ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ ᠮᠠ ᠵᠢᠶᠠᠨ | | | | | | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠡᠨᠡ ᠪᠣᠯ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ᠤ ︽ᠰᠣᠷᠪᠤᠯᠵᠢᠯᠠᠭ᠎ᠠ︾ ᠪᠤᠯᠤᠩ ᠪᠣᠯᠣᠨ᠎ᠠ᠃ ᠥᠨᠥᠳᠥᠷ ᠪᠢᠳᠡ ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠳᠡᠳ᠋ ᠳᠠᠷᠤᠭ᠎ᠠ ᠮᠠ ᠵᠢᠶᠠᠨ ᠨᠥᠬᠦᠷ ᠢ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠳᠤ ᠪᠠᠨ ᠤᠷᠢᠵᠤ᠂ ᠪᠦᠭᠦ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠦᠯᠵᠢᠶᠡᠨ ᠤ ᠠᠨᠳᠠ ᠨᠠᠷ ᠲᠠᠢ ᠪᠠᠨ ᠰᠦᠯᠵᠢᠶᠡᠨ ᠳᠡᠭᠡᠷᠡᠬᠢ | ᠶᠠᠷᠢᠯᠴᠠᠭ᠎ᠠ ᠦᠷᠨᠢᠬᠦᠯᠬᠦ ᠪᠣᠯᠣᠨ᠎ᠠ᠃ ᠶᠠᠭᠤᠨ ᠤ ᠡᠮᠦᠨ᠎ᠡ ᠮᠠ ᠲᠣᠪᠴᠢᠶᠠᠨ ᠳᠠᠷᠤᠭ᠎ᠠ ᠪᠠᠨ ᠤᠷᠢᠵᠤ ᠰᠦᠯᠵᠢᠶᠡᠨ ᠤ ᠨᠠᠶᠢᠵᠠ ᠨᠠᠷ ᠲᠠᠢ ᠪᠠᠨ ᠵᠤᠯᠭᠠᠭᠤᠯᠤᠶᠠ︕ | | ᠮᠠ ᠲᠣᠪᠴᠢᠶᠠᠨ ᠳᠠᠷᠤᠭ᠎ᠠ᠄ ᠬᠥᠲᠥᠯᠥᠭᠴᠢ ᠰᠠᠶᠢᠨ ᠤᠤ︖ ᠲᠠᠶᠠᠭᠠᠷ ᠢᠶᠠᠨ ᠰᠠᠶᠢᠨ ᠪᠠᠶᠢᠵᠠᠭᠠᠨ᠎ᠠ ᠤᠤ︕ ︽ᠰᠣᠷᠪᠤᠯᠵᠢᠯᠠᠭ᠎ᠠ︾ ᠪᠠᠷ | ᠳᠠᠮᠵᠢᠭᠤᠯᠤᠨ ᠣᠯᠠᠨ ᠲᠠᠢ ᠰᠢᠨ᠎ᠡ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠲᠠᠯ᠎ᠠ ᠪᠠᠷ ᠬᠢ ᠠᠰᠠᠭᠤᠳᠠᠯ ᠢ ᠶᠠᠷᠢᠯᠴᠠᠬᠤ ᠪᠣᠯᠤᠭᠰᠠᠨ ᠳᠠᠭᠠᠨ | ᠮᠠᠰᠢ ᠪᠠᠶᠠᠷᠲᠠᠢ ᠪᠠᠶᠢᠨ᠎ᠠ᠃ ᠡᠩ ᠲᠡᠷᠢᠭᠦᠨ ᠳᠤ ᠪᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠲᠥᠯᠥᠭᠡᠯᠡᠨ᠂ ᠣᠯᠠᠨ ᠢᠶᠠᠷ ᠢᠶᠠᠨ | ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠢ ᠬᠠᠯᠠᠮᠵᠢᠯᠠᠵᠤ᠂ ᠤᠶᠢᠯᠠᠭᠠᠵᠤ᠂ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ ᠡᠭᠦᠨ ᠤ | ᠬᠠᠮᠲᠤ ᠤᠯᠠᠨ ᠢᠶᠠᠷ ᠢᠶᠠᠨ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠡᠪᠰᠢᠬᠦᠯᠬᠦ ᠶᠢ ᠬᠦᠰᠡᠵᠦ ᠪᠠᠶᠢᠨ᠎ᠠ᠃ | ᠬᠥᠲᠥᠯᠥᠭᠴᠢ᠄ ᠶᠠᠭᠤᠨ ᠳᠤ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠪᠣᠶ︖ | ᠮᠠ ᠲᠣᠪᠴᠢᠶᠠᠨ ᠳᠠᠷᠤᠭ᠎ᠠ᠄ ᠵᠠᠰᠠᠪᠤᠷᠢ ᠣᠷᠣᠭᠤᠯᠬᠤ ᠠᠴᠠ ᠡᠮᠦᠨᠡᠬᠢ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠨᠢ ᠣᠲᠣ ᠶᠢᠨ | ᠳᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠬᠥᠭᠵᠢᠯᠲᠡ ᠶᠢᠨ ᠬᠡᠷᠡᠭᠴᠡᠭᠡ ᠳᠤ ᠵᠤᠬᠢᠴᠠᠬᠤ | ᠦᠭᠡᠢ ᠪᠣᠯᠵᠤ᠂ ᠲᠠᠷᠢᠶᠠᠴᠢᠳ ᠤᠨ ᠭᠠᠵᠠᠷ ᠰᠢᠷᠣᠢ ᠶᠢᠨ ᠡᠷᠬᠡ ᠪᠣᠯᠣᠨ ᠬᠤᠲᠠ ᠪᠠᠯᠭᠠᠰᠤᠵᠢᠯᠲᠠ ᠳᠣᠣᠷᠠᠬᠢ ᠲᠠᠷᠢᠶᠠᠴᠢᠳ ᠤᠨ ᠭᠠᠵᠠᠷ ᠰᠢᠷᠣᠢ ᠡᠳ᠋ | ᠬᠥᠷᠥᠩᠭᠡ ᠶᠢᠨ ᠤᠬᠠᠮᠰᠠᠷ ᠤᠨ ᠰᠡᠬᠡᠭᠡᠷᠡᠯᠲᠡ ᠶᠢ ᠬᠢᠵᠠᠭᠠᠷᠯᠠᠵᠤ᠂ ᠠᠰᠢᠭᠯᠠᠯᠲᠠ ᠪᠠᠷ ᠭᠤᠣᠯ ᠪᠣᠯᠭᠠᠭᠰᠠᠨ ᠭᠠᠵᠠᠷ ᠰᠢᠷᠣᠢ ᠶᠢᠨ ᠬᠡᠷᠡᠭᠴᠡᠭᠡ ᠶᠢᠨ ᠬᠠᠮᠢᠶᠠᠷᠤᠯᠲᠠ | ᠨᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠠᠰᠢᠭ ᠦᠭᠡᠢ ᠪᠣᠯᠵᠠᠢ᠃ | ᠬᠥᠲᠥᠯᠥᠭᠴᠢ᠄ ᠰᠢᠨ᠎ᠡ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠳᠤ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖ | ᠮᠠ ᠲᠣᠪᠴᠢᠶᠠᠨ ᠳᠠᠷᠤᠭ᠎ᠠ᠄ ᠨᠢᠭᠡ ᠳᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ | ᠳᠡᠯᠭᠡᠭᠦᠷ ᠲᠤ ᠣᠷᠣᠬᠤ ᠬᠠᠤᠯᠢ ᠴᠠᠭᠠᠵᠠ ᠶᠢᠨ ᠬᠠᠷᠰᠢ ᠰᠠᠭᠠᠳ ᠢ ᠠᠷᠢᠯᠭᠠᠨ᠎ᠠ᠃ ᠬᠤᠶᠠᠷ ᠲᠤ ᠭᠠᠵᠠᠷ ᠰᠢᠷᠣᠢ ᠲᠠᠲᠠᠪᠤᠷᠢᠯᠠᠬᠤ ᠳᠦᠷᠢᠮ ᠢ ᠥᠭᠡᠷᠡᠴᠢᠯᠡᠨ᠎ᠡ᠃ | ⒈ᠭᠠᠵᠠᠷ ᠰᠢᠷᠣᠢ ᠲᠠᠲᠠᠪᠤᠷᠢᠯᠠᠬᠤ ᠶᠢᠨ ᠣᠯᠠᠨ ᠨᠡᠶᠢᠲᠡ ᠶᠢᠨ ᠠᠰᠢᠭ ᠲᠤᠰᠠ ᠶᠢᠨ ᠬᠦᠷᠢᠶ᠎ᠡ ᠬᠡᠪᠴᠢᠶ᠎ᠡ ᠶᠢ ᠲᠣᠳᠣᠷᠬᠠᠢ ᠵᠠᠭᠠᠭᠯᠠᠨ ᠲᠣᠭᠲᠠᠭᠠᠨ᠎ᠠ᠃ | ⒉ᠲᠠᠲᠠᠪᠤᠷᠢᠯᠠᠭᠰᠠᠨ ᠨᠥᠬᠦᠪᠦᠷᠢ ᠶᠢᠨ ᠦᠨᠳᠦᠰᠦᠨ ᠵᠠᠷᠴᠢᠮ ᠪᠣᠯ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠤᠤᠯ ᠤᠨ ᠠᠮᠢᠳᠤᠷᠠᠯ ᠤᠨ | ᠬᠢᠷᠢ ᠬᠡᠮᠵᠢᠶ᠎ᠡ ᠶᠢ ᠪᠠᠭᠤᠷᠠᠭᠤᠯᠬᠤ ᠦᠭᠡᠢ᠂ ᠤᠷᠳᠤ ᠬᠤᠭᠤᠴᠠᠭᠠᠨ ᠤ ᠠᠮᠢᠳᠤᠷᠠᠯ ᠢ ᠪᠠᠲᠤᠯᠠᠭ᠎ᠠ ᠲᠠᠢ ᠪᠠᠶᠢᠯᠭᠠᠬᠤ ᠶᠢ ᠪᠠᠲᠤᠯᠠᠬᠤ ᠶᠠᠪᠤᠳᠠᠯ ᠪᠣᠯᠣᠨ᠎ᠠ ᠭᠡᠳᠡᠭ ᠢ | ᠲᠣᠳᠣᠷᠬᠠᠶᠢᠯᠠᠪᠠ᠃ ⒊ᠭᠠᠵᠠᠷ ᠰᠢᠷᠣᠢ ᠲᠠᠲᠠᠪᠤᠷᠢᠯᠠᠬᠤ ᠶᠠᠪᠤᠴᠠ ᠳᠤ ᠥᠭᠡᠷᠡᠴᠢᠯᠡᠯᠲᠡ ᠬᠢᠨ᠎ᠡ᠃ ᠭᠤᠷᠪᠠ ᠳᠤ ᠬᠥᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ ᠤᠨ ᠳᠦᠷᠢᠮ ᠢ ᠲᠡᠭᠦᠯᠳᠡᠷᠵᠢᠭᠦᠯᠦᠨ᠎ᠡ᠃ ᠳᠥᠷᠪᠡ ᠳᠤ ︽ᠤᠯᠠᠨ ᠲᠥᠯᠦᠪᠵᠢᠭᠦᠯᠭᠡ ᠶᠢ ᠨᠢᠭᠡᠳᠬᠡᠬᠦ︾ ᠥᠭᠡᠷᠡᠴᠢᠯᠡᠯᠲᠡ ᠳᠤ ᠬᠠᠤᠯᠢ | ᠴᠠᠭᠠᠵᠠ ᠶᠢᠨ ᠣᠷᠣᠨ ᠵᠠᠢ ᠦᠯᠡᠳᠡᠭᠡᠵᠦ ᠥᠭᠭᠦᠨ᠎ᠡ᠃ ᠲᠠᠪᠤ ᠳᠤ ᠦᠨᠳᠦᠰᠦᠨ ᠲᠠᠷᠢᠶᠠᠨ ᠭᠠᠵᠠᠷ ᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠣᠯᠭᠠᠨ | ᠳᠡᠭᠡᠭᠰᠢᠯᠡᠭᠦᠯᠦᠨ᠎ᠡ᠃ ᠵᠢᠷᠭᠤᠭ᠎ᠠ ᠳᠤ ᠲᠥᠪ ᠤᠨ ᠪᠠ ᠣᠷᠣᠨ ᠨᠤᠲᠤᠭ ᠤᠨ ᠭᠠᠵᠠᠷ ᠰᠢᠷᠣᠢ ᠶᠢᠨ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠢ ᠵᠦᠢ | ᠵᠣᠬᠢᠰᠲᠠᠢ ᠬᠤᠪᠢᠶᠠᠷᠢᠯᠠᠨ᠎ᠠ᠃ ᠳᠣᠯᠤᠭ᠎ᠠ ᠳᠤ ᠭᠠᠵᠠᠷ ᠰᠢᠷᠣᠢ ᠶᠢᠨ ᠱᠠᠭᠠᠷᠳᠠᠨ ᠪᠠᠶᠢᠴᠠᠭᠠᠬᠤ ᠳᠦᠷᠢᠮ ᠢ ᠵᠢᠩᠬᠢᠨᠢ ᠪᠠᠷ ᠬᠠᠤᠯᠢ ᠳᠤ ᠣᠷᠣᠭᠤᠯᠪᠠ᠃ | ᠬᠥᠲᠥᠯᠥᠭᠴᠢ᠄ ᠲᠣᠰ ᠤᠳᠠᠭ᠎ᠠ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠣᠷᠣᠭᠤᠯᠬᠤ ᠳᠤ ᠶᠠᠮᠠᠷ ᠶᠠᠮᠠᠷ ᠵᠠᠷᠴᠢᠮ ᠢ | ᠪᠠᠷᠢᠮᠲᠠᠯᠠᠭᠰᠠᠨ ᠪᠤᠢ︖ | ᠮᠠ ᠲᠣᠪᠴᠢᠶᠠᠨ ᠳᠠᠷᠤᠭ᠎ᠠ᠄ ᠨᠢᠭᠡ ᠳᠤ ᠭᠠᠵᠠᠷ ᠰᠢᠷᠣᠢ ᠶᠢᠨ ᠨᠡᠶᠢᠲᠡ ᠶᠢᠨ ᠥᠮᠴᠢᠯᠡᠯ ᠤᠨ ᠲᠦᠷᠢᠮ ᠢ ᠭᠤᠶᠢᠪᠢᠰᠢ ᠦᠭᠡᠢ ᠪᠠᠷᠢᠮᠲᠠᠯᠠᠨ᠎ᠠ᠂ ᠡᠨᠡ ᠬᠦ | ᠵᠠᠷᠴᠢᠮ ᠪᠣᠯ ᠮᠠᠨ ᠤ ᠤᠯᠤᠰ ᠤᠨ ᠬᠡᠷᠡᠭᠵᠢᠭᠦᠯᠵᠦ ᠪᠠᠶᠢᠭ᠎ᠠ ᠨᠡᠶᠢᠭᠡᠮ ᠤᠨ ᠪᠠᠶᠢᠭᠤᠯᠤᠯ ᠠᠴᠠ ᠲᠣᠭᠲᠠᠭᠠᠭᠳᠠᠭᠰᠠᠨ ᠶᠤᠮ︔ ᠬᠤᠶᠠᠷ ᠲᠤ ᠲᠠᠷᠢᠶᠠᠴᠢᠳ ᠤᠨ | ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠨ᠎ᠠ᠂ ᠡᠨᠡ ᠬᠦ ᠵᠠᠷᠴᠢᠮ ᠪᠣᠯ ᠮᠠᠨ ᠤ ᠨᠠᠮ ᠤᠨ ᠵᠣᠷᠢᠯᠲᠠ ᠪᠠᠷ ᠲᠣᠭᠲᠠᠭᠠᠭᠳᠠᠭᠰᠠᠨ ᠶᠤᠮ︔ | ᠭᠤᠷᠪᠠ ᠳᠤ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠢ ᠶᠢ ᠭᠠᠮᠨᠠᠨ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ | ᠪᠠᠷᠢᠮᠲᠠᠯᠠᠨ᠎ᠠ᠂ ᠡᠨᠡ ᠬᠦ ᠵᠠᠷᠴᠢᠮ ᠪᠣᠯ ᠮᠠᠨ ᠤ ᠤᠯᠤᠰ ᠤᠨ ᠦᠨᠳᠦᠰᠦᠨ ᠤᠯᠤᠰ ᠤᠨ ᠪᠠᠶᠢᠳᠠᠯ ᠠᠴᠠ ᠲᠣᠭᠲᠠᠭᠠᠭᠳᠠᠭᠰᠠᠨ ᠶᠤᠮ᠃ | ᠬᠥᠲᠥᠯᠥᠭᠴᠢ᠄ ᠮᠠ ᠲᠣᠪᠴᠢᠶᠠᠨ ᠳᠠᠷᠤᠭ᠎ᠠ ᠶᠢᠨ ᠮᠠᠨ ᠤ ᠫᠷᠣᠭ᠍ᠷᠠᠮ ᠳᠤ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠃ | ᠮᠠ ᠲᠣᠪᠴᠢᠶᠠᠨ ᠳᠠᠷᠤᠭ᠎ᠠ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ︕ ᠪᠠᠶᠠᠷᠲᠠᠢ︕ | | | |