ᠪᠥᠬᠦ ᠬᠤᠲᠠ ᠶᠢᠨ ᠰᠢᠭᠦᠬᠦ ᠬᠤᠷᠢᠶᠠᠨ ᠤ ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ ᠠᠭᠢᠭᠤᠯᠤᠯᠳᠠ ᠶᠢᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2022/1/18
      1 ᠰᠠᠷ᠎ᠠ ᠶᠢᠨ 14 ᠤ ᠡᠳᠦᠷ᠂ ᠪᠥᠬᠦ ᠬᠤᠲᠠ ᠶᠢᠨ ᠰᠢᠭᠦᠬᠦ ᠬᠤᠷᠢᠶᠠᠨ ᠤ ᠵᠠᠷᠭᠤ ᠶᠢᠨ ᠢᠷᠡᠯᠲᠡ ᠶᠢ ᠵᠠᠰᠠᠬᠤ ᠠᠵᠢᠯ  ᠤᠨ ᠠᠭᠢᠭᠤᠯᠤᠯᠳᠠ ᠶᠢᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ᠃ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠷᠢᠶᠠᠨ ᠳᠠᠷᠤᠭ᠎ᠠ ᠰᠤ᠋ ᠯᠢ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠠᠶᠢᠩᠭᠤ ᠶᠢᠨ ᠳᠡᠳ᠋ ᠱᠦᠵᠢ ᠦ᠋ ᠶᠦᠩ ᠫᠢᠩ ᠬᠤᠷᠠᠯ ᠳᠤ ᠣᠷᠣᠯᠴᠠᠬᠤ ᠶᠢᠨ ᠬᠠᠮᠲᠤ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠰᠢᠶᠤᠤ ᠵᠢᠶᠦ᠋ᠨ ᠪᠠᠶᠠᠷ ᠤᠨ ᠦᠭᠡ ᠬᠡᠯᠡᠵᠦ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠳᠠᠷᠤᠭ᠎ᠠ ᠵᠢᠴᠢ ᠤᠳᠤᠷᠢᠳᠬᠤ ᠪᠠᠭ ᠤᠨ ᠪᠦᠷᠢᠯᠳᠦᠬᠦᠨ᠂ ᠬᠤᠶᠠᠷ ᠱᠠᠲᠤᠨ ᠤ ᠰᠢᠭᠦᠬᠦ ᠬᠤᠷᠢᠶᠠᠨ ᠤ ᠬᠡᠷᠡᠭ ᠳᠠᠩᠰᠠᠯᠠᠬᠤ ᠲᠢᠩᠬᠢᠮ ᠵᠢᠴᠢ ᠵᠠᠷᠭᠤ ᠶᠢᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
1.jpg
     
2.jpg
      ᠬᠤᠷᠠᠯ ᠠᠴᠠ ᠡᠮᠦᠨ᠎ᠡ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ᠂ ᠭᠠᠯᠠᠭᠤᠳᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠦᠨᠳᠦᠰᠦᠨ ᠱᠠᠲᠤᠨ ᠤ ᠵᠠᠰᠠᠯᠲᠠ᠂ ᠭᠠᠯᠠᠭᠤᠳᠤ ᠨᠢᠭᠡᠳᠦᠭᠡᠷ ᠲᠣᠮᠢᠯᠠᠭᠰᠠᠨ ᠰᠠᠯᠪᠤᠷᠢ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
3.jpg     
4.jpg
      ᠬᠤᠷᠠᠯ ᠳᠡᠭᠡᠷ᠎ᠡ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠡᠳ᠋ ᠬᠤᠷᠢᠶᠠᠨ ᠳᠠᠷᠤᠭ᠎ᠠ ᠵᠢᠶᠠ ᠴᠠᠩ ᠪᠢᠩ ᠪᠥᠬᠦ ᠬᠤᠲᠠ ᠶᠢᠨ ᠰᠢᠭᠦᠬᠦ ᠬᠤᠷᠢᠶᠠᠨ ᠤ ᠵᠠᠷᠭᠤ ᠶᠢᠨ ᠢᠷᠡᠯᠲᠡ ᠶᠢ ᠵᠠᠰᠠᠬᠤ ᠶᠢ ᠬᠡᠷᠡᠭᠵᠢᠭᠦᠯᠬᠦ ᠲᠥᠰᠦᠯ᠂ ᠬᠡᠷᠡᠭᠵᠢᠭᠦᠯᠬᠦ ᠨᠠᠷᠢᠨ ᠲᠦᠷᠢᠮ ᠤᠨ ᠲᠤᠬᠠᠶ ᠨᠠᠷᠢᠨ ᠲᠠᠶᠢᠯᠤᠮᠵᠢ ᠬᠢᠪᠠ᠃ ᠡᠯ᠎ᠡ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠬᠢᠨ ᠬᠤᠶᠠᠷ ᠲᠥᠰᠦᠯ ᠳᠤ ᠵᠠᠰᠠᠪᠤᠷᠢ ᠣᠷᠣᠭᠤᠯᠬᠤ ᠰᠠᠨᠠᠭᠤᠯᠭ᠎ᠠ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠬᠢᠯᠠᠰ ᠴᠡᠭ ᠤᠨ ᠠᠵᠢᠯ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠶᠢᠨ ᠲᠣᠭᠤᠷᠢᠨ ᠳᠤ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
5.jpg
           ᠬᠤᠷᠠᠯ ᠠᠴᠠ ᠵᠢᠭᠠᠵᠤ ᠭᠠᠷᠭᠠᠭᠰᠠᠨ ᠨᠢ᠂ ᠣᠷᠳᠣᠰ ᠬᠤᠲᠠ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠤᠲᠠ ᠶᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠢᠷᠠᠭᠤ ᠠᠯᠳᠠᠷ ᠪᠤᠯᠬᠤ ︽ᠴᠠᠩ ᠠᠨ ᠬᠤᠨᠲᠠᠭᠠᠲᠤ︾ ᠢᠷᠠᠭᠤ ᠠᠯᠳᠠᠷ ᠢ ᠬᠦᠷᠲᠡᠵᠦ ᠠᠮᠤᠷ ᠠᠮᠤᠭᠤᠯᠠᠩ᠂ ᠬᠠᠤᠯᠢ ᠪᠠᠷ ᠵᠠᠰᠠᠬᠤ ᠣᠷᠳᠣᠰ ᠤᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠠᠬᠢᠭᠤᠯᠬᠤ ᠵᠠᠩᠭᠢᠯᠠᠭ᠎ᠠ ᠶᠢᠨ ᠴᠠᠭ ᠮᠥᠴᠡ ᠳᠤ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠥᠬᠦ ᠬᠤᠲᠠ ᠶᠢᠨ ᠰᠢᠭᠦᠬᠦ ᠬᠤᠷᠢᠶ᠎ᠠ ᠶᠢᠨ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠤᠨ ᠪᠥᠬᠦ ᠬᠤᠲᠠ ᠶᠢᠨ ᠰᠢᠭᠦᠬᠦ ᠬᠤᠷᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠲᠦᠯᠬᠢᠨ ᠠᠬᠢᠭᠤᠯᠬᠤ᠂ ᠪᠥᠬᠦ ᠬᠤᠲᠠ ᠶᠢᠨ ᠰᠢᠭᠦᠬᠦ ᠬᠤᠷᠢᠶᠠᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠤᠷᠢᠯᠠᠭᠦ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠶᠢ ᠠᠬᠢᠭᠤᠯᠬᠤ᠂ ᠨᠠᠩ ᠥᠨᠳᠥᠷ ᠬᠢᠷᠢ ᠲᠦᠪᠰᠢᠨ ᠪᠥᠬᠦᠶ ᠠᠮᠤᠷ ᠠᠮᠤᠭᠤᠯᠠᠩ ᠤᠨ ᠪᠠᠶᠢᠭᠤᠯᠤᠯᠳᠠ ᠶᠢ ᠠᠬᠢᠭᠤᠯᠬᠤ᠂ ᠬᠠᠤᠯᠢ ᠪᠠᠷ ᠵᠠᠰᠠᠬᠤ ᠣᠷᠳᠣᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠠᠯᠤᠰ ᠬᠡᠲᠦ ᠶᠢᠨ ᠲᠡᠤᠬᠡᠲᠦ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠪᠦᠬᠦ ᠬᠤᠳᠠ ᠶᠢᠨ ᠰᠢᠭᠦᠬᠦ ᠬᠤᠷᠢᠶ᠎ᠠ ᠨᠢ ᠵᠣᠭᠰᠣᠴᠠ ᠪᠠᠨ ᠲᠡᠭᠡᠭᠰᠢᠯᠠᠭᠦᠯᠤᠨ ᠲᠠᠨᠢᠯᠲᠠ ᠪᠠᠨ ᠴᠢᠩᠭᠠᠳᠬᠠᠵᠤ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠢᠷᠡᠯᠳᠡ ᠶᠢ ᠵᠠᠰᠠᠬᠤ ᠠᠵᠢᠯ ᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ ᠶᠡᠭᠡ ᠲᠠᠯ᠎ᠠ ᠳᠤ ᠦᠢᠯᠡᠴᠢᠯᠡᠵᠦ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠢᠷᠡᠯᠳᠡ ᠶᠢ ᠵᠠᠰᠠᠬᠤ ᠠᠵᠢᠯ ᠤᠨ ᠳᠤᠮᠳᠠᠬᠢ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠬᠦ ᠬᠡᠷᠡᠭᠲᠡᠶ᠃ ᠠᠷᠭ᠎ᠠ ᠬᠡᠮᠵᠢᠶ᠎ᠡ ᠪᠠᠨ ᠴᠢᠩᠭᠠᠳᠬᠠᠨ ᠬᠠᠷᠢᠭᠤᠴᠠᠯᠭ᠎ᠠ ᠡᠭᠦᠷᠭᠡᠯᠡᠨ ᠴᠢᠳᠠᠮᠠᠭᠠᠢ ᠪᠠᠷ ᠠᠵᠢᠯᠯᠠᠵᠤ ᠪᠦᠬᠦ ᠬᠤᠳᠠ ᠶᠢᠨ ᠰᠢᠭᠦᠬᠦ ᠬᠤᠷᠢᠶᠠᠨ ᠤ ᠵᠠᠷᠭᠤ ᠶᠢᠨ ᠢᠷᠡᠯᠳᠡ ᠶᠢ ᠵᠠᠰᠠᠬᠤ ᠠᠵᠢᠯ ᠳᠤ ᠨᠡᠩ ᠰᠢᠯᠢᠳᠡᠭ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠵᠠᠷᠭᠤ ᠶᠢᠨ ᠢᠷᠡᠯᠳᠡ ᠶᠢ ᠵᠠᠰᠠᠬᠤ ᠪᠠ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠬᠠᠷᠢᠯᠴᠠᠨ ᠨᠥᠬᠦᠴᠡᠯᠳᠦᠬᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠠᠭᠢᠭᠤᠯᠤᠨ ᠤᠷᠳᠤᠰ ᠬᠤᠳᠠ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ᠂ ᠤᠷᠢᠳᠠᠪᠠᠷ ᠬᠡᠷᠡᠭᠵᠢᠭᠦᠯᠬᠦ ᠣᠷᠣᠨ ᠢ ᠪᠦᠳᠦᠬᠡᠨ ᠪᠠᠶᠢᠭᠤᠯᠬᠤ ᠳᠤ ᠬᠦᠴᠦᠨ ᠨᠡᠮᠡᠷᠢᠯᠡᠵᠤ ᠣᠳᠣᠬᠢᠴᠢᠯᠠᠭᠰᠠᠨ ᠤᠷᠳᠤᠰ ᠬᠤᠳᠠ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠲᠡᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃                                                                              ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ