| | — ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠯᠢᠦ ᠰᠢᠶᠠᠩ ᠤᠨ ᠲᠤᠬᠠᠢ ᠲᠠᠳᠠᠯᠠᠭ᠎ᠠ | | ︽ᠯᠢᠦ ᠱᠦᠵᠢ ᠢᠷᠡᠭᠰᠡᠨ ᠤ ᠳᠠᠷᠠᠭ᠎ᠠ ᠭᠠᠴᠠᠭᠠᠨ ᠳᠤ ᠲᠦᠭᠡᠭᠡᠯ ᠤᠰᠤᠨ ᠤ ᠦᠢᠯᠡᠳᠪᠦᠷᠢ ᠪᠠᠶᠢᠭᠤᠯᠵᠤ᠂ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠵᠢᠯ ᠤᠨ ᠣᠷᠣᠯᠭ᠎ᠠ ᠶᠢ ᠵᠠᠭᠤᠨ ᠲᠦᠮᠡᠨ ᠲᠥᠭᠦᠷᠢᠭ ᠲᠤ ᠬᠦᠷᠭᠡᠵᠦ᠂ ᠭᠠᠴᠠᠭᠠᠨ ᠤ ᠠᠷᠠᠳ ᠤᠨ ᠠᠮᠢᠳᠤᠷᠠᠯ ᠴᠤ ᠡᠳᠦᠷ ᠠᠴᠠ ᠡᠳᠦᠷ | ᠥᠭᠡᠳᠡᠯᠡᠵᠦ ᠪᠠᠶᠢᠨ᠎ᠠ︾ ᠬᠡᠵᠤ ᠦᠤᠰᠢᠨ ᠬᠤᠰᠢᠭᠤᠨ ᠤ ᠤᠯᠠᠭᠠᠨᠲᠤᠯᠤᠭᠠᠢ ᠪᠠᠯᠭᠠᠰᠤᠨ ᠤ ᠪᠠᠶᠠᠨᠭᠤᠣᠯ ᠭᠠᠴᠠᠭ᠎ᠠ ᠶᠢᠨ ᠨᠠᠮ ᠤᠨ ᠡᠭᠦᠷ ᠤᠨ ᠱᠦᠵᠢ | ᠪᠤᠶᠠᠨᠴᠤᠭ ᠶᠠᠷᠢᠨ᠎ᠠ᠃ | ᠯᠢᠦ ᠱᠦᠵᠢ ᠶᠢᠨ ᠨᠡᠷ᠎ᠡ ᠶᠢ ᠯᠢᠦ ᠰᠢᠶᠠᠩ ᠭᠡᠳᠡᠭ᠂ ᠣᠷᠳᠣᠰ ᠤᠨ ᠡᠳᠦᠷ ᠤᠨ ᠰᠣᠨᠢᠨ ᠤ ᠬᠤᠷᠢᠶ᠎ᠠ ᠶᠢᠨ ᠠᠵᠢᠯᠳᠠᠨ ᠪᠣᠯᠣᠨ᠎ᠠ᠃ 2017 ᠣᠨ ᠳᠤ᠂ | ᠯᠢᠦ ᠰᠢᠶᠠᠩ ᠢ ᠪᠠᠶᠠᠨᠭᠤᠣᠯ ᠭᠠᠴᠠᠭ᠎ᠠ ᠳᠤ ᠲᠣᠮᠢᠯᠠᠨ ᠰᠠᠭᠤᠯᠭᠠᠵᠤ ᠭᠠᠴᠠᠭ᠎ᠠ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢᠨ ᠲᠤᠰᠢᠶᠠᠯ ᠢ | ᠡᠭᠦᠷᠭᠡᠯᠡᠭᠦᠯᠦᠭᠰᠡᠨ ᠠᠴᠠ ᠠᠪᠤᠭᠠᠳ ᠲᠡᠷᠡ ᠢᠮᠠᠭᠲᠠ ᠦᠭᠡ ᠳᠠᠭᠤᠨ ᠦᠭᠡᠢ ᠪᠠᠷ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠭᠡᠵᠦ᠂ ᠦᠷᠭᠦᠯᠵᠢ | ᠮᠠᠯ ᠤᠨ ᠪᠡᠯᠴᠢᠭᠡᠷ ᠲᠠᠷᠢᠶᠠᠨ ᠭᠠᠵᠠᠷ ᠢᠶᠠᠷ ᠬᠦᠷᠴᠦ ᠮᠠᠯᠴᠢᠨ ᠲᠠᠷᠢᠶᠠᠴᠢᠨ ᠤ ᠲᠤᠮᠳᠠ ᠭᠦᠨᠵᠡᠭᠡᠶᠢᠷᠡᠨ᠂ ᠬᠠᠯᠠᠭᠤᠨ ᠳᠣᠲᠣᠨᠣ ᠮᠡᠨᠳᠦᠴᠢᠯᠡᠯ ᠢᠶᠠᠷ ᠢᠶᠠᠨ ᠮᠠᠯᠴᠢᠨ | ᠲᠠᠷᠢᠶᠠᠴᠢᠨ ᠤ ᠰᠡᠳᠭᠢᠯ ᠢ ᠤᠯᠵᠦ᠂ ᠤᠶᠤᠨ ᠤᠬᠠᠭᠠᠨ ᠪᠠ ᠦᠢᠯᠡ ᠠᠵᠢᠯᠯᠠᠭ᠎ᠠ ᠪᠠᠷ ᠢᠶᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠳᠠᠭᠠᠭᠤᠯᠤᠨ | ᠪᠠᠶᠠᠵᠢᠯ ᠤᠨ ᠵᠠᠮ ᠢᠶᠠᠷ ᠵᠠᠮᠨᠠᠭᠤᠯᠵᠤ᠂ ᠰᠠᠶᠢᠨ ᠶᠠᠪᠤᠳᠠᠯ᠂ ᠪᠣᠳᠠᠲᠦ ᠶᠠᠪᠤᠳᠠᠯ ᠢᠶᠠᠷ ᠢᠶᠠᠨ ᠤᠯᠠᠨ ᠲᠦᠮᠡᠨ ᠤ ᠢᠲᠡᠭᠡᠯ ᠢ ᠨᠢ ᠤᠯᠵᠤ ᠰᠡᠳᠭᠢᠯ ᠢ ᠨᠢ | ᠳᠤᠯᠠᠭᠠᠴᠠᠭᠤᠯᠵᠠᠢ᠃ | ︽ᠵᠣᠭᠤᠰ ᠮᠥᠩᠭᠦ ᠡᠳ᠋ ᠪᠣᠳᠠᠰ ᠢᠶᠠᠷ ᠬᠠᠪᠰᠤᠷᠬᠤ ᠶᠢᠨ ᠣᠷᠣᠨ ᠳᠤ ᠨᠢᠭᠡᠨ ᠰᠠᠶᠢᠨ ᠨᠠᠮ ᠤᠨ ᠡᠭᠦᠷ ᠢ ᠪᠠᠶᠢᠭᠤᠯᠬᠤ ᠶᠢ ᠬᠦᠷᠬᠦ ᠦᠭᠡᠢ︾ | ︽ᠮᠠᠯᠴᠢᠨ ᠲᠠᠷᠢᠶᠠᠴᠢᠨ ᠳᠤ ᠠᠪᠴᠤ ᠬᠡᠯᠡᠪᠡᠯ ᠵᠣᠭᠤᠰ ᠮᠥᠩᠭᠦ ᠡᠳ᠋ ᠪᠣᠳᠠᠰ ᠢᠶᠠᠷ ᠬᠠᠪᠰᠤᠷᠬᠤ ᠪᠠᠷ ᠰᠠᠶᠢᠨ ᠨᠠᠮ ᠤᠨ ᠡᠭᠦᠷ ᠪᠠᠶᠢᠭᠤᠯᠬᠤ ᠶᠢ ᠬᠦᠷᠬᠦ | ᠦᠭᠡᠢ︾ ᠭᠡᠵᠦ ᠯᠢᠦ ᠰᠢᠶᠠᠩ ᠰᠤᠷᠪᠤᠯᠵᠢᠯᠠᠭᠴᠢ ᠳᠤ ᠬᠡᠯᠡᠪᠡ᠃ | ᠭᠠᠯᠲᠤ ᠲᠡᠷᠭᠡ ᠲᠦᠷᠭᠡᠨ ᠳᠠᠪᠬᠢᠬᠤ ᠳᠤ ᠲᠡᠷᠭᠡᠨ ᠤ ᠲᠣᠯᠣᠭᠠᠢ ᠳᠤ ᠯᠠ ᠲᠦᠰᠢᠭᠯᠡᠳᠡᠭ᠃ 2017 ᠣᠨ ᠳᠤ ᠭᠠᠴᠠᠭᠠᠨ ᠳᠤ ᠰᠠᠭᠤᠬᠤ ᠡᠬᠢᠨ ᠤ | ᠦᠶ᠎ᠡ ᠳᠤ ᠯᠢᠦ ᠰᠢᠶᠠᠩ ᠭᠠᠴᠠᠭᠠᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠦᠷᠢᠯᠳᠦᠭᠦᠨ ᠲᠠᠢ ᠬᠤᠯᠪᠤᠭᠠᠯᠠᠨ ᠡᠷᠦᠬᠡ ᠳᠠᠷᠠᠭᠠᠯᠠᠨ | ᠰᠤᠷᠪᠤᠯᠵᠢᠯᠠᠨ ᠪᠠᠶᠢᠴᠠᠭᠠᠵᠤ᠂ ᠭᠠᠴᠠᠭᠠᠨ ᠤ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠪᠠ᠃ ᠡᠨᠡ | ᠰᠠᠭᠤᠷᠢᠨ ᠳᠡᠭᠡᠷ᠎ᠡ ᠯᠢᠦ ᠰᠢᠶᠠᠩ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠳᠠᠭᠠᠭᠤᠯᠤᠨ ᠦᠵᠡᠰᠭᠦᠯᠡᠩᠲᠦ ᠰᠠᠶᠢᠬᠠᠨ ᠲᠣᠰᠬᠤᠨ ᠤ ᠠᠷᠠᠳ᠂ | ᠦᠵᠡᠰᠭᠦᠯᠡᠩᠲᠦ ᠰᠠᠶᠢᠬᠠᠨ ᠬᠦᠷᠢᠶ᠎ᠡ ᠬᠠᠰᠢᠶ᠎ᠠ᠂ ᠦᠵᠡᠰᠭᠦᠯᠡᠩᠲᠦ ᠰᠠᠶᠢᠬᠠᠨ ᠣᠷᠴᠢᠨ ᠲᠣᠭᠤᠷᠢᠨ᠂ ᠬᠠᠯᠠᠭᠤᠮᠰᠤᠭ ᠰᠠᠶᠢᠬᠠᠨ ᠦᠢᠯᠡᠴᠢᠯᠡᠭᠡ ︽ᠲᠦᠷᠪᠡᠨ | ᠰᠠᠶᠢᠬᠠᠨ ᠨᠢ ᠮᠠᠯᠴᠢᠨ ᠲᠠᠷᠢᠶᠠᠴᠢᠨ ᠠᠶᠢᠯ ᠳᠤ ᠪᠠᠶᠢᠬᠤ︾ ᠶᠢ ᠦᠨᠡᠯᠡᠬᠦ ᠠᠵᠢᠯᠯᠠᠭ᠎ᠠ ᠶᠢ ᠥᠷᠨᠢᠭᠦᠯᠵᠦ᠂ ︽ᠪᠠᠯᠭᠠᠰᠤᠨ ᠤ ᠺᠠᠳ᠋ᠷ ᠭᠠᠴᠠᠭ᠎ᠠ ᠪᠠᠭᠤᠵᠤ | ᠪᠠᠶᠢᠴᠠᠭᠠᠨ ᠰᠢᠢᠳᠪᠦᠷᠢᠯᠡᠬᠦ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠪᠠᠯᠭᠠᠰᠤᠨ ᠤ ᠬᠡᠷᠡᠭ ᠡᠷᠬᠢᠯᠡᠬᠦ ᠭᠠᠵᠠᠷ ᠲᠤ ᠣᠴᠢᠬᠤ᠂ ᠠᠵᠢᠯᠲᠠᠨ ᠬᠤᠳᠠ ᠳᠤ | ᠣᠷᠣᠵᠤ ᠬᠡᠷᠡᠭ ᠡᠷᠬᠢᠯᠡᠬᠦ︾ ᠦᠢᠯᠡᠴᠢᠯᠡᠭᠡᠨ ᠤ ᠠᠷᠭ᠎ᠠ ᠬᠡᠯᠪᠡᠷᠢ ᠶᠢ ᠠᠪᠴᠤ᠂ ᠮᠠᠯᠴᠢᠨ ᠲᠠᠷᠢᠶᠠᠴᠢᠨ ᠳᠤ ᠨᠡᠶᠢᠳᠡ 269 ᠤᠳᠠᠭ᠎ᠠ ᠶᠢᠨ ᠪᠣᠳᠠᠲᠠᠢ | ᠠᠰᠠᠭᠤᠳᠠᠯ ᠢ ᠰᠢᠢᠳᠪᠦᠷᠢᠯᠡᠵᠦ᠂ ︽ᠳᠡᠭᠡᠳᠦ ᠳᠣᠣᠷᠠᠳᠤ ᠱᠠᠲᠤ ᠪᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠬᠤ︾ ᠬᠥᠭᠵᠢᠯᠲᠡ ᠶᠢᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠡᠢ᠃ | ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ ᠯᠢᠦ ᠰᠢᠶᠠᠩ ᠰᠢᠨ᠎ᠡ ᠰᠡᠳᠭᠢᠴᠡ᠂ ᠰᠢᠨ᠎ᠡ ᠠᠷᠭ᠎ᠠ ᠪᠠᠷᠢᠯ᠂ ᠰᠢᠨ᠎ᠡ ᠲᠣᠭᠲᠠᠴᠠ ᠪᠠᠷ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠤᠬᠠᠭᠠᠯᠠᠨ ᠠᠬᠢᠭᠤᠯᠵᠤ᠂ ︽ᠨᠠᠮ ᠤᠨ ᠪᠠᠶᠢᠭᠤᠯᠤᠯᠲᠠ +︾ ᠠᠵᠢᠯ ᠤᠨ ᠲᠣᠭᠲᠠᠴᠠ ᠶᠢ ᠶᠡᠭᠡ ᠪᠠᠷ | ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠪᠠᠶᠠᠨᠭᠤᠣᠯ ᠭᠠᠴᠠᠭ᠎ᠠ ᠶᠢ ᠬᠥᠭᠵᠢᠭᠦᠯᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ | ᠠᠵᠢᠯ ᠬᠢᠭᠡᠳ ᠭᠤᠣᠯ ᠠᠵᠢᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠴᠢᠳᠠᠪᠤᠷᠢᠲᠠᠨ᠂ ᠪᠠᠶᠠᠵᠢᠭᠰᠠᠨ ᠴᠢᠳᠠᠪᠤᠷᠢᠲᠠᠨ᠂ ᠠᠵᠤ ᠦᠢᠯᠡᠰ ᠤᠨ ᠲᠣᠮᠣ ᠡᠷᠦᠬᠡ ᠵᠡᠷᠭᠡ ᠶᠢ | ᠭᠠᠴᠠᠭ᠎ᠠ ᠶᠢᠨ ︽ᠬᠤᠶᠠᠷ ᠵᠥᠪᠯᠡᠯ︾ ᠤᠨ ᠪᠠᠭ ᠲᠤ ᠣᠷᠣᠭᠤᠯᠬᠤ ᠶᠢ ᠢᠳᠡᠪᠬᠢᠲᠡᠢ ᠳᠠᠶᠢᠴᠢᠯᠠᠨ᠂ ᠭᠠᠴᠠᠭ᠎ᠠ ᠶᠢᠨ ︽ᠬᠤᠶᠠᠷ ᠵᠥᠪᠯᠡᠯ︾ ᠤᠨ ᠪᠠᠭ ᠤᠨ ᠰᠢᠨ᠎ᠡ | ᠬᠠᠭᠤᠴᠢᠨ ᠤ ᠰᠤᠯᠢᠯᠴᠠᠭ᠎ᠠ ᠶᠢ ᠲᠤᠬᠢᠳᠡᠢ ᠪᠠᠶᠢᠷᠢᠯᠠᠭᠤᠯᠪᠠ︔ ︽3 + 1︾ ᠶᠢᠨ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠪᠦᠲᠦᠭᠡᠨ ᠪᠠᠶᠢᠭᠤᠯᠬᠤ | ᠨᠢᠭᠡᠴᠢ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠵᠢᠴᠢ ᠮᠠᠯᠴᠢᠨ ᠲᠠᠷᠢᠶᠠᠴᠢᠳ ᠤᠨ ᠣᠶᠢᠯᠠᠭᠠᠯᠲᠠ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ | ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠬᠤ | ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ︽ᠨᠠᠮ ᠤᠨ ᠡᠭᠦᠷ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾᠂ ︽ᠨᠠᠮ ᠤᠨ ᠭᠡᠰᠢᠭᠦᠨ ᠤ | ᠭᠤᠣᠯᠳᠠᠯᠭᠠᠲᠤ ᠡᠷᠦᠬᠡ + ᠮᠠᠯᠴᠢᠨ ᠲᠠᠷᠢᠶᠠᠴᠢᠨ ᠡᠷᠦᠬᠡ︾᠂ ︽ᠨᠠᠮ ᠤᠨ ᠭᠡᠰᠢᠭᠦᠨ ᠺᠠᠳ᠋ᠷ + ᠶᠠᠳᠠᠭᠤ ᠬᠦᠴᠢᠷᠳᠡᠯᠲᠡᠢ ᠡᠷᠦᠬᠡ︾ ᠵᠡᠷᠭᠡ ᠵᠠᠭᠪᠤᠷ ᠢ | ᠰᠦᠪᠡᠭᠴᠢᠯᠡᠨ ᠬᠡᠷᠡᠭᠵᠢᠭᠦᠯᠵᠦ᠂ ᠨᠠᠮ ᠤᠨ ᠡᠭᠦᠷ ᠢ ᠠᠵᠤ ᠦᠢᠯᠡᠰ ᠤᠨ ᠬᠡᠯᠬᠢᠶ᠎ᠡ ᠳᠤ ᠦᠨᠡᠨ ᠬᠦ ᠪᠠᠶᠢᠭᠤᠯᠤᠨ᠂ ᠨᠠᠮ ᠤᠨ ᠪᠠᠶᠢᠭᠤᠯᠤᠯᠲᠠ ᠶᠢᠨ | ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠵᠤ᠂ ᠭᠠᠴᠠᠭᠠᠨ ᠤ ᠪᠥᠬᠦ ᠮᠠᠯᠴᠢᠨ ᠲᠠᠷᠢᠶᠠᠴᠢᠳ ᠢ ᠦᠨᠡᠨ ᠰᠡᠳᠭᠢᠯ ᠠᠴᠠ ᠪᠠᠨ | ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠦᠭᠰᠡᠨ ᠪᠠᠶᠢᠨ᠎ᠠ᠃ | ︽ᠡᠭᠡᠯ ᠠᠷᠠᠳ ᠤᠨ ᠶᠠᠪᠤᠳᠠᠯ ᠪᠣᠯ ᠮᠢᠨᠤ ᠶᠠᠪᠤᠳᠠᠯ ᠮᠥᠨ︾ | ︽ᠠᠷᠠᠳ ᠤᠯᠠᠨ ᠤ ᠶᠠᠪᠤᠳᠠᠯ ᠪᠣᠯ ᠳᠠᠷᠤᠢ ᠮᠢᠨᠤ ᠶᠠᠪᠤᠳᠠᠯ ᠮᠥᠨ᠂ ᠭᠠᠴᠠᠭ᠎ᠠ ᠲᠣᠰᠬᠤᠨ ᠳᠤ ᠰᠠᠭᠤᠵᠤ ᠠᠵᠢᠯᠯᠠᠬᠤ ᠪᠣᠯ ᠳᠠᠷᠤᠢ ᠯᠠᠪᠳᠠᠭᠤᠨ | ᠪᠠᠲᠤᠲᠠᠢ ᠪᠠᠷ ᠪᠣᠳᠠᠲᠠᠢ ᠠᠵᠢᠯ ᠬᠢᠵᠦ᠂ ᠬᠥᠳᠡᠭᠡ ᠲᠣᠰᠬᠤᠨ ᠢ ᠬᠥᠭᠵᠢᠭᠦᠯᠬᠦ ᠵᠠᠮ ᠢᠶᠠᠷ ᠬᠥᠮᠥᠨ ᠨᠢᠭᠡ ᠪᠦᠷᠢ ᠶᠢ ᠡ᠊ᠩᠨᠡᠭᠡ ᠠᠴᠠ ᠬᠤᠴᠣᠷᠤᠭᠤᠯᠬᠤ ᠦᠭᠡᠢ | ᠪᠠᠶᠢᠬᠤ ᠬᠡᠷᠡᠭᠲᠡᠢ︕︾ ᠭᠡᠵᠦ ᠯᠢᠦ ᠰᠢᠶᠠᠩ ᠶᠠᠷᠢᠵᠤ ᠪᠠᠶᠢᠯ᠎ᠠ᠃ | ᠴᠢᠨᠡᠭᠡᠯᠢᠭ ᠪᠣᠯᠤᠭᠰᠠᠨ ᠡᠰᠡᠬᠦ ᠶᠢ ᠦᠵᠡᠬᠦ ᠳᠤ ᠵᠠᠩᠭᠢᠯᠠᠭ᠎ᠠ ᠨᠢ ᠠᠷᠠᠳ ᠤᠨ ᠠᠮᠢᠳᠤᠷᠠᠯ ᠢ ᠦᠵᠡᠨ᠎ᠡ᠃ ᠯᠢᠦ ᠰᠢᠶᠠᠩ ᠬᠥᠳᠡᠭᠡ ᠲᠣᠰᠬᠤᠨ ᠢ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠮᠠᠯᠴᠢᠨ ᠲᠠᠷᠢᠶᠠᠴᠢᠨ ᠳᠤ ᠤᠯᠤᠰ ᠤᠨ | ᠲᠦᠷᠦ ᠶᠢᠨ ᠪᠣᠳᠣᠯᠭ᠎ᠠ ᠪᠣᠯᠣᠨ ᠬᠥᠭᠵᠢᠯᠲᠡ ᠶᠢᠨ ᠠᠯᠤᠰ ᠤᠨ ᠲᠦᠯᠦᠪᠢ ᠭᠦᠢᠴᠡᠳ ᠣᠶᠢᠯᠠᠭᠠᠭᠤᠯᠵᠤ᠂ ᠠᠮᠢᠳᠤᠷᠠᠯ ᠳᠠᠭᠠᠨ ᠨᠡᠩ ᠢᠲᠡᠭᠡᠯ ᠵᠣᠷᠢᠭ ᠪᠣᠯᠣᠨ | ᠬᠦᠰᠡᠯ ᠡᠷᠡᠮᠡᠯᠵᠡᠯ ᠲᠠᠢ ᠪᠣᠯᠭᠠᠵᠤ᠂ ᠴᠢᠨᠠᠭᠰᠢᠳᠠ ᠭᠠᠴᠠᠭᠠᠨ ᠤ ︽ᠬᠤᠶᠠᠷ ᠵᠥᠪᠯᠡᠯ︾ ᠲᠠᠢ ᠬᠠᠮᠲᠤ ᠪᠠᠷ ᠠᠷᠭ᠎ᠠ ᠪᠤᠳᠤᠯᠭ᠎ᠠ ᠤᠬᠠᠭᠠᠯᠠᠳᠠᠭ᠃ ᠲᠠᠪᠤᠨ | ᠵᠢᠯ ᠤᠨ ᠲᠤᠷᠰᠢ᠂ ᠲᠡᠷᠡ ᠭᠠᠴᠠᠭᠠᠨ ᠤ ᠪᠠᠨ ᠭᠡᠷ ᠪᠦᠯᠢ ᠨᠢᠭᠡ ᠪᠦᠷᠢ ᠶᠢᠨ ᠪᠠᠶᠢᠳᠠᠯ ᠢ ᠰᠠᠶᠢᠨ ᠤᠶᠢᠯᠠᠭᠠᠬᠰᠠᠨ ᠪᠣᠯᠪᠠᠴᠤ ᠰᠢᠨ᠎ᠡ ᠠᠰᠠᠭᠤᠳᠠᠯ ᠤᠨ ᠡᠮᠦᠨ᠎ᠡ | ᠮᠥᠨ ᠯᠡ ᠬᠠᠯᠠᠰᠢᠷᠠᠯ ᠦᠭᠡᠢ ᠪᠠᠷ ᠠᠶᠢᠯ ᠡᠷᠤᠭᠡ ᠪᠠᠷ ᠰᠤᠷᠪᠤᠯᠵᠢᠯᠠᠳᠠᠭ᠃ ︽ᠤᠤᠯ ᠨᠢ ᠠᠶᠢᠯ ᠡᠷᠦᠬᠡ ᠪᠠᠷ ᠦᠷᠭᠦᠯᠵᠢ ᠠᠶᠢᠯᠴᠢᠯᠠᠳᠠᠭ ᠨᠢ ᠭᠠᠴᠠᠭᠠᠨ ᠤ | ᠠᠷᠠᠳ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠶᠢᠨ ᠲᠥᠯᠥ᠋ᠭᠡ ᠶᠤᠮ᠂ ᠤᠳᠤ ᠬᠡᠳᠦ᠋ᠪᠡᠷ ᠶᠠᠳᠠᠭᠤ ᠠᠴᠠ ᠠᠩᠭᠢᠵᠢᠷᠠᠭᠰᠠᠨ ᠪᠣᠯᠪᠠᠴᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠡᠷᠬᠢᠨ ᠪᠠᠬᠢᠵᠢᠭᠦᠯᠤᠨ ᠥᠷᠭᠡᠳᠭᠡᠬᠦ ᠪᠠ ᠬᠥᠳᠡᠭᠡ ᠲᠣᠰᠬᠤᠨ ᠢ ᠬᠥᠭᠵᠢᠭᠦᠯᠭᠦ ᠲᠠᠢ | ᠪᠦᠲᠦᠮᠵᠢᠲᠡᠢ ᠵᠣᠯᠭᠠᠭᠤᠯᠬᠤ ᠳᠤ ᠮᠥᠨ ᠴᠦ ᠠᠶᠢᠯ ᠡᠷᠦᠬᠡ ᠪᠠᠷ ᠦᠷᠭᠦᠯᠵᠢ ᠣᠷᠣᠵᠤ ᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠᠲᠠᠢ ᠶᠤᠮ᠃ ᠤᠳᠤ | ᠠᠮᠢᠳᠤᠷᠠᠯ ᠰᠠᠶᠢᠵᠢᠷᠠᠬᠰᠠᠨ᠂ ᠤᠯᠠᠨ ᠢᠶᠠᠷ ᠢᠶᠠᠨ ᠭᠠᠴᠠᠭᠠᠨ ᠤ ᠬᠠᠮᠲᠤ ᠨᠡᠶᠢᠲᠡ ᠶᠢᠨ ᠶᠠᠪᠤᠳᠠᠯ ᠢ ᠨᠡᠩ ᠢᠯᠡᠭᠦᠦ ᠠᠩᠬᠠᠷᠴᠤ ᠪᠠᠶᠢᠨ᠎ᠠ᠂ ᠭᠠᠴᠠᠭᠠᠨ ᠤ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠲᠡᠳᠡ ᠪᠠᠰᠠ ᠮᠠᠰᠢ ᠤᠯᠠᠨ ᠥᠪᠡᠷ ᠤᠨ ᠪᠤᠳᠤᠯ ᠲᠠᠢ ᠪᠠᠶᠢᠨ᠎ᠠ︕︾ ᠭᠡᠵᠦ ᠯᠢᠦ ᠰᠢᠶᠡᠩ ᠬᠡᠯᠡᠵᠤ ᠪᠠᠶᠢᠪᠠ᠃ | ᠰᠤᠷᠪᠤᠯᠵᠢᠯᠠᠭᠴᠢ ᠯᠢᠦ ᠰᠢᠶᠠᠩ ᠲᠠᠢ ᠠᠭᠤᠯᠵᠠᠬᠤ ᠦᠶ᠎ᠡ ᠳᠤ ᠲᠡᠷᠡ ᠶᠠᠭ ᠶᠠᠳᠠᠭᠤ ᠠᠴᠠ ᠠᠩᠭᠢᠵᠢᠷᠠᠭᠰᠠᠨ ᠨᠠᠷᠠᠰᠤ ᠶᠢᠨ ᠭᠡᠷ ᠲᠤ ᠰᠠᠨᠠᠯ ᠬᠤᠷᠢᠶᠠᠵᠤ ᠪᠠᠶᠢᠪᠠ᠃ | ᠲᠡᠭᠦᠨ ᠤ ᠲᠡᠮᠳᠡᠭᠯᠡᠯ ᠤᠨ ᠳᠡᠪᠲᠡᠷ ᠲᠤ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠵᠥᠷᠢᠴᠡᠯ ᠵᠠᠭᠤᠷᠠᠯᠳᠤᠭᠠᠨ ᠢ | ᠡᠶᠡᠳᠡᠭᠦᠯᠬᠦ ᠵᠡᠷᠭᠡ ᠤᠯᠠᠨ ᠲᠦᠮᠡᠨ ᠤ ᠲᠤᠰᠬᠠᠭᠰᠠᠨ ᠬᠡᠷᠡᠭ ᠶᠠᠪᠤᠳᠠᠯ ᠢ ᠲᠦᠭᠦᠷᠡᠲᠡᠯ᠎ᠡ ᠲᠡᠮᠳᠡᠭᠯᠡᠭᠰᠡᠨ ᠪᠠᠶᠢᠪᠠ᠃ ᠣᠷᠣᠰᠢᠵᠤ ᠪᠠᠶᠢᠭ᠎ᠠ ᠠᠰᠠᠭᠤᠳᠠᠯ ᠢ ᠲᠡᠷᠡ | ᠴᠠᠭ ᠲᠠᠷᠤᠢ ᠳᠤᠨᠢ ᠭᠠᠴᠠᠭᠠᠨ ᠤ ᠠᠷᠠᠳ ᠤᠨ ᠲᠦᠯᠦᠭᠡᠯᠡᠭᠴᠢᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ ᠶᠠᠷᠢᠯᠴᠠᠨ ᠰᠢᠢᠳᠪᠦᠷᠢᠯᠡᠳᠡᠭ ᠠᠴᠠ ᠪᠠᠭ᠎ᠠ | ᠶᠠᠪᠤᠳᠠᠯ ᠢ ᠭᠠᠴᠠᠭᠠᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ ᠴᠢᠳᠠᠬᠰᠠᠨ | ᠪᠠᠶᠢᠨ᠎ᠠ᠃ | ︽ᠯᠢᠦ ᠱᠦᠵᠢ ᠡᠳᠦᠷ ᠪᠣᠯᠭᠠᠨ ᠮᠠᠯᠴᠢᠨ ᠲᠠᠷᠢᠶᠠᠴᠢᠨ ᠲᠠᠢ ᠵᠣᠭᠤᠭᠳᠠᠳᠠᠭ ᠠᠴᠠ ᠲᠡᠷᠡ ᠤᠯᠠᠨ ᠲᠠᠢ ᠲᠤᠳᠤᠨᠤᠰᠤᠭ ᠬᠠᠷᠢᠴᠠᠭ᠎ᠠ ᠶᠢ ᠪᠠᠶᠢᠭᠤᠯᠵᠠᠢ᠃ | ᠢᠯᠠᠩᠭᠤᠶ᠎ᠠ ᠵᠢᠯ ᠴᠠᠭᠠᠨ ᠰᠠᠷ᠎ᠠ ᠪᠣᠯᠬᠤ ᠪᠦᠷᠢ ᠲᠡᠷᠡ ᠦᠨᠳᠦᠰᠦᠨ ᠳᠡᠭᠡᠨ ᠠᠮᠠᠷᠠᠬᠤ ᠦᠭᠡᠢ ᠪᠠᠶᠢᠵᠤ᠂ ᠭᠠᠴᠠᠭ᠎ᠠ ᠶᠢᠨ ᠬᠢᠨ ᠪᠠᠶᠠᠷ ᠳᠤᠷᠠᠰᠬᠠᠯ ᠤᠨ ᠡᠳᠤᠷ ᠤᠨ | ᠴᠢᠯᠦ᠋ᠭᠡ ᠲᠠᠯᠪᠢᠬᠤ ᠦᠶ᠎ᠡ ᠳᠤ ᠬᠥᠮᠥᠨ ᠨᠡᠯᠢᠶᠡᠳ ᠤᠯᠠᠨ ᠪᠠᠶᠢᠬᠤ ᠶᠢ ᠮᠡᠳᠡᠮᠡᠭᠴᠡ ᠲᠡᠷᠡ ᠡᠷᠦᠬᠡ ᠳᠠᠷᠠᠭᠠᠯᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ | ᠠᠮᠢᠳᠤᠷᠠᠯ ᠤᠨ ᠪᠠᠶᠢᠳᠠᠯ ᠢ ᠪᠠᠶᠢᠴᠠᠭᠠᠨ ᠦᠵᠡᠵᠦ᠂ ᠪᠠᠰᠠ ᠦᠷᠭᠦᠯᠵᠢ ᠥᠪᠡᠷ ᠤᠨ ᠴᠠᠯᠢᠩ ᠢᠶᠠᠷ ᠢᠶᠠᠨ ᠶᠠᠭᠤᠮ᠎ᠠ ᠠᠪᠴᠤ ᠶᠠᠳᠠᠭᠤ ᠠᠴᠠ ᠠᠩᠭᠢᠵᠢᠷᠠᠭᠰᠠᠨ | ᠡᠷᠦᠬᠡ ᠶᠢ ᠲᠣᠬᠤᠨᠢᠭᠤᠯᠳᠠᠭ︾ ᠭᠡᠵᠦ ᠪᠤᠶᠠᠨᠴᠤᠭ ᠰᠡᠳᠭᠢᠯ ᠲᠤᠬᠳᠤᠯᠤᠨ ᠶᠠᠷᠢᠯ᠎ᠠ᠃ | ︽ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠢ ᠬᠥᠭᠵᠢᠭᠦᠯᠤᠨ᠎ᠠ︾ | ︽ᠬᠥᠳᠡᠭᠡ ᠲᠣᠰᠬᠤᠨ ᠢ ᠬᠥᠭᠵᠢᠭᠦᠯᠬᠦ ᠶᠢᠨ ᠰᠠᠭᠤᠷᠢ ᠨᠢ ᠳᠠᠷᠤᠢ ᠠᠵᠤ ᠦᠢᠯᠡᠰ ᠲᠤ ᠪᠤᠢ᠂ ᠬᠡᠷᠬᠢᠨ ᠲᠤᠭᠳᠠᠪᠤᠷᠢᠳᠠᠢ ᠦᠢᠯᠡᠳᠪᠦᠷᠢᠯᠡᠯ ᠪᠠ | ᠲᠤᠭᠳᠠᠪᠤᠷᠢᠳᠠᠢ ᠦᠢᠯᠡᠰ ᠢ ᠴᠣᠭᠴᠠᠯᠠᠵᠤ᠂ ︿ᠴᠢᠰᠤ ᠪᠦᠲᠦᠭᠡᠬᠦ﹀ ᠮᠠᠶ᠋ᠢᠭ ᠤᠨ ᠬᠠᠪᠰᠤᠷᠤᠨ ᠲᠡᠳᠬᠦᠬᠦ ᠶᠢ ᠪᠡᠶᠡᠯᠡᠭᠦᠯᠬᠦ ᠪᠣᠯ ᠮᠢᠨᠤ ᠭᠠᠴᠠᠭᠠᠨ ᠳᠤ | ᠰᠠᠭᠤᠭᠰᠠᠨ ᠠᠴᠠ ᠨᠠᠭᠠᠰᠢ ᠢᠮᠠᠭᠲᠠ ᠬᠢᠭᠰᠡᠭᠡᠷ ᠢᠷᠡᠭᠰᠡᠨ ᠶᠠᠪᠤᠳᠠᠯ ᠪᠣᠯᠣᠨ᠎ᠠ︾ ᠭᠡᠵᠦ ᠯᠢᠦ ᠰᠢᠶᠠᠩ ᠲᠠᠨᠢᠯᠴᠠᠭᠤᠯᠪᠠ᠃ | ᠨᠢᠭᠡ ᠭᠠᠴᠠᠭᠠᠨ ᠤ ᠬᠦᠴᠦᠷᠬᠡᠭ ᠡᠰᠡᠬᠦ ᠶᠢᠨ ᠵᠠᠩᠭᠢᠯᠠᠭ᠎ᠠ ᠨᠢ ᠠᠵᠤ ᠦᠢᠯᠡᠰ ᠲᠤ ᠲᠦᠰᠢᠭᠯᠡᠨ᠎ᠡ᠃ ᠯᠢᠦ ᠰᠢᠶᠠᠩ ᠭᠠᠴᠠᠭᠠᠨ ᠤ ︽ᠬᠤᠶᠠᠷ ᠵᠥᠪᠯᠡᠯ︾ | ᠤᠨ ᠪᠠᠭ ᠲᠠᠢ ᠠᠵᠤ ᠦᠢᠯᠡᠰ ᠢ ᠬᠥᠭᠵᠢᠭᠦᠯᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠥᠭᠵᠢᠯᠲᠡ ᠶᠢᠨ ᠨᠥᠬᠦᠴᠡᠯ ᠢ | ᠬᠦᠴᠦᠯᠡᠨ ᠰᠠᠶᠢᠵᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠬᠦ ᠠᠵᠤ | ᠦᠢᠯᠡᠰ ᠤᠨ ᠰᠠᠭᠤᠷᠢ ᠶᠢ ᠪᠡᠳᠦ ᠪᠠᠬᠢᠵᠢᠭᠦᠯᠦᠭᠰᠡᠨ ᠶᠤᠮ᠃ | ︽ᠪᠢᠳᠡ ︿ᠨᠠᠮ ᠤᠨ ᠡᠭᠦᠷ + ᠬᠤᠷᠰᠢᠶᠠᠵᠢᠯ + ᠠᠵᠤ ᠠᠬᠤᠶᠢᠯᠠᠯ + ᠮᠠᠯᠵᠢᠬᠤ ᠲᠠᠷᠢᠶᠠᠯᠠᠬᠤ ᠡᠷᠦᠬᠡ﹀ ᠶᠢᠨ ᠬᠠᠮᠲᠤᠷᠠᠯᠴᠠᠭᠠᠨ ᠤ ᠵᠠᠭᠪᠤᠷ ᠢᠶᠠᠷ | ᠠᠵᠤ ᠦᠢᠯᠡᠰ ᠤᠨ ᠬᠥᠭᠵᠢᠯᠲᠡ ᠪᠣᠯᠣᠨ ᠬᠦᠴᠢᠷᠳᠡᠯᠲᠡᠢ ᠤᠯᠠᠨ ᠲᠦᠮᠡᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠡᠷᠦᠬᠡ ᠳᠤ | ᠳᠤᠮᠳᠠᠴᠢ ᠪᠠᠷ 1 ᠵᠦᠢᠯ ᠠᠴᠠ ᠳᠡᠭᠡᠭᠰᠢ ᠬᠠᠷᠢᠴᠠᠩᠭᠤᠢ ᠲᠣᠭᠲᠠᠭᠤᠨ ᠣᠷᠣᠯᠭ᠎ᠠ ᠶᠢ ᠨᠡᠮᠡᠭᠳᠡᠭᠦᠯᠬᠦ ᠠᠵᠤ ᠦᠢᠯᠡᠰ ᠲᠠᠢ ᠪᠠᠶᠢᠬᠤ ᠶᠢ ᠪᠠᠳᠤᠯᠠᠵᠤ ᠪᠠᠶᠢᠨ᠎ᠠ︾ | ᠬᠡᠵᠤ ᠪᠤᠶᠠᠨᠴᠤᠭ ᠲᠠᠨᠢᠯᠴᠠᠭᠤᠯᠪᠠ᠃ ᠭᠠᠴᠠᠭ᠎ᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠰᠢᠯᠤᠭᠤᠳᠬᠠᠬᠤ ᠶᠢᠨ | ᠲᠦᠯᠦᠭᠡ᠂ ᠯᠢᠦ ᠰᠢᠶᠠᠩ ︽ᠲᠦᠮᠡᠨ ᠠᠵᠤ ᠠᠬᠤᠶᠢᠯᠠᠯ ᠲᠦᠮᠡᠨ ᠭᠠᠴᠠᠭ᠎ᠠ ᠲᠣᠰᠬᠤᠨ ᠢ ᠲᠡᠮᠵᠢᠭᠦ︾ ᠠᠵᠢᠯᠯᠠᠭ᠎ᠠ ᠶᠢᠨ ᠠᠵᠠ ᠲᠤᠬᠢᠶᠠᠯ ᠢ ᠡᠵᠡᠮᠳᠡᠨ᠂ | ᠲᠤᠬᠠᠢ ᠶᠢᠨ ᠭᠠᠵᠠᠷ ᠤᠨ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠠᠷ ᠪᠣᠷᠣᠯᠠᠭᠤᠯᠬᠤ ᠶᠢ ᠠᠬᠢᠭᠤᠯᠵᠤ᠂ ︽ᠬᠡᠪᠴᠢᠶᠡᠵᠢᠭᠦᠯᠤᠨ ᠲᠡᠵᠢᠭᠡᠨ ᠦᠷᠡᠵᠢᠭᠦᠯᠬᠦ᠂ ᠨᠠᠷᠢᠯᠢᠭ | ᠪᠣᠯᠪᠠᠰᠤᠷᠠᠭᠤᠯᠬᠤ᠂ ᠦᠢᠯᠡᠳᠪᠦᠷᠢᠯᠡᠵᠦ ᠪᠣᠷᠣᠯᠠᠭᠤᠯᠬᠤ ᠶᠢ ᠤᠶᠠᠯᠳᠤᠭᠤᠯᠬᠤ︾ ᠶᠢᠨ ᠣᠷᠭᠠᠨᠢᠭ ᠨᠢᠭᠡᠳᠦᠯ ᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠶᠡᠭᠡ ᠪᠠᠷ ᠨᠡᠮᠡᠭᠳᠡᠭᠦᠯᠪᠡ᠃ ᠢᠯᠠᠩᠭᠤᠶ᠎ᠠ ᠪᠠᠶᠠᠨᠭᠤᠤᠯ ᠤᠨ ᠰᠢᠪᠡᠷ ᠪᠤᠯᠠᠭ ᠤᠨ ᠤᠰᠤᠨ ᠤ ᠦᠢᠯᠡᠳᠪᠦᠷᠢ ᠶᠢ ᠠᠮᠵᠢᠯᠲᠠ ᠲᠠᠢ | ᠠᠵᠢᠯᠯᠠᠭᠤᠯᠤᠭᠰᠠᠨ ᠢᠶᠠᠷ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠶᠢ 100 ᠲᠦᠮᠡᠨ ᠲᠥᠭᠦᠷᠢᠭ ᠠᠴᠠ ᠳᠠᠪᠠᠭᠤᠯᠵᠠᠢ᠃ | ᠡᠭᠦᠨ ᠤ ᠬᠠᠮᠲᠤ᠂ ᠯᠢᠦ ᠰᠢᠶᠠᠩ ᠭᠠᠴᠠᠭ᠎ᠠ ᠪᠠᠨ ᠳᠠᠭᠠᠭᠤᠯᠤᠨ ᠲᠠᠯ᠎ᠠ ᠨᠤᠲᠤᠭ ᠤᠨ ᠤᠯᠠᠭᠠᠨ ᠦᠬᠡᠷ᠂ ᠦᠦᠰᠢᠨ ᠵᠢᠷᠤᠭ᠎ᠠ ᠮᠤᠷᠢ ᠵᠡᠷᠭᠡ ᠲᠡᠵᠢᠭᠡᠨ | ᠦᠷᠡᠵᠢᠭᠦᠯᠬᠦ ᠦᠢᠯᠡᠰ ᠢ ᠶᠡᠭᠡ ᠪᠠᠷ ᠬᠥᠭᠵᠢᠭᠦᠯᠬᠦ ᠶᠢᠨ ᠬᠠᠮᠲᠤ ᠣᠷᠳᠣᠰ ᠤᠨ ᠨᠠᠷᠢᠨ ᠨᠣᠣᠰᠣᠲᠤ ᠬᠤᠨᠢ ᠶᠢ ᠲᠡᠵᠢᠭᠡᠨ ᠦᠷᠡᠵᠢᠭᠦᠯᠭᠦ ᠶᠢ ᠠᠬᠢᠭᠤᠯᠤᠨ᠂ ᠮᠠᠯ | ᠠᠵᠤ ᠠᠬᠤᠢ ᠶᠢᠨ ᠠᠵᠤ ᠦᠢᠯᠡᠰᠵᠢᠯᠲᠡ ᠶᠢᠨ ᠠᠬᠢᠴᠠ ᠶᠢ ᠲᠦᠷᠭᠡᠳᠭᠡᠨ᠂ ᠴᠢᠨᠠᠷ ᠰᠠᠶᠢᠲᠠᠢ ᠮᠢᠬᠠᠨ ᠬᠤᠨᠢ᠂ ᠮᠢᠬᠠᠨ ᠦᠬᠡᠷ᠂ ᠭᠠᠭᠠᠢ ᠪᠠ ᠵᠢᠭᠦᠷᠲᠡᠨ ᠤ | ᠲᠥᠷᠥᠯ ᠤᠨ ᠲᠡᠵᠢᠭᠡᠨ ᠦᠷᠡᠵᠢᠭᠦᠯᠬᠦ ᠬᠡᠮᠵᠢᠶ᠎ᠡ ᠶᠢ ᠥᠷᠭᠡᠳᠭᠡᠵᠦ᠂ ᠪᠥᠬᠦ ᠭᠠᠴᠠᠭ᠎ᠠ ᠶᠢᠨ ᠮᠠᠯᠴᠢᠨ ᠲᠠᠷᠢᠶᠠᠴᠢᠨ ᠡᠷᠦᠬᠡ ᠯᠦᠭᠡ ᠨᠢᠭᠲᠠ ᠠᠰᠢᠭ ᠲᠤᠰᠠ ᠶᠢᠨ | ᠬᠤᠯᠪᠣᠯᠳᠤᠭᠰᠠᠨ ᠲᠣᠭᠲᠠᠴᠠ ᠶᠢ ᠪᠠᠶᠢᠭᠤᠯᠪᠠ᠃ | ᠪᠠᠶᠠᠨᠭᠤᠣᠯ ᠭᠠᠴᠠᠭ᠎ᠠ ᠶᠢᠨ ᠡᠷᠭᠢᠨ ᠲᠣᠭᠤᠷᠢᠨ ᠳᠤ ᠡᠯᠪᠡᠭ ᠪᠠᠶᠠᠯᠢᠭ ᠰᠣᠶᠣᠯ ᠵᠤᠭᠠᠴᠠᠯ ᠤᠨ ᠡᠬᠢ ᠪᠠᠶᠠᠯᠢᠭ ᠲᠠᠢ᠂ ᠯᠢᠦ ᠰᠢᠶᠠᠩ ᠪᠣᠯᠣᠨ ᠭᠠᠴᠠᠭᠠᠨ ᠤ | ︽ᠬᠤᠶᠠᠷ ᠵᠥᠪᠯᠡᠯ︾ ᠤᠨ ᠪᠠᠭ ᠣᠩᠭᠤᠨ ᠮᠠᠩᠬ᠎ᠠ ᠡᠯᠡᠰᠦᠨ ᠴᠥᠯ᠂ ᠴᠠᠬᠢᠷᠮ᠎ᠠ ᠴᠡᠴᠡᠭ ᠤᠨ ᠭᠡᠷᠡᠯ ᠵᠢᠷᠤᠭ ᠤᠨ ᠰᠠᠭᠤᠷᠢᠨ ᠭᠠᠵᠠᠷ ᠵᠡᠷᠭᠡ ᠣᠨᠴᠠᠯᠢᠭᠲᠤ | ᠦᠵᠡᠮᠵᠢ ᠶᠢᠨ ᠡᠬᠢ ᠪᠠᠶᠠᠯᠢᠭ ᠢ ᠠᠮᠢᠯᠠᠭᠤᠯᠵᠤ᠂ ᠴᠠᠬᠢᠷᠮ᠎ᠠ ᠴᠡᠴᠡᠭ ᠤᠨ ᠵᠤᠭᠠᠴᠠᠯ ᠤᠨ ᠰᠣᠶᠣᠯ ᠤᠨ ᠨᠠᠶᠢᠷ᠂ ᠣᠩᠭᠤᠨ ᠮᠠᠩᠬ᠎ᠠ ᠡᠯᠡᠰᠦᠨ ᠴᠥᠯ ᠤᠨ | ᠬᠡᠭᠡᠷ᠎ᠡ ᠶᠢᠨ ᠤᠷᠤᠯᠳᠤᠭᠠᠨ᠂ ᠠᠳᠤᠭᠤᠨ ᠤ ᠰᠣᠶᠣᠯ ᠤᠨ ᠲᠣᠭᠯᠠᠯᠲᠠ ᠵᠡᠷᠭᠡ ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ︽ᠬᠥᠳᠡᠭᠡ ᠲᠣᠰᠬᠤᠨ ᠤ | ᠵᠤᠭᠠᠴᠠᠯ — ᠬᠥᠳᠡᠭᠡ ᠲᠣᠰᠬᠤᠨ ᠤ ᠰᠡᠯᠡᠭᠦᠴᠡᠯ ᠵᠤᠭᠠᠴᠠᠯ︾ ᠤᠨ ᠬᠥᠳᠡᠭᠡ ᠲᠣᠰᠬᠤᠨ ᠤ ᠵᠤᠭᠠᠴᠠᠯ ᠤᠨ ᠬᠡᠯᠪᠡᠷᠢ ᠪᠠᠶᠢᠳᠠᠯ ᠢ ᠶᠡᠭᠡ ᠪᠠᠷ ᠪᠤᠶᠢᠵᠢᠭᠤᠯᠵᠤ᠂ | ᠵᠤᠭᠠᠴᠠᠯ ᠤᠨ ᠵᠣᠴᠢᠯᠠᠭ᠎ᠠ ᠡᠷᠭᠢᠯᠡᠭᠰᠡᠨ ᠮᠠᠯᠴᠢᠨ ᠲᠠᠷᠢᠶᠠᠴᠢᠨ ᠡᠷᠦᠬᠡ ᠶᠢᠨ ᠵᠢᠯ ᠤᠨ ᠣᠷᠣᠯᠭ᠎ᠠ ᠨᠢ ᠳᠤᠮᠳᠠᠴᠢ ᠪᠠᠷ ᠲᠦᠮᠡᠨ ᠲᠥᠭᠦᠷᠢᠭ ᠠᠴᠠ ᠳᠡᠭᠡᠭᠰᠢ | ᠪᠠᠶᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠤᠨ ᠪᠠᠶᠠᠵᠢᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠭᠡᠪᠡ᠃ ᠲᠡᠳᠡ ᠪᠠᠰᠠ | ᠦᠨᠳᠦᠰᠦᠲᠡᠨ ᠤ ᠣᠨᠴᠠᠯᠢᠭᠲᠤ ᠭᠠᠷ ᠤᠷᠠᠯᠠᠯ ᠤᠨ ᠦᠢᠯᠡᠰ ᠢ ᠶᠡᠭᠡ ᠪᠠᠷ ᠬᠥᠭᠵᠢᠭᠦᠯᠵᠦ᠂ ︽ᠦᠦᠰᠢᠨ ᠤ ᠭᠠᠷ ᠤᠷᠠᠯᠠᠯ︾ ᠤᠨ ᠡᠭᠦᠰᠦᠯᠲᠡ ᠶᠢᠨ | ᠭᠠᠵᠠᠷ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠠᠷᠠᠰᠤᠨ ᠤᠷᠠᠯᠠᠯ᠂ ᠦᠨᠳᠦᠰᠦᠲᠡᠨ ᠤ ᠬᠤᠪᠴᠠᠰᠤ ᠵᠠᠰᠠᠯ᠂ ᠬᠠᠳᠬᠤᠮᠠᠯ ᠰᠡᠶᠢᠯᠤᠮᠠᠯ᠂ ᠴᠠᠭᠠᠨ | ᠢᠳᠡᠭᠡᠨ ᠤ ᠵᠦᠢᠯ ᠵᠡᠷᠭᠡ ᠤᠯᠠᠮᠵᠢᠯᠠᠯᠲᠤ ᠣᠨᠴᠠᠯᠢᠭᠲᠤ ᠭᠠᠷ ᠦᠢᠯᠡᠳᠪᠦᠷᠢ ᠶᠢᠨ ᠬᠥᠭᠵᠢᠯᠲᠡ ᠶᠢ ᠠᠬᠢᠭᠤᠯᠪᠠ᠃ | 2022 ᠣᠨ ᠠᠴᠠ ᠨᠠᠭᠠᠰᠢ᠂ ᠯᠢᠦ ᠰᠢᠶᠠᠩ ᠭᠠᠴᠠᠭ᠎ᠠ ᠶᠢᠨ ︽ᠬᠤᠶᠠᠷ ᠵᠥᠪᠯᠡᠯ︾ ᠤᠨ ᠤᠳᠤᠷᠢᠳᠬᠤ ᠪᠠᠭ ᠲᠠᠢ ᠬᠠᠮᠵᠢᠯᠴᠠᠨ ᠪᠠᠶᠠᠨᠭᠤᠣᠯ | ᠭᠠᠴᠠᠭ᠎ᠠ ᠳᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠯᠠᠭᠠᠨ ᠬᠠᠷ᠎ᠠ ᠰᠠᠮᠪᠠᠷ᠎ᠠ ᠶᠢᠨ ᠳᠦᠷᠢᠮ ᠢ ᠬᠡᠷᠡᠭᠵᠢᠭᠦᠯᠵᠦ᠂ ᠣᠳᠣᠬᠠᠨ ᠳᠤ ᠨᠢᠭᠡᠨᠲᠡ 200 | ᠭᠠᠷᠤᠢ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠪᠡ︔ ᠭᠠᠴᠠᠭᠠᠨ ᠤ ᠬᠢᠨ ᠪᠠᠰᠠ ᠬᠤᠪᠢ ᠬᠤᠷᠠᠮᠳᠤᠭᠤᠯᠵᠤ ᠵᠣᠭᠤᠰ | ᠰᠣᠯᠢᠬᠤ ᠳᠦᠷᠢᠮ ᠢ ᠬᠡᠷᠡᠭᠵᠢᠭᠦᠯᠵᠦ᠂ ᠣᠯᠠᠨ ᠲᠦᠮᠡᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠤᠯᠴᠠᠬᠤ ᠳᠣᠲᠣᠭᠠᠳᠤ ᠬᠦ᠋ᠳᠡᠯᠭᠡᠭᠦ | ᠬᠦᠴᠦᠨ ᠢ ᠶᠡᠭᠡ ᠪᠠᠷ ᠬᠥᠭᠵᠢᠭᠡᠪᠡ᠃ | ︽ᠨᠠᠮ ᠤᠨ ᠭᠡᠰᠢᠭᠦᠨ ᠨᠢᠭᠡ ᠪᠦᠷᠢ ᠴᠥᠮ ᠨᠢᠭᠡᠨ ᠲᠤᠭ ᠲᠡᠮᠳᠡᠭ ᠮᠥᠨ︾ | ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠭᠠᠰᠢ᠂ ᠯᠢᠦ ᠰᠢᠶᠠᠩ ᠭᠠᠴᠠᠭᠠᠨ ᠤ ︽ᠬᠤᠶᠠᠷ ᠵᠥᠪᠯᠡᠯ︾ ᠤᠨ | ᠪᠠᠭ ᠤᠨ ᠬᠢᠨ ᠲᠠᠢ ᠬᠠᠮᠲᠤ ᠮᠠᠯᠴᠢᠨ ᠲᠠᠷᠢᠶᠠᠴᠢᠳ ᠤᠨ ᠭᠡᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠪᠠ ᠲᠣᠥᠷᠵᠢᠭᠤᠯᠤᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠡᠷᠦᠬᠡ ᠳᠤ ᠬᠦᠷᠲᠡᠯ᠎ᠡ᠂ ᠲᠡᠷᠭᠡᠨ ᠳᠤ ᠬᠦᠷᠲᠡᠯ᠎ᠡ᠂ ᠬᠥᠮᠥᠨ ᠠᠮᠠ ᠳᠤ ᠬᠦᠷᠲᠡᠯ᠎ᠡ | ᠨᠡᠶᠢᠳᠡᠮ ᠪᠦᠷᠬᠦᠭᠦᠯᠬᠦ ᠶᠢ ᠦᠨᠡᠨ ᠬᠦ ᠪᠡᠶᠡᠯᠡᠭᠦᠯᠪᠡ︔ ᠯᠢᠦ ᠰᠢᠶᠠᠩ ᠭᠠᠴᠠᠭ᠎ᠠ ᠶᠢᠨ ︽ᠬᠤᠶᠠᠷ ᠵᠥᠪᠯᠡᠯ︾ ᠢ ᠪᠦᠬᠦ ᠬᠦᠴᠦᠨ ᠢᠶᠠᠷ ᠢᠶᠠᠨ ᠬᠠᠪᠰᠤᠷᠤᠨ | ᠰᠡᠷᠭᠡᠶᠢᠯᠡᠨ ᠡᠵᠡᠮᠳᠡᠬᠦ ᠬᠦᠴᠦᠨ ᠪᠣᠯᠣᠨ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠤᠬᠠᠭᠤᠯᠭ᠎ᠠ ᠶᠢᠨ ᠬᠠᠭᠤᠳᠠᠰᠤ᠂ ᠬᠥᠨᠳᠡᠯᠡᠨ ᠪᠢᠴᠢᠭᠡᠰᠦ᠂ ᠨᠡᠭᠦᠳᠡᠯ ᠤᠬᠠᠭᠤᠯᠭ᠎ᠠ ᠶᠢᠨ ᠲᠡᠷᠭᠡ᠂ ᠵᠢᠷᠭᠢᠶ᠎ᠡ ᠵᠡᠷᠭᠡ ᠶᠢ ᠠᠰᠢᠭᠯᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠮᠠᠯᠴᠢᠨ ᠲᠠᠷᠢᠶᠠᠴᠢᠨ ᠤ ᠬᠢᠵᠢᠭ ᠤᠨ ᠪᠠᠶᠢᠳᠠᠯ ᠢ ᠵᠥᠪ ᠲᠠᠨᠢᠬᠤ᠂ | ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠢ ᠢᠲᠡᠭᠡᠬᠦ ᠦᠭᠡᠢ ᠪᠠᠶᠢᠬᠤ ᠶᠢ ᠵᠢᠭᠠᠨ ᠵᠢᠯᠣᠭᠤᠳᠪᠠ᠃ ᠪᠠᠯᠭᠠᠰᠤᠨ ᠤ ᠵᠠᠰᠠᠭ ᠤᠨ | ᠣᠷᠳᠣᠨ ᠠᠴᠠ ᠪᠠᠶᠠᠨᠭᠤᠣᠯ ᠭᠠᠴᠠᠭ᠎ᠠ ᠶᠢᠨ ᠬᠡᠰᠡᠭ ᠲᠤ ᠪᠠᠶᠢᠴᠠᠭᠠᠬᠤ ᠦᠷᠲᠡᠭᠡ ᠪᠠᠶᠢᠭᠤᠯᠬᠤ ᠪᠠᠷ ᠲᠣᠭᠲᠠᠭᠰᠠᠨ ᠢ ᠮᠡᠳᠡᠭᠰᠡᠨ ᠤ ᠳᠠᠷᠠᠭ᠎ᠠ᠂ ᠯᠢᠦ ᠰᠢᠶᠠᠩ | ᠭᠠᠴᠠᠭ᠎ᠠ ᠶᠢᠨ ︽ᠬᠤᠶᠠᠷ ᠵᠥᠪᠯᠡᠯ︾ ᠤᠨ ᠪᠠᠭ ᠲᠠᠢ ᠢᠳᠡᠪᠬᠢᠲᠡᠢ ᠬᠠᠮᠵᠢᠯᠴᠠᠵᠤ᠂ ᠭᠠᠵᠠᠷ ᠰᠣᠩᠭᠤᠬᠤ ᠠᠴᠠ ᠠᠪᠤᠭᠠᠳ ᠪᠠᠶᠢᠭᠤᠯᠬᠤ᠂ ᠵᠢᠵᠢᠭᠦᠷᠯᠡᠬᠦ | ᠬᠦᠷᠲᠡᠯ᠎ᠡ᠂ ᠪᠠᠶ᠎ᠠ ᠶᠢᠨ ᠳᠤᠯᠠᠭᠠᠨ ᠢ ᠬᠡᠮᠵᠢᠬᠦ ᠠᠴᠠ ᠠᠪᠤᠭᠠᠳ ᠳᠠᠩᠰᠠᠯᠠᠬᠤ᠂ ᠠᠷᠢᠭᠤᠳᠬᠠᠬᠤ ᠬᠦᠷᠲᠡᠯ᠎ᠡ ᠲᠡᠷᠡ ᠬᠡᠵᠢᠶᠡᠳᠡ ᠨᠢᠭᠡᠳᠦᠭᠡᠷ ᠹᠷᠣᠨᠲ ᠲᠤ | ᠭᠦᠨᠵᠠᠭᠡᠶᠢᠷᠡᠵᠤ᠂ ᠡᠳᠦᠷ ᠪᠦᠷᠢ ᠵᠢᠵᠢᠭᠦᠷᠯᠡᠨ ᠰᠠᠬᠢᠬᠤ ᠶᠢ ᠪᠠᠷᠢᠮᠲᠠᠯᠠᠳᠠᠭ᠃ ︽ᠨᠠᠮ ᠤᠨ ᠭᠡᠰᠢᠭᠦᠨ ᠨᠢᠭᠡ ᠪᠦᠷᠢ ᠴᠥᠮ ᠨᠢᠭᠡᠨ ᠲᠤᠭ ᠲᠡᠮᠳᠡᠭ ᠮᠥᠨ᠂ ᠪᠢ | ᠨᠠᠮ ᠤᠨ ᠬᠥᠮᠦᠵᠢᠯ ᠢ ᠣᠯᠠᠨ ᠵᠢᠯ ᠬᠦᠷᠲᠡᠵᠦ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ ᠣᠯᠠᠨ ᠢᠶᠠᠷ ᠢᠶᠠᠨ ᠴᠥᠮ | ᠨᠠᠮ᠎ᠠ ᠶᠢ ᠬᠠᠷᠠᠵᠤ ᠪᠠᠶᠢᠨ᠎ᠠ᠂ ᠡᠶᠢᠮᠦ ᠦᠶ᠎ᠡ ᠳᠤ ᠪᠢ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ ᠪᠠᠶᠢᠵᠤ᠂ ᠨᠠᠮ ᠪᠣᠯᠣᠨ ᠨᠠᠮ᠎ᠠ ᠶᠢ ᠢᠲᠡᠭᠡᠵᠦ | ᠪᠠᠶᠢᠭ᠎ᠠ ᠮᠠᠯᠴᠢᠨ ᠲᠠᠷᠢᠶᠠᠴᠢᠨ ᠳᠤ ᠬᠡᠷᠬᠢᠨ ᠣᠰᠣᠯᠳᠣᠵᠤ ᠪᠤᠯᠬᠤ ᠪᠤᠶ︾ ᠭᠡᠵᠦ ᠯᠢᠦ ᠰᠢᠶᠠᠩ ᠡᠷᠡᠰ ᠰᠢᠭᠤᠷᠬᠠᠢ ᠶᠠᠷᠢᠳᠠᠭ ᠪᠠᠶᠢᠯ᠎ᠠ᠃ | ᠯᠢᠦ ᠰᠢᠶᠠᠩ ᠪᠤᠯᠤᠨ ᠭᠠᠴᠠᠭ᠎ᠠ ᠶᠢᠨ ︽ᠬᠤᠶᠠᠷ ᠵᠥᠪᠯᠡᠯ︾ ᠤᠨ ᠪᠠᠭ ᠵᠢᠴᠢ ᠪᠦᠬᠦ ᠭᠠᠴᠠᠭᠠᠨ ᠤ ᠠᠷᠠᠳ ᠤᠨ ᠬᠠᠮᠲᠤ ᠶᠢᠨ ᠴᠢᠷᠮᠠᠶᠢᠯᠭ᠎ᠠ ᠪᠠᠷ | ᠪᠠᠶᠠᠨᠭᠤᠣᠯ ᠭᠠᠴᠠᠭ᠎ᠠ ᠨᠢ ᠮᠠᠯ ᠠᠵᠤ ᠠᠬᠤᠢ ᠲᠠᠷᠢᠶᠠᠯᠠᠩ ᠬᠦᠴᠦᠷᠬᠡᠭ᠂ ᠮᠠᠯᠵᠢᠬᠤ ᠲᠠᠷᠢᠶᠠᠯᠠᠬᠤ ᠣᠷᠣᠨ ᠭᠦᠭᠵᠢᠩᠭᠦᠢ᠂ ᠮᠠᠯᠴᠢᠨ ᠲᠠᠷᠢᠶᠠᠴᠢᠨ ᠪᠠᠶᠠᠨ | ᠴᠢᠨᠡᠭᠡᠯᠢᠭ ᠪᠠᠶᠢᠬᠤ ᠰᠠᠶᠢᠨ ᠰᠠᠶᠢᠬᠠᠨ ᠬᠠᠷᠠᠯᠲᠠ ᠲᠡᠶᠢᠰᠢ ᠤᠷᠤᠭᠰᠢᠯᠠᠵᠤ᠂ ᠤᠷᠢᠳ ᠬᠤᠵᠢᠳ ᠣᠷᠳᠣᠰ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠬᠦ | ᠲᠠᠭᠤᠷᠢᠶᠠᠯ ᠦᠵᠡᠭᠦᠯᠬᠦ ᠭᠠᠴᠠᠭ᠎ᠠ ᠲᠣᠰᠬᠤᠨ᠂ ᠥᠪᠡᠷᠲᠡᠭᠡᠨ ᠵᠠᠰᠠᠬᠤ ᠣᠷᠣᠨ ᠤ ︽ᠮᠢᠩᠭᠠᠨ ᠭᠠᠴᠠᠭ᠎ᠠ ᠲᠣᠰᠬᠤᠨ ᠢᠶᠠᠷ ᠲᠠᠭᠤᠷᠢᠶᠠᠯ ᠦᠵᠡᠭᠦᠯᠵᠦ᠂ ᠲᠦᠮᠡᠨ | ᠭᠠᠴᠠᠭ᠎ᠠ ᠲᠣᠰᠬᠤᠨ ᠢᠶᠠᠷ ᠠᠵᠢᠯᠯᠠᠭ᠎ᠠ ᠥᠷᠨᠢᠭᠦᠯᠬᠦ︾ ᠲᠠᠭᠤᠷᠢᠶᠠᠯ ᠦᠵᠡᠭᠦᠯᠬᠦ ᠭᠠᠴᠠᠭ᠎ᠠ ᠲᠣᠰᠬᠤᠨ ᠢᠶᠠᠷ ᠲᠣᠭᠲᠠᠭᠠᠭᠳᠠᠵᠠᠢ᠃ | ᠯᠢᠦ ᠰᠢᠶᠠᠩ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠭᠠᠴᠠᠭᠠᠨ ᠤ ᠠᠷᠠᠳ ᠲᠦᠮᠡᠨ ᠳᠤ ᠪᠣᠳᠠᠲᠠᠢ ᠠᠵᠢᠯ ᠬᠢᠭᠰᠡᠨ ᠠᠴᠠ ᠤᠯᠠᠨ ᠲᠦᠮᠡᠨ ᠲᠠᠢ | ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠪᠦᠷᠢᠯᠳᠦᠭᠦᠯᠦᠭᠰᠡᠨ ᠶᠤᠮ᠃ ᠲᠡᠷᠡ ᠰᠢᠨᠲᠠᠷᠠᠰᠢ ᠦᠭᠡᠢ ᠬᠦᠰᠡᠯ ᠬᠥᠭᠡᠭᠡᠴᠡᠯᠳᠦᠯ ᠢᠶᠠᠷ ᠢᠶᠠᠨ | ᠠᠵᠢᠯ ᠦᠢᠯᠡᠰ ᠢᠶᠠᠨ ᠳᠡᠭᠡᠳᠦᠯᠡᠬᠦ ᠠᠷᠢᠭᠤᠨ ᠲᠡᠭᠡᠳᠤ ᠰᠤᠷᠳᠠᠯ ᠢ ᠪᠢᠴᠢᠭᠯᠡᠭᠰᠡᠨ ᠶᠤᠮ᠃ | |