᠤᠴᠠᠭᠠᠨ ᠳᠤ ᠨᠢᠭᠡᠨᠲᠡ ᠨᠤᠲᠠᠯᠠᠭᠠᠳ ᠤᠯᠠᠨ ᠵᠢᠯ ᠪᠣᠯᠤᠭᠰᠠᠨ ᠴᠢᠬᠤᠯᠠ ᠶᠡᠭᠡ ᠤᠰᠤᠨ ᠠᠰᠢᠭᠯᠠᠯᠲᠠ ᠶᠢᠨ | ᠲᠥᠷᠥᠯ ᠵᠦᠢᠯ ᠢ ᠱᠠᠯᠠᠪᠳᠠᠨ ᠬᠡᠷᠡᠭᠵᠢᠭᠦᠯᠬᠦ ᠶᠢ ᠠᠬᠢᠭᠤᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ | ᠲᠦᠷ ᠴᠠᠭ ᠠᠵᠢᠯ ᠣᠯᠤᠭᠠᠳᠤᠶ ᠬᠡᠰᠡᠭ ᠬᠥᠯᠥᠰᠥᠨ ᠠᠵᠢᠯᠴᠢᠨ ᠢ ᠬᠢᠬᠦ ᠠᠵᠢᠯ ᠲᠠᠢ᠂ ᠴᠠᠯᠢᠩ ᠣᠷᠣᠯᠭ᠎ᠠ ᠲᠠᠢ ᠪᠣᠯᠭᠠᠬᠤ ᠬᠡᠷᠡᠭᠲᠡᠶ᠃ ᠰᠢᠨ᠎ᠡ ᠪᠠᠷ | ᠠᠵᠢᠯ ᠢᠶᠠᠨ ᠡᠬᠢᠯᠡᠭᠦᠯᠦᠭᠰᠡᠨ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠪᠠᠭᠤᠷᠠᠭᠰᠠᠨ ᠭᠠᠵᠠᠷ ᠣᠷᠣᠨ ᠢ ᠵᠢᠯᠣᠭᠤᠳᠤᠨ ᠠᠵᠢᠯ ᠢ ᠨᠢ ᠴᠢᠩᠭᠠᠳᠬᠠᠵᠤ᠂ | ᠪᠡᠯᠡ ᠣᠷᠣᠭᠤᠯᠤᠯᠲᠠ ᠨᠢ ᠥᠭᠡᠳᠡ ᠦᠭᠡᠢ ᠪᠠᠶᠢᠳᠠᠯ ᠢ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠪᠠᠯᠠ ᠮᠥᠩᠭᠦ ᠨᠢ ᠲᠥᠷᠥᠯ ᠵᠦᠢᠯ ᠢ ᠳᠠᠭᠠᠬᠤ | ᠱᠠᠭᠠᠷᠳᠠᠯᠭ᠎ᠠ ᠶᠣᠰᠣᠭᠠᠷ᠂ ᠨᠢᠳᠤᠨᠤᠨ ᠤ ᠳᠥᠷᠪᠡᠳᠦᠭᠡᠷ ᠤᠯᠠᠷᠢᠯ ᠳᠤ ᠲᠠᠷᠬᠠᠭᠠᠭᠰᠠᠨ 1.2 ᠲᠦᠮᠡᠨ ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠪᠣᠳᠠᠲᠠᠶ ᠲᠥᠷᠥᠯ ᠵᠦᠢᠯ ᠳᠤ ᠠᠯᠢ ᠲᠦᠷᠭᠡᠨ ᠢᠶᠠᠷ | ᠨᠠᠶᠢᠳᠠᠪᠤᠷᠢᠵᠢᠭᠤᠯᠬᠤ ᠬᠡᠷᠡᠭᠲᠡᠶ᠃ ᠡᠨᠡ ᠵᠢᠯ ᠨᠢᠭᠡᠨᠲᠡ ᠪᠠᠭᠤᠯᠭᠠᠭᠰᠠᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠱᠠᠯᠠᠪᠳᠠᠨ ᠲᠠᠷᠬᠠᠭᠠᠵᠤ᠂ | ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠰᠠᠶᠢᠲᠤᠷ ᠬᠡᠷᠡᠭᠯᠡᠨ᠂ ᠪᠠᠶᠢᠭᠤᠯᠵᠤ ᠪᠠᠶᠢᠭ᠎ᠠ ᠪᠠ ᠠᠯᠢ ᠲᠦᠷᠭᠡᠨ ᠢᠶᠠᠷ ᠠᠵᠢᠯ ᠢᠶᠠᠨ | ᠡᠬᠢᠯᠡᠭᠦᠯᠵᠦ ᠴᠢᠳᠠᠬᠤ ᠲᠥᠷᠥᠯ ᠵᠦᠢᠯ ᠢ ᠭᠤᠣᠯᠳᠠᠯᠭ᠎ᠠ ᠲᠠᠢ ᠪᠠᠷ ᠲᠣᠬᠢᠷᠠᠭᠤᠯᠵᠤ᠂ ᠨᠡᠩ ᠤᠯᠠᠨ ᠨᠡᠶᠢᠭᠡᠮ ᠤᠨ ᠪᠡᠯᠡ ᠣᠷᠣᠭᠤᠯᠤᠯᠲᠠ ᠶᠢ ᠲᠠᠶᠢᠴᠢᠯᠠᠨ᠂ | ᠨᠢᠭᠡᠳᠦᠭᠡᠷ ᠤᠯᠠᠷᠢᠯ ᠳᠤ ᠨᠡᠩ ᠤᠯᠠᠨ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠠᠯᠠᠯᠲᠠ ᠶᠢᠨ ᠲᠦᠷᠢᠮ᠂ ᠣᠷᠣᠨ | ᠪᠦᠰᠡ ᠶᠢᠨ ᠦᠨᠡᠯᠡᠨ ᠵᠢᠱᠢᠯᠲᠡ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠦᠯᠡᠳᠡᠭᠡᠯ ᠡᠳ᠋ ᠬᠥᠷᠥᠩᠭᠡ ᠶᠢ ᠴᠢᠯᠥᠭᠡᠲᠡᠶ | ᠭᠦᠢᠯᠭᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠡᠮ ᠤᠨ ᠵᠦᠢᠯ ᠪᠣᠯᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠥᠭᠡᠷᠡᠴᠢᠯᠡᠯᠲᠡ ᠶᠢ ᠲᠠᠰᠤᠷᠠᠯᠳᠡ ᠦᠭᠡᠢ ᠠᠬᠢᠭᠤᠯᠵᠤ᠂ | ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠡᠮ ᠡᠮᠨᠡᠯᠭᠡ ᠶᠢᠨ ᠦᠨ᠎ᠡ ᠬᠠᠩᠰᠢ ᠬᠡᠳᠦ ᠥᠨᠳᠥᠷ ᠪᠠᠶᠢᠳᠠᠯ ᠢ ᠪᠦᠲᠦᠮᠵᠢᠲᠡᠢ ᠬᠢᠵᠠᠭᠠᠷᠯᠠᠵᠤ᠂ ᠨᠢᠳᠤᠨᠤᠨ ᠤ | ᠵᠢᠯ ᠤᠨ ᠡᠴᠦᠰ ᠪᠣᠯᠲᠠᠯ᠎ᠠ ᠡᠮᠴᠢᠯᠡᠭᠡᠨ ᠤ ᠳᠠᠭᠠᠳᠬᠠᠯ ᠪᠣᠯᠤᠨ ᠡᠪᠡᠳᠴᠢᠲᠡᠨ ᠤ ᠵᠠᠷᠤᠯᠭ᠎ᠠ ᠶᠢ ᠨᠡᠶᠢᠳᠡ 2600 ᠳ᠋ᠦᠩᠰᠢᠭᠤᠷ ᠲᠥᠭᠦᠷᠢᠭ ᠠᠷᠪᠢᠯᠠᠭᠰᠠᠨ | ᠪᠥᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠨᠡᠩ ᠣᠯᠠᠨ ᠤᠶᠤᠨ ᠬᠦᠴᠦᠨ ᠢᠶᠠᠨ ᠦᠢᠯᠡᠳᠬᠦᠨ ᠢ ᠰᠤᠳᠤᠯᠤᠨ ᠨᠡᠭᠡᠭᠡᠬᠦ᠂ ᠶᠠᠰᠤ ᠴᠢᠨᠠᠷ ᠢ | ᠳᠡᠭᠡᠭᠰᠢᠯᠡᠭᠦᠯᠬᠦ ᠳᠤ ᠲᠠᠯᠪᠢᠬᠤ ᠶᠢ ᠠᠬᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ | ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢᠨ ᠬᠠᠮᠲᠤ ᠬᠡᠪᠴᠢᠶ᠎ᠡ ᠶᠢ ᠲᠦᠷᠭᠡᠳᠬᠡᠨ ᠥᠷᠭᠡᠳᠬᠡᠵᠦ᠂ ᠡᠮ ᠡᠮᠨᠡᠯᠭᠡ ᠶᠢᠨ ᠦᠨ᠎ᠡ ᠬᠠᠩᠰᠢ ᠶᠢ | ᠦᠷᠭᠦᠯᠵᠢᠯᠡᠨ ᠪᠠᠭᠤᠷᠠᠭᠤᠯᠵᠤ᠂ ᠡᠪᠡᠳᠴᠢᠲᠡᠨ ᠳᠤ ᠠᠰᠢᠭ ᠬᠦᠷᠲᠡᠭᠡᠬᠦ ᠬᠡᠷᠡᠭᠲᠡᠶ᠃ ᠨᠢᠭᠡ ᠳᠤ᠂ ᠤᠳᠠᠭᠠᠨ ᠴᠢᠨᠠᠷᠲᠠᠶ ᠡᠪᠡᠳᠴᠢᠨ᠂ ᠪᠠᠶᠢᠩᠭᠤ | ᠲᠣᠬᠢᠶᠠᠯᠳᠤᠳᠠᠭ ᠡᠪᠡᠳᠴᠢᠨ ᠢᠶᠠᠷ ᠭᠤᠤᠯᠳᠠᠯᠭ᠎ᠠ ᠪᠣᠯᠭᠠᠵᠤ᠂ ᠤᠯᠤᠰ ᠤᠨ ᠲᠠᠰ ᠳᠠᠪᠬᠤᠷᠭ᠎ᠠ ᠠᠴᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ | ᠠᠪᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠭᠠᠵᠠᠷ ᠣᠷᠣᠨ ᠤ ᠬᠢᠨ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠠᠴᠠ ᠭᠠᠳᠠᠨᠠᠬᠢ ᠡᠮ ᠤᠨ | ᠵᠦᠢᠯ ᠢ ᠮᠤᠵᠢ ᠶᠢᠨ ᠱᠠᠲᠤᠨ ᠳᠤ ᠪᠤᠶᠤ ᠮᠤᠵᠢ ᠠᠯᠤᠰᠯᠠᠨ ᠬᠤᠯᠪᠣᠭᠠᠯᠠᠵᠤ ᠬᠤᠳᠠᠯᠳᠤᠨ ᠠᠪᠬᠤ ᠠᠵᠢᠯ ᠢ ᠦᠷᠨᠢᠭᠦᠯᠬᠦ ᠬᠡᠷᠡᠭᠲᠡᠢ᠃ ᠡᠨᠡ ᠵᠢᠯ ᠤᠨ | ᠡᠴᠦᠰ ᠠᠴᠠ ᠡᠮᠦᠨ᠎ᠡ᠂ ᠤᠯᠤᠰ ᠪᠠ ᠮᠤᠵᠢ ᠶᠢᠨ ᠱᠠᠲᠤᠨ ᠤ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠮᠤᠵᠢ ᠨᠢᠭᠡᠪᠦᠷᠢ ᠳᠤ ᠨᠡᠶᠢᠲᠡ | 350 ᠠᠴᠠ ᠳᠡᠭᠡᠭᠰᠢ ᠪᠠᠶᠢᠯᠭᠠᠬᠤ ᠬᠡᠷᠡᠭᠲᠡᠢ᠃ ᠬᠤᠶᠠᠷ ᠲᠤ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠦᠨ | ᠬᠤᠳᠠᠯᠳᠤᠨ ᠠᠪᠬᠤ ᠪᠦᠷᠬᠦᠴᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠶᠠᠰᠤᠨ ᠤ ᠰᠠᠯᠠᠭᠠᠨ ᠤ ᠬᠤᠷᠣᠭᠳᠠᠯ | ᠮᠠᠲ᠋ᠧᠷᠢᠶᠠᠯ᠂ ᠡᠮ ᠤᠨ ᠪᠥᠮᠪᠥᠭᠡᠯᠢᠭ ᠤᠭᠤᠲᠠ᠂ ᠰᠠᠭᠤᠯᠭᠠᠬᠤ ᠰᠢᠳᠦ ᠵᠡᠷᠭᠡ ᠶᠢ ᠲᠣᠰ ᠲᠣᠰ ᠤᠯᠤᠰ ᠪᠠ ᠮᠤᠵᠢ ᠶᠢᠨ ᠱᠠᠲᠤᠨ ᠤ ᠲᠠᠰ ᠳᠠᠪᠬᠤᠷᠭ᠎ᠠ ᠳᠤ | ᠲᠦᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠬᠦ ᠬᠡᠷᠡᠭᠲᠡᠢ᠃ ᠭᠤᠷᠪᠠ ᠳᠤ᠂ ᠰᠣᠩᠭᠤᠭᠳᠠᠭᠰᠠᠨ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ | ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠬᠠᠩᠭᠠᠬᠤ ᠶᠢ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠣᠩᠭᠤᠭᠳᠠᠭᠰᠠᠨ ᠦᠢᠯᠡᠳᠬᠦᠨ ᠤ | ᠦᠨ᠎ᠡ ᠶᠢ ᠪᠠᠭᠤᠷᠠᠭᠤᠯᠬᠤ ᠠᠴᠠ ᠪᠢᠰᠢ ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ | ᠪᠠᠶᠢᠭᠤᠯᠤᠮᠵᠢ ᠨᠤᠭᠤᠳ ᠰᠣᠩᠭᠤᠭᠳᠠᠭᠰᠠᠨ ᠦᠢᠯᠡᠳᠬᠦᠨ ᠢ ᠵᠦᠶ ᠵᠣᠬᠢᠰᠲᠠᠶ ᠪᠠᠷ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ ᠳᠥᠷᠪᠡ ᠳᠤ᠂ ᠲᠦᠪᠯᠡᠷᠡᠭᠦᠯᠦᠨ | ᠬᠤᠳᠠᠯᠳᠤᠨ ᠠᠪᠬᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠡᠮᠨᠡᠯᠭᠡ ᠶᠢᠨ ᠠᠵᠢᠯᠲᠠᠨ ᠤ ᠣᠷᠣᠯᠭ᠎ᠠ ᠶᠢ ᠵᠦᠶ ᠵᠣᠬᠢᠰᠲᠠᠶ | ᠳᠡᠭᠡᠭᠰᠢᠯᠡᠭᠦᠯᠵᠦ᠂ ᠢᠳᠡᠪᠬᠢᠵᠢᠯ ᠢ ᠨᠠᠩ ᠰᠠᠶᠢᠨ ᠳᠠᠶᠢᠴᠢᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |