ᠬᠤᠲᠠ ᠠᠴᠠ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠦᠨᠡᠯᠡᠨ ᠵᠢᠱᠢᠬᠦ ᠪᠠ ᠰᠢᠯᠭᠠᠨ ᠦᠨᠡᠯᠡᠬᠦ ᠠᠵᠢᠯ ᠤᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/18
      ᠤᠶᠢᠷ᠎ᠠ ᠶᠢᠨ ᠡᠳᠦᠷ᠂ ᠬᠤᠲᠠ ᠠᠴᠠ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠦᠨᠡᠯᠡᠨ ᠵᠢᠱᠢᠬᠦ ᠪᠠ ᠰᠢᠯᠭᠠᠨ ᠦᠨᠡᠯᠡᠬᠦ ᠠᠵᠢᠯ ᠤᠨ ᠰᠠᠭᠤᠳᠠᠯ ᠤᠨ ᠬᠤᠷᠠᠯ ᠬᠤᠷᠠᠯᠳᠤᠵᠤ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠶᠠᠩ ᠼᠦᠩ ᠹᠦ᠋ ᠪᠤᠯᠤᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠰᠤ᠋ ᠴᠢᠩ ᠫᠥ᠋ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠰᠠᠯᠠᠭᠠᠨ ᠲᠡᠰ ᠤᠨ ᠤᠳᠤᠷᠢᠳᠬᠤ ᠺᠠᠳ᠋ᠷ ᠤᠨ ᠲᠥᠯᠥᠭᠡᠯᠡᠭᠴᠢ᠂ ᠨᠠᠮ ᠤᠨ ᠭᠡᠰᠢᠭᠦᠨ ᠤ ᠲᠥᠯᠥᠭᠡᠯᠡᠭᠴᠢ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ᠂ ᠤᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠬᠤᠷᠠᠯ ᠳᠤ ᠤᠷᠤᠯᠴᠠᠭᠰᠠᠳ ᠮᠠᠨ ᠤ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠹᠢᠯᠢᠮ ᠢ ᠦᠵᠡᠪᠡ᠃ ᠭᠢᠨᠠᠨ ᠵᠢᠯᠣᠭᠤᠳᠬᠤ ᠳᠤᠭᠤᠶᠢᠯᠠᠩ ᠠᠴᠠ ᠦᠨᠡᠯᠡᠨ ᠵᠢᠱᠢᠬᠦ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠲᠠᠨᠢᠯᠴᠠᠭᠤᠯᠵᠤ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠳᠥᠷᠪᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠵᠡᠷᠭᠡ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠲᠥᠯᠥᠭᠡᠯᠡᠭᠴᠢ ᠪᠠ ᠬᠡᠰᠡᠭ ᠨᠠᠮ ᠤᠨ ᠭᠡᠰᠢᠭᠦᠨ ᠤ ᠲᠥᠯᠥᠭᠡᠯᠡᠭᠴᠢ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ᠂ ᠣᠯᠠᠨ ᠲᠦᠮᠡᠨ ᠤ ᠲᠥᠯᠥᠭᠡᠯᠡᠭᠴᠢ ᠮᠠᠨ ᠤ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠤᠬᠠᠶ ᠰᠠᠨᠠᠯ ᠢᠶᠠᠨ ᠰᠤᠯᠢᠯᠴᠠᠪᠠ᠃      ᠭᠢᠨᠠᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠠᠵᠢᠯ ᠳᠤ ᠨᠤᠳᠠᠯᠠᠯᠳᠠ ᠭᠢᠵᠤ ᠵᠢᠭᠠᠵᠤ ᠭᠠᠷᠭᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠨᠢᠭᠡᠨ ᠤᠷᠳᠤ ᠬᠤᠭᠤᠴᠠᠭᠠᠨ ᠤ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠤᠨ᠎ᠠ᠂ ᠦᠦᠰᠢᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠲᠦᠷᠢᠮ ᠤᠨ ᠲᠤᠭᠳᠠᠯᠴᠠᠭ᠎ᠠ ᠶᠢ ᠪᠠᠶᠢᠭᠤᠯᠵᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠠᠷᠠᠳ ᠤᠨ ᠲᠥᠯᠥᠭᠡ ᠦᠢᠯᠡᠴᠢᠯᠡᠬᠦ ᠵᠣᠷᠢᠯᠲᠠ ᠶᠢ ᠢᠳᠡᠪᠬᠢᠲᠡᠢ ᠦᠢᠯᠡᠳᠦᠯᠭᠡᠵᠢᠭᠦᠯᠵᠦ ᠦᠢᠯᠡᠴᠢᠯᠡᠭᠡᠨ ᠤ ᠠᠷᠭ᠎ᠠ ᠭᠡᠮᠵᠢᠶ᠎ᠠ ᠶᠢ ᠰᠢᠯᠢᠳᠡᠭᠵᠢᠭᠦᠯᠦᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠬᠡᠵᠢᠬᠦᠯᠬᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠤᠯᠠᠨ ᠲᠦᠮᠡᠨ ᠤ ᠭᠥᠴᠢᠷ ᠠᠰᠠᠭᠤᠳᠠᠯ ᠢ ᠦᠷᠭᠦᠯᠵᠢᠯᠡᠨ ᠰᠠᠶᠢᠳᠤᠷ ᠰᠢᠢᠳᠪᠦᠷᠢᠯᠡᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠯᠡᠯᠲᠡ ᠶᠢᠨ ᠬᠦᠰᠦᠨᠦᠭᠲᠦ ᠶᠢ ᠲᠠᠭᠯᠠᠵᠠᠢ᠃                                                      ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ